2017 ᠤᠨ ᠳᠤ᠂ ᠮᠠᠨ ᠤ ᠣᠷᠣᠨ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 31 ᠬᠤᠰᠢᠭᠤ | ᠰᠢᠶᠠᠨ ᠪᠥᠬᠦᠨ ᠢ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠬᠡᠪᠴᠢᠶᠡᠨ ᠳᠤ ᠤᠷᠤᠭᠤᠯᠵᠤ᠂ 956 ᠳᠤᠮᠳᠠᠳᠤ ᠪᠠᠭ᠎ᠠ ᠰᠤᠷᠭᠠᠭᠤᠯᠢ ᠶᠢᠨ 23.7 ᠲᠦᠮᠡᠨ | ᠰᠤᠷᠤᠭᠴᠢ ᠰᠢᠮ᠎ᠡ ᠲᠡᠵᠢᠭᠡᠯᠲᠦ ᠬᠤᠭᠤᠯᠠᠨ ᠤ ᠨᠥᠬᠦᠪᠥᠷᠢ ᠶᠢᠨ ᠠᠰᠢᠭ ᠬᠦᠷᠲᠡᠪᠡ᠃ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ | ᠱᠠᠭᠠᠷᠳᠠᠯᠭ᠎ᠠ ᠶᠢ ᠦᠨᠳᠦᠰᠦᠯᠡᠨ᠂ 2017 ᠣᠨ ᠠᠴᠠ ᠡᠬᠢᠯᠡᠨ᠂ ᠮᠠᠨ ᠤ ᠣᠷᠣᠨ ᠮᠠᠯᠵᠢᠬᠤ ᠲᠠᠷᠢᠶᠠᠯᠠᠬᠤ | ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢᠨ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠡᠪᠴᠢᠶ᠎ᠡ ᠶᠢ ᠦᠷᠭᠡᠳᠬᠡᠵᠦ᠂ | ᠤᠯᠤᠰ ᠠᠴᠠ ᠮᠠᠨ ᠤ ᠣᠷᠣᠨ ᠤ ᠲᠥᠪᠯᠡᠷᠡᠨ ᠵᠠᠯᠭᠠᠯᠳᠤᠭᠰᠠᠨ ᠣᠨᠴᠠᠭᠠᠶ ᠶᠠᠳᠠᠭᠤ ᠬᠦᠴᠢᠷᠳᠡᠯᠲᠡᠶ 8 ᠬᠤᠰᠢᠭᠤ | ᠰᠢᠶᠠᠨ ᠳᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ | ᠣᠷᠣᠨ ᠤᠯᠤᠰ ᠤᠨ ᠳᠡᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠪᠤᠰᠤᠳ 23 | ᠬᠤᠰᠢᠭᠤ ᠰᠢᠶᠠᠨ ᠢ ᠲᠥᠯᠥᠪᠯᠡᠭᠡᠨ ᠤ ᠲᠤᠷᠰᠢᠯᠲᠠ ᠶᠢᠨ ᠬᠡᠪᠴᠢᠶᠡᠨ ᠳᠤ ᠤᠷᠤᠭᠤᠯᠪᠠ᠃ ᠲᠤᠷᠰᠢᠯᠲᠠ ᠶᠢᠨ | ᠬᠡᠪᠴᠢᠶ᠎ᠡ ᠶᠢ ᠦᠷᠭᠡᠳᠬᠡᠭᠰᠨ ᠶᠠᠪᠤᠳᠠᠯ ᠨᠢ᠂ ᠪᠥᠬᠦ ᠣᠷᠣᠨ ᠤ ᠶᠠᠳᠠᠭᠤ ᠬᠦᠴᠢᠷᠳᠡᠯ ᠲᠠᠢ ᠭᠠᠵᠠᠷ ᠣᠷᠣᠨ ᠤ | ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠮᠠᠨ ᠤ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠡᠷᠡᠭᠦᠯ ᠮᠡᠨᠳᠤ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ |