ᠥᠪᠥᠷ ᠮᠣᠩᠭᠤᠯ ᠪᠠᠩᠬᠢ ᠪᠣᠯᠣᠨ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠲᠠᠪᠴᠠᠩ ᠪᠠᠶᠢᠭᠤᠯᠵᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠤᠢ
ᠨᠡᠶᠢᠲᠡᠯᠡᠭᠰᠡᠨ ᠴᠠᠭ᠄
2017/5/8
     5 ᠳ᠋ᠤᠭᠠᠷ ᠰᠠᠷ᠎ᠠ ᠶᠢᠨ 5᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠨᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠯᠤᠭ᠎ᠠ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠢ ᠮᠥᠩᠭᠦᠨ ᠭᠦᠢᠯᠭᠡᠭᠡᠨ ᠢᠶᠠᠷ ᠳᠡᠮᠵᠢᠬᠦ ᠬᠠᠮᠲᠤᠷᠠᠯᠴᠠᠭᠠᠨ ᠤ ᠲᠣᠭᠲᠠᠴᠠ ᠶᠢ ᠬᠠᠮᠲᠤ ᠪᠠᠷ ᠪᠠᠶᠢᠭᠤᠯᠬᠤ ᠪᠠᠷ ᠲᠣᠭᠲᠠᠪᠠ᠃ ᠢᠷᠡᠬᠦ ᠲᠠᠪᠤᠨ ᠵᠢᠯ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠨᠢ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠲᠤ 300 ᠳ᠋ᠦᠩᠰᠢᠭᠤᠷ ᠲᠥᠭᠦᠷᠢᠭ ᠤᠨ ᠰᠠᠨᠠᠮᠵᠢ ᠶᠢᠨ ᠴᠢᠨᠠᠷᠲᠠᠢ ᠢᠲᠡᠭᠡᠮᠵᠢ ᠶᠢᠨ ᠪᠡᠯᠡ ᠣᠯᠭᠤᠵᠤ᠂ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠢᠨᠵᠧᠨᠧᠷᠢᠩ ᠢ ᠪᠦᠬᠦ ᠬᠦᠴᠦ ᠪᠠᠷ ᠳᠡᠮᠵᠢᠵᠦ᠂  ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠪᠠ ᠵᠢᠵᠢᠭ ᠪᠢᠴᠢᠯ ᠠᠵᠤ ᠠᠬᠤᠶᠢᠯᠠᠯ ᠤᠨ ᠪᠣᠶᠢᠵᠢᠯᠲᠠ᠂ ᠪᠡᠯᠡ ᠲᠣᠬᠢᠷᠠᠭᠤᠯᠬᠤ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠳᠡᠳᠬᠦᠵᠦ᠂ ᠤᠬᠠᠭᠤᠯᠤᠨ ᠳᠡᠯᠭᠡᠷᠡᠭᠦᠯᠬᠦ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠬᠠᠩᠭᠠᠨ᠎ᠠ᠃     ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠨᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠪᠣᠯᠣᠨ ᠵᠠᠬ᠎ᠠ ᠳᠡᠯᠭᠡᠭᠦᠷᠴᠢᠯᠡᠬᠦ ᠵᠠᠷᠴᠢᠮ ᠢ ᠪᠠᠷᠢᠮᠲᠠᠯᠠᠭᠰᠠᠨ ᠤᠷᠢᠲᠠᠯ ᠳᠣᠣᠷ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠪᠣᠯᠣᠨ ᠳᠣᠲᠣᠭᠠᠳᠤ ᠶᠢᠨ ᠲᠦᠷᠢᠮ ᠲᠣᠭᠲᠠᠭᠠᠯ ᠳᠤ ᠨᠡᠶᠢᠴᠡᠬᠦ ᠬᠡᠪᠴᠢᠶᠡᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠲᠣᠪᠴᠢᠶ᠎ᠠ ᠵᠢᠴᠢ ᠲᠡᠭᠦᠨ ᠤ ᠬᠠᠷᠢᠶ᠎ᠠ ᠨᠢᠭᠡᠴᠡ᠂ ᠣᠷᠣᠨ ᠤ ᠳᠣᠲᠣᠷᠠᠬᠢ  ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠰᠢᠯᠢᠳᠡᠭ ᠠᠵᠤ ᠠᠬᠤᠶᠢᠯᠠᠯ ᠤᠳ ᠲᠤ ᠪᠦᠬᠦ ᠲᠠᠯ᠎ᠠ ᠶᠢᠨ᠂ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠨᠢ ᠲᠥᠷᠥ ᠶᠢᠨ ᠪᠤᠳᠤᠯᠭ᠎ᠠ ᠶᠢᠨ ᠪᠠᠲᠤᠯᠠᠭ᠎ᠠ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ︵ᠲᠥᠷᠥᠯ ᠵᠦᠢᠯ︶᠎ ᠤᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠲᠠᠨᠢᠯᠴᠠᠭᠤᠯᠬᠤ ᠵᠣᠬᠢᠴᠠᠭᠤᠯᠬᠤ ᠵᠡᠷᠭᠡ ᠲᠠᠯ᠎ᠠ ᠪᠠᠷ ᠳᠡᠮᠵᠢᠨ ᠬᠠᠪᠰᠤᠷᠤᠨ᠎ᠠ᠃ ᠬᠤᠶᠠᠷ ᠲᠠᠯ᠎ᠠ ᠪᠠᠷ ᠢᠶᠠᠨ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠤᠨ ᠬᠦᠷᠢᠶ᠎ᠡ ᠳᠤ ᠤᠷᠲᠤ ᠬᠤᠭᠤᠴᠠᠭᠠᠨ ᠤ ᠲᠣᠭᠲᠠᠭᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠪᠠᠷ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ  ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠡᠭᠡᠷ᠎ᠡ ᠬᠡᠯᠡᠭᠰᠡᠨ ᠨᠢ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠠᠵᠤ ᠦᠢᠯᠡᠰ ᠪᠣᠯ ᠰᠣᠶᠣᠯ ᠤᠨ ᠠᠵᠤ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠨᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠯᠤᠭ᠎ᠠ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠭᠰᠠᠨ ᠶᠠᠪᠤᠳᠠᠯ ᠨᠢ ᠰᠣᠶᠣᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠳᠠᠪᠠᠭᠤᠯᠢᠭ ᠪᠦᠬᠦᠢ ᠠᠵᠤ ᠠᠬᠤᠶᠢᠯᠠᠯ ᠤᠳ ᠤᠨ ᠤᠯᠠᠨ  ᠡᠰᠢᠵᠢᠬᠦ᠂ ᠤᠯᠠᠨ ᠲᠠᠯ᠎ᠠ ᠲᠠᠢ ᠬᠦᠷᠦᠯᠴᠡᠬᠦ᠂ ᠪᠦᠬᠦ ᠠᠵᠤ ᠦᠢᠯᠡᠰ ᠤᠨ ᠬᠡᠯᠬᠢᠶᠡᠵᠢᠬᠦ ᠶᠢ ᠠᠬᠢᠭᠤᠯᠵᠤ ᠲᠤᠬᠠᠶᠢᠯᠠᠭᠰᠠᠨ ᠠᠵᠢᠯ ᠤᠨ ᠠᠷᠭ᠎ᠠ ᠵᠠᠮ ᠢ ᠥᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号