ᠡᠨᠡ ᠵᠢᠯ ᠤᠨ 1 - 5 ᠳ᠋ᠤᠭᠠᠷ ᠰᠠᠷ᠎ᠠ ᠪᠤᠯᠲᠠᠯ᠎ᠠ᠂ ᠥᠪᠥᠷ ᠮᠣᠩᠭᠤᠯ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 852.9 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠣᠨ ᠤ ᠲᠥᠰᠦᠪ ᠤᠨ | 41.5% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 97.4 ᠳ᠋ᠦᠡᠭᠰᠢᠭᠤᠷ | ᠲᠥᠭᠦᠷᠢᠭ ᠨᠡᠮᠡᠭᠳᠡᠵᠤ᠂ ᠦᠡᠭᠭᠡᠷᠡᠭᠰᠡᠨ ᠤ ᠬᠢ ᠠᠴᠠ 12.9% ᠨᠡᠮᠡᠭᠳᠡᠪᠡ᠃ | ᠡᠳ᠋ ᠤᠨ ᠵᠠᠰᠠᠭ ᠤᠨ ᠣᠷᠣᠯᠭ᠎ᠠ ᠶᠢᠨ ᠪᠦᠲᠦᠴᠡ ᠠᠴᠠ ᠠᠪᠴᠤ ᠦᠵᠡᠪᠡᠯ᠂ ᠪᠦᠲᠦᠴᠡ ᠨᠢ ᠶᠠᠭ ᠢᠳᠡᠭ | ᠢᠳᠡᠭ ᠢᠶᠠᠷ ᠰᠠᠶᠢᠵᠢᠷᠠᠵᠤ ᠪᠠᠶᠢᠨ᠎ᠠ᠃ ᠡᠨᠡ ᠵᠢᠯ ᠤᠨ 1 - 5 ᠳ᠋ᠤᠭᠠᠷ ᠰᠠᠷ᠎ᠠ ᠪᠤᠯᠲᠠᠯ᠎ᠠ᠂ ᠮᠠᠨ ᠤ ᠣᠷᠣᠨ ᠭᠠᠶᠢᠯᠢ | ᠲᠠᠲᠠᠪᠤᠷᠢ ᠶᠢᠨ ᠣᠷᠣᠯᠭ᠎ᠠ ᠶᠢ 614.8 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 24.7% ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 238.1 ᠳ᠋ᠦᠡᠭᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.3% ᠪᠠᠭᠤᠷᠠᠪᠠ᠃ ᠡᠭᠦᠨ ᠤ ᠬᠠᠮᠲᠤ᠂ | ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠣᠷᠣᠭᠤᠯᠤᠯᠲᠠ ᠶᠢᠨ ᠨᠡᠮᠡᠭᠳᠡᠯ ᠪᠤᠯᠤᠨ ᠡᠯ᠎ᠡ ᠭᠤᠣᠯᠳᠠᠯᠭ᠎ᠠ ᠲᠠᠢ | ᠬᠦᠷᠢᠶ᠎ᠡ᠂ ᠠᠯᠢ ᠣᠯᠠᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠡᠳ᠋ ᠤᠨ ᠵᠠᠰᠠᠭ ᠠᠴᠠ | ᠵᠢᠯᠤᠭᠤᠳᠤᠭᠰᠠᠨ ᠪᠡᠯᠡ ᠮᠥᠩᠭᠦ ᠶᠢᠨ ᠨᠡᠮᠡᠭᠳᠡᠯ᠂ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠡᠷᠴᠢᠮ ᠤᠨ | ᠴᠢᠩᠭᠠᠷᠠᠯ ᠢ ᠳᠠᠭᠠᠯᠳᠤᠨ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠴᠤ | ᠨᠡᠮᠡᠭᠳᠡᠪᠡ᠃ ᠡᠨᠡ ᠵᠢᠯ ᠤᠨ 1 - 5 ᠳ᠋ᠤᠭᠠᠷ ᠰᠠᠷ᠎ᠠ ᠪᠤᠯᠲᠠᠯ᠎ᠠ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ 1690.5 ᠳ᠋ᠦᠡᠭᠰᠢᠭᠤᠷ ᠲᠥᠭᠦᠷᠢᠭ ᠪᠤᠯᠵᠤ᠂ ᠲᠣᠬᠢᠷᠠᠭᠤᠯᠤᠭᠰᠠᠨ ᠲᠥᠰᠦᠪ ᠤᠨ | 36.2% ᠢ ᠡᠵᠡᠯᠡᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 228.3 ᠳ᠋ᠦᠡᠭᠰᠢᠭᠤᠷ ᠲᠥᠭᠦᠷᠢᠭ | ᠨᠡᠮᠡᠭᠳᠡᠵᠤ᠂ 15.6% ᠨᠡᠮᠡᠭᠳᠡᠭᠰᠡᠨ ᠪᠠᠶᠢᠨ᠎ᠠ᠃ |