ᠥᠪᠥᠷ ᠮᠣᠩᠭᠤᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠨᠢᠭᠡ ᠯᠡ ᠥᠷᠲᠡᠭᠡᠨ ᠤ ᠮᠠᠶ᠋ᠢᠭ︾᠎ ᠤᠨ ᠲᠡᠰᠦᠯᠦᠨ ᠪᠤᠳᠤᠬᠤ ᠪᠠ ᠤᠷᠢᠳᠠᠪᠠᠷ ᠡᠮᠨᠡᠭᠦᠯᠵᠦ ᠰᠡᠭᠦᠯᠡᠷ ᠰᠦᠢᠳᠬᠡᠯ ᠲᠤᠰᠢᠶᠠᠬᠤ ᠰᠢᠨ᠎ᠡ ᠲᠣᠭᠲᠠᠴᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2017/5/9
      ᠤᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠳᠥᠯᠭᠢᠨ ᠠᠬᠢᠭᠤᠯᠬᠤ ᠲᠥᠰᠦᠯ︾᠎ ᠢ ᠲᠣᠭᠲᠠᠭᠠᠨ ᠨᠡᠶᠢᠲᠡᠯᠡᠪᠡ᠃      ︽ᠲᠥᠰᠦᠯ︾᠎ ᠳᠤ᠂ ︽ᠨᠢᠭᠡ ᠯᠡ ᠥᠷᠲᠡᠭᠡᠨ ᠤ ᠮᠠᠶ᠋ᠢᠭ︾᠎ ᠤᠨ ᠲᠡᠰᠦᠯᠦᠨ ᠪᠤᠳᠤᠬᠤ ᠪᠠ ᠤᠷᠢᠳᠠᠪᠠᠷ ᠡᠮᠨᠡᠭᠦᠯᠵᠦ ᠰᠡᠭᠦᠯᠡᠷ ᠰᠦᠢᠳᠬᠡᠯ ᠲᠤᠰᠢᠶᠠᠬᠤ ᠠᠵᠢᠯ ᠢ ᠨᠠᠶᠢᠳᠠᠪᠤᠷᠢᠵᠢᠭᠤᠯᠵᠤ᠂ ᠴᠢᠭ᠋ ᠢᠶᠠᠷ ᠲᠤᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠶᠡᠷᠦᠩᠬᠡᠶᠢᠯᠡᠭᠰᠡᠨ ᠦᠶᠯᠡᠴᠢᠯᠡᠭᠡᠨ ᠤ ᠴᠣᠩᠬᠤ ᠭᠠᠷᠭᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠨᠡᠯᠭᠡ ᠶᠢᠨ ᠠᠪᠤᠷᠠᠨ ᠲᠤᠰᠠᠯᠠᠬᠤ ︽ᠨᠢᠭᠡ ᠯᠡ ᠥᠷᠲᠡᠭᠡᠨ ᠤ ᠮᠠᠶ᠋ᠢᠭ︾᠎ ᠤᠨ ᠮᠡᠳᠡᠭᠡ ᠵᠠᠩᠭᠢ ᠶᠢ ᠵᠠᠯᠭᠠᠬᠤ ᠪᠠ ᠲᠡᠷᠡ ᠳᠠᠷᠤᠶ ᠳᠤᠨᠢ ᠳ᠋ᠦᠡᠭᠨᠡᠨ ᠪᠤᠳᠤᠬᠤ ᠶᠢ ᠪᠡᠶᠡᠯᠡᠭᠦᠯᠵᠤ᠂ ᠶᠠᠳᠠᠭᠤ ᠬᠦᠴᠢᠷᠳᠡᠯᠲᠡᠶ ᠡᠪᠡᠳᠴᠢᠲᠡᠨ ᠡᠮᠨᠡᠯᠭᠡ ᠠᠴᠠ ᠭᠠᠷᠬᠤ ᠦᠶ᠎ᠡ ᠳᠤ ᠵᠥᠪᠬᠡᠨ ᠥᠪᠡᠷ ᠢᠶᠠᠨ ᠡᠭᠦᠷᠭᠡᠯᠡᠬᠦ ᠡᠮ ᠡᠮᠨᠡᠯᠭᠡ ᠶᠢᠨ ᠵᠠᠷᠤᠳᠠᠯ ᠢᠶᠠᠨ ᠲᠤᠰᠢᠶᠠᠬᠤ ᠪᠤᠯᠭᠠᠵᠤ᠂ ᠶᠠᠳᠠᠭᠤ ᠬᠦᠴᠢᠷᠳᠡᠯᠲᠠᠢ ᠡᠪᠡᠳᠴᠢᠲᠡᠨ ᠤ ᠡᠪᠡᠳᠴᠢᠨ ᠦᠵᠡᠭᠦᠯᠬᠦ ᠳᠤ ᠲᠦᠭᠦᠮ ᠦᠵᠡᠭᠦᠯᠬᠦ ᠬᠡᠷᠡᠭᠲᠠᠢ ᠬᠡᠵᠤ ᠲᠤᠲᠤᠷᠬᠠᠶᠢᠯᠠᠪᠠ᠃      ︽ᠲᠥᠰᠦᠯ︾᠎ ᠳᠤ ᠲᠤᠲᠤᠷᠬᠠᠶᠢᠯᠠᠭᠰᠠᠨ ᠨᠢ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠰ ᠬᠤᠪᠢᠶᠠᠨ ᠣᠨᠣᠰᠢᠯᠠᠨ ᠡᠮᠨᠡᠬᠦ ᠳᠦᠷᠢᠮ ᠢ ᠲᠦᠷᠭᠡᠳᠭᠡᠨ ᠪᠠᠶᠢᠭᠤᠯᠵᠤ᠂ ᠦᠨᠳᠦᠰᠦᠨ ᠱᠠᠲᠤᠨ ᠳᠤ ᠠᠩᠬ᠎ᠠ ᠡᠮᠴᠢᠯᠡᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ᠂ ᠲᠦᠷᠭᠡᠨ ᠤᠳᠠᠭᠠᠨ ᠴᠢᠨᠠᠷᠲᠠᠢ ᠡᠪᠡᠳᠴᠢᠨ ᠢ ᠰᠠᠯᠭᠠᠨ ᠡᠮᠨᠡᠬᠦ ᠶᠢ ᠪᠠᠷᠢᠮᠲᠠᠯᠠᠵᠤ᠂ ᠬᠡᠷ ᠪᠦᠯᠢ ᠶᠢᠨ ᠡᠮᠴᠢ ᠶᠢᠨ ᠬᠡᠷᠡᠲᠦ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠡᠩ ᠲᠡᠷᠢᠭᠦᠨ ᠳᠤ ᠶᠠᠳᠠᠭᠤ ᠬᠦᠴᠢᠷᠳᠡᠯᠲᠡᠶ ᠬᠥᠮᠦᠨ ᠠᠮᠠ ᠳᠤ ᠪᠣᠰᠤᠭ᠎ᠠ ᠴᠤᠭᠴᠠᠵᠢᠭᠰᠠᠠ᠂ ᠦᠷᠭᠦᠯᠵᠢᠯᠡᠭᠰᠡᠨ ᠴᠢᠨᠠᠷᠲᠠᠶ ᠡᠷᠡᠭᠦᠯ ᠮᠡᠨᠳᠦ ᠶᠢᠨ ᠬᠠᠮᠢᠶᠠᠷᠤᠯᠲᠠ ᠪᠣᠯᠤᠨ ᠡᠮ ᠡᠮᠨᠡᠯᠭᠡ ᠶᠢᠨ ᠦᠨᠳᠦᠰᠦᠨ ᠦᠢᠯᠡᠴᠢᠯᠡᠭᠡ ᠶᠢ ᠬᠠᠨᠭ᠍ᠭᠠᠨ᠎ᠠ᠃ ᠤᠯᠠᠨ ᠲᠦᠮᠡᠨ ᠳᠤ ᠲᠠᠭᠠᠰᠢᠶᠠᠭᠳᠠᠬᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠪᠤᠯᠤᠨ ᠡᠷᠭᠢᠯᠲᠡ ᠶᠢᠨ ᠪᠠᠶᠢᠷᠢ ᠶᠢᠨ ᠪᠦᠳᠤᠬᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠷᠡᠭᠦᠯ ᠬᠠᠮᠠᠭᠠᠯᠠᠯ ᠤᠨ ᠬᠤᠷᠢᠶ᠎ᠠ ᠳᠤ DR᠂ ᠥᠩᠭᠡᠲᠦ ᠬᠡᠳᠦ ᠳᠣᠯᠭᠢᠶᠠᠨ ᠤ ᠪᠠᠶᠢᠴᠠᠭᠠᠯᠲᠠ᠂ ᠠᠦ᠋ᠲ᠋ᠣ᠋ ᠠᠮᠢᠳᠤ ᠪᠣᠳᠠᠰ ᠬᠢᠮᠢ ᠶᠢᠨ ᠵᠠᠳᠠᠯᠬᠤ ᠪᠠᠭᠠᠵᠢ ᠵᠢᠴᠢ ᠴᠢᠰᠤᠨ ᠴᠣᠭᠴᠠ ᠶᠢᠨ ᠲᠣᠭᠠᠯᠠᠭᠤᠷ ᠮᠠᠰᠢᠨ᠂ ᠰᠢᠭᠡᠰᠦᠨ ᠲᠣᠨᠣᠳᠠᠰᠤ ᠶᠢ ᠰᠢᠯᠭᠠᠨ ᠪᠠᠶᠢᠴᠠᠭᠠᠬᠤ ᠬᠡᠮᠵᠢᠭᠦᠷᠯᠢᠭ᠂ ᠵᠢᠷᠦᠬᠡᠨ ᠤ ᠴᠠᠬᠢᠯᠭᠠᠨ ᠵᠢᠷᠤᠭ ᠤᠨ ᠮᠠᠰᠢᠨ ᠵᠡᠷᠭᠡ ᠪᠡᠯᠡᠳᠭᠡᠮᠵᠢ᠂ ᠲᠦᠷᠭᠡᠨ ᠡᠮᠨᠡᠬᠦ ᠲᠦᠷᠭᠡᠨ ᠠᠪᠦᠷᠡᠬᠤ᠂ ᠡᠷᠡᠭᠦᠯᠵᠢᠭᠦᠯᠬᠦ ᠹᠢᠽᠢᠺ ᠵᠠᠰᠠᠯ ᠵᠡᠷᠭᠡ ᠶᠢᠨ ᠪᠡᠯᠡᠳᠭᠡᠮᠵᠢ ᠶᠢ ᠲᠣᠬᠢᠷᠠᠭᠤᠯᠵᠤ᠂ ᠦᠨᠳᠦᠰᠦᠨ ᠡᠮ ᠡᠮᠨᠡᠯᠭᠡ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠶᠢ ᠬᠠᠨᠭ᠍ᠭᠠᠨ᠎ᠠ᠃ ᠪᠤᠶᠢᠳᠠ ᠪᠥᠭᠯᠡᠭᠦᠦ ᠬᠢᠯᠢ ᠬᠢᠵᠠᠭᠠᠷ ᠣᠷᠣᠨ ᠳᠤ ᠲᠣᠭᠲᠠᠮᠠᠯ ᠬᠢᠭᠡᠳ ᠨᠡᠭᠦᠳᠡᠯ ᠢ ᠤᠶᠠᠯᠳᠤᠭᠤᠯᠤᠭᠰᠠᠨ ︽ᠡᠮ ᠤᠨ ᠪᠢᠴᠢᠬᠠᠨ ᠬᠠᠢᠷᠴᠠᠭ ᠢ ᠮᠠᠯᠴᠢᠨ ᠡᠷᠦᠬᠡ ᠳᠤ ᠤᠷᠤᠭᠤᠯᠬᠤ︾ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠨᠡᠷᠡᠲᠦ ᠡᠮᠴᠢ ᠶᠢᠨ ᠠᠵᠢᠯ ᠤᠨ ᠲᠠᠰᠤᠭ ᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠲᠦᠯᠬᠢᠨ ᠠᠬᠢᠭᠤᠯᠵᠤ᠂ ᠶᠡᠭᠡ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠶᠢᠨ ᠴᠢᠨᠠᠷᠯᠢᠭ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ᠎ᠠ ᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号