ᠦᠢᠷ᠎ᠠ ᠶᠢᠨ ᠡᠳᠦᠷ᠂ ᠠᠭᠠᠭᠢᠮ᠎ᠠ ᠬᠠᠯᠠᠭᠤᠨ ᠵᠢᠴᠢ ᠤᠷᠲᠤ ᠬᠤᠭᠤᠴᠠᠭ᠎ᠠ ᠣᠯᠢᠭᠲᠠᠢ ᠪᠣᠷᠤᠭ᠎ᠠ ᠣᠷᠤᠭᠰᠠᠨ | ᠦᠭᠡᠢ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠶᠡᠬᠡᠩᠬᠢ | ᠬᠡᠰᠡᠭ ᠪᠣᠯᠣᠨ ᠬᠥᠯᠥᠨ ᠪᠤᠶᠢᠷ ᠬᠤᠲᠠ ᠶᠢᠨ ᠪᠠᠷᠠᠭᠤᠨ ᠡᠮᠦᠨᠡᠲᠦ ᠬᠡᠰᠡᠭ ᠬᠦᠨᠳᠦ ᠨᠣᠴᠢᠲᠠᠢ ᠭᠠᠩᠳᠠᠵᠤ᠂ ᠬᠡᠰᠡᠭ | ᠭᠠᠵᠠᠷ ᠲᠤᠨᠢ 64 ᠬᠤᠨᠤᠭ ᠪᠣᠷᠣᠭᠠᠨ ᠣᠷᠤᠭᠰᠠᠨ ᠦᠭᠡᠢ ᠪᠠᠶᠢᠳᠠᠭ᠃ ᠰᠢᠯᠢ ᠶᠢᠨ ᠭᠤᠤᠯ ᠤᠨ ᠶᠡᠷᠦᠩᠬᠡᠢ ᠲᠠᠯᠠᠪᠠᠶ | ᠨᠢ 20.3 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠥᠯᠥᠨ ᠪᠤᠶᠢᠷ ᠤᠨ ᠶᠡᠷᠦᠩᠬᠡᠶ ᠲᠠᠯᠠᠪᠠᠶ ᠨᠢ 25.3 | ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ ᠲᠠᠯ᠎ᠠ ᠨᠤᠲᠤᠭ ᠤᠨ ᠲᠠᠯᠠᠪᠠᠢ ᠨᠢ 11.26 | ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ ᠡᠨᠡ ᠬᠤᠶᠠᠷ ᠲᠠᠯ᠎ᠠ ᠨᠤᠲᠤᠭ ᠨᠢ ᠥᠪᠥᠷ ᠮᠣᠩᠭᠤᠯ ᠤᠨ | ᠲᠠᠯ᠎ᠠ ᠨᠤᠲᠤᠭ ᠤᠨ ᠶᠡᠷᠦᠩᠬᠡᠶ ᠲᠠᠯᠠᠪᠠᠢ ᠶᠢᠨ ᠭᠤᠷᠪᠠᠨ ᠤ ᠨᠢᠭᠡ ᠢᠯᠡᠭᠦᠦ ᠶᠢ ᠡᠵᠡᠯᠡᠳᠡᠭ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠪᠥᠷᠢᠳᠬᠡᠯ ᠢ ᠦᠨᠳᠦᠰᠦᠯᠡᠪᠡᠯ᠂ ᠰᠢᠯᠢ ᠶᠢᠨ | ᠭᠤᠣᠯ ᠤᠨ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠭᠠᠩᠳᠠᠭᠰᠠᠨ ᠲᠠᠯᠠᠪᠠᠶ ᠨᠢ 9 ᠲᠦᠮᠡ ᠰᠢᠬᠠᠮ ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠪᠠᠷᠤᠭ ᠪᠦᠬᠦ ᠠᠶᠢᠮᠠᠭ ᠤᠨ ᠶᠡᠷᠦᠩᠬᠡᠶ ᠲᠠᠯᠠᠪᠠᠶ ᠶᠢᠨ 36% ᠶᠢ ᠡᠵᠡᠯᠡᠵᠡᠢ︔ | ᠬᠥᠯᠥᠨ ᠪᠤᠶᠢᠷ ᠤᠨ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠭᠠᠩᠳᠠᠭᠰᠠᠨ ᠲᠠᠯᠠᠪᠠᠶ ᠨᠢ 6 ᠲᠦᠮᠡᠨ ᠲᠡᠭᠰᠢ | ᠳᠥᠷᠪᠡᠯᠵᠢᠨ ᠺᠢᠯᠣᠮᠧᠲᠷ ᠢ ᠳᠠᠪᠠᠵᠤ᠂ ᠪᠠᠷᠤᠭ ᠪᠥᠬᠦ ᠬᠤᠲᠠ ᠶᠢᠨ ᠶᠡᠷᠦᠩᠬᠡᠢ ᠲᠠᠯᠠᠪᠠᠢ ᠶᠢᠨ 23% ᠶᠢ ᠡᠵᠡᠯᠡᠵᠡᠢ᠃ | ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠠᠴᠠ ᠨᠠᠰᠢ᠂ ᠰᠢᠨ᠎ᠡ ᠪᠠᠷᠭᠤ ᠪᠠᠷᠠᠭᠤᠨ ᠬᠤᠰᠢᠭᠤ ᠦᠷᠭᠦᠯᠵᠢᠯᠡᠨ | ᠲᠤᠩᠭᠠᠯᠠᠭᠰᠢᠵᠤ ᠬᠤᠷ᠎ᠠ ᠲᠤᠨᠳᠠᠰᠤ ᠪᠠᠭ᠎ᠠ᠂ ᠦᠷᠭᠦᠯᠵᠢᠯᠡᠨ 64 ᠬᠤᠨᠤᠭ ᠣᠯᠢᠭᠲᠠᠢ ᠪᠣᠷᠣᠭᠠᠨ ᠣᠷᠤᠭᠰᠠᠨ ᠥᠬᠡᠶ | ᠪᠠᠶᠢᠨ᠎ᠠ᠃ ᠡᠨᠡ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ ᠨᠢ ᠵᠥᠪᠬᠡᠨ 3.3 ᠮᠢᠯᠢᠮᠧᠲᠷ ᠪᠠᠶᠢᠵᠤ᠂ ᠥᠩᠭᠡᠷᠡᠭᠰᠡᠨ | ᠵᠢᠯ ᠤᠳ ᠤᠨ 24.2 ᠮᠢᠯᠢᠮᠧᠲᠷ ᠪᠠᠶᠢᠳᠠᠭ ᠢ ᠪᠣᠳᠤᠪᠠᠯ 20.9 ᠮᠢᠯᠢᠮᠧᠲᠷ ᠪᠠᠭᠠᠰᠴᠠᠢ︔ ᠳᠤᠮᠳᠠᠴᠢ ᠠᠭᠠᠷ ᠤᠨ | ᠳᠤᠯᠠᠭᠠᠨ ᠨᠢ 11.3 ℃ ᠪᠠᠶᠢᠵᠤ᠂ ᠥᠩᠭᠡᠷᠡᠭᠰᠡᠨ ᠵᠢᠯ ᠤᠳ ᠤᠨ 9.1 ℃ ᠪᠠᠶᠢᠳᠠᠭ ᠢ ᠪᠣᠳᠤᠪᠠᠯ 2.2 ℃ | ᠬᠠᠯᠠᠭᠤᠨ ᠪᠣᠯᠵᠠᠢ︔ ᠶᠡᠭᠡ ᠰᠠᠯᠬᠢ ᠲᠠᠢ ᠡᠳᠦᠷ ᠥᠩᠭᠡᠷᠡᠭᠰᠡᠨ ᠵᠢᠯ ᠤᠨ ᠬᠢ ᠠᠴᠠ 16 ᠡᠳᠦᠷ ᠨᠡᠮᠡᠭᠳᠡᠵᠡᠢ᠃ | ᠡᠭᠦᠨ ᠠᠴᠠ ᠪᠣᠯᠤᠭᠠᠳ᠂ ᠲᠠᠯ᠎ᠠ ᠨᠤᠲᠤᠭ ᠤᠨ ᠡᠪᠡᠰᠦ ᠪᠡᠯᠴᠢᠭᠡᠷ ᠤᠨ ᠤᠷᠭᠤᠯᠲᠠ ᠨᠢ ᠤᠳᠠᠭᠠᠰᠢᠷᠠᠵᠤ᠂ | ᠨᠠᠪᠴᠢ ᠨᠢ ᠭᠤᠨᠢᠷᠠᠨ ᠥᠩᠭᠡ ᠪᠠᠨ ᠠᠯᠳᠠᠵᠠᠢ᠃ | ᠣᠳᠣᠬᠠᠨ ᠳᠤ᠂ ᠥᠪᠥᠷ ᠮᠣᠩᠭᠤᠯ ︵ᠠᠯᠠᠱᠠ ᠠᠶᠢᠮᠠᠭ ᠢ ᠭᠠᠷᠭᠠᠪᠠᠯ︶ ᠤᠨ ᠭᠠᠩᠳᠠᠭᠰᠠᠨ ᠲᠠᠯᠠᠪᠠᠶ 42.8 | ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠢ᠃ ᠣᠨᠴᠠ ᠶᠡᠭᠡ ᠭᠠᠩᠳᠠᠯ᠂ ᠬᠦᠨᠳᠦ ᠭᠠᠩᠳᠠᠯ᠂ ᠳᠤᠮᠳᠠ | ᠵᠡᠷᠭᠡ ᠶᠢᠨ ᠭᠠᠩᠳᠠᠯ᠂ ᠬᠥᠩᠭᠡᠨ ᠭᠠᠩᠳᠠᠯ ᠤᠨ ᠲᠠᠯᠠᠪᠠᠶ ᠨᠢ ᠲᠤᠰ ᠪᠦᠷᠢ 1.7᠂ 9.2᠂ 10.5᠂21.5 | ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠵᠠᠢ᠃ |