| ᠬᠢᠳᠠᠨ ᠪᠠᠭ᠎ᠠ ᠦᠰᠦᠭ ᠤᠨ ᠦᠵᠡᠭᠦᠯᠦᠯᠭᠡ | | 6 ᠳ᠋ᠤᠭᠠᠷ ᠰᠠᠷ᠎ᠠ ᠶᠢᠨ 10 ᠤ ᠡᠳᠦᠷ᠂ ᠪᠦᠬᠦ ᠤᠯᠤᠰ ᠤᠨ ᠠᠩᠬᠠᠳᠠᠭᠴᠢ ᠮᠣᠩᠭᠤᠯ ᠦᠰᠦᠭ ᠤᠨ | ᠰᠤᠷᠪᠤᠯᠵᠢ ᠪᠢᠴᠢᠭ ᠤᠨ ᠮᠦᠽᠧᠶ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠡᠮᠦᠨ᠎ᠡ ᠠᠭᠤᠯᠠ ᠶᠢᠨ | ᠰᠤᠶᠤᠯ ᠤᠨ ᠠᠵᠤ ᠦᠢᠯᠡᠰ ᠤᠨ ᠬᠦᠷᠢᠶᠡᠯᠡᠩ ᠳᠤ ᠢᠯᠡᠷᠬᠡᠶᠢᠯᠡᠯ ᠡᠯᠭᠦᠵᠦ ᠪᠠᠶᠢᠭᠤᠯᠤᠭᠳᠠᠪᠠ᠃ | ᠣᠶᠢᠯᠠᠭᠠᠭᠰᠠᠨ ᠢᠶᠠᠷ᠂ ᠮᠣᠩᠭᠤᠯ ᠦᠰᠦᠭ ᠤᠨ ᠰᠤᠷᠪᠤᠯᠵᠢ ᠪᠢᠴᠢᠭ ᠤᠨ ᠮᠦᠽᠧᠶ ᠪᠣᠯ 2015 ᠣᠨ ᠤ 6 | ᠳ᠋ᠤᠭᠠᠷ ᠰᠠᠷ᠎ᠠ ᠳᠤ ᠪᠠᠶᠢᠭᠤᠯᠤᠭᠳᠠᠭᠰᠠᠨ᠂ ᠪᠦᠬᠦ ᠤᠯᠤᠰ ᠤᠨ ᠠᠩᠬᠠᠳᠠᠭᠴᠢ ᠮᠣᠩᠭᠤᠯ ᠦᠰᠦᠭ ᠤᠨ ᠰᠤᠷᠪᠤᠯᠵᠢ | ᠪᠢᠴᠢᠭ ᠢᠶᠠᠷ ᠭᠤᠣᠯ ᠠᠭᠤᠯᠭ᠎ᠠ ᠪᠠᠨ ᠪᠣᠯᠭᠠᠭᠰᠠᠨ ᠲᠤᠰᠬᠠᠶ ᠮᠦᠽᠧᠶ ᠪᠣᠯᠬᠤ ᠪᠠ ᠥᠪᠥᠷ ᠮᠣᠩᠭᠤᠯ ᠤᠨ | ᠠᠩᠬᠠᠳᠠᠭᠴᠢ ᠦᠰᠦᠭ ᠪᠢᠴᠢᠭ ᠤᠨ ᠮᠦᠽᠧᠶ ᠪᠣᠯᠣᠨ᠎ᠠ᠂ 1718.24 ᠲᠡᠭᠰᠢ ᠳᠥᠷᠪᠡᠯᠵᠢᠨ ᠮᠧᠲᠷ ᠤᠨ | ᠲᠠᠯᠠᠪᠠᠶ ᠲᠠᠢ᠂ ︽ᠴᠡᠭᠡᠵᠢᠯᠡᠬᠦᠶ ᠶᠢᠨ ᠪᠣᠯᠪᠠᠰᠤᠨ︾ ︽ᠲᠡᠦᠬᠡᠨ ᠭᠡᠷᠡᠴᠢ︾ ︽ᠬᠠᠤᠯᠢ ᠶᠢᠨ ᠪᠣᠳᠠᠰ ᠤᠨ | ᠤᠯᠠᠮᠵᠢᠯᠠᠯ︾ ᠭᠤᠷᠪᠠᠨ ᠦᠵᠡᠭᠦᠯᠦᠯᠭᠡ ᠶᠢᠨ ᠳᠠᠩᠬᠢᠮ ᠢᠶᠠᠷ ᠪᠦᠷᠢᠯᠳᠦᠵᠦ᠂ ᠮᠣᠩᠭᠤᠯ ᠰᠤᠷᠪᠤᠯᠵᠢ ᠪᠢᠴᠢᠭ ᠤᠨ | ᠳᠠᠩᠰᠠ ᠡᠪᠬᠡᠮᠡᠯ᠂ ᠡᠷᠲᠡᠨ ᠤ ᠪᠢᠴᠢᠭ ᠰᠤᠳᠤᠷ᠂ ᠮᠣᠩᠭᠤᠯ ᠦᠰᠦᠭ ᠪᠢᠴᠢᠭ ᠤᠨ ᠤᠯᠠᠷᠢᠯ ᠬᠤᠪᠢᠰᠤᠯ ᠤᠨ ᠲᠡᠦᠬᠡ᠂ | ᠮᠣᠩᠭᠤᠯ ᠦᠨᠳᠦᠰᠦᠲᠡᠨ ᠤ ᠵᠢᠷᠤᠭ ᠲᠠᠮᠠᠭ᠎ᠠ ᠵᠡᠷᠭᠡ ᠴᠤᠭᠯᠠᠭᠤᠯᠭ᠎ᠠ 360 ᠭᠠᠷᠤᠢ ᠪᠠᠶᠢᠵᠤ᠂ ᠡᠭᠦᠨ ᠳᠤ | ᠰᠤᠷᠪᠤᠯᠵᠢ ᠪᠢᠴᠢᠭ ᠤᠨ ᠮᠠᠲ᠋ᠧᠷᠢᠶᠠᠯ ᠪᠣᠯᠤᠨ ᠡᠷᠲᠡᠨ ᠤ ᠨᠣᠮ ᠪᠢᠴᠢᠭ 230᠂ ᠬᠦᠷᠡᠯ ᠵᠡᠪᠰᠡᠭ 9᠂ ᠵᠢᠷᠤᠭ 22᠂ | ᠡᠷᠲᠡᠨ ᠤ ᠨᠣᠮ ᠰᠤᠳᠤᠷ 91᠂ ᠲᠠᠮᠠᠭ᠎ᠠ 8 ᠪᠤᠢ᠃ | ᠮᠣᠩᠭᠤᠯ ᠦᠰᠦᠭ ᠤᠨ ᠰᠤᠷᠪᠤᠯᠵᠢ ᠪᠢᠴᠢᠭ ᠤᠨ ᠮᠦᠽᠧᠶ ᠪᠠᠶᠢᠭᠤᠯᠤᠭᠳᠠᠭᠰᠠᠨ ᠶᠠᠪᠤᠳᠠᠯ ᠨᠢ᠂ ᠲᠠᠪᠴᠠᠩ | ᠤᠨ ᠴᠢᠳᠠᠮᠵᠢ ᠶᠢ ᠪᠠᠳᠠᠷᠠᠭᠤᠯᠵᠤ᠂ ᠮᠣᠩᠭᠤᠯ ᠦᠰᠦᠭ ᠤᠨ ᠰᠤᠷᠪᠤᠯᠵᠢ ᠪᠢᠴᠢᠭ ᠤᠨ ᠮᠠᠲ᠋ᠧᠷᠢᠶᠠᠯ ᠢ ᠴᠤᠭᠯᠠᠭᠤᠯᠬᠤ᠂ | ᠡᠮᠬᠢᠯᠡᠬᠦ᠂ ᠬᠠᠮᠠᠭᠠᠯᠠᠬᠤ᠂ ᠰᠤᠳᠤᠯᠬᠤ ᠳᠤ ᠬᠦᠴᠦ ᠲᠠᠯᠪᠢᠬᠤ ᠪᠣᠯᠣᠨ᠎ᠠ᠂ ᠡᠨᠡ ᠨᠢ᠂ ᠮᠣᠩᠭᠤᠯ ᠦᠨᠳᠦᠰᠦᠲᠡᠨ ᠤ | ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ | ᠰᠤᠳᠤᠯᠭᠠᠨ ᠤ ᠦᠢᠯᠡᠰ ᠲᠤ ᠦᠢᠯᠡᠴᠢᠯᠡᠵᠦ᠂ ᠬᠤᠷᠢᠨᠭᠡᠷ ᠤᠨ ᠤᠯᠤᠰ ᠤᠨ ᠳᠡᠰ ᠤᠨ ᠰᠢᠨ᠎ᠡ ᠲᠣᠭᠤᠷᠢᠭ ᠢ | ᠪᠠᠶᠢᠭᠤᠯᠬᠤ ᠳᠤ ᠳᠡᠮᠵᠢᠯᠡᠭᠡ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠴᠢᠬᠤᠯᠠ ᠪᠣᠳᠠᠲᠤ ᠠᠴᠢ ᠬᠤᠯᠪᠣᠭᠳᠠᠯ | ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ |