6 ᠳ᠋ᠤᠭᠠᠷ ᠰᠠᠷ᠎ᠡ ᠶᠢᠨ 9 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ ᠵᠠᠰᠠᠭ ᠤᠨ | ᠤᠷᠳᠤᠨ ᠠᠴᠠ ᠪᠦᠬᠦ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠡᠭᠡ | ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠦᠬᠦ | ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠶᠡᠭᠡ ᠪᠠᠶᠢᠴᠠᠭᠠᠯᠲᠠ ᠶᠢᠨ ᠠᠵᠢᠯ ᠢ ᠪᠦᠬᠦ | ᠲᠠᠯ᠎ᠠ ᠪᠠᠷ ᠪᠠᠶᠢᠷᠢᠯᠠᠭᠤᠯᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ | ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠵᠤ ᠶᠠᠷᠢᠶ᠎ᠡ ᠲᠠᠯᠪᠢᠵᠠᠢ᠂ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠴᠠᠩ ᠵᠢᠶᠦ᠋ᠨ ᠵᠧᠩ ᠬᠤᠷᠠᠯ ᠡᠷᠬᠢᠯᠡᠪᠡ᠃ | ᠵᠠᠩ ᠵᠢᠶᠠᠨ ᠮᠢᠨ ᠶᠠᠷᠢᠶᠠᠨ ᠳᠠᠭᠠᠨ᠂ ᠠᠮᠢ ᠠᠬᠤᠢ ᠶᠢᠨ ᠤᠷᠴᠢᠨ ᠲᠤᠭᠤᠷᠢᠨ ᠤ ᠶᠡᠭᠡ ᠪᠠᠶᠢᠴᠠᠭᠠᠯᠲᠠ ᠶᠢ | ᠦᠷᠨᠢᠬᠦᠯᠬᠦ ᠪᠠᠷ ᠲᠠᠮᠵᠢᠭᠤᠯᠤᠨ᠂ ᠠᠮᠢ ᠠᠬᠤᠢ ᠶᠢᠨ ᠤᠷᠴᠢᠨ ᠲᠤᠭᠤᠷᠢᠨ ᠤ ᠪᠤᠬᠢᠷᠳᠤᠯ ᠢ ᠦᠨᠡᠨ ᠪᠤᠳᠠᠳᠠᠢ ᠪᠠᠷ | ᠵᠠᠰᠠᠨ᠂ ᠠᠮᠢ ᠠᠬᠤᠢ ᠶᠢᠨ ᠤᠷᠴᠢᠨ ᠲᠤᠭᠤᠷᠢᠨ ᠤ ᠪᠠᠶᠢᠭᠤᠯᠤᠯᠲᠠ ᠶᠢ ᠰᠠᠶᠢᠲᠤᠷ ᠬᠢᠵᠤ᠂ ᠲᠦᠪ ᠪᠤᠯᠤᠨ | ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠲᠦᠷᠦ ᠶᠢᠨ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠤᠳᠠᠳᠠᠢ ᠪᠠᠷ ᠨᠠᠶᠢᠳᠠᠪᠤᠷᠢᠵᠢᠭᠤᠯᠤᠨ ᠪᠤᠳᠠᠳᠠᠢ ᠦᠷ᠎ᠡ ᠠᠰᠢᠭ ᠢ ᠤᠯᠬᠤ | ᠬᠡᠷᠡᠭᠳᠡᠢ ᠭᠡᠵᠤ ᠴᠢᠬᠤᠯᠠᠴᠢᠯᠠᠪᠠ᠃ | ᠤᠶᠢᠯᠠᠭᠠᠭᠰᠠᠨ ᠢᠶᠠᠷ᠂ ᠡᠨᠡᠬᠦ ᠶᠡᠭᠡ ᠪᠠᠶᠢᠴᠠᠭᠠᠯᠲᠠ ᠨᠢ 6 ᠳ᠋ᠤᠭᠠᠷ ᠰᠠᠷ᠎ᠡ ᠶᠢᠨ 10 — 30 ᠤ ᠡᠳᠤᠷ | ᠪᠤᠯᠳᠠᠯ᠎ᠠ ᠶᠠᠪᠤᠭᠳᠠᠨ᠎ᠠ᠃ ᠪᠠᠶᠢᠭᠠᠯᠢ ᠶᠢᠨ ᠬᠠᠮᠠᠭᠠᠯᠠᠯᠳᠡ ᠶᠢᠨ ᠤᠷᠤᠨ᠂ ᠠᠵᠤ ᠠᠬᠤᠶᠢᠯᠠᠯ᠂ ᠠᠵᠤ | ᠦᠢᠯᠡᠳᠪᠤᠷᠢ ᠶᠢᠨ ᠬᠦᠷᠢᠶᠡᠯᠡᠩ ᠲᠤᠭᠤᠷᠢᠭ ᠨᠢ ᠦᠪᠡᠷ ᠢᠶᠠᠨ ᠪᠠᠶᠢᠴᠠᠭᠠᠵᠤ ᠦᠪᠡᠷ ᠢᠶᠠᠨ ᠵᠠᠯᠠᠷᠠᠭᠤᠯᠤᠨ᠂ ᠠᠶᠢᠮᠠᠭ | ᠬᠤᠳᠡ ᠪᠤᠯᠤᠨ ᠬᠤᠰᠢᠭᠤ ᠰᠢᠶᠠᠨ ᠪᠦᠬᠦ ᠲᠠᠯ᠎ᠡ ᠪᠠᠷ ᠪᠠᠶᠢᠴᠠᠭᠠᠨ᠂ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ | ᠪᠦᠬᠦᠢ ᠲᠢᠩᠬᠢᠮ ᠲᠤᠪᠴᠢᠶ᠎ᠡ ᠲᠤᠰᠬᠠᠢ ᠪᠠᠶᠢᠴᠠᠭᠠᠯᠲᠠ ᠬᠢᠵᠤ᠂ ᠦᠪᠡᠷᠳᠡᠬᠡᠨ ᠵᠠᠰᠠᠬᠤ ᠤᠷᠤᠨ ᠠᠴᠠ ᠶᠡᠷᠦᠩᠬᠡᠶᠢᠯᠡᠨ | ᠰᠢᠮᠳᠠᠭᠤᠯᠤᠨ ᠪᠠᠶᠢᠴᠠᠭᠠᠬᠤ ᠠᠷᠭ᠎ᠠ ᠪᠠᠷ ᠭᠤᠤᠯᠳᠠᠯᠭ᠎ᠠ ᠲᠠᠢ 9 ᠲᠦᠷᠦᠯ ᠳᠤ ᠪᠠᠶᠢᠴᠠᠭᠠᠯᠲᠠ ᠬᠢᠨ᠎ᠡ᠃ |