5 ᠳ᠋ᠤᠭᠠᠷ ᠰᠠᠷ᠎ᠠ ᠶᠢᠨ 5 ᠤ ᠡᠳᠤᠷ᠂ ᠠᠵᠤ ᠤᠶᠢᠯᠡᠳᠪᠤᠷᠢ ᠶᠢᠨ ᠦᠪ ᠢ ᠬᠠᠮᠠᠭᠠᠯᠠᠵᠤ ᠬᠤᠳᠠ ᠶᠢᠨ | ᠰᠤᠶᠤᠯ ᠪᠣᠯᠪᠠᠰᠣᠨ ᠢ ᠤᠯᠠᠮᠵᠢᠯᠠᠬᠤ ᠶᠠᠷᠢᠯᠴᠠᠬᠤ ᠬᠤᠷᠠᠯ ᠪᠤᠭᠤᠳᠤ ᠬᠤᠳᠠ ᠳᠤ ᠬᠤᠷᠠᠯᠳᠣᠪᠠ᠃ | ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠳᠤᠮᠳᠠᠳᠤ | ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ ᠦᠪᠤᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠳ᠋ᠦᠩ ᠡᡁᠧᠩ | ᠢᠤᠢ ᠬᠤᠷᠠᠯ ᠳᠤ ᠤᠷᠤᠯᠴᠠᠭᠠᠳ ᠶᠠᠷᠢᠶ᠎ᠠ ᠲᠠᠯᠪᠢᠵᠠᠢ᠃ | ᠳ᠋ᠦᠩ ᠡᡁᠧᠩ ᠢᠤᠢ᠂ ᠠᠵᠤ ᠤᠶᠢᠯᠡᠳᠪᠤᠷᠢ ᠶᠢᠨ ᠦᠪ ᠢ ᠮᠠᠨ ᠤ ᠤᠯᠤᠰ ᠤᠨ ᠲᠡᠤᠬᠡ ᠶᠢᠨ ᠲᠤᠷᠠᠰᠬᠠᠯᠳᠤ | ᠵᠤᠶᠢᠯ ᠢ ᠬᠠᠮᠠᠭᠠᠯᠠᠬᠤ ᠬᠡᠪᠴᠢᠶᠠᠨ ᠳᠤ ᠤᠷᠤᠭᠤᠯᠪᠠ᠃ ᠠᠵᠤ ᠤᠶᠢᠯᠡᠳᠪᠤᠷᠢ ᠶᠢᠨ ᠦᠪ ᠪᠤᠯ ᠲᠤᠷᠠᠳᠬᠠᠯ ᠲᠠᠢ᠂ | ᠠᠮᠢ ᠨᠠᠰᠤ ᠲᠠᠢ ᠤᠶᠤᠨ ᠰᠠᠨᠠᠭ᠎ᠠ ᠰᠤᠶᠤᠯ ᠤᠨ ᠡᠬᠢ ᠪᠠᠶᠠᠯᠢᠬ ᠪᠤᠯᠤᠨ᠎ᠠ᠂ ᠬᠤᠳᠠ ᠶᠢᠨ ᠬᠦᠭᠵᠢᠯᠳᠠ ᠳᠤ | ᠠᠭᠤᠰᠤᠯᠴᠠᠭᠤᠯᠵᠤ᠂ ᠲᠡᠤᠬᠡ ᠶᠢᠨ ᠰᠤᠶᠤᠯ ᠪᠣᠯᠪᠠᠰᠣᠨ ᠳᠤ ᠤᠯᠠᠮᠵᠢᠯᠠᠵᠤ᠂ ᠤᠳᠤ ᠦᠶ᠎ᠠ ᠶᠢᠨ ᠰᠢᠨ᠎ᠠ ᠡᠵᠡᠩᠨᠠᠯᠳᠠ | ᠶᠢᠨ ᠬᠡᠯᠪᠡᠷᠢ ᠳᠤ ᠠᠭᠤᠰᠣᠯᠴᠠᠭᠤᠯᠵᠦ᠂ ᠠᠵᠤ ᠤᠶᠢᠯᠡᠳᠪᠤᠷᠢ ᠶᠢᠨ ᠦᠪ ᠪᠤᠯᠤᠨ ᠬᠤᠳᠠ ᠶᠢᠨ ᠪᠤᠯᠪᠠᠰᠤᠨ ᠤ ᠡᠶ᠎ᠡ | ᠵᠤᠬᠢᠴᠠᠩᠭᠤᠢ ᠬᠠᠮᠳᠤ ᠤᠷᠤᠰᠢᠬᠤ ᠶᠢ ᠪᠡᠶᠡᠯᠡᠬᠦᠯᠵᠤ᠂ ᠠᠵᠤ ᠤᠶᠢᠯᠡᠳᠪᠤᠷᠢ ᠶᠢᠨ ᠦᠪ ᠤᠨ ᠠᠮᠢᠵᠢᠷᠠᠯ ᠤᠨ | ᠬᠦᠴᠤᠨ ᠪᠤᠯᠤᠨ ᠠᠮᠢᠳᠤᠯᠢᠬ ᠬᠦᠴᠤᠨ ᠢ ᠬᠦᠭᠵᠢᠬᠡᠬᠦ ᠭᠡᠷᠡᠭᠳᠠᠢ᠃ ᠪᠤᠭᠤᠳᠤ ᠬᠤᠳᠠ ᠪᠤᠯ ᠰᠢᠨ᠎ᠠ ᠳᠤᠮᠳᠠᠳᠤ | ᠤᠯᠤᠰ ᠪᠠᠶᠢᠭᠤᠯᠤᠬᠳᠠᠬᠰᠠᠨ ᠤ ᠲᠠᠷᠠᠭᠠᠬᠢ ︽ᠨᠢᠬᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠭᠡᠷᠡᠭᠵᠢᠬᠦᠯᠬᠦ | ᠶᠢ ᠲᠠᠭᠠᠯᠳᠤᠨ ᠬᠦᠭᠵᠢᠭᠰᠡᠨ ᠰᠢᠨ᠎ᠠ ᠪᠠᠷ ᠮᠠᠨᠳᠤᠬᠰᠠᠨ ᠠᠵᠤ ᠤᠶᠢᠯᠡᠳᠪᠤᠷᠢ ᠶᠢᠨ ᠬᠤᠳᠠ ᠪᠤᠯᠤᠨ᠎ᠠ᠂ 60 ᠭᠠᠷᠤᠢ | ᠵᠢᠯ ᠤᠨ ᠬᠦᠭᠵᠢᠯᠳᠠ ᠶᠢᠨ ᠶᠠᠪᠤᠴᠠ ᠳᠤ ᠨᠠᠮ ᠤᠨ ᠲᠦᠪ ᠬᠤᠷᠢᠶ᠎ᠠ ᠶᠢᠨ ᠦᠪᠤᠷ ᠮᠤᠩᠭᠤᠯ ᠤᠨ | ᠦᠨᠳᠤᠰᠤᠳᠠᠨ ᠨᠦᠭᠦᠳ ᠤᠨ ᠠᠷᠠᠳ ᠲᠦᠮᠡᠨ ᠳᠠᠬᠢ ᠬᠠᠶᠢᠷ᠎ᠠ ᠬᠠᠯᠠᠮᠵᠢᠯᠠᠯ ᠪᠤᠯᠤᠨ ᠬᠦᠰᠡᠯ ᠨᠠᠶᠢᠳᠠᠯᠭ᠎ᠠ ᠶᠢ | ᠠᠭᠤᠯᠵᠤ ᠪᠠᠶᠢᠨ᠎ᠠ᠃ ᠪᠤᠭᠤᠳᠤ ᠬᠤᠳᠠ ᠶᠢᠨ ᠬᠢᠨ ᠠᠵᠤ ᠤᠶᠢᠯᠡᠳᠪᠤᠷᠢ ᠶᠢᠨ ᠦᠪ ᠢ ᠬᠠᠮᠠᠭᠠᠯᠠᠬᠤ ᠤᠬᠠᠮᠰᠠᠷ ᠢᠶᠠᠨ | ᠲᠡᠭᠡᠭᠰᠢᠯᠡᠬᠦᠯᠵᠤ᠂ ᠬᠠᠮᠠᠭᠠᠯᠠᠬᠤ ᠰᠠᠭᠤᠷᠢ ᠲᠡᠭᠡᠷ᠎ᠠ ᠰᠢᠨᠵᠢᠯᠡᠬᠦ ᠤᠬᠠᠭᠠᠨᠴᠢ ᠵᠤᠬᠢᠰᠳᠠᠢ ᠠᠰᠢᠬᠯᠠᠬᠤ ᠭᠡᠷᠡᠭᠳᠠᠢ ᠬᠡᠵᠤ | ᠴᠢᠬᠤᠯᠠᠴᠢᠯᠠᠪᠠ᠃ | 5 ᠳ᠋ᠤᠭᠠᠷ ᠰᠠᠷ᠎ᠠ ᠶᠢᠨ 3 ᠤ ᠡᠳᠤᠷ ᠠᠴᠠ 5 ᠪᠤᠯᠳᠠᠯ᠎ᠠ᠂ ᠳ᠋ᠦᠩ ᠡᡁᠧᠩ ᠢᠤᠢ ᠦᠪᠡᠷᠳᠡᠬᠡᠨ ᠵᠠᠰᠠᠬᠤ | ᠤᠷᠤᠨ ᠤ ᠤᠯᠤᠰ ᠲᠦᠷᠤ ᠶᠢᠨ ᠵᠦᠪᠯᠡᠯᠬᠡᠨ ᠤ ᠳᠤᠮᠳᠠᠳᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨ | ᠡᠳᠡᠬᠡᠳ ᠢᠯᠭᠠᠯ ᠤᠨ ᠪᠠᠶᠢᠴᠠᠭᠠᠨ ᠰᠤᠳᠤᠯᠬᠤ ᠲᠤᠭᠤᠶᠢᠯᠠᠩ ᠢ ᠲᠠᠭᠠᠭᠤᠯᠵᠤ ᠤᠷᠢᠳ ᠬᠤᠵᠢᠳ ᠪᠤᠭᠤᠳᠤ ᠬᠤᠳᠠ | ᠶᠢᠨ ᠪᠤᠯᠤᠳ ᠲᠡᠮᠤᠷ ᠤᠨ ᠪᠦᠯᠦᠭᠯᠡᠯ ᠺᠤᠮᠫᠠᠨᠢ᠂ ᠨᠢᠬᠡᠳᠤᠭᠡᠷ ᠮᠠᠰᠢᠨ ᠮᠧᠬᠠᠨᠢᠬ ᠤᠨ ᠪᠦᠯᠦᠭᠯᠡᠯ ᠺᠤᠮᠫᠠᠨᠢ᠂ ᠤᠮᠠᠷᠠᠳᠤ | ᠶᠢᠨ ᠬᠦᠨᠳᠤ ᠠᠵᠤ ᠤᠶᠢᠯᠡᠳᠪᠤᠷᠢ ᠶᠢᠨ ᠪᠦᠯᠦᠭᠯᠡᠯ ᠺᠤᠮᠫᠠᠨᠢ ᠵᠡᠷᠬᠡ ᠭᠠᠵᠠᠷ ᠢᠶᠠᠷ ᠪᠠᠶᠢᠴᠠᠭᠠᠨ ᠰᠤᠳᠤᠯᠤᠯᠳᠠ ᠬᠢᠪᠠ᠃ | |