ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ 4 ᠳ᠋ᠦ᠋ᠭᠡᠷ ᠰᠠᠷ᠎ᠠ ᠶᠢᠨ 14 ᠤ ᠡᠳᠦᠷ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ | ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠯᠢᠭ ᠴᠢᠨᠠᠷᠲᠠᠶ ᠪᠠᠷ ᠪᠠᠭᠤᠷᠠᠭᠤᠯᠬᠤ | ᠲᠤᠬᠠᠶ ᠮᠡᠳᠡᠭᠳᠡᠯ︾ ᠳᠤ ᠲᠣᠳᠣᠷᠬᠠᠶᠢᠯᠠᠭᠰᠠᠨ ᠨᠢ᠂ 2017 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢ 2016 ᠣᠨ ᠳᠤ ᠨᠢᠭᠡᠨᠲᠡ 0.5 | ᠵᠠᠭᠤᠨ ᠤ ᠴᠡᠭ ᠪᠠᠭᠤᠷᠠᠭᠤᠯᠤᠭᠰᠠᠨ ᠰᠠᠭᠤᠷᠢᠨ ᠳᠡᠭᠡᠷ᠎ᠡ ᠱᠠᠲᠤᠯᠢᠭ ᠴᠢᠨᠠᠷᠲᠠᠶ ᠪᠠᠷ 1% ᠬᠦᠷᠲᠡᠯ᠎ᠡ | ᠪᠠᠭᠤᠷᠠᠭᠤᠯᠤᠨ᠎ᠠ᠄ ᠡᠭᠦᠨ ᠳᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯ ᠠᠯᠳᠠᠯᠲᠠ ᠶᠢᠨ ᠳᠠᠭᠠᠳᠬᠠᠯ ᠤᠨ | ᠰᠦᠶᠳᠬᠡᠯ ᠤᠨ ᠨᠣᠷᠮ᠎ᠠ ᠶᠢ 1% ᠪᠠᠶᠢᠭᠰᠠᠨ ᠠᠴᠠ ᠨᠢ 0.5% ᠳᠤ ᠬᠦᠷᠲᠡᠯ᠎ᠡ ᠪᠠᠭᠤᠷᠠᠭᠤᠯᠵᠤ᠂ ᠠᠵᠢᠯᠲᠠᠨ | ᠠᠵᠢᠯᠴᠢᠨ ᠬᠤᠪᠢ ᠬᠥᠮᠦᠨ ᠤ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢ 0.5% ᠪᠠᠷ | ᠨᠢ ᠬᠤᠪᠢᠷᠠᠭᠤᠯᠬᠤ ᠦᠭᠡᠢ ᠪᠠᠶᠢᠯᠭᠠᠵᠤ᠂ ᠲᠤᠰ ᠤᠳᠠᠭᠠᠨ ᠤ ᠰᠦᠶᠳᠬᠡᠯ ᠤᠨ ᠨᠣᠷᠮ᠎ᠠ ᠶᠢ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠬᠦᠷᠲᠡᠯ᠎ᠡ ᠬᠡᠷᠡᠭᠵᠢᠭᠦᠯᠦᠨ᠎ᠡ | ᠭᠡᠵᠡᠢ᠃ | ᠠᠵᠤ ᠠᠬᠤᠶᠢᠯᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠤ᠂ ᠠᠵᠤ ᠠᠬᠤᠶᠢᠯᠠᠯ ᠤᠨ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠲᠣᠭᠲᠠᠭᠤᠨ ᠠᠵᠢᠯ ᠣᠯᠭᠤᠯᠲᠠ ᠶᠢ ᠠᠬᠢᠭᠤᠯᠬᠤ ᠶᠢᠨ ᠲᠤᠰᠠᠳᠠ᠂ | ᠮᠠᠨ ᠤ ᠣᠷᠣᠨ 2015 ᠣᠨ ᠪᠠ 2016 ᠣᠨ ᠳᠤ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ | ᠨᠤᠷᠮ᠎ᠠ ᠶᠢ ᠲᠤᠰ ᠲᠤᠰ ᠬᠤᠶᠠᠷ ᠤᠳᠠᠭ᠎ᠠ ᠪᠠᠭᠤᠷᠠᠭᠤᠯᠵᠤ᠂ ᠰᠦᠶᠳᠬᠡᠯ ᠤᠨ ᠨᠣᠷᠮ᠎ᠠ ᠶᠢ 3% ᠪᠠᠶᠢᠭᠰᠠᠨ ᠠᠴᠠ | ᠨᠢ 1.5% ᠳᠤ ᠬᠦᠷᠲᠡᠯ᠎ᠡ ᠪᠠᠭᠤᠷᠠᠭᠤᠯᠪᠠ᠂ ᠡᠭᠦᠨ ᠳᠤ ᠬᠥᠮᠦᠨ ᠬᠡᠷᠡᠭᠯᠡᠬᠦ ᠨᠢᠭᠡᠴᠡ ᠶᠢᠨ ᠲᠤᠰᠢᠶᠠᠬᠤ | ᠰᠦᠢᠳᠬᠡᠯ ᠤᠨ ᠨᠤᠷᠮ᠎ᠠ ᠨᠢ 1% ᠪᠠᠶᠢᠵᠤ᠂ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠨᠤᠷᠮ᠎ᠠ ᠨᠢ 0. | 5% ᠪᠣᠯᠣᠨ᠎ᠠ᠃ ᠵᠢᠱᠢᠨ ᠪᠤᠳᠤᠭᠰᠠᠨ ᠢᠶᠠᠷ᠂ ᠠᠵᠤ ᠠᠬᠤᠶᠢᠯᠠᠯ ᠪᠣᠯᠤᠨ ᠬᠤᠪᠢ ᠬᠥᠮᠦᠨ ᠤ ᠲᠤᠰᠢᠶᠠᠬᠤ | ᠰᠦᠢᠳᠬᠡᠯ ᠢ ᠨᠡᠶᠢᠲᠡ 13.7 ᠳ᠋ᠦᠩᠰᠢᠭᠤᠷ ᠲᠥᠭᠦᠷᠢᠭ ᠪᠠᠭᠠᠰᠬᠠᠪᠠ᠃ ᠲᠤᠰ ᠤᠳᠠᠭ᠎ᠠ ᠰᠦᠢᠳᠬᠡᠯ ᠤᠨ | ᠨᠤᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠪᠦᠬᠦ ᠵᠢᠯ ᠳᠤ ᠠᠵᠤ ᠠᠬᠤᠶᠢᠯᠠᠯ ᠤᠨ ᠲᠤᠰᠢᠶᠠᠬᠤ | ᠰᠦᠢᠳᠬᠡᠯ ᠢ 7 ᠳ᠋ᠦᠩᠰᠢᠭᠤᠷ ᠲᠥᠭᠦᠷᠢᠭ ᠪᠠᠭᠠᠰᠬᠠᠬᠤ ᠪᠣᠯᠤᠨ᠎ᠠ᠃ | |