ᠭᠠᠳᠠᠭᠠᠳᠤ ᠰᠤᠷᠭᠠᠨ ᠬᠥᠮᠦᠵᠢᠯ ᠤᠨ ᠰᠣᠯᠢᠯᠴᠠᠭ᠎ᠠ ᠶᠢ ᠴᠢᠩᠭᠠᠳᠬᠠᠵᠤ  ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠤᠶ᠎ᠠ
ᠨᠡᠶᠢᠲᠡᠯᠡᠭᠰᠡᠨ ᠴᠠᠭ᠄
2017/6/12
     ᠰᠤᠷᠪᠤᠯᠵᠢᠯᠠᠭᠰᠠᠨ ᠴᠠᠭ᠄      2017 ᠣᠨ ᠤ 5 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨᠡᠬᠢ 10 ᠴᠠᠭ       ᠰᠤᠷᠪᠤᠯᠵᠢᠯᠠᠭᠰᠠᠨ ᠵᠣᠴᠢᠨ᠄      ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠠᠭᠤᠯᠠ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      2014 ᠣᠨ ᠤ 8 ᠳ᠋ᠤᠭᠠᠷ ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ᠮᠣᠩᠭᠤᠯ ᠤᠯᠤᠰ ᠲᠤ ᠠᠶᠢᠯᠴᠢᠯᠠᠭᠰᠠᠨ ᠠᠴᠠ ᠨᠠᠰᠢ᠂ ᠳᠤᠮᠳᠠᠳᠤ ᠮᠣᠩᠭᠤᠯ ᠤᠨ ᠬᠤᠭᠤᠷᠣᠨᠳᠣᠬᠢ ᠬᠥᠭᠵᠢᠭᠦᠯᠬᠦ ᠢᠲᠡᠭᠡᠯ ᠵᠣᠷᠢᠭ ᠨᠡᠩ ᠪᠠᠲᠤᠵᠢᠵᠤ᠂ ᠮᠣᠩᠭᠤᠯ ᠤᠯᠤᠰ ᠲᠤ ᠬᠢᠲᠠᠳ ᠬᠡᠯᠡ ᠰᠤᠷᠬᠤ ᠬᠠᠯᠠᠭᠤᠨ ᠥᠷᠨᠢᠯᠲᠡ ᠳᠠᠬᠢᠨᠲᠠ ᠥᠷᠨᠢᠵᠦ᠂ ᠮᠣᠩᠭᠤᠯ ᠤᠯᠤᠰ ᠤᠨ ᠮᠠᠰᠢ ᠣᠯᠠᠨ ᠰᠤᠷᠤᠭᠴᠢ ᠡᠷᠢᠶᠡᠨ ᠬᠤᠲᠠ ᠳᠤ ᠢᠷᠡᠵᠦ ᠰᠣᠷᠣᠯᠴᠠᠵᠤ ᠪᠣᠢ᠃ ᠥᠨᠥᠳᠦᠷ᠂ ᠪᠢᠳᠡ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠠᠭᠤᠯᠠ ᠶᠢ ᠤᠷᠢᠵᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠡᠭᠡᠷ᠎ᠡ ᠲᠠ ᠪᠦᠬᠦᠨ ᠲᠠᠢ ᠪᠣᠳᠣᠯ ᠰᠠᠨᠠᠯ ᠢᠶᠠᠨ ᠰᠣᠯᠢᠯᠴᠠᠬᠤ ᠪᠣᠯᠣᠯ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕           ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠣᠰ ᠬᠤᠭᠤᠴᠠᠭ᠎ᠠ ᠶᠢᠨ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠠᠭᠤᠯᠠ ᠪᠣᠯᠣᠨ᠎ᠠ᠃ ᠠᠭᠤᠯᠠ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠠᠭᠤᠯᠠ᠄      ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠨᠠᠶᠢᠵᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠦᠦ︕ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃      ᠬᠥᠲᠥᠯᠥᠭᠴᠢ᠄      ᠠᠭᠤᠯᠠ ᠳᠠᠷᠤᠭ᠎ᠠ ᠡ᠂ ᠲᠠ ᠣᠶᠢᠷ᠎ᠠ ᠶᠢᠨ ᠵᠢᠯ ᠳᠤ ᠡᠷᠢᠶᠡᠨ ᠬᠤᠲᠠ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠭᠠᠳᠠᠭᠠᠳᠤ ᠲᠠᠢ ᠰᠣᠯᠢᠯᠴᠠᠵᠦ ᠪᠠᠶᠢᠭ᠎ᠠ ᠦᠨᠳᠦᠰᠦᠨ ᠪᠠᠶᠢᠳᠠᠯ ᠢ ᠶᠠᠷᠢᠭᠠᠳ ᠥᠭᠭᠦᠨ᠎ᠡ ᠦᠦ︖      ᠠᠭᠤᠯᠠ᠄      ᠮᠠᠨ ᠤ ᠬᠤᠲᠠ ᠪᠣᠯ ᠮᠣᠩᠭᠤᠯ ᠤᠯᠤᠰ ᠲᠤ ᠬᠠᠨᠳᠤᠭᠤᠯᠵᠤ ᠨᠡᠭᠡᠭᠡᠭᠰᠡᠨ ᠬᠠᠮᠤᠭ ᠤᠨ ᠡᠮᠦᠨ᠎ᠡ ᠵᠠᠬ᠎ᠠ ᠳᠤ ᠪᠠᠶᠢᠷᠢᠯᠠᠵᠤ ᠪᠠᠶᠢᠭ᠎ᠠ᠂ ᠮᠣᠩᠭᠤᠯ ᠤᠯᠤᠰ ᠲᠠᠢ ᠨᠤᠲᠤᠭ ᠳᠡᠪᠢᠰᠬᠡᠷ ᠵᠠᠯᠭᠠᠯᠳᠤᠵᠤ᠂ ᠰᠣᠶᠣᠯ ᠤᠨ ᠭᠤᠯᠤᠮᠲᠠ ᠨᠢᠭᠡᠲᠡᠢ᠂ ᠵᠠᠩ ᠦᠢᠯᠡ ᠢᠵᠢᠯᠢᠬᠡᠨ ᠪᠠᠶᠢᠵᠤ᠂ ᠮᠣᠩᠭᠤᠯ ᠤᠯᠤᠰ ᠲᠠᠢ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠳᠤ ᠢᠯᠡᠷᠬᠡᠶ ᠳᠠᠪᠠᠭᠤᠯᠢᠭ ᠲᠠᠢ ᠶᠤᠮ᠃ ᠪᠢᠳᠡ 1998 ᠣᠨ ᠠᠴᠠ ᠤᠳᠤ ᠪᠣᠯᠲᠠᠯ᠎ᠠ᠂ ᠮᠣᠩᠭᠤᠯ ᠤᠯᠤᠰ ᠤᠨ ᠭᠠᠳᠠᠭᠠᠳᠤ ᠳᠤ ᠰᠤᠷᠤᠯᠴᠠᠬᠤ ᠰᠤᠷᠤᠭᠴᠢ ᠶᠢ 3500 ᠭᠠᠷᠤᠶ ᠬᠥᠮᠦᠵᠢᠭᠦᠯᠪᠠ᠂ ᠡᠭᠦᠨ ᠳᠤ ᠣᠶᠤᠲᠠᠨ 300 ᠭᠠᠷᠤᠶ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ 2800 ᠭᠠᠷᠤᠶ᠂ ᠴᠡᠴᠡᠷᠯᠢᠭ ᠤᠨ ᠬᠡᠦᠬᠡᠳ 400 ᠭᠠᠷᠤᠶ ᠪᠠᠶᠢᠨ᠎ᠠ᠃ ᠨᠢᠳᠤᠨᠤᠨ ᠤ 9 ᠳ᠋ᠦ᠋ᠭᠡᠷ ᠰᠠᠷ᠎ᠠ ᠳᠤ ᠰᠤᠷᠤᠯᠭ᠎ᠠ ᠡᠬᠢᠯᠡᠬᠦ ᠳᠤ ᠪᠦᠷᠢᠳᠬᠡᠭᠰᠡᠨ ᠢ ᠦᠨᠳᠦᠰᠦᠯᠡᠪᠡᠯ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠭᠴᠢ 821 ︵ᠮᠣᠩᠭᠤᠯ ᠤᠯᠤᠰ ᠤᠨ 778᠂ ᠣᠷᠣᠰ ᠤᠨ 36᠂ ᠨᠧᠫᠡᠯ ᠤᠨ 7 ᠬᠥᠮᠦᠨ︶ ᠪᠠᠶᠢᠬᠤ ᠪᠠ ᠭᠠᠳᠠᠭᠠᠳᠤ ᠬᠠᠷᠢᠶ᠎ᠠ ᠲᠠᠢ ᠪᠠᠭᠰᠢ ᠠᠵᠢᠯᠲᠠᠨ 25 ᠬᠥᠮᠦᠨ ᠪᠠᠶᠢᠨ᠎ᠠ᠃ ᠡᠭᠦᠨ ᠠᠴᠠ ᠭᠠᠳᠠᠨ᠎ᠠ᠂ ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ 2012 ᠣᠨ ᠳᠤ ᠰᠤᠷᠭᠠᠭᠤᠯᠢ ᠡᠷᠬᠢᠯᠡᠭᠰᠡᠨ ᠠᠴᠠ ᠨᠠᠰᠢ᠂ ᠮᠣᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ᠂ ᠮᠣᠩᠭᠤᠯ ᠤᠯᠤᠰ ᠤᠨ ᠤᠯᠤᠰ ᠤᠨ ᠰᠤᠷᠭᠠᠨ ᠬᠥᠮᠦᠵᠢᠯ ᠤᠨ ᠶᠡᠭᠡ ᠰᠤᠷᠭᠠᠭᠤᠯᠢ ᠪᠣᠯᠤᠨ ᠣᠷᠣᠰ ᠤᠨ ᠬᠤᠯᠪᠣᠭᠠᠨ ᠤ ᠪᠤᠷᠢᠶᠠᠳ ᠪᠦᠭᠦᠳᠡ ᠨᠠᠶᠢᠷᠠᠮᠳᠠᠬᠤ ᠤᠯᠤᠰ ᠤᠨ ᠶᠡᠭᠡ ᠰᠤᠷᠭᠠᠭᠤᠯᠢ ᠲᠠᠢ ︽2 + 2︾ ᠬᠠᠮᠲᠤᠷᠠᠨ ᠰᠤᠷᠭᠠᠭᠤᠯᠢ ᠡᠷᠬᠢᠯᠡᠬᠦ ᠵᠥᠪᠳᠡᠯᠴᠡᠭᠡᠷ ᠲᠣᠭᠲᠠᠵᠤ᠂ ᠨᠡᠶᠢᠲᠡ 145 ᠳᠤᠮᠳᠠᠳᠤ ᠤᠯᠤᠰ ᠤᠨ ᠤᠶᠤᠲᠠᠳ ᠢ ᠮᠣᠩᠭᠤᠯ ᠣᠷᠣᠰ ᠤᠯᠤᠰ ᠲᠤ ᠰᠣᠩᠭᠤᠨ ᠲᠣᠮᠢᠯᠠᠵᠤ ᠰᠤᠷᠤᠯᠴᠠᠭᠤᠯᠪᠠ᠃      ᠬᠥᠲᠥᠯᠥᠭᠴᠢ᠄      ᠡᠷᠢᠶᠡᠨ ᠬᠤᠲᠠ ᠭᠠᠳᠠᠭᠠᠳᠤ ᠰᠤᠷᠭᠠᠨ ᠬᠥᠮᠦᠵᠢᠯ ᠤᠨ ᠲᠠᠯ᠎ᠠ ᠪᠠᠷ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠭᠰᠠᠨ ᠪᠣᠶ︖      ᠠᠭᠤᠯᠠ᠄      ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠣᠩᠭᠤᠯ ᠤᠯᠤᠰ ᠪᠠ ᠣᠷᠣᠰ ᠵᠡᠷᠭᠡ ᠭᠠᠳᠠᠭᠠᠳᠤ ᠶᠢᠨ ᠰᠤᠷᠤᠭᠴᠢᠳ ᠤᠨ ᠡᠷᠢᠶᠡᠨ ᠬᠤᠲᠠ ᠳᠤ ᠢᠷᠡᠵᠦ ᠰᠤᠷᠤᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠭᠰᠡᠨ ᠪᠦᠭᠡᠳ᠂ 2008 ᠣᠨ ᠠᠴᠠ 2015 ᠣᠨ ᠪᠣᠯᠲᠠᠯ᠎ᠠ᠂ ᠮᠠᠨ ᠤ ᠬᠤᠲᠠ ᠮᠣᠩᠭᠤᠯ ᠤᠯᠤᠰ ᠤᠨ ᠰᠣᠷᠣᠭᠴᠢ ᠶᠢ ᠳᠡᠮᠵᠢᠬᠦ ᠳᠤ ᠬᠡᠷᠡᠭᠯᠡᠭᠰᠡᠨ ᠡᠯ᠎ᠡ ᠵᠦᠢᠯ ᠤᠨ ᠪᠡᠯᠡ ᠮᠥᠩᠭᠦ ᠨᠡᠶᠢᠳᠡ 480 ᠲᠦᠮᠡᠨ ᠲᠥᠭᠦᠷᠢᠭ ᠲᠤ ᠬᠦᠷᠴᠡᠶ᠃ 2015 ᠣᠨ ᠤ 9 ᠳ᠋ᠦ᠋ᠭᠡᠷ ᠰᠠᠷ᠎ᠠ ᠳᠤ ᠮᠠᠨ ᠤ ᠬᠤᠲᠠ ︽ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠵᠢᠩᠬᠢᠨᠢ ᠪᠠᠷ ᠨᠡᠶᠢᠲᠡᠯᠡᠵᠦ᠂ ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢ ᠳᠤ ᠰᠦᠢᠳᠬᠡᠯ ᠬᠤᠷᠢᠶᠠᠬᠤ ᠥᠭᠡᠢ ᠰᠤᠷᠭᠠᠨ ᠬᠥᠮᠦᠵᠢᠭᠦᠯᠬᠦ ᠪᠠ ᠰᠢᠯᠢᠳᠡᠭ ᠰᠤᠷᠤᠭᠴᠢ ᠳᠤ ᠱᠠᠩᠨᠠᠯ ᠣᠯᠭᠤᠬᠤ ᠲᠣᠭᠲᠠᠴᠠ ᠶᠢ ᠬᠡᠷᠡᠭᠵᠢᠭᠦᠯᠵᠦ᠂ ᠨᠡᠩ ᠣᠯᠠᠨ ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢ ᠶᠢᠨ ᠮᠠᠨ ᠤ ᠬᠤᠲᠠ ᠳᠤ ᠢᠷᠡᠵᠦ ᠰᠤᠷᠤᠯᠴᠠᠬᠤ ᠳᠤ ᠬᠠᠪᠰᠤᠷᠤᠯᠭ᠎ᠠ ᠦᠵᠡᠭᠦᠯᠪᠡ᠃      ᠲᠤᠰ ︽ᠠᠷᠭ᠎ᠠ︾᠎ ᠳᠤ ᠭᠤᠣᠯᠳᠠᠭᠤ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ ᠪᠦᠷᠢᠨ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠭᠡᠵᠦ ᠬᠤᠶᠠᠷ ᠬᠡᠰᠡᠭ ᠪᠣᠯᠭᠠᠨ ᠬᠤᠪᠢᠶᠠᠵᠠᠢ᠂ ᠡᠭᠦᠨ ᠳᠤ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠭᠡᠳᠡᠭ ᠨᠢ ᠰᠤᠷᠤᠯᠭ᠎ᠠ ᠶᠢᠨ ᠰᠦᠢᠳᠬᠡᠯ᠂ ᠠᠷᠰᠠᠷ ᠰᠦᠢᠳᠬᠡᠯ ᠪᠣᠯᠣᠨ ᠬᠤᠨᠤᠭ ᠤᠨ ᠰᠦᠢᠳᠬᠡᠯ ᠢ ᠬᠡᠯᠲᠦᠷᠢᠭᠦᠯᠵᠦ᠂  ᠬᠥᠮᠥᠨ ᠨᠢᠭᠡᠪᠦᠷᠢ ᠳᠤᠮᠳᠠᠴᠢ ᠪᠠᠷ ᠵᠢᠯ ᠪᠦᠷᠢ ᠳᠤ 6000 ᠲᠥᠭᠦᠷᠢᠭ ᠣᠯᠭᠤᠬᠤ ᠶᠢ ᠵᠢᠭᠠᠵᠤ ᠪᠠᠶᠢᠨ᠎ᠠ︔ ᠪᠦᠷᠢᠨ ᠲᠣᠭᠠᠨ ᠤ ᠰᠤᠷᠤᠯᠭ᠎ᠠ ᠶᠢᠨ ᠱᠠᠩᠨᠠᠯ ᠭᠡᠳᠡᠭ ᠨᠢ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠰᠠᠭᠤᠷᠢᠨ ᠳᠡᠭᠡᠷ᠎ᠡ᠂ ᠬᠤᠭᠤᠯᠠᠨ ᠤ ᠵᠠᠷᠤᠳᠠᠯ ᠢ ᠬᠡᠯᠲᠦᠷᠢᠭᠦᠯᠦᠭᠡᠳ ᠠᠮᠢᠳᠤᠷᠠᠯ ᠤᠨ ᠰᠦᠢᠳᠬᠡᠯ ᠨᠥᠬᠦᠪᠦᠷᠢᠯᠡᠵᠦ᠂ ᠬᠥᠮᠥᠨ ᠨᠢᠭᠡᠪᠦᠷᠢ ᠳᠤᠮᠳᠠᠴᠢ ᠪᠠᠷ ᠵᠢᠯ ᠪᠦᠷᠢ ᠳᠤ 13500 ᠲᠥᠭᠦᠷᠢᠭ ᠣᠯᠭᠤᠬᠤ ᠶᠢ ᠵᠢᠭᠠᠵᠤ ᠪᠠᠶᠢᠨ᠎ᠠ᠃ 2016 ᠣᠨ ᠤ 5 ᠳ᠋ᠤᠭᠠᠷ ᠰᠠᠷ᠎ᠠ ᠳᠤ᠂ ᠮᠠᠨ ᠤ ᠬᠤᠲᠠ ᠮᠣᠩᠭᠤᠯ ᠤᠯᠤᠰ ᠤᠨ 433 ᠰᠤᠷᠤᠭᠴᠢᠳ ᠲᠤ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ ᠪᠦᠷᠢᠨ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠨᠡᠶᠢᠲᠡ 300 ᠭᠠᠷᠤᠶ ᠲᠦᠮᠡᠨ ᠲᠥᠭᠦᠷᠢᠭ ᠣᠯᠭᠤᠵᠠᠢ᠃ ᠲᠤᠰ ᠲᠡᠳᠬᠦᠨ ᠳᠡᠮᠵᠢᠬᠦ ᠳᠦᠷᠦ ᠶᠢᠨ ᠪᠤᠳᠤᠯᠭ᠎ᠠ ᠶᠢᠨ ᠨᠥᠯᠥᠭᠡ ᠪᠠᠷ᠂ 2016 ᠣᠨ ᠤ ᠨᠠᠮᠤᠷ ᠤᠨ ᠤᠯᠠᠷᠢᠯ ᠳᠤ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠮᠠᠨ ᠤ ᠬᠤᠲᠠ ᠳᠤ ᠢᠷᠡᠵᠦ ᠰᠤᠷᠤᠯᠴᠠᠵᠤ ᠪᠠᠶᠢᠭ᠎ᠠ ᠮᠣᠩᠭᠤᠯ ᠤᠯᠤᠰ ᠤᠨ ᠰᠤᠷᠤᠭᠴᠢ 778 ᠨᠡᠷᠡᠰ ᠲᠤ ᠬᠦᠷᠴᠦ᠂ ᠵᠢᠯ ᠤᠨ ᠡᠴᠦᠰ ᠲᠤ ᠨᠡᠶᠢᠲᠡ 600 ᠭᠠᠷᠤᠶ ᠲᠦᠮᠡᠨ ᠲᠥᠭᠦᠷᠢᠭ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠵᠤ᠂ ᠣᠳᠣ ᠪᠣᠯᠲᠠᠯ᠎ᠠ ᠮᠠᠨ ᠤ ᠬᠤᠲᠠ ᠮᠣᠩᠭᠤᠯ ᠤᠯᠤᠰ ᠤᠨ ᠰᠤᠷᠤᠭᠴᠢᠳ ᠢ ᠳᠡᠳᠭᠦᠭᠰᠡᠨ ᠡᠯ᠎ᠡ ᠲᠥᠷᠥᠯ ᠤᠨ ᠪᠡᠯᠡ ᠮᠥᠩᠭᠦ ᠨᠡᠶᠢᠲᠡ 1000 ᠭᠠᠷᠤᠶ ᠲᠦᠮᠡᠨ ᠲᠥᠭᠦᠷᠢᠭ ᠬᠦᠷᠪᠡ᠂ ᠡᠭᠦᠨ ᠳᠤ ᠳᠡᠭᠡᠳᠦ ᠱᠠᠲᠤᠨ ᠠᠴᠠ 280 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠵᠤ᠂ ᠪᠤᠰᠤᠳ ᠪᠡᠯᠡ ᠮᠥᠩᠭᠦ ᠶᠢ ᠴᠥᠮ ᠣᠷᠣᠨ ᠨᠤᠲᠤᠭ ᠤᠨ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠪᠠᠶᠢᠨ᠎ᠠ᠃ ᠵᠢᠱᠢᠯᠲᠡ ᠪᠠᠷ ᠡᠨᠡ ᠵᠢᠯ ᠮᠠᠨ ᠤ ᠬᠤᠲᠠ ᠶᠢᠨ ᠬᠦᠯᠢᠶᠡᠨ ᠠᠪᠬᠤ ᠮᠣᠩᠭᠤᠯ ᠤᠯᠤᠰ ᠤᠨ ᠰᠤᠷᠤᠭᠴᠢᠳ ᠤᠨ ᠲᠤᠭ᠎ᠠ ᠮᠢᠩᠭᠠᠨ ᠬᠥᠮᠦᠨ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠮᠣᠩᠭᠤᠯ ᠤᠯᠤᠰ ᠤᠨ ᠰᠤᠷᠤᠭᠴᠢᠳ ᠢ ᠬᠦᠯᠢᠶᠡᠨ ᠠᠪᠬᠤ ᠴᠢᠬᠤᠯᠠ ᠰᠠᠭᠤᠷᠢᠨ ᠭᠠᠵᠠᠷ ᠪᠣᠯᠭᠠᠬᠤ ᠪᠣᠯᠤᠨ᠎ᠠ᠃      ᠬᠥᠲᠥᠯᠥᠭᠴᠢ᠄      ᠡᠷᠢᠶᠡᠨ ᠬᠤᠲᠠ ᠨᠢ ᠭᠠᠳᠠᠭᠠᠳᠤ ᠶᠢᠨ ᠰᠤᠷᠤᠭᠴᠢᠳ ᠢ ᠬᠥᠮᠦᠵᠢᠭᠦᠯᠬᠦ ᠪᠠ ᠬᠠᠮᠢᠶᠠᠷᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖      ᠠᠭᠤᠯᠠ᠄      ᠭᠠᠳᠠᠭᠠᠳᠤ ᠤᠯᠤᠰ ᠤᠨ ᠰᠤᠷᠤᠭᠴᠢ ᠶᠢ ᠬᠥᠮᠦᠵᠢᠭᠦᠯᠬᠦ ᠪᠠ ᠬᠠᠮᠢᠶᠠᠷᠬᠤ ᠳᠤ ᠳᠦᠭᠦᠮ ᠦᠵᠡᠭᠦᠯᠬᠦ ᠶᠢᠨ ᠲᠥᠯᠥᠭᠡ᠂ ᠬᠤᠳᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ᠲᠤᠰᠬᠠᠶᠢᠯᠠᠨ ᠭᠠᠳᠠᠭᠠᠳᠤ ᠶᠢᠨ ᠰᠤᠷᠤᠭᠴᠢᠳ ᠢ ᠬᠠᠮᠢᠶᠠᠷᠬᠤ ᠰᠠᠯᠠᠭ᠎ᠠ ᠪᠠᠶᠢᠭᠤᠯᠵᠤ᠂ ᠬᠤᠳᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ᠂ ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ ᠳᠤ ᠭᠠᠳᠠᠭᠠᠳᠤ ᠰᠤᠷᠤᠭᠴᠢ ᠶᠢᠨ ᠬᠡᠯᠲᠡᠰ ᠪᠠᠶᠢᠭᠤᠯᠵᠠᠢ᠂ ᠣᠳᠣᠬᠠᠨ ᠳᠤ ᠭᠠᠳᠠᠭᠠᠳᠤ ᠶᠢᠨ ᠰᠤᠷᠤᠭᠴᠢᠳ ᠤᠨ ᠲᠤᠰᠬᠠᠶ ᠲᠤᠰᠢᠶᠠᠯᠲᠤ ᠪᠠᠭᠰᠢ 200 ᠭᠠᠷᠤᠶ ᠬᠥᠮᠦᠨ ᠪᠠᠶᠢᠬᠤ ᠮᠥᠷᠲᠡᠭᠡᠨ ᠪᠡᠶ᠎ᠡ ᠪᠠᠨ ᠳᠠᠭᠠᠭᠠᠵᠤ ᠰᠤᠷᠤᠯᠴᠠᠬᠤ᠂ ᠬᠤᠨᠣᠭᠯᠠᠬᠤ ᠪᠠ ᠬᠤᠭᠤᠯᠠᠯᠠᠬᠤ ᠭᠠᠵᠠᠷ ᠲᠣᠬᠢᠷᠠᠭᠤᠯᠤᠨ᠂ ᠭᠠᠳᠠᠭᠠᠳᠤ ᠶᠢᠨ ᠰᠤᠷᠤᠭᠴᠢᠳ ᠤᠨ ᠵᠢᠭᠠᠨ ᠰᠤᠷᠭᠠᠯᠲᠠ ᠶᠢ ᠰᠤᠳᠤᠯᠬᠤ ᠪᠠ ᠬᠠᠮᠢᠶᠠᠷᠬᠤ ᠶᠢ ᠦᠨᠡᠨᠬᠦ ᠴᠢᠩᠭᠠᠳᠬᠠᠵᠠᠢ᠃ ᠡᠭᠦᠨ ᠤ ᠬᠠᠮᠲᠤ ᠡᠯ᠎ᠡ ᠰᠤᠷᠭᠠᠭᠤᠯᠢ ᠶᠢᠨ ᠮᠣᠩᠭᠤᠯ ᠤᠯᠤᠰ ᠤᠨ ᠰᠤᠷᠤᠭᠴᠢᠳ ᠲᠤ ᠰᠡᠳᠬᠢᠴᠡ ᠶᠢᠨ ᠪᠠᠭᠰᠢ᠂ ᠠᠮᠢᠳᠤᠷᠠᠯ ᠤᠨ ᠪᠠᠭᠰᠢ᠂ ᠵᠢᠭᠠᠨ ᠰᠤᠷᠭᠠᠯᠲᠠ ᠶᠢᠨ ᠬᠠᠪᠰᠤᠷᠤᠨ ᠵᠢᠯᠤᠭᠤᠳᠤᠭᠴᠢ ᠲᠣᠬᠢᠷᠠᠭᠤᠯᠤᠨ᠂ ᠮᠣᠩᠭᠤᠯ ᠤᠯᠤᠰ ᠤᠨ ᠰᠤᠷᠤᠭᠴᠢᠳ ᠢ ᠰᠡᠳᠬᠢᠴᠡ ᠶᠢᠨ ᠲᠠᠯ᠎ᠠ ᠪᠠᠷ ᠬᠦᠲᠦᠯᠦᠨ ᠵᠢᠯᠣᠭᠤᠳᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ ᠪᠠ ᠰᠤᠷᠤᠯᠴᠠᠯᠭ᠎ᠠ ᠶᠢᠨ ᠲᠠᠯ᠎ᠠ ᠪᠠᠷ ᠬᠠᠪᠰᠤᠷᠴᠤ ᠪᠠᠶᠢᠨ᠎ᠠ᠃ ᠲᠡᠭᠡᠬᠦ ᠮᠥᠷᠲᠡᠭᠡᠨ ᠮᠣᠩᠭᠤᠯ ᠤᠯᠤᠰ ᠤᠨ ᠰᠤᠷᠤᠭᠴᠢᠳ ᠤᠨ ᠬᠢᠲᠠᠳ ᠬᠡᠯᠡᠨ ᠤ ᠰᠠᠭᠤᠷᠢ ᠬᠢᠷᠢ ᠲᠥᠪᠰᠢᠨ ᠠᠳᠠᠯᠢ ᠪᠤᠰᠤ ᠪᠠᠶᠢᠬᠤ ᠶᠢ ᠦᠨᠳᠦᠰᠦᠯᠡᠨ᠂ ᠠᠳᠠᠯᠢ ᠪᠤᠰᠤ ᠲᠡᠰ ᠳᠠᠪᠬᠤᠷᠭ᠎ᠠ ᠶᠢᠨ ᠠᠩᠬᠢ ᠭᠠᠷᠭᠠᠵᠤ᠂ ᠠᠳᠠᠯᠢ ᠪᠤᠰᠤ ᠵᠢᠭᠠᠨ ᠰᠤᠷᠭᠠᠬᠤ ᠲᠥᠰᠦᠯ ᠲᠣᠭᠲᠠᠭᠠᠵᠤ᠂ ᠬᠢᠲᠠᠳ ᠬᠡᠯᠡᠨ ᠤ ᠵᠢᠭᠠᠨ ᠰᠤᠷᠭᠠᠯᠲᠠ ᠶᠢᠨ ᠬᠠᠨᠳᠤᠯᠭᠠᠲᠤ ᠴᠢᠨᠠᠷ ᠢ ᠴᠢᠷᠮᠠᠶᠢᠨ ᠳᠡᠭᠡᠭᠰᠢᠯᠡᠭᠦᠯᠪᠡ᠃ ᠳᠤᠮᠳᠠᠳᠤ ᠤᠯᠤᠰ ᠤᠨ ᠤᠤᠷ ᠰᠣᠶᠣᠯ ᠢ ᠬᠢᠴᠢᠶᠡᠯ ᠤᠨ ᠲᠠᠩᠬᠢᠮ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠭᠰᠡᠨ ᠤ ᠬᠠᠮᠲᠤ ᠮᠣᠩᠭᠤᠯ ᠤᠯᠤᠰ ᠤᠨ ᠰᠤᠷᠤᠭᠴᠢᠳ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠢ ᠣᠶᠢᠯᠠᠭᠠᠨ ᠮᠡᠳᠡᠵᠦ᠂ ᠥᠪᠥᠷ ᠮᠣᠩᠭᠤᠯ ᠳᠤ ᠪᠤᠯᠵᠤᠨ ᠠᠭᠤᠯᠵᠠᠬᠤ ᠭᠠᠳᠠᠭᠠᠳᠤ ᠶᠢᠨ ᠴᠢᠳᠠᠪᠤᠷᠢᠨ ᠤ ᠤᠷ᠎ᠠ ᠠᠪᠢᠶᠠᠰ ᠤᠨ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠤᠷᠠᠯᠢᠭ ᠤᠨ ᠨᠠᠶᠢᠷ ᠵᠡᠷᠭᠡ ᠪᠦᠬᠦ ᠣᠷᠣᠨ ᠤ ᠪᠥᠬᠦ ᠠᠶᠢᠮᠠᠭ ᠤᠨ ᠰᠣᠶᠣᠯ ᠤᠨ ᠠᠵᠢᠯᠯᠠᠭ᠎ᠠ ᠳᠤ ᠣᠷᠣᠯᠴᠠᠭᠤᠯᠵᠤ᠂ ᠮᠣᠩᠭᠤᠯ ᠤᠯᠤᠰ ᠤᠨ ᠰᠤᠷᠤᠭᠴᠢᠳ ᠤᠨ ᠳᠤᠮᠳᠠ ᠤᠷᠠᠨ ᠪᠢᠴᠢᠯᠭᠡ᠂ ᠶᠠᠲᠤᠭ᠎ᠠ᠂ ᠠᠷᠠᠳ ᠤᠨ ᠴᠠᠭᠠᠰᠤᠨ ᠬᠠᠶᠢᠴᠢᠮᠡᠯ ᠵᠡᠷᠭᠡ ᠳᠤᠷ᠎ᠠ ᠰᠣᠨᠢᠷᠬᠠᠯ ᠤᠨ ᠳᠤᠭᠤᠶᠢᠯᠠᠩ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠮᠣᠩᠭᠤᠯ ᠤᠯᠤᠰ ᠤᠨ ᠰᠤᠷᠤᠭᠴᠢᠳ ᠤᠨ ᠬᠢᠲᠠᠳ ᠬᠡᠯᠡᠨ ᠤ ᠰᠢᠯᠦᠭ ᠳᠠᠭᠤᠯᠠᠯ ᠤᠨ ᠤᠷᠠᠨ ᠤᠩᠰᠢᠯᠭ᠎ᠠ ᠵᠡᠷᠭᠡ ᠰᠣᠶᠣᠯ ᠤᠨ ᠤᠷᠤᠯᠳᠤᠭᠠᠨ ᠢ ᠥᠷᠭᠦᠯᠵᠢ ᠦᠷᠨᠢᠭᠦᠯᠦᠨ᠂ ᠨᠠᠭᠠᠳᠤᠮ ᠲᠣᠭᠯᠠᠭᠠᠮ ᠢᠶᠠᠷ ᠬᠥᠮᠦᠵᠢᠯ ᠬᠦᠷᠲᠡᠭᠡᠬᠦ ᠠᠷᠭ᠎ᠠ ᠮᠠᠶ᠋ᠢᠭ ᠢ ᠠᠪᠴᠤ᠂ ᠮᠣᠩᠭᠤᠯ ᠤᠯᠤᠰ ᠤᠨ ᠰᠤᠷᠤᠭᠴᠢᠳ ᠤᠨ ᠬᠢᠲᠠᠳ ᠬᠡᠯᠡ ᠰᠤᠷᠬᠤ ᠤᠷᠮ᠎ᠠ ᠪᠠᠬ᠎ᠠ ᠶᠢ ᠨᠢ ᠬᠥᠭᠵᠢᠭᠡᠵᠦ᠂ ᠲᠡᠳᠡᠨᠡᠷ ᠲᠤ ᠳᠤᠮᠳᠠᠳᠤ ᠶᠢᠨ ᠰᠣᠶᠣᠯ ᠤᠨ ᠦᠨᠢᠷ ᠪᠠᠶᠠᠯᠢᠭ ᠢ ᠪᠡᠶᠡᠴᠢᠯᠡᠨ ᠣᠶᠢᠯᠠᠭᠠᠭᠤᠯᠪᠠ᠃ ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠬᠦᠮᠦᠵᠢᠭᠦᠯᠦᠭᠰᠡᠨ ᠮᠣᠩᠭᠤᠯ ᠤᠯᠤᠰ ᠤᠨ ᠣᠯᠠᠩᠬᠢ ᠰᠤᠷᠤᠭᠴᠢᠳ ᠤᠨ ᠬᠢᠲᠠᠳ ᠬᠡᠯᠡᠨ ᠤ ᠬᠢᠷᠢ ᠲᠥᠪᠰᠢᠨ ᠨᠢ ᠤᠯᠤᠰ ᠤᠨ ᠬᠢᠲᠠᠳ ᠬᠡᠯᠡᠨ ᠤ ᠰᠣᠷᠢᠯᠲᠠ ᠶᠢᠨ 5 ᠳᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ 2015 ᠣᠨ ᠳᠤ᠂ ᠪᠦᠬᠦ ᠤᠯᠤᠰ ᠤᠨ ᠬᠢᠲᠠᠳ ᠬᠡᠯᠡᠨ ᠤ ᠰᠢᠯᠭᠠᠯᠲᠠ ᠳᠤ᠂ ᠮᠠᠨ ᠤ ᠬᠤᠲᠠ ᠳᠤ ᠰᠤᠷᠤᠯᠴᠠᠵᠤ ᠪᠠᠶᠢᠭ᠎ᠠ ᠰᠤᠷᠤᠭᠴᠢᠳ ᠪᠦᠬᠦ ᠣᠷᠣᠨ ᠤ ᠠᠳᠠᠯᠢ ᠤᠯᠤᠰ ᠤᠨ ᠬᠠᠷᠢᠶ᠎ᠠ ᠲᠠᠢ ᠰᠢᠯᠭᠠᠭᠤᠯᠤᠭᠴᠢᠳ ᠤᠨ ᠲᠤᠲᠤᠷ᠎ᠠ ᠬᠠᠮᠤᠭ ᠤᠨ ᠥᠨᠳᠥᠷ ᠬᠤᠪᠢ ᠪᠠ ᠳᠤᠮᠳᠠᠴᠢ ᠬᠤᠪᠢ ᠪᠠᠷ ᠲᠦᠷᠦᠭᠦᠯᠡᠭᠰᠡᠨ ᠰᠠᠶᠢᠨ ᠬᠢᠷᠢ ᠪᠦᠲᠦᠮᠵᠢ ᠤᠯᠪᠠ᠃      ᠬᠥᠲᠥᠯᠥᠭᠴᠢ᠄      ᠡᠷᠢᠶᠡᠨ ᠬᠤᠲᠠ ᠳᠤ ᠰᠤᠷᠤᠯᠴᠠᠵᠤ ᠪᠠᠶᠢᠭ᠎ᠠ ᠮᠤᠩᠭᠤᠯ ᠤᠯᠤᠰ ᠤᠨ ᠰᠤᠷᠤᠭᠴᠢᠳ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠶᠠᠮᠠᠷ ᠦᠢᠯᠡᠳᠦᠯ ᠦᠵᠡᠭᠦᠯᠬᠦ ᠪᠤᠢ︖      ᠠᠭᠤᠯᠠ᠄      ᠮᠠᠨ ᠤ ᠬᠤᠲᠠ ᠶᠢᠨ ᠰᠤᠷᠭᠠᠭᠤᠯᠢ ᠠᠴᠠ ᠲᠡᠭᠦᠰᠦᠭᠰᠡᠨ ᠮᠣᠩᠭᠤᠯ ᠤᠯᠤᠰ ᠤᠨ ᠰᠤᠷᠤᠭᠴᠢ ᠪᠦᠬᠦᠨ ᠳᠤ᠂ ᠰᠤᠷᠭᠠᠭᠤᠯᠢ ᠠᠴᠠ ᠪᠦᠷ ᠠᠵᠢᠯ ᠰᠤᠩᠭᠤᠨ ᠵᠢᠯᠤᠭᠤᠳᠬᠤ᠂ ᠰᠤᠷᠭᠠᠭᠤᠯᠢ ᠰᠤᠩᠭᠤᠨ ᠵᠢᠯᠤᠭᠤᠳᠬᠤ ᠵᠡᠷᠭᠡ ᠮᠦᠷᠳᠡᠯ ᠦᠢᠯᠡᠴᠢᠯᠡᠭᠡ ᠬᠠᠩᠭᠠᠬᠤ ᠪᠦᠭᠡᠳ ᠲᠡᠳᠡᠨ ᠲᠠᠢ ᠦᠷᠭᠦᠯᠵᠢ ᠬᠠᠷᠢᠯᠴᠠᠵᠤ᠂ ᠲᠡᠳᠡᠨ ᠤ ᠰᠤᠷᠤᠯᠭ᠎ᠠ᠂ ᠠᠵᠢᠯ ᠪᠠ ᠠᠮᠢᠳᠤᠷᠠᠯ ᠢ ᠨᠢ ᠬᠠᠯᠠᠮᠵᠢᠯᠠᠨ᠎ᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠬᠤᠲᠠ ᠶᠢᠨ ᠰᠤᠷᠭᠠᠭᠤᠯᠢ ᠠᠴᠠ ᠰᠤᠷᠭᠠᠭᠤᠯᠢ ᠲᠡᠭᠦᠰᠦᠭᠰᠡᠨ ᠮᠣᠩᠭᠤᠯ ᠤᠯᠤᠰ ᠤᠨ ᠰᠤᠷᠤᠭᠴᠢᠳ ᠤᠨ ᠵᠠᠷᠢᠮ ᠨᠢ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠦᠷᠭᠦᠯᠵᠢᠯᠡᠨ ᠰᠤᠳᠤᠯᠤᠨ ᠰᠤᠷᠤᠯᠴᠠᠵᠤ᠂ ᠵᠠᠷᠢᠮ ᠨᠢ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠪᠠᠶᠢᠭᠤᠯᠤᠮᠵᠢ᠂ ᠰᠤᠷᠭᠠᠭᠤᠯᠢ ᠡᠮᠨᠡᠯᠭᠡ ᠶᠢᠨ ᠬᠤᠷᠢᠶ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠠᠵᠢᠯᠯᠠᠵᠤ᠂ ᠵᠠᠷᠢᠮ ᠨᠢ ᠳᠤᠮᠳᠠᠳᠤ ᠮᠣᠩᠭᠤᠯ ᠤᠨ ᠠᠷᠠᠯᠵᠢᠶ᠎ᠠ ᠬᠢᠵᠦ᠂ ᠵᠠᠷᠢᠮ ᠨᠢ ᠣᠷᠴᠢᠭᠤᠯᠤᠭᠴᠢ ᠪᠤᠯᠵᠠᠢ᠃ ᠮᠣᠩᠭᠤᠯ ᠤᠯᠤᠰ ᠤᠨ ᠡᠳᠡᠭᠡᠷ ᠰᠤᠷᠤᠭᠴᠢᠳ ᠶᠠᠮᠠᠷ ᠠᠵᠢᠯ ᠬᠢᠭᠰᠡᠨ ᠴᠤ ᠪᠦᠷ ᠡᠷᠢᠶᠡᠨ ᠬᠤᠲᠠ᠂ ᠥᠪᠥᠷ ᠮᠣᠩᠭᠤᠯ ᠳᠤ ᠲᠦᠢᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠪᠦᠷ ᠳᠤᠮᠳᠠᠳᠤ ᠤᠯᠤᠰ ᠤᠨ ᠥᠯᠢᠭᠡᠷ ᠢ ᠶᠠᠷᠢᠭᠴᠢ᠂ ᠳᠤᠮᠳᠠᠳᠤ ᠤᠯᠤᠰ ᠤᠨ ᠲᠠᠭᠤᠨ ᠢ ᠤᠯᠠᠮᠵᠢᠯᠠᠭᠴᠢ᠂ ᠳᠤᠮᠳᠠᠳᠤ ᠮᠣᠩᠭᠤᠯ ᠤᠨ ᠨᠦᠬᠦᠷᠰᠡᠭ ᠢ ᠦᠢᠯᠡᠳᠦᠯᠭᠡᠵᠢᠭᠦᠯᠦᠭᠴᠢ ᠪᠣᠯᠤᠨ᠎ᠠ᠃      ᠬᠥᠲᠥᠯᠥᠭᠴᠢ᠄      ᠡᠷᠢᠶᠡᠨ ᠬᠤᠳᠡ ᠭᠠᠳᠠᠭᠠᠳᠤ ᠬᠠᠷᠢᠯᠴᠠᠭᠠᠨ ᠤ ᠰᠤᠷᠭᠠᠨ ᠬᠥᠮᠦᠵᠢᠯ ᠤᠨ ᠲᠠᠯ᠎ᠠ ᠪᠠᠷ ᠬᠤᠶᠢᠰᠢᠳᠠ ᠶᠠᠮᠠᠷ ᠴᠢᠭᠯᠡᠯ ᠢᠶᠠᠷ ᠴᠢᠷᠮᠠᠶᠢᠬᠤ ᠪᠤᠢ︖      ᠠᠭᠤᠯᠠ᠄      ᠰᠤᠷᠭᠠᠨ ᠬᠥᠮᠦᠵᠢᠯ ᠤᠨ ᠲᠠᠯ᠎ᠠ ᠪᠠᠷ ᠬᠠᠮᠲᠤᠷᠠᠯᠴᠠᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠎ᠡ᠃ ᠮᠣᠩᠭᠤᠯ ᠤᠷᠤᠰ ᠵᠡᠷᠭᠡ ᠭᠠᠵᠠᠷ ᠣᠷᠣᠨ ᠯᠤᠭ᠎ᠠ ᠶᠢᠨ ᠬᠠᠷᠢᠴᠠᠭ᠎ᠠ ᠬᠤᠯᠪᠤᠭ᠎ᠠ ᠪᠠᠨ ᠦᠷᠬᠦᠯᠵᠢᠯᠡᠨ ᠴᠢᠩᠭᠠᠳᠬᠠᠬᠤ ᠶᠢᠨ ᠬᠠᠮᠲᠤ ᠮᠠᠨ ᠤ ᠬᠤᠲᠠ ᠶᠢᠨ ᠰᠤᠷᠭᠠᠭᠤᠯᠢ ᠶᠢᠨ ᠢᠳᠡᠪᠬᠢᠲᠡᠶ ᠪᠠᠷ ᠭᠠᠳᠠᠭᠰᠢ ᠭᠠᠷᠴᠦ ᠮᠣᠩᠭᠤᠯ ᠤᠷᠤᠰ ᠤᠨ ᠪᠤᠰᠤᠳ ᠮᠤᠵᠢ ᠬᠤᠲᠠ ᠶᠢᠨ ᠰᠤᠷᠭᠠᠭᠤᠯᠢ ᠯᠤᠭ᠎ᠠ ᠨᠦᠬᠦᠷᠯᠡᠬᠦ ᠶᠢ ᠨᠢ ᠵᠤᠷᠢᠭᠵᠢᠭᠤᠯᠵᠤ᠂ ᠵᠢᠭᠠᠨ ᠰᠤᠷᠭᠠᠬᠤ ᠰᠤᠳᠤᠯᠭᠠᠨ ᠬᠢᠬᠦ᠂ ᠪᠠᠭᠰᠢ ᠨᠠᠷ ᠬᠠᠷᠢᠯᠴᠠᠨ ᠢᠯᠡᠴᠢᠯᠡᠨ ᠰᠤᠷᠤᠯᠴᠠᠬᠤ᠂ ᠰᠤᠷᠤᠭᠴᠢᠳ ᠢ ᠰᠤᠯᠢᠯᠴᠠᠨ ᠰᠤᠷᠤᠯᠴᠠᠭᠤᠯᠬᠤ ᠵᠡᠷᠭᠡ ᠬᠦᠷᠢᠶ᠎ᠡ ᠬᠡᠪᠴᠢᠶᠡᠨ ᠳᠤ ᠬᠠᠮᠲᠤᠷᠠᠯᠴᠠᠬᠤ ᠪᠠᠷ ᠴᠢᠷᠮᠠᠶᠢᠨ᠎ᠠ᠃ ᠡᠷᠢᠶᠡᠨ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ ᠮᠣᠩᠭᠤᠯ ᠤᠯᠤᠰ ᠤᠨ ᠶᠡᠭᠡ ᠳᠡᠭᠡᠳᠦ ᠰᠤᠷᠭᠠᠭᠤᠯᠢ ᠲᠠᠢ ᠢᠳᠡᠪᠬᠢᠲᠡᠢ ᠪᠠᠷ ᠬᠤᠷᠰᠢᠨ ︽2 + 2︾ ᠰᠤᠷᠭᠠᠭᠤᠯᠢ ᠬᠠᠮᠲᠤᠷᠠᠨ ᠡᠷᠬᠢᠯᠡᠬᠦ᠂ ︽3 + 1︾ ᠬᠠᠮᠲᠤᠷᠠᠨ ᠬᠥᠮᠦᠵᠢᠭᠦᠯᠬᠦ᠂ ᠣᠬᠤᠷ ᠬᠤᠭᠤᠴᠠᠭᠠᠲᠤ ᠰᠣᠯᠢᠯᠴᠠᠭᠠᠨ ᠤ ᠰᠤᠷᠭᠠᠭᠤᠯᠢ ᠬᠠᠮᠲᠤᠷᠠᠨ ᠡᠷᠬᠢᠯᠡᠬᠦ ᠳᠤᠨᠢ ᠳᠡᠮᠵᠢᠯᠭᠡ ᠦᠵᠡᠭᠦᠯᠵᠦ᠂ ᠰᠤᠳᠤᠯᠤᠨ ᠰᠣᠷᠣᠭᠴᠢ ᠶᠢᠨ ᠬᠤᠯᠪᠤᠭᠠᠲᠤ ᠬᠦᠷᠢᠶᠡᠯᠡᠩ ᠪᠠᠶᠢᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠭᠤᠷᠤᠨᠳᠤ ᠪᠠᠨ ᠰᠤᠷᠤᠯᠭ᠎ᠠ ᠶᠢᠨ ᠬᠤᠪᠢ ᠶᠢ ᠰᠢᠯᠵᠢᠭᠦᠯᠬᠦ ᠪᠠ ᠬᠠᠷᠢᠯᠴᠠᠨ ᠮᠡᠳᠡᠷᠡᠬᠦ ᠶᠢ ᠠᠬᠢᠭᠤᠯᠵᠤ᠂ ᠤᠯᠠᠨ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠎ᠠ᠃ ᠤᠯᠠᠨ ᠤᠯᠤᠰ ᠤᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠬᠤ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠠ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠬᠠᠮᠢᠶ᠎ᠠ ᠪᠥᠬᠦᠶ ᠲᠤᠰᠬᠠᠶ ᠮᠡᠷᠭᠡᠵᠢᠯ ᠲᠠᠢ ᠲᠤᠬᠢᠷᠠᠭᠤᠯᠵᠤ᠂ ᠮᠣᠩᠭᠤᠯ ᠤᠯᠤᠰ ᠯᠤᠭ᠎ᠠ ᠬᠠᠮᠲᠤᠪᠠᠷ ᠵᠦᠪᠳᠡᠯᠴᠡᠬᠦ᠂ ᠬᠠᠮᠲᠤ ᠪᠠᠷ ᠪᠦᠲᠦᠭᠡᠬᠦ᠂ ᠬᠠᠮᠲᠤ ᠪᠠᠷ ᠬᠦᠷᠲᠡᠬᠦ ᠣᠷᠣᠨ ᠪᠦᠰᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠷᠢ ᠬᠡᠮ ᠤᠨ ᠵᠡᠷᠭᠡ ᠳᠡᠰ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠳᠤᠮᠳᠠᠳᠤ ᠮᠣᠩᠭᠤᠯ ᠤᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠱᠠᠭᠠᠷᠳᠠᠭᠳᠠᠵᠤ ᠪᠠᠶᠢᠭ᠎ᠠ ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠠᠵᠢᠯ ᠮᠡᠷᠭᠡᠵᠢᠯ ᠤᠨ ᠴᠢᠳᠠᠪᠤᠷᠢᠲᠠᠨ ᠬᠦᠮᠦᠵᠢᠭᠦᠯᠵᠦ ᠦᠭᠭᠦᠨ᠎ᠡ᠃      ᠬᠥᠲᠥᠯᠥᠭᠴᠢ᠄      ᠡᠷᠢᠶᠡᠨ ᠬᠤᠲᠠ ᠭᠠᠳᠠᠭᠠᠳᠤ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠬᠦ ᠪᠤᠢ︖      ᠠᠭᠤᠯᠠ᠄      ᠨᠢᠭᠡ ᠳᠤ ᠪᠡᠯᠡ ᠮᠥᠩᠭᠦ ᠶᠢᠨ ᠤᠷᠤᠭᠤᠯᠤᠯᠲᠠ ᠪᠤᠯᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠮᠣᠩᠭᠤᠯ ᠤᠯᠤᠰ ᠤᠨ ᠰᠤᠷᠤᠭᠴᠢᠳ ᠢ ᠬᠦᠯᠢᠶᠡᠨ ᠠᠪᠬᠤ ᠲᠤᠰᠬᠠᠶ ᠪᠡᠯᠡ ᠮᠥᠩᠭᠦ ᠪᠠᠶᠢᠭᠤᠯᠬᠤ ᠪᠠ ᠡᠭᠦᠨ ᠢ ᠬᠡᠪ ᠤᠨ ᠲᠣᠭᠲᠠᠴᠠ ᠪᠤᠯᠭᠠᠬᠤ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠰᠠᠭᠤᠷᠢ ᠮᠥᠩᠭᠦᠨ ᠳᠤ ᠱᠠᠩᠨᠠᠯ ᠤᠨ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠮᠣᠩᠭᠤᠯ ᠤᠯᠤᠰ ᠤᠨ ᠰᠤᠷᠤᠭᠴᠢᠳ ᠢ ᠵᠣᠭᠤᠰ ᠮᠥᠩᠭᠦ ᠪᠠᠷ ᠲᠤᠰᠠᠯᠠᠬᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠬᠡᠨ᠎ᠡ᠃ ︽ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠪᠦᠷᠢᠨᠰᠢᠭᠦᠯᠵᠦ᠂ ︽ᠰᠤᠷᠭᠠᠨ ᠬᠥᠮᠦᠵᠢᠯ ᠤᠨ ᠲᠠᠯ᠎ᠠ ᠪᠠᠷ ᠳᠤᠮᠳᠠᠳᠤ ᠮᠣᠩᠭᠤᠯ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠰᠠᠭᠤᠷᠢ ᠮᠥᠩᠭᠦ︾᠎ ᠶᠢ ᠪᠠᠶᠢᠭᠤᠯᠵᠤ᠂ ᠮᠠᠨ ᠤ ᠬᠤᠲᠠ ᠶᠢᠨ ᠡᠳ᠋ ᠤᠨ ᠵᠠᠰᠠᠭ ᠠᠴᠠ ᠮᠣᠩᠭᠤᠯ ᠤᠯᠤᠰ ᠤᠨ ᠰᠤᠷᠭᠠᠨ ᠬᠥᠮᠦᠵᠢᠯ ᠳᠤ ᠨᠡᠬᠡᠬᠡᠯᠳᠡ ᠬᠢᠬᠦ ᠣᠷᠣᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠳᠤᠮᠳᠠᠳᠤ ᠮᠣᠩᠭᠤᠯ ᠤᠨ ᠪᠠᠭᠰᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠵᠤ᠂  ᠳᠤᠮᠳᠠᠳᠤ ᠮᠣᠩᠭᠤᠯ ᠤᠨ ᠰᠣᠶᠣᠯ ᠢᠷᠭᠡᠨᠰᠢᠯ ᠤᠨ ᠶᠠᠪᠤᠯᠴᠠᠭ᠎ᠠ ᠶᠢᠨ ᠵᠢᠱᠢᠶ᠎ᠡ ᠦᠵᠡᠭᠦᠯᠬᠦ ᠲᠠᠪᠴᠠᠩ ᠢ ᠬᠦᠴᠦ ᠲᠠᠯᠪᠢᠨ ᠪᠠᠶᠢᠭᠤᠯᠤᠨ᠎ᠠ᠃      ᠬᠤᠶᠠᠷ ᠲᠤ ᠤᠬᠠᠭᠤᠯᠭ᠎ᠠ ᠪᠠ ᠲᠤᠰᠠᠯᠠᠮᠵᠢ ᠶᠢᠨ ᠡᠷᠴᠢᠮ ᠢ ᠴᠢᠩᠭᠠᠷᠠᠭᠤᠯᠤᠨ᠎ᠠ᠃ ᠮᠣᠩᠭᠤᠯ ᠤᠯᠤᠰ ᠤᠨ ᠰᠤᠷᠤᠭᠴᠢᠳ ᠮᠠᠨ ᠤ ᠬᠤᠲᠠ ᠳᠤ ᠦᠰᠦᠨ ᠪᠤᠶᠢᠵᠢᠵᠤ ᠪᠠᠶᠢᠭ᠎ᠠ ᠪᠠᠷᠢᠮᠲᠠᠲᠤ ᠺᠢᠨᠣ᠋ ᠦᠢᠯᠡᠳᠬᠦ ᠵᠢᠴᠢ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ᠂ ᠶᠠᠷᠢᠯᠴᠠᠨ ᠰᠤᠳᠤᠯᠬᠤ ᠬᠤᠷᠠᠯ᠂ ᠰᠣᠯᠢᠯᠴᠠᠭᠠᠨ ᠤ ᠭᠠᠷᠠᠭ ᠵᠡᠷᠭᠡ ᠶᠢ ᠡᠷᠬᠢᠯᠡᠬᠦ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ᠮᠣᠩᠭᠤᠯ ᠤᠯᠤᠰ ᠤᠨ ᠰᠤᠷᠭᠠᠨ ᠬᠥᠮᠦᠵᠢᠯ ᠳᠤ ᠠᠪᠴᠤ ᠪᠠᠶᠢᠭ᠎ᠠ ᠴᠢᠯᠥᠭᠡᠲᠡᠶ ᠶᠠᠪᠤᠯᠴᠠᠬᠤ ᠲᠦᠷᠦ ᠶᠢᠨ ᠪᠤᠳᠦᠯᠭ᠎ᠠ ᠵᠢᠴᠢ ᠣᠯᠤᠭᠰᠠᠨ ᠦᠷ᠎ᠡ ᠪᠦᠲᠦᠮᠵᠢ ᠶᠢ ᠪᠦᠬᠦ ᠲᠠᠯ᠎ᠠ᠂ ᠣᠯᠠᠨ ᠬᠠᠷᠠᠭᠠᠰᠤ ᠠᠴᠠ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃ ᠮᠠᠨ ᠤ ᠬᠤᠲᠠ ᠶᠢᠨ ᠡᠯ᠎ᠡ ᠳᠡᠭᠡᠳᠦ ᠰᠤᠷᠭᠠᠭᠤᠯᠢ᠂ ᠰᠤᠷᠭᠠᠭᠤᠯᠢ᠂ ᠴᠡᠴᠡᠷᠯᠢᠭ ᠢ ᠵᠤᠬᠢᠶᠠᠨ ᠪᠠᠶᠢᠭᠤᠯᠤᠨ ᠮᠣᠩᠭᠤᠯ ᠤᠯᠤᠰ ᠲᠤ ᠬᠦᠷᠴᠦ ᠰᠤᠷᠭᠠᠨ ᠬᠥᠮᠦᠵᠢᠯ ᠤᠨ ᠦᠵᠡᠰᠬᠦᠯᠡᠩ ᠡᠷᠬᠢᠯᠡᠵᠦ᠂ ᠮᠣᠩᠭᠤᠯ ᠤᠯᠤᠰ ᠤᠨ ᠰᠤᠷᠤᠭᠴᠢᠳ ᠢ ᠬᠦᠯᠢᠶᠡᠨ ᠠᠪᠬᠤ ᠲᠠᠯ᠎ᠠ ᠪᠠᠷ ᠨᠡᠶᠢᠲᠡᠯᠡᠭᠰᠡᠨ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠤᠳᠤᠯᠭ᠎ᠠ᠂ ᠮᠣᠩᠭᠤᠯ ᠤᠯᠤᠰ ᠤᠨ ᠰᠤᠷᠤᠭᠴᠢ ᠳᠤᠮᠳᠠᠳᠤ ᠤᠯᠤᠰ ᠲᠤ ᠢᠷᠡᠵᠦ ᠰᠤᠷᠤᠯᠴᠠᠭᠠᠳ ᠬᠢᠲᠠᠳ ᠬᠡᠯᠡᠨ ᠤ ᠬᠢᠷᠢ ᠬᠡᠮᠵᠢᠶ᠎ᠡ ᠶᠢᠨ ᠰᠢᠯᠭᠠᠯᠲᠠ ᠳᠤ ᠤᠷᠤᠯᠴᠠᠭᠰᠠᠨ  ︵HSK︶ ᠪᠠᠲᠤᠯᠠᠭ᠎ᠠ ᠶᠢᠨ ᠨᠣᠷᠮ᠎ᠠ ᠵᠢᠴᠢ ᠤᠯᠤᠰ ᠲᠠᠭᠠᠨ ᠪᠤᠴᠠᠭᠰᠠᠨ ᠤ ᠲᠠᠷᠠᠭ᠎ᠠ ᠬᠤᠯᠪᠣᠭᠳᠠᠯ ᠪᠦᠭᠦᠢ ᠠᠵᠢᠯ ᠬᠢᠵᠦ ᠪᠠᠶᠢᠭ᠎ᠠ ᠪᠠᠶᠢᠳᠠᠯ ᠢ ᠭᠤᠤᠯᠴᠢᠯᠠᠨ ᠲᠠᠨᠢᠯᠴᠠᠭᠤᠯᠤᠨ᠎ᠠ᠃ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠎ ᠯᠤᠭ᠎ᠠ ᠢᠳᠡᠪᠬᠢᠲᠡᠢ ᠵᠤᠯᠭᠠᠯᠳᠤᠵᠤ᠂ ᠮᠣᠩᠭᠤᠯ ᠤᠯᠤᠰ ᠲᠤ ᠬᠢᠲᠠᠳ ᠬᠡᠯᠡᠨ ᠤ ᠪᠠᠭᠰᠢ᠂ ᠰᠠᠶᠢᠨ ᠳᠤᠷ᠎ᠠ ᠶᠢᠨ ᠠᠵᠢᠯᠯᠠᠭᠰᠠᠳ ᠢ ᠰᠤᠩᠭᠤᠨ ᠲᠤᠮᠢᠯᠠᠬᠤ ᠲᠤᠭ᠎ᠠ ᠶᠢ ᠨᠡᠮᠡᠭᠳᠡᠭᠦᠯᠵᠦ᠂ ᠮᠣᠩᠭᠤᠯ ᠤᠯᠤᠰ ᠤᠨ ᠰᠤᠷᠭᠠᠨ ᠬᠥᠮᠦᠵᠢᠯ ᠤᠨ ᠠᠯᠪᠠᠨ ᠲᠤᠰᠢᠶᠠᠯᠲᠠᠨ᠂ ᠰᠤᠷᠭᠠᠭᠤᠯᠢ ᠶᠢᠨ ᠵᠠᠬᠢᠷᠤᠯ᠂ ᠡᠷᠳᠡᠮᠲᠡᠨ ᠪᠠ ᠲᠤᠰᠬᠠᠶ ᠮᠡᠷᠭᠡᠵᠢᠯ ᠤᠨ ᠠᠵᠢᠯᠳᠠᠨ ᠤ ᠳᠤᠮᠳᠠᠳᠤ ᠤᠯᠤᠰ ᠲᠤ ᠢᠷᠡᠵᠦ ᠪᠤᠯᠪᠠᠰᠤᠷᠠᠯ ᠬᠢᠬᠦ ᠡᠷᠴᠢᠮ ᠢ ᠴᠢᠩᠭᠠᠳᠬᠠᠨ᠎ᠠ᠃ ᠵᠠᠮ ᠤᠨ ᠡᠭᠦᠳᠡ ᠬᠤᠲᠠ ᠳᠤ ᠺᠦᠩᠽᠢ ᠶᠢᠨ ᠬᠢᠴᠢᠶᠡᠯ ᠤᠨ ᠲᠠᠩᠬᠢᠮ ᠪᠠᠶᠢᠭᠤᠯᠬᠤ ᠪᠠᠷ ᠴᠢᠷᠮᠠᠶᠢᠵᠤ᠂ ᠬᠢᠲᠠᠳ ᠬᠡᠯᠡ ᠶᠢ ᠳᠡᠯᠭᠡᠷᠡᠭᠦᠯᠬᠦ ᠪᠠ ᠳᠤᠮᠳᠠᠳᠤ ᠶᠢᠨ ᠰᠣᠶᠣᠯ ᠢ ᠤᠯᠠᠮᠵᠢᠯᠠᠬᠤ ᠡᠷᠴᠢᠮ ᠢ ᠴᠢᠩᠭᠠᠷᠠᠭᠤᠯᠤᠨ᠎ᠠ᠃      ᠬᠥᠲᠥᠯᠥᠭᠴᠢ᠄      ᠵᠠ ᠰᠠᠶᠢᠨ ᠪᠤᠯᠤᠯ᠎ᠠ᠂ ᠠᠭᠤᠯᠠ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕
     ᠳᠤᠮᠳᠠᠳᠤ ᠤᠯᠤᠰ ᠤᠨ ᠡᠷᠢᠶᠡᠨ ᠬᠤᠲᠠ ᠶᠢᠨ ᠳᠤᠮᠳᠠᠳᠤ ᠣᠷᠣᠰ ᠮᠣᠩᠭᠤᠯ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠵᠥᠪᠳᠡᠨ ᠶᠠᠷᠢᠯᠴᠠᠬᠤ ᠬᠤᠷᠠᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠵᠥᠪᠳᠡᠯᠴᠡᠭᠡ
     ᠳᠤᠮᠳᠠᠳᠤ ᠤᠯᠤᠰ ᠤᠨ ᠥᠪᠥᠷ ᠮᠣᠩᠭᠤᠯ ᠤᠨ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠭᠡᠳ ᠣᠷᠣᠰ ᠤᠨ ᠬᠤᠯᠪᠣᠭᠠᠨ ᠤ ᠪᠤᠷᠢᠶᠠᠳ ᠪᠦᠭᠦᠳᠡ ᠨᠠᠶᠢᠷᠠᠮᠳᠠᠬᠤ ᠤᠯᠤᠰ ᠤᠨ ᠤᠯᠠᠭᠠᠨ ᠦᠳᠡ ᠬᠤᠲᠠ ᠶᠢᠨ ᠰᠤᠷᠭᠠᠨ ᠬᠥᠮᠦᠵᠢᠯ ᠤᠨ ᠶᠠᠮᠤᠨ ᠤ ︽ᠨᠥᠬᠦᠷᠰᠡᠭ ᠢᠶᠠᠷ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠬᠤ︾ ᠵᠥᠪᠳᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ