ᠥᠪᠥᠷ ᠮᠣᠩᠭᠤᠯ ᠲᠡᠮᠦᠷ ᠵᠡᠮ ᠤᠨ ᠪᠦᠳᠦᠭᠡᠠ ᠪᠠᠶᠢᠭᠤᠯᠤᠯᠲᠠ ᠳᠤ ᠭᠠᠵᠠᠷ ᠰᠢᠷᠣᠶ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠳᠡᠮᠵᠢᠵᠦ ᠪᠠᠶᠢᠨ᠎ᠠ
ᠨᠡᠶᠢᠲᠡᠯᠡᠭᠰᠡᠨ ᠴᠠᠭ᠄
2017/6/12
     ᠤᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠲᠡᠮᠦᠷ ᠵᠡᠮ ᠤᠨ ᠪᠦᠳᠦᠭᠡᠠ ᠪᠠᠶᠢᠭᠤᠯᠤᠯᠲᠠ ᠳᠤ ᠭᠠᠵᠠᠷ ᠰᠢᠷᠣᠶ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠨᠢ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ 4 ᠲᠠᠯ᠎ᠠ ᠪᠠᠷ 11 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠲᠡᠮᠦᠷ ᠵᠠᠮ ᠤᠨ ᠪᠦᠳᠦᠬᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠮᠵᠢᠵᠦ᠂ ᠲᠡᠮᠦᠷ ᠵᠠᠮ ᠳᠤ ᠬᠡᠷᠡᠭᠯᠡᠬᠦ ᠭᠠᠵᠠᠷ ᠵᠢᠴᠢ ᠥᠷᠳᠡᠭᠡ ᠲᠠᠯᠠᠪᠠᠢ ᠳᠤ ᠵᠡᠷᠭᠡᠯᠡᠳᠡᠭᠡ ᠣᠷᠣᠨ ᠤ ᠭᠠᠵᠠᠷ ᠰᠢᠷᠣᠶ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠᠷ ᠪᠤᠯᠵᠠᠢ᠃      ᠨᠢᠭᠡ ᠳᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠶ ᠶᠡᠷᠦᠩᠬᠡᠶᠢᠯᠡᠨ ᠨᠡᠭᠡᠭᠡᠨ ᠠᠰᠢᠭᠯᠠᠬᠤ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠵᠡᠢ᠃ ᠨᠢᠭᠡᠳᠦᠯᠲᠡᠶ ᠲᠦᠯᠦᠪᠵᠢᠭᠦᠯᠬᠦ᠂ ᠭᠠᠵᠠᠷ ᠬᠡᠷᠡᠭᠯᠡᠬᠦ ᠶᠢ ᠬᠢᠵᠠᠭᠠᠷᠯᠠᠬᠤ ᠪᠠ ᠤᠷᠢᠳᠴᠢᠯᠠᠨ ᠦᠯᠡᠳᠡᠭᠡᠬᠦ᠂ ᠭᠠᠵᠠᠷ ᠰᠢᠷᠣᠶ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠬᠤ ᠠᠴᠠ ᠠᠪᠤᠭᠠᠳ᠂ ᠶᠡᠷᠦᠩᠬᠡᠶᠢᠯᠡᠨ ᠨᠡᠭᠡᠭᠡᠨ ᠠᠰᠢᠭᠯᠠᠬᠤ ᠵᠠᠭᠠᠭ ᠪᠠ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠵᠤ᠂ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠣᠳᠠᠲᠠᠶ ᠲᠣᠭᠲᠠᠭᠠᠯ ᠭᠠᠷᠭᠠᠵᠠᠢ︔ ᠡᠭᠦᠨ ᠤ ᠵᠡᠷᠭᠡᠴᠡᠭᠡᠪᠡᠷ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ᠂ ᠲᠡᠭᠡᠭᠡᠪᠦᠷᠢ ᠡᠵᠡᠩᠨᠡᠯᠲᠡ ᠶᠢᠨ ᠠᠮᠤᠷ ᠲᠦᠪᠰᠢᠨ ᠪᠠ ᠲᠥᠯᠥᠪᠵᠢᠭᠦᠯᠭᠡ ᠳᠤ ᠨᠡᠶᠢᠴᠡᠭᠦᠯᠬᠦ ᠶᠢ ᠪᠠᠲᠤᠯᠠᠭᠰᠠᠨ ᠤᠷᠢᠲᠠᠯ ᠳᠣᠣᠷ᠎ᠠ᠂ ᠲᠡᠮᠦᠷ ᠵᠠᠮ ᠳᠤ ᠭᠠᠵᠠᠷ ᠬᠡᠷᠡᠭᠯᠡᠬᠦ ᠭᠠᠵᠠᠷ ᠳᠡᠭᠡᠷᠡᠬᠢ᠂ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠶᠢ ᠵᠤᠷᠢᠭᠵᠢᠭᠤᠯᠵᠠᠢ᠃ ᠬᠤᠶᠠᠷ ᠲᠤ ᠤᠳᠤ ᠶᠢᠨ ᠲᠠᠮᠤᠷ ᠵᠠᠮ ᠳᠤ ᠬᠡᠷᠡᠭᠯᠡᠵᠦ ᠪᠠᠶᠢᠭ᠎ᠠ ᠭᠠᠵᠠᠷ ᠢ ᠠᠮᠢᠳᠤᠯᠢᠭᠵᠢᠭᠤᠯᠵᠤ ᠭᠠᠵᠠᠷ ᠰᠢᠷᠤᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠳᠤ ᠳᠡᠮᠵᠢᠯᠭᠡ ᠦᠵᠡᠭᠦᠯᠵᠦ᠂ ᠲᠡᠮᠤᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠭᠠᠵᠠᠷ ᠰᠢᠷᠤᠢ ᠪᠠᠨ ᠠᠮᠢᠳᠤᠯᠢᠭᠵᠢᠭᠤᠯᠬᠤ ᠶᠢ ᠨᠢ ᠵᠤᠷᠢᠭᠵᠢᠭᠤᠯᠵᠠᠢ᠃ ᠭᠤᠷᠪᠠ ᠳᠤ ᠰᠢᠨ᠎ᠡ ᠪᠠᠷ ᠲᠡᠮᠦᠷ ᠵᠠᠮ ᠤᠨ ᠥᠷᠲᠡᠭᠡᠨ ᠤ ᠲᠠᠯᠠᠪᠤᠷ ᠪᠠᠶᠢᠭᠤᠯᠬᠤ ᠳᠤ ᠭᠠᠵᠠᠷ ᠰᠢᠷᠣᠶ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠎ ᠨᠢ ᠵᠤᠷᠢᠭᠵᠢᠭᠤᠯᠵᠠᠢ᠃ ᠰᠢᠨ᠎ᠡ ᠪᠠᠷ ᠲᠡᠮᠦᠷ ᠵᠠᠮ ᠤᠨ ᠦᠷᠲᠡᠭᠡ ᠲᠠᠯᠠᠪᠤᠷ ᠪᠠᠶᠢᠭᠤᠯᠬᠤ ᠳᠤ ᠭᠠᠵᠠᠷ ᠰᠢᠷᠣᠶ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠲᠥᠷᠥᠯ ᠵᠦᠢᠯ ᠯᠦᠭᠡ ᠨᠢᠭᠡᠳᠦᠯᠲᠡᠶ ᠪᠦᠳᠦᠭᠡᠨ ᠪᠠᠶᠢᠭᠤᠯᠬᠤ ᠳᠤ ᠳᠡᠮᠵᠢᠯᠭᠡ ᠦᠵᠡᠭᠦᠯᠵᠡᠢ︔ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠶᠡᠷᠦᠩᠬᠡᠶᠢᠯᠡᠨ ᠨᠡᠭᠡᠭᠡᠨ ᠠᠰᠢᠭᠯᠠᠬᠤ ᠭᠠᠵᠠᠷ ᠰᠢᠷᠤᠢ ᠤᠯᠭᠤᠵᠠᠢ᠃ ᠳᠥᠷᠪᠡ ᠳᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠶ ᠶᠡᠷᠦᠩᠬᠡᠶᠢᠯᠡᠨ ᠠᠰᠢᠭᠯᠠᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠠᠢ᠃ ᠳᠠᠩᠰᠠᠯᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠭᠠᠵᠠᠷ ᠰᠢᠷᠣᠶ ᠶᠢ ᠨᠡᠭᠡᠭᠡᠨ ᠠᠰᠢᠭᠯᠠᠬᠤ ᠳᠤ ᠬᠠᠮᠢᠶᠠᠷᠤᠯᠲᠠ ᠪᠠᠨ ᠴᠢᠩᠭᠠᠳᠬᠠᠵᠤ᠂ ᠪᠦᠳᠦᠬᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠭᠠᠵᠠᠷ ᠰᠢᠷᠣᠶ ᠶᠢ ᠵᠦᠢ ᠵᠤᠬᠢᠰᠲᠠᠢ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ᠂ ᠶᠡᠷᠦᠩᠬᠡᠶᠢᠯᠡᠨ ᠨᠡᠭᠡᠭᠡᠨ ᠠᠰᠢᠭᠯᠠᠬᠤ ᠬᠤᠯᠪᠣᠭᠳᠠᠯ ᠪᠦᠬᠦᠢ ᠭᠠᠵᠠᠷ ᠰᠢᠷᠤᠢ ᠶᠢ ᠵᠦᠪᠰᠢᠶᠡᠷᠡᠭᠦᠯᠬᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠭᠠᠵᠠᠷ ᠰᠢᠷᠣᠶ ᠬᠠᠩᠭᠠᠬᠤ᠂ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠳᠦᠭᠡᠨ ᠪᠠᠶᠢᠭᠤᠯᠬᠤ ᠵᠡᠷᠭᠡ ᠠᠵᠢᠯ ᠡᠭᠦᠷᠭᠡ ᠶᠢ ᠲᠤᠰ ᠲᠤᠰ ᠲᠤᠳᠤᠷᠬᠠᠶᠢᠯᠠᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号