ᠮᠠᠨ ᠤ ᠤᠷᠤᠨ ︽ᠤᠯᠠᠨ ᠦᠨᠡᠮᠯᠡᠯ ᠢ ᠨᠢᠭᠡᠳᠭᠡᠭᠦ︾ ᠦᠭᠡᠷᠡᠴᠢᠯᠡᠯᠳᠡ ᠶᠢ ᠪᠦᠭᠦ ᠲᠠᠯ᠎ᠡ ᠪᠠᠷ ᠠᠬᠢᠭᠤᠯᠬᠤ ᠲᠧᠯᠸᠢᠰ ᠤᠳᠠᠰᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2017/5/31
     ︽ᠤᠯᠠᠨ ᠦᠨᠡᠮᠯᠡᠯ ᠢ ᠨᠢᠭᠡᠳᠭᠡᠭᠦ︾ ᠦᠭᠡᠷᠡᠴᠢᠯᠡᠯᠳᠡ ᠶᠢ ᠪᠦᠭᠦ ᠲᠠᠯ᠎ᠡ ᠪᠠᠷ ᠠᠬᠢᠭᠤᠯᠬᠤ ᠲᠧᠯᠸᠢᠰ ᠤᠳᠠᠰᠤ ᠬᠤᠷᠠᠯ ᠤᠨ ᠦᠪᠦᠷ ᠮᠤᠩᠭᠤᠯ ᠤᠨ ᠬᠤᠪᠢᠶᠠᠷᠢ ᠬᠤᠷᠠᠯ ᠤᠨ ᠲᠠᠯᠠᠪᠠᠢ᠃      5 ᠳ᠋ᠤᠭᠠᠷ ᠰᠠᠷ᠎ᠡ ᠶᠢᠨ 26᠎ ᠤ ᠡᠳᠤᠷ᠂ ᠮᠠᠨ ᠤ ᠤᠷᠤᠨ ︽ᠤᠯᠠᠨ ᠦᠨᠡᠮᠯᠡᠯ ᠢ ᠨᠢᠭᠡᠳᠭᠡᠭᠦ︾ ᠦᠭᠡᠷᠡᠴᠢᠯᠡᠯᠳᠡ ᠶᠢ ᠪᠦᠭᠦ ᠲᠠᠯ᠎ᠡ ᠪᠠᠷ ᠠᠬᠢᠭᠤᠯᠬᠤ ᠲᠧᠯᠸᠢᠰ ᠤᠳᠠᠰᠤ ᠬᠤᠷᠠᠯ ᠬᠤᠷᠠᠯᠳᠤᠭᠤᠯᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠧᠩ ᠬᠤᠷᠠᠯ ᠳᠤ ᠤᠷᠤᠯᠴᠠᠨ ᠶᠠᠷᠢᠶ᠎ᠡ ᠲᠠᠯᠪᠢᠪᠡ᠃      ᠴᠠᠩ ᠵᠢᠶᠦ᠋ᠨ ᠵᠧᠩ᠂ ᠲᠦᠷᠦ ᠶᠢᠨ ᠶᠠᠪᠤᠳᠠᠯ ᠤᠨ ᠬᠤᠷᠢᠶ᠎ᠡ ︽ᠤᠯᠠᠨ ᠦᠨᠡᠮᠯᠡᠯ ᠢ ᠨᠢᠭᠡᠳᠭᠡᠭᠦ︾ ᠦᠭᠡᠷᠡᠴᠢᠯᠡᠯᠳᠡ ᠶᠢ ᠠᠬᠢᠭᠤᠯᠬᠤ ᠲᠤᠬᠠᠢ ᠲᠤᠳᠤᠷᠬᠠᠢ ᠪᠦᠭᠡᠳ ᠪᠤᠳᠠᠳᠠᠢ ᠱᠠᠭᠠᠷᠳᠠᠯᠭ᠎ᠠ ᠳᠤᠷᠠᠳᠴᠠᠢ᠂ ᠪᠦᠭᠦ ᠤᠷᠤᠨ ᠢᠶᠠᠷ ᠢᠶᠠᠨ ᠦᠳᠳᠠᠷ ᠲᠦᠷᠭᠡᠨ ᠠᠵᠢᠯᠯᠠᠵᠤ᠂ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠭᠡᠷᠡᠭᠲᠠᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠠᠬᠢᠭᠤᠯᠬᠤ ᠲᠦᠰᠦᠯ᠂ ᠠᠵᠢᠯ ᠤᠨ ᠬᠤᠪᠢᠶᠠᠷᠢᠯᠡᠯ ᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠴᠢᠩᠭᠠᠳᠬᠠᠵᠤ᠂ ᠬᠠᠮᠵᠢᠯᠴᠡᠨ ᠵᠤᠬᠢᠴᠠᠯᠳᠤᠬᠤ ᠶᠢ ᠴᠢᠨᠠᠭᠰᠢᠳᠡ ᠲᠡᠭᠦᠯᠳᠡᠷᠵᠢᠭᠦᠯᠵᠤ᠂ ︽ᠤᠯᠠᠨ ᠦᠨᠡᠮᠯᠡᠯ ᠢ ᠨᠢᠭᠡᠳᠭᠡᠭᠦ︾ ᠦᠭᠡᠷᠡᠴᠢᠯᠡᠯᠳᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠲᠦᠷᠭᠡᠳᠭᠡᠨ ᠠᠬᠢᠭᠤᠯᠬᠤ ᠭᠡᠷᠡᠭᠲᠠᠢ᠃ ᠡᠭᠦᠨ ᠤ ᠵᠡᠷᠭᠡᠪᠡᠷ᠂ ᠤᠴᠢᠷ ᠶᠠᠪᠤᠳᠠᠯ ᠤᠨ ᠲᠤᠮᠳᠠᠬᠢ ᠪᠡ ᠤᠴᠢᠷ ᠶᠠᠪᠤᠳᠠᠯ ᠤᠨ ᠲᠠᠷᠠᠭᠠᠬᠢ ᠬᠢᠨᠡᠯᠳᠡ ᠬᠠᠮᠢᠶᠠᠷᠤᠯᠳᠡ ᠶᠢ ᠦᠨᠡᠨᠭᠦ ᠴᠢᠩᠭᠠᠳᠬᠠᠵᠤ᠂ ᠰᠤᠭᠤᠴᠢᠨ ᠪᠠᠶᠢᠴᠠᠭᠠᠬᠤ᠂ ᠬᠤᠯᠪᠤᠭᠠᠯᠠᠨ ᠪᠠᠶᠢᠴᠠᠭᠠᠬᠤ᠂ ᠬᠤᠯᠪᠤᠭᠠᠯᠠᠨ ᠵᠠᠯᠬᠠᠭᠠᠬᠤ ᠵᠡᠷᠭᠡ ᠵᠠᠬ᠎ᠠ ᠲᠡᠯᠭᠡᠭᠦᠷ ᠤᠨ ᠬᠢᠨᠡᠯᠳᠡ ᠲᠠᠯᠪᠢᠬᠤ ᠠᠵᠢᠯ ᠢ ᠯᠠᠪᠳᠠᠭᠤᠨ ᠰᠠᠶᠢᠲᠤᠷ ᠬᠢᠵᠤ᠂ ᠵᠠᠬ᠎ᠠ ᠲᠡᠯᠭᠡᠭᠦᠷ ᠤᠨ ᠭᠤᠤᠯ ᠴᠤᠭᠴᠡ ᠶᠢᠨ ᠬᠠᠤᠯᠢ ᠵᠢᠷᠣᠮᠯᠠᠨ ᠡᠵᠡᠩᠨᠡᠬᠦ ᠶᠢ ᠠᠬᠢᠭᠤᠯᠵᠤ᠂ ᠲᠤᠰ ᠪᠡᠶ᠎ᠠ ᠶᠢᠨ ᠬᠢᠵᠠᠭᠠᠷᠯᠡᠯ ᠢ ᠴᠢᠩᠭᠠᠳᠬᠠᠵᠤ᠂ ᠮᠠᠨ ᠤ ᠤᠷᠤᠨ ᠤ ᠡᠵᠡᠩᠨᠡᠯᠳᠡ ᠬᠤᠳᠠᠯᠳᠤᠭ᠎ᠠ ᠶᠢᠨ ᠤᠷᠴᠢᠨ ᠲᠤᠭᠤᠷᠢᠨ ᠢ ᠲᠠᠰᠤᠷᠡᠯᠳᠡ ᠦᠭᠡᠢ ᠰᠢᠯᠢᠳᠡᠭᠵᠢᠭᠦᠯᠭᠦ ᠭᠡᠷᠡᠭᠲᠠᠢ ᠭᠡᠵᠤ ᠵᠢᠭᠠᠵᠤ ᠭᠠᠷᠭᠠᠪᠡ᠃      ᠴᠠᠩ ᠵᠢᠶᠦ᠋ᠨ ᠵᠧᠩ᠂ ︽ᠤᠯᠠᠨ ᠦᠨᠡᠮᠯᠡᠯ ᠢ ᠨᠢᠭᠡᠳᠭᠡᠭᠦ︾ ᠦᠭᠡᠷᠡᠴᠢᠯᠡᠯᠳᠡ ᠪᠤᠯ ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠴᠢᠬᠤᠯᠡ ᠶᠡᠭᠡ ᠦᠭᠡᠷᠡᠴᠢᠯᠡᠯᠳᠡ ᠪᠤᠯᠤᠨ᠎ᠡ᠂ ᠮᠠᠨ ᠤ ᠤᠷᠤᠨ ᠤ ᠡᠯ᠎ᠡ ᠬᠤᠯᠪᠤᠭᠳᠠᠯ ᠪᠦᠭᠦᠢ ᠰᠠᠯᠠᠭ᠎ᠠ ᠮᠦᠴᠢᠷ ᠲᠡᠭᠡᠳᠤ ᠬᠡᠮᠵᠢᠶᠡᠨ ᠤ ᠬᠠᠷᠢᠭᠤᠴᠠᠯᠭᠠᠳᠤ ᠰᠡᠳᠬᠢᠯᠭᠡ ᠪᠡ ᠲᠤᠯᠭᠠᠮ᠎ᠠ ᠰᠡᠳᠬᠢᠯᠭᠡ ᠪᠠᠷ ᠡᠨᠡᠭᠦ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ ᠠᠬᠢᠭᠤᠯᠵᠤ᠂ ᠮᠠᠨ ᠤ ᠤᠷᠤᠨ ᠤ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠬᠡᠷᠡᠴᠢᠯᠡᠯᠳᠡ ᠪᠡ ᠤᠴᠢᠷ ᠶᠠᠪᠤᠳᠠᠯ ᠤᠨ ᠲᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠡᠯᠳᠡ ᠬᠠᠮᠢᠶᠠᠷᠤᠯᠳᠡ ᠶᠢᠨ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠵᠤ᠂ ᠰᠢᠯᠢᠳᠡᠭ ᠠᠮᠵᠢᠯᠳᠠ ᠪᠦᠳᠦᠮᠵᠢ ᠪᠠᠷ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠠᠮᠵᠢᠯᠳᠡᠳᠡᠢ ᠬᠤᠷᠠᠯᠳᠤᠬᠤ ᠶᠢ ᠤᠭᠳᠤᠵᠤ᠂ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ ᠪᠡᠯᠭᠡᠯᠡᠭᠦ ᠭᠡᠷᠡᠭᠲᠠᠢ ᠭᠡᠵᠤ ᠴᠢᠬᠤᠯᠡᠴᠢᠯᠡᠪᠡ᠃      ︽ᠤᠯᠠᠨ ᠦᠨᠡᠮᠯᠡᠯ ᠢ ᠨᠢᠭᠡᠳᠭᠡᠭᠦ︾ ᠪᠤᠯ ᠭᠡᠷᠡᠴᠢ ᠦᠨᠡᠮᠯᠡᠯ ᠤᠨ ᠦᠭᠡᠷᠡᠴᠢᠯᠡᠯᠳᠡ ᠪᠤᠯᠤᠨ᠎ᠡ᠂ ᠤᠳᠤᠬᠠᠨ᠎ᠠ ᠮᠠᠨ ᠤ ᠤᠷᠤᠨ ᠳᠤ ᠭᠦᠭᠡᠬᠤᠳᠡ᠂ ᠤᠯᠠᠭᠠᠨᠬᠠᠳᠡ ᠬᠤᠳᠡ ᠵᠡᠷᠭᠡ 6 ᠠᠶᠢᠮᠠᠭ ᠬᠤᠳᠡ ᠳᠤ ᠤᠷᠢᠳᠠᠪᠡᠷ ᠬᠢᠵᠤ ᠤᠷᠢᠳᠠᠪᠡᠷ ᠲᠤᠷᠰᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号