ᠥᠨᠥᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢᠭᠡᠳᠦᠯᠲᠡᠶ | ᠤᠳᠤᠷᠢᠳᠴᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠦᠷᠦᠭᠦᠯᠡᠵᠦ᠂ ᠰᠤᠷᠭᠠᠨ ᠬᠥᠮᠥᠵᠢᠯ᠂ | ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠪᠣᠯᠤᠨ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠤᠯᠠᠨ ᠲᠦᠮᠡᠨ ᠤ ᠪᠦᠯᠬᠦᠮ ᠣᠷᠣᠯᠴᠠᠭᠰᠠᠨ | ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠯᠠᠮᠵᠢᠯᠠᠨ | ᠬᠠᠮᠠᠭᠠᠯᠠᠬᠤ ᠠᠵᠢᠯ ᠤᠨ ᠤᠳᠤᠷᠢᠳᠬᠤ ᠲᠣᠭᠲᠠᠴᠠ ᠶᠢ ᠪᠦᠷᠢᠯᠳᠦᠭᠦᠯᠵᠦ᠂ ᠬᠤᠳᠠ ᠬᠥᠳᠡᠭᠡ ᠶᠢᠨ | ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠮᠤᠷᠤᠭᠰᠠᠨ ᠲᠥᠷᠪᠡᠨ ᠱᠠᠲᠤᠨ ᠤ ᠲᠡᠩᠬᠡᠷᠡᠭᠦᠯᠦᠨ | ᠲᠤᠰᠠᠯᠠᠵᠤ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠪᠠ᠃ | ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠶᠠᠪᠤᠭᠤᠯ ᠬᠡᠦᠬᠡᠳ ᠲᠤ ᠲᠦᠷᠦ ᠶᠢᠨ ᠪᠤᠳᠤᠯᠭ᠎ᠠ ᠶᠢᠨ | ᠪᠠᠲᠤᠯᠠᠭ᠎ᠠ ᠲᠠᠢ 300 ᠭᠠᠷᠤᠶ ᠭᠡᠷ ᠣᠷᠣᠨ ᠢ ᠪᠠᠶᠢᠭᠤᠯᠪᠠ | 2011 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠪᠥᠬᠦ ᠣᠷᠣᠨ ᠤ 12 ᠠᠶᠢᠮᠠᠭ ᠬᠤᠲᠠ ᠳᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠶᠠᠪᠤᠭᠤᠯ | ᠬᠡᠦᠬᠡᠳ ᠤᠨ ᠭᠡᠷ ᠣᠷᠣᠨ ᠪᠠᠶᠢᠭᠤᠯᠵᠤ ᠥᠭᠪᠡ᠂ ᠥᠨᠥ ᠨᠢᠭᠡᠨᠲᠡ 300 ᠭᠠᠷᠤᠶ ᠶᠢ ᠪᠠᠶᠢᠭᠤᠯᠤᠭᠠᠳ᠂ 1 ᠲᠦᠮᠡ | ᠭᠠᠷᠤᠶ ᠬᠡᠦᠬᠡᠳ ᠲᠤ ᠦᠢᠯᠡᠴᠢᠯᠡᠵᠦ ᠪᠣᠢ᠃ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠲᠤ | ᠪᠠᠶᠢᠭᠤᠯᠤᠭᠰᠠᠨ ᠭᠡᠷ ᠣᠷᠣᠨ ᠨᠢ ᠲᠤᠰᠬᠠᠶ ᠲᠠᠯᠠᠪᠤᠷ ᠭᠠᠵᠠᠷ ᠲᠠᠢ᠂ ᠵᠢᠷᠤᠮᠵᠢᠭᠰᠠᠨ ᠲᠦᠷᠢᠮ ᠲᠣᠭᠲᠠᠭᠠᠯ ᠲᠠᠢ᠂ | ᠪᠦᠷᠢᠨ ᠲᠡᠭᠦᠯᠳᠡᠷ ᠳᠠᠩᠰᠠ ᠡᠪᠬᠡᠮᠡᠯ ᠲᠠᠢ᠂ ᠢᠵᠢ ᠪᠦᠷᠢᠯᠳᠦᠭᠦᠯᠦᠭᠰᠡᠨ ᠰᠡᠳᠬᠢᠴᠡ ᠶᠢᠨ ᠵᠢᠯᠣᠭᠤᠳᠬᠤ ᠲᠠᠰᠤᠭ | ᠲᠠᠢ᠂ ᠨᠣᠮ ᠪᠢᠴᠢᠭ ᠳᠠᠩᠰᠠ ᠡᠪᠬᠡᠮᠡᠯ ᠤᠨ ᠳᠠᠰᠤᠭ ᠂ ᠰᠣᠶᠣᠯ ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ ᠲᠠᠢ | ᠪᠠᠶᠢᠳᠠᠭ᠃ ᠨᠢᠭᠡᠨ ᠴᠢᠬᠤᠯᠠ ᠠᠷᠠᠳ ᠤᠨ ᠢᠨᠵᠧᠨᠧᠷᠢᠩ ᠪᠣᠯᠭᠠᠭᠰᠠᠨ ᠤ ᠬᠤᠪᠢ ᠳᠤ᠂ ᠮᠠᠨ ᠤ ᠣᠷᠣᠨ 2016 | ᠣᠨ ᠤ 4 ᠳ᠋ᠦ᠋ᠭᠡᠷ ᠰᠠᠷ᠎ᠠ ᠠᠴᠠ ᠮᠠᠯᠵᠢᠬᠤ ᠲᠠᠷᠢᠶᠠᠯᠠᠬᠤ ᠣᠷᠣᠨ ᠤ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ | ᠬᠠᠯᠠᠮᠵᠢᠯᠠᠨ ᠬᠠᠮᠠᠭᠠᠯᠠᠬᠤ ᠠᠵᠢᠯ ᠢ ᠡᠬᠢᠯᠡᠭᠦᠯᠪᠡ︔ 6 ᠳ᠋ᠤᠭᠠᠷ ᠰᠠᠷ᠎ᠠ ᠶᠢᠨ 30 ᠤ ᠡᠳᠦᠷ᠂ ︽ᠮᠠᠯᠵᠢᠬᠤ | ᠲᠠᠷᠢᠶᠠᠯᠠᠬᠤ ᠣᠷᠣᠨ ᠤ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ | ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠭᠦᠨᠵᠡᠭᠡᠶ | ᠥᠷᠨᠢᠭᠦᠯᠬᠦ ᠳᠤ ᠬᠦᠴᠦᠲᠡᠶ ᠲᠥᠷᠥ ᠶᠢᠨ ᠪᠤᠳᠤᠯᠭ᠎ᠠ ᠶᠢᠨ ᠪᠠᠲᠤᠯᠠᠭ᠎ᠠ ᠣᠯᠭᠤᠪᠠ︔ 7 ᠳ᠋ᠤᠭᠠᠷ ᠰᠠᠷ᠎ᠠ ᠶᠢᠨ 20 ᠤ | ᠡᠳᠦᠷ᠂ ︽ᠮᠠᠯᠵᠢᠬᠤ ᠲᠠᠷᠢᠶᠠᠯᠠᠬᠤ ᠣᠷᠣᠨ ᠤ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ | ᠬᠠᠮᠠᠭᠠᠯᠠᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠤᠯᠪᠣᠭᠠᠲᠤ ᠬᠤᠷᠠᠯ ᠤᠨ ᠪᠦᠷᠢᠯᠳᠦᠬᠦᠨ ᠨᠢᠭᠡᠴᠡ ᠶᠢᠨ | ᠡᠭᠦᠷᠭᠡ ᠬᠠᠷᠢᠭᠤᠴᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠤᠨ ᠪᠠᠶᠢᠳᠠᠯ ᠢ ᠣᠶᠢᠯᠠᠭᠠᠨ ᠪᠠᠶᠢᠴᠠᠭᠠᠵᠤ᠂ ᠪᠥᠬᠦ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠤᠨ | ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ︽ᠨᠢᠭᠡ ᠬᠥᠮᠦᠨ ᠳᠤ | ᠨᠢᠭᠡ ᠳᠠᠩᠰᠠ ᠲᠠᠢ︾ ᠪᠠᠶᠢᠬᠤ ᠶᠢ ᠪᠡᠶᠡᠯᠡᠭᠦᠯᠪᠡ︔ 12 ᠳ᠋ᠤᠭᠠᠷ ᠰᠠᠷ᠎ᠠ ᠳᠤ᠂ ︽ᠪᠦᠭᠦ ᠣᠷᠣᠨ ᠳᠤ ᠮᠠᠯᠵᠢᠬᠤ | ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ︿ᠬᠦᠴᠦ ᠪᠠᠨ ᠬᠠᠮᠲᠤᠳᠬᠠᠨ | ᠬᠢᠨᠠᠨ ᠬᠠᠮᠠᠭᠠᠯᠠᠬᠤ᠂ ᠬᠠᠨᠢ ᠪᠣᠯᠵᠤ ᠥᠰᠦᠨ ᠪᠣᠶᠢᠵᠢᠭᠤᠯᠬᠤ﹀ ᠬᠠᠯᠠᠮᠵᠢᠯᠠᠨ ᠬᠠᠮᠠᠭᠠᠯᠠᠬᠤ ᠲᠤᠰᠬᠠᠶ ᠠᠵᠢᠯᠯᠠᠭ᠎ᠠ | ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠲᠣᠰ ᠠᠵᠢᠯᠯᠠᠭ᠎ᠠ ᠪᠠᠷ ᠳᠠᠮᠵᠢᠭᠤᠯᠤᠨ᠂ 2017 | ᠣᠨ ᠤ ᠡᠴᠦᠰ ᠪᠣᠯᠬᠤ ᠳᠤ ᠲᠠᠷᠢᠶᠠᠯᠠᠬᠤ ᠮᠠᠯᠵᠢᠬᠤ ᠣᠷᠣᠨ ᠤ ᠪᠤᠶ ᠪᠦᠬᠦᠢ ᠨᠤᠲᠤᠭ ᠲᠠᠭᠠᠨ ᠦᠯᠡᠳᠡᠵᠦ | ᠬᠤᠴᠣᠷᠤᠭᠰᠠᠨ ᠬᠡᠦᠬᠡᠳ ᠢ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠪᠠᠷ | ᠴᠢᠷᠮᠠᠶᠢᠵᠤ᠂ ᠲᠠᠷᠢᠶᠠᠯᠠᠬᠤ ᠮᠠᠯᠵᠢᠬᠤ ᠣᠷᠣᠨ ᠤ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠢᠨᠠᠨ | ᠬᠠᠮᠠᠭᠠᠯᠠᠭᠬᠤ ᠬᠥᠮᠥᠨ ᠪᠠᠶᠢᠬᠤ ᠦᠭᠡᠢ ᠦᠵᠡᠭᠳᠡᠯ ᠢ ᠦᠭᠡᠶᠢᠰᠬᠡᠵᠦ᠂ ᠬᠢᠨᠠᠨ ᠬᠠᠮᠠᠭᠠᠯᠠᠭᠴᠢ ᠨᠢ ᠲᠠᠷᠢᠶᠠᠯᠠᠬᠤ | ᠮᠠᠯᠵᠢᠬᠤ ᠣᠷᠣᠨ ᠤ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠤᠨ ᠡᠷᠬᠡ ᠠᠰᠢᠭ ᠢ ᠬᠤᠬᠢᠷᠠᠭᠤᠯᠬᠤ | ᠦᠢᠯᠡ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ ᠨᠤᠲᠤᠭ ᠲᠠᠭᠠᠨ | ᠦᠯᠡᠳᠡᠵᠦ ᠬᠤᠴᠣᠷᠤᠭᠰᠠᠨ ᠬᠡᠦᠬᠡᠳ ᠤᠨ ᠪᠡᠶ᠎ᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ | ᠮᠠᠯᠵᠢᠬᠤ ᠲᠠᠷᠢᠶᠠᠯᠠᠬᠤ ᠣᠷᠣᠨ ᠤ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠲᠡᠩᠬᠡᠷᠡᠭᠦᠯᠦᠨ | ᠲᠤᠰᠠᠯᠠᠵᠤ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢᠨ | ᠪᠣᠳᠠᠲᠠᠶᠢᠵᠢᠭᠤᠯᠤᠯᠲᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠬᠠᠰᠢ ᠶᠠᠰᠢ | ᠥᠩᠭᠡᠷᠡᠭᠦᠯᠬᠦ ᠦᠭᠡᠢ᠂ ᠳᠠᠯᠳᠠ ᠭᠡᠮ ᠦᠯᠡᠳᠡᠭᠡᠬᠦ ᠦᠭᠡᠶ ᠪᠠᠶᠢᠯᠭᠠᠨ᠎ᠠ᠃ | ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠦ ᠨᠤᠲᠤᠭ ᠲᠠᠭᠠᠨ ᠦᠯᠡᠳᠡᠵᠦ ᠬᠤᠴᠣᠷᠤᠭᠰᠠᠨ | ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠵᠦ ᠭᠡᠷ ᠣᠷᠣᠨ ᠲᠠᠢ ᠪᠣᠯᠭᠠᠪᠠ | ᠡᠯ᠎ᠡ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ ᠶᠢ ᠲᠥᠯᠬᠢᠨ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠠᠰᠠᠭ ᠤᠨ ᠣᠷᠳᠣᠨ ᠤᠳᠤᠷᠢᠳᠴᠤ᠂ ᠠᠷᠠᠳ ᠤᠨ ᠶᠠᠪᠤᠳᠠᠯ | ᠲᠦᠷᠦᠭᠦᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠯᠠᠨ ᠲᠦᠮᠡᠨ ᠤ ᠪᠦᠯᠬᠦᠮ ᠣᠷᠣᠯᠴᠠᠭᠰᠠᠨ | ᠮᠠᠯᠵᠢᠬᠤ ᠲᠠᠷᠢᠶᠠᠯᠠᠬᠤ ᠣᠷᠣᠨ ᠤ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠮᠠᠭᠠᠯᠠᠬᠤ | ᠠᠵᠢᠯ ᠤᠨ ᠤᠳᠤᠷᠢᠳᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠮᠠᠭᠠᠯᠠᠬᠤ ᠠᠵᠢᠯ ᠢ ᠨᠢᠭᠡᠳᠦᠯᠲᠡᠶ | ᠲᠥᠯᠥᠪᠯᠡᠨ ᠲᠥᠯᠬᠢᠨ ᠠᠬᠢᠭᠤᠯᠪᠠ᠃ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠤᠨ ᠠᠮᠤᠷ ᠲᠠᠶᠢᠪᠤᠩ | ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠪᠠᠶᠢᠭ᠎ᠠ ᠭᠡᠷ ᠢᠶᠠᠨ ᠰᠠᠬᠢᠵᠤ | ᠬᠤᠴᠣᠷᠤᠭᠰᠠᠨ ᠬᠡᠦᠬᠡᠳ ᠤᠨ ᠰᠤᠷᠭᠠᠨ ᠬᠥᠮᠥᠵᠢᠯ ᠤᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ | ᠲᠤᠬᠠᠶ ᠰᠠᠨᠠᠯ︾ ᠢ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠭᠡᠷ ᠪᠦᠯᠢ᠂ | ᠰᠤᠷᠭᠠᠭᠤᠯᠢ᠂ ᠨᠡᠶᠢᠭᠡᠮ ᠤᠨ ︽ᠭᠤᠷᠮᠤᠰᠤᠨ ᠴᠣᠭᠴᠠᠲᠤ︾ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠪᠠ᠃ | ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠲᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠭᠡᠪᠡᠯ ᠠᠪᠤ | ᠡᠵᠢ ᠬᠠᠨᠢ ᠲᠣᠲᠣᠨᠤ ᠬᠠᠶᠢᠷ᠎ᠠ ᠬᠠᠯᠠᠮᠵᠢ ᠳᠤᠲᠠᠭᠳᠠᠵᠤ ᠪᠠᠶᠢᠨ᠎ᠠ᠂ ᠡᠨᠡ ᠨᠢ ᠮᠥᠨ ᠴᠦ ᠨᠤᠲᠤᠭ ᠲᠠᠭᠠᠨ ᠦᠯᠡᠳᠡᠵᠦ | ᠬᠤᠴᠣᠷᠤᠭᠰᠠᠨ ᠬᠡᠦᠬᠡᠳ ᠤᠨ ᠰᠡᠳᠬᠢᠴᠡ ᠶᠢᠨ ᠠᠰᠠᠭᠤᠳᠠᠯ ᠢ ᠪᠤᠢ ᠪᠣᠯᠭᠠᠵᠤ ᠪᠠᠶᠢᠭ᠎ᠠ ᠦᠨᠳᠦᠰᠦ ᠰᠤᠷᠪᠤᠯᠵᠢ | ᠪᠣᠯᠣᠨ᠎ᠠ᠃ ᠡᠭᠦᠨ ᠤ ᠬᠠᠮᠲᠤ᠂ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠬᠤᠳᠠ ᠬᠥᠳᠡᠭᠡ ᠶᠢ | ᠬᠠᠮᠤᠷᠤᠭᠰᠠᠨ ᠳᠥᠷᠪᠡᠨ ᠱᠠᠲᠤᠨ ᠤ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠰᠢᠰᠲ᠋ᠧᠮᠵᠢ ᠶᠢ ᠢᠳᠡᠪᠬᠢᠲᠡᠶ ᠪᠠᠷ | ᠪᠠᠶᠢᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠶᠢᠨ ᠬᠠᠶᠢᠷᠠᠯᠠᠨ ᠬᠠᠮᠠᠭᠠᠯᠠᠬᠤ ᠡᠷᠴᠢᠮ ᠢ | ᠴᠢᠩᠭᠠᠷᠠᠭᠤᠯᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠣᠨᠴᠠᠯᠢᠭ ᠢ ᠪᠠᠳᠠᠷᠠᠭᠤᠯᠤᠨ | ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠳᠤ ᠣᠷᠣᠯᠴᠠᠭᠤᠯᠵᠤ᠂ ᠨᠡᠶᠢᠭᠡᠮ ᠤᠨ ᠬᠦᠴᠦᠨ ᠢ ᠶᠡᠬᠡᠪᠡᠷ ᠲᠠᠲᠠᠵᠤ | ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠮᠠᠭᠠᠯᠠᠬᠤ ᠳᠤ ᠣᠷᠣᠯᠴᠠᠭᠤᠯᠵᠤ᠂ ᠲᠠᠷᠢᠶᠠᠯᠠᠬᠤ | ᠮᠠᠯᠵᠢᠬᠤ ᠣᠷᠣᠨ ᠤ ᠨᠤᠲᠤᠭ ᠲᠠᠭᠠᠨ ᠦᠯᠡᠳᠡᠵᠦ ᠬᠤᠴᠣᠷᠤᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠪᠡ᠃ |