ᠲᠥᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠪᠠᠶᠢᠷᠢᠯᠠᠭᠤᠯᠤᠯᠳᠠ ᠶᠢ | ᠦᠨᠳᠦᠰᠦᠯᠡᠨ᠂ 2017 ᠣᠨ ᠤ 6 ᠳ᠋ᠤᠭᠠᠷ ᠰᠠᠷ᠎ᠠ ᠶᠢᠨ 7 ᠤ ᠡᠳᠤᠷ᠂ ᠲᠦᠪ ᠤᠨ ᠬᠤᠶᠠᠳᠤᠭᠠᠷ ᠲᠤᠭᠤᠷᠢᠨ | ᠪᠠᠶᠢᠴᠠᠭᠠᠬᠤ ᠲᠤᠭᠤᠶᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠳᠤ | ᠲᠤᠭᠤᠷᠢᠨ ᠪᠠᠶᠢᠴᠠᠭᠠᠵᠥ ︽ᠡᠷᠬᠢᠵᠥ ᠬᠠᠷᠠᠭᠰᠠᠠ︾ ᠪᠠᠶᠢᠳᠠᠯ ᠢ ᠬᠠᠷᠢᠭᠤ ᠲᠤᠰᠬᠠᠪᠠ᠃ ᠲᠦᠪ ᠤᠨ ᠲᠤᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠴᠧᠨ ᠰᠢ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠳᠤ ᠬᠠᠷᠢᠭᠤ ᠲᠤᠰᠬᠠᠬᠤ ᠬᠤᠷᠠᠯ ᠢ | ᠡᠷᠬᠢᠯᠡᠨ ᠬᠤᠷᠠᠯᠳᠤᠭᠤᠯᠵᠥ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠤᠳᠤᠷᠢᠳᠬᠤ ᠪᠠᠭ ᠲᠤ ᠲᠤᠭᠤᠷᠢᠨ ᠪᠠᠶᠢᠴᠠᠭᠠᠵᠥ ︽ᠡᠷᠬᠢᠵᠥ ᠬᠠᠷᠠᠭᠰᠠᠠ︾ ᠪᠠᠶᠢᠳᠠᠯ ᠢ ᠬᠠᠷᠢᠭᠤ ᠲᠤᠰᠬᠠᠬᠤ | ᠬᠤᠷᠠᠯ ᠳᠤ ᠤᠷᠤᠯᠴᠠᠵᠥ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠤᠯ | ᠬᠠᠷᠢᠭᠤᠴᠠᠯᠭᠠᠳᠠᠨ ᠪᠤᠯᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠲᠤ ᠲᠤᠭᠤᠷᠢᠨ ᠪᠠᠶᠢᠴᠠᠭᠠᠵᠥ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠲᠤᠬᠠᠢ ᠱᠠᠭᠠᠷᠳᠠᠯᠭ᠎ᠠ ᠲᠤᠷᠠᠳᠴᠠᠢ᠃ ᠲᠦᠪ ᠤᠨ ᠵᠤᠬᠢᠶᠠᠨ | ᠪᠠᠶᠢᠭᠤᠯᠬᠤ ᠬᠡᠯᠳᠡᠰ ᠤᠨ ᠺᠠᠳ᠋ᠷ ᠲᠤ ᠬᠢᠨᠠᠯᠳᠠ ᠲᠠᠯᠪᠢᠬᠤ ᠲᠤᠪᠴᠢᠶ᠎ᠠ ᠶᠢᠨ ᠬᠠᠷᠢᠭᠤᠴᠠᠯᠭᠠᠳᠠᠨ ᠠᠴᠠ ᠯᠢ ᠵᠢᠢ | ᠡᡁᠧᠩ ᠳᠤ ᠶᠡᠷᠤᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠥ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ | ᠤᠨ ᠲᠠᠷᠤᠭ᠎ᠠ ᠶᠧ ᠴᠢᠩ ᠴᠦᠨ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠢ ᠲᠦᠯᠥᠬᠡᠯᠡᠨ ᠯᠢ ᠵᠢᠢ | ᠡᡁᠧᠩ ᠪᠤᠯᠤᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ | ᠪᠠᠭ ᠲᠤ ᠲᠤᠭᠤᠷᠢᠨ ᠪᠠᠶᠢᠴᠠᠭᠠᠵᠥ ︽ᠡᠷᠬᠢᠵᠥ ᠬᠠᠷᠠᠭᠰᠠᠠ︾ ᠪᠠᠶᠢᠳᠠᠯ ᠢ ᠬᠠᠷᠢᠭᠤ ᠲᠤᠰᠬᠠᠵᠥ᠂ ᠲᠡᠳ᠋ | ᠲᠤᠭᠤᠶᠢᠯᠠᠩ ᠤᠨ ᠲᠠᠷᠤᠭ᠎ᠠ ᠰᠢᠤᠸᠠᠢ ᠯᠢ᠂ ᠶᠠᠩ ᠬᠤᠩ ᠶᠦᠩ᠂ ᠰᠢᠶᠤᠤ ᠬᠦᠢ ᠢᠤᠢ᠂ ᠬᠤᠤ ᠬᠤᠢ ᠵᠢᠶᠧ | ᠬᠠᠷᠢᠭᠤ ᠲᠤᠰᠬᠠᠬᠤ ᠬᠤᠷᠠᠯ ᠳᠤ ᠤᠷᠤᠯᠴᠠᠪᠠ᠃ ᠯᠢ ᠵᠢᠢ ᠡᡁᠧᠩ ᠤᠳᠤᠷᠢᠳᠬᠤ ᠪᠠᠭ ᠲᠤ ᠬᠠᠷᠢᠭᠤ ᠲᠤᠰᠬᠠᠬᠤ | ᠬᠤᠷᠠᠯ ᠢ ᠡᠷᠬᠢᠯᠡᠭᠰᠡᠡ ᠪᠦᠭᠡᠳ ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠷᠠᠭᠤᠯᠬᠤ ᠠᠵᠢᠯ ᠢ ᠰᠠᠶᠢᠳᠤᠷ ᠬᠢᠬᠦ | ᠲᠤᠬᠠᠢ ᠤᠪᠤᠷ ᠢᠶᠠᠨ ᠢᠯᠡᠳᠭᠡᠬᠦ ᠶᠠᠷᠢᠶ᠎ᠠ ᠲᠠᠯᠪᠢᠵᠠᠢ᠃ | ᠲᠦᠪ ᠤᠨ ᠨᠢᠬᠡᠳᠤᠯᠳᠡᠢ ᠪᠠᠶᠢᠷᠢᠯᠠᠭᠤᠯᠤᠯᠳᠠ ᠶᠢ ᠦᠨᠳᠦᠰᠦᠯᠡᠨ᠂ 2017 ᠣᠨ ᠤ 2 ᠳ᠋ᠤᠭᠠᠷ ᠰᠠᠷ᠎ᠠ ᠶᠢᠨ | 26 ᠠᠴᠠ 4 ᠳ᠋ᠦ᠋ᠭᠡᠷ ᠰᠠᠷ᠎ᠠ ᠶᠢᠨ 27 ᠤ ᠡᠳᠤᠷ ᠪᠤᠯᠳᠠᠯ᠎ᠠ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ | ᠲᠤᠭᠤᠶᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠥ ︽ᠡᠷᠬᠢᠵᠥ | ᠬᠠᠷᠠᠬᠤ︾ ᠠᠵᠢᠯ ᠦᠷᠨᠢᠬᠦᠯᠪᠡ᠃ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠲᠦᠪ ᠤᠨ ᠲᠤᠭᠤᠷᠢᠨ | ᠪᠠᠶᠢᠴᠠᠭᠠᠬᠤ ᠠᠵᠢᠯ ᠤᠨ ᠴᠢᠭᠯᠡᠯᠳᠡ ᠶᠢ ᠨᠠᠷᠢᠨ ᠬᠢᠨᠠᠮᠠᠭᠠᠢ ᠲᠤᠤᠱᠯᠠᠭᠤᠯᠵᠥ᠂ ︽ᠲᠦᠷᠪᠡᠨ ᠤᠬᠠᠮᠰᠠᠷ︾ ᠢᠶᠠᠷ | ᠤᠯᠤᠰ ᠲᠦᠷᠦ ᠶᠢᠨ ᠪᠠᠷᠢᠮᠵᠢᠶ᠎ᠠ ᠪᠤᠯᠭᠠᠨ ᠨᠠᠮ ᠤᠨ ᠲᠦᠪ ᠬᠤᠷᠢᠶ᠎ᠠ ᠶᠢᠨ ᠲᠦᠪᠯᠡᠷᠡᠭᠰᠡᠡ ᠨᠢᠬᠡᠳᠤᠯᠳᠡᠢ | ᠤᠳᠤᠷᠢᠳᠤᠯᠭ᠎ᠠ ᠶᠢ ᠡᠷᠡᠰ ᠬᠠᠮᠠᠭᠠᠯᠠᠬᠤ ᠪᠠᠷ ᠦᠨᠳᠦᠰᠦᠨ ᠤᠯᠤᠰ ᠲᠦᠷᠦ ᠶᠢᠨ ᠡᠬᠦᠷᠬᠡ ᠪᠤᠯᠭᠠᠵᠥ᠂ ︽ᠲᠠᠪᠤ ᠶᠢ | ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠳᠠ ᠪᠤᠯᠤᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠲᠤᠤᠱᠯᠠᠭᠤᠯᠬᠤ ᠪᠠᠷ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ | ᠪᠤᠯᠭᠠᠵᠥ᠂ ᠠᠰᠠᠭᠤᠳᠠᠯ ᠤᠨ ᠤᠳᠤᠷᠢᠳᠤᠮᠵᠢ ᠶᠢ ᠲᠤᠪᠤᠶᠢᠯᠭᠠᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠨᠠᠮ | ᠤᠨ ᠪᠠᠶᠢᠭᠤᠯᠤᠯᠳᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠭᠤᠤᠯᠳᠠᠭᠤᠯᠵᠥ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠪᠤᠯᠤᠨ ᠨᠠᠮ ᠤᠨ ᠬᠡᠰᠢᠬᠦᠨ | ᠤᠳᠤᠷᠢᠳᠬᠤ ᠺᠠᠳ᠋ᠷᠴᠤᠳ ᠢ ᠠᠩᠬᠠᠷᠴᠦ᠂ ︽ᠵᠠᠩᠬᠢᠯᠠᠭ᠎ᠠ ᠶᠢᠨ ᠴᠦᠭᠡᠨ ᠲᠤᠭᠠᠳᠠᠨ︾ ᠢ ᠲᠤᠪᠤᠶᠢᠯᠭᠠᠨ᠂ ᠤᠯᠤᠰ | ᠲᠦᠷᠦ ᠶᠢᠨ ᠵᠦᠷᠢᠶ᠎ᠡ ᠪᠠᠨ ᠪᠠᠶᠢᠴᠠᠭᠠᠨ ᠡᠷᠢᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠯᠤᠰ | ᠲᠦᠷᠦ ᠶᠢᠨ ᠬᠠᠷᠢᠭᠤᠴᠠᠯᠭ᠎ᠠ᠂ ᠤᠯᠤᠰ ᠲᠦᠷᠦ ᠶᠢᠨ ᠠᠮᠢ ᠠᠬᠤᠢ᠂ ᠤᠯᠤᠰ ᠲᠦᠷᠦ ᠶᠢᠨ ᠰᠠᠬᠢᠯᠭ᠎ᠠ ᠪᠠᠳᠤ ᠶᠢ | ᠬᠡᠷᠡᠭᠵᠢᠬᠦᠯᠬᠦ ᠲᠠᠯ᠎ᠠ ᠪᠠᠷ ᠤᠷᠤᠰᠢᠵᠥ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠨᠵᠡᠬᠡᠢ ᠢᠯᠡᠴᠢᠯᠡᠵᠥ᠂ ᠲᠤᠭᠤᠷᠢᠨ | ᠪᠠᠶᠢᠴᠠᠭᠠᠵᠥ ᠬᠢᠨᠠᠯᠳᠠ ᠲᠠᠯᠪᠢᠬᠤ ᠠᠵᠢᠯ ᠢ ᠴᠢᠩᠭ᠎ᠠ ᠪᠦᠭᠡᠳ ᠪᠤᠳᠠᠳᠠᠢ ᠦᠷᠨᠢᠬᠦᠯᠵᠥ᠂ ᠠᠰᠠᠭᠤᠳᠠᠯ ᠢ ᠢᠯᠡᠷᠡᠬᠦᠯᠤᠨ | ᠠᠶᠤᠯᠭᠠᠨ ᠰᠦᠷᠳᠡᠬᠦᠯᠵᠥ᠂ ᠦᠭᠡᠷᠡᠴᠢᠯᠡᠯᠳᠡ ᠶᠢ ᠠᠬᠢᠭᠤᠯᠤᠨ ᠬᠦᠭᠵᠢᠯᠳᠡ ᠶᠢ ᠠᠬᠢᠭᠤᠯᠵᠥ᠂ ᠤᠯᠤᠰ ᠲᠦᠷᠦ ᠶᠢᠨ | ︽ᠮᠢᠺᠷᠤᠰᠺᠤᠫ︾ ᠪᠠ ᠤᠯᠤᠰ ᠲᠦᠷᠦ ᠶᠢᠨ ︽ᠬᠠᠶᠢᠭᠤᠯ ᠳ᠋ᠧᠩ︾ ᠤᠨ ᠦᠢᠯᠡᠳᠦᠯ ᠢ ᠬᠦᠢᠴᠡᠳ ᠪᠠᠳᠠᠷᠠᠭᠤᠯᠵᠥ᠂ | ᠦᠩᠬᠡᠨ ᠲᠠᠯ᠎ᠠ ᠪᠡ ᠦᠨᠳᠦᠰᠦ ᠠᠴᠠ ᠨᠢ ᠵᠠᠰᠠᠬᠤ ᠪᠠᠶᠢᠯᠳᠤᠬᠤ ᠪᠤᠳᠤᠯᠭ᠎ᠠ ᠶᠢᠨ ᠦᠢᠯᠡᠳᠦᠯ ᠢ ᠪᠠᠳᠠᠷᠠᠭᠤᠯᠤᠭᠰᠠᠠ | ᠪᠠᠶᠢᠨ᠎ᠠ᠃ ︽ᠡᠷᠬᠢᠵᠥ ᠬᠠᠷᠠᠬᠤ︾ ᠳᠠᠭᠠᠨ ᠤᠯᠤᠰ ᠲᠦᠷᠦᠴᠢ ᠴᠢᠨᠠᠷ ᠪᠤᠯᠤᠨ ᠤᠯᠤᠰ ᠲᠦᠷᠦ ᠶᠢᠨ ᠰᠠᠬᠢᠯᠭ᠎ᠠ | ᠪᠠᠳᠤ ᠶᠢ ᠲᠤᠪᠤᠶᠢᠯᠭᠠᠵᠥ᠂ ᠨᠠᠮ ᠤᠨ ᠲᠤᠳᠤᠭᠠᠳᠤ ᠶᠢᠨ ᠬᠢᠨᠠᠯᠳᠠ ᠲᠠᠯᠪᠢᠯᠳᠠ ᠶᠢᠨ ᠲᠦᠪ ᠴᠢᠩᠭ᠎ᠠ ᠴᠢᠨᠠᠷ ᠢ | ᠢᠯᠡᠷᠡᠬᠦᠯᠵᠥ᠂ ᠠᠶᠤᠯᠭᠠᠨ ᠰᠦᠷᠳᠡᠬᠦᠯᠬᠦ ᠦᠷ᠎ᠡ ᠪᠦᠳᠦᠭᠡᠯ ᠢ ᠦᠷᠬᠡᠳᠭᠡᠨ ᠤᠷᠳᠤᠳᠬᠠᠭᠰᠠᠠ ᠪᠠᠶᠢᠨ᠎ᠠ᠃ ᠤᠨᠴᠠᠭᠠᠢ | ᠵᠠᠷᠢᠮ ᠬᠦᠮᠥᠨ ᠲᠠᠢ ᠶᠠᠷᠢᠯᠴᠠᠬᠤ ᠠᠵᠢᠯ ᠢ ᠦᠷᠭᠡᠨ ᠲᠠᠯᠬᠡᠷᠡᠩᠬᠦᠢ ᠦᠷᠨᠢᠬᠦᠯᠬᠦ ᠪᠠᠷ ᠲᠠᠮᠵᠢᠨ ᠤᠯᠠᠨ ᠲᠦᠮᠡᠨ ᠤ | ᠵᠠᠬᠢᠳᠠᠯ ᠰᠤᠷᠪᠤᠯᠵᠢᠯᠠᠭ᠎ᠠ ᠶᠢ ᠨᠠᠷᠢᠨ ᠬᠢᠨᠠᠮᠠᠭᠠᠢ ᠬᠦᠯᠢᠶᠡᠨ ᠰᠢᠢᠳᠪᠤᠷᠢᠯᠡᠵᠥ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ | ᠤᠩᠰᠢᠨ ᠪᠠᠶᠢᠳᠠᠯ ᠢ ᠬᠦᠨᠵᠡᠬᠡᠢ ᠤᠶᠢᠯᠠᠭᠠᠵᠥ᠂ ᠲᠤᠭᠤᠷᠢᠨ ᠪᠠᠶᠢᠴᠠᠭᠠᠬᠤ ᠡᠬᠦᠷᠬᠡ ᠶᠢ ᠤᠷᠤᠭᠰᠢᠳᠠᠢ | ᠪᠡᠶᠡᠯᠡᠬᠦᠯᠥᠭᠰᠡᠡ ᠪᠠᠶᠢᠨ᠎ᠠ᠃ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ | ᠤᠨ ᠬᠢᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠭᠤᠷᠢᠨ ᠪᠠᠶᠢᠴᠠᠭᠠᠭᠰᠠᠠ ᠪᠠᠶᠢᠳᠠᠯ ᠤᠨ ᠬᠠᠷᠢᠭᠤ | ᠮᠡᠳᠡᠬᠦᠯᠥᠯᠳᠡ ᠶᠢ ᠰᠤᠨᠤᠰᠤᠭᠰᠠᠠ ᠪᠦᠭᠡᠳ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ | ᠪᠠᠶᠢᠩᠭᠤ ᠶᠢᠨ ᠬᠤᠷᠢᠶ᠎ᠠ ᠳᠤ ᠬᠠᠮᠢᠶ᠎ᠠ ᠪᠦᠬᠦᠢ ᠪᠠᠶᠢᠳᠠᠯ ᠢ ᠮᠡᠳᠡᠬᠦᠯᠵᠡᠢ᠃ | ᠶᠧ ᠴᠢᠩ ᠴᠦᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠲᠠ ᠲᠠᠯᠪᠢᠬᠤ | ᠬᠠᠷᠢᠭᠤᠴᠠᠯᠭ᠎ᠠ ᠶᠢ ᠴᠢᠷᠮᠠᠶᠢᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ | ᠪᠤᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠳᠡᠭᠡᠷ᠎ᠠ ᠨᠢᠬᠡ ᠡᠭᠡᠯᠵᠢ ᠶᠢᠨ ᠲᠤᠭᠤᠷᠢᠨ ᠪᠠᠶᠢᠴᠠᠭᠠᠵᠤ | ᠴᠡᠭᠴᠡᠯᠨ ᠰᠠᠶᠢᠵᠢᠷᠠᠭᠤᠯᠬᠤ ᠠᠵᠢᠯ ᠳᠤ ᠮᠡᠳᠡᠭᠳᠡᠮ᠎ᠠ ᠦᠷ᠎ᠠ ᠪᠦᠲᠦᠮᠵᠢ ᠤᠯᠵᠠᠢ᠃ ᠲᠤᠭᠤᠷᠢᠨ ᠪᠠᠶᠢᠴᠠᠭᠠᠬᠤ ᠳᠤᠮᠳᠠ | ᠂ ᠲᠤᠭᠤᠷᠢᠨ ᠪᠠᠶᠢᠴᠠᠭᠠᠬᠤ ᠳᠤᠭᠤᠶᠢᠯᠠᠩ ᠨᠢᠭᠡ ᠪᠦᠯᠦᠭ ᠠᠰᠠᠭᠤᠳᠠᠯ ᠢ ᠢᠯᠡᠷᠡᠭᠦᠯᠦᠭᠰᠡᠨ ᠪᠤᠶᠤ ᠺᠠᠳ᠋ᠷ ᠤᠯᠠᠨ | ᠲᠦᠮᠡᠨ ᠪᠠᠰᠠ ᠵᠠᠷᠢᠮ ᠠᠰᠠᠭᠤᠳᠠᠯ ᠢ ᠳᠤᠰᠬᠠᠪᠠ᠂ ᠭᠤᠤᠯᠳᠠᠭᠤ᠄ ︽ᠳᠦᠷᠪᠠᠨ ᠤᠬᠠᠮᠰᠠᠷ︾ ᠴᠢᠩᠭ᠎ᠠ ᠪᠢᠰᠢ᠂ | ᠲᠦᠪ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ | ᠴᠢᠩᠭ᠎ᠠ ᠬᠦᠴᠦᠨ ᠲᠠᠢ ᠪᠢᠰᠢ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ | ᠪᠦᠲᠦᠭᠡᠨ ᠪᠠᠶᠢᠭᠤᠯᠬᠤ ᠲᠠᠯ᠎ᠠ ᠪᠠᠷ ᠮᠦᠨᠬᠦ ᠴᠢᠩᠭᠠᠳᠬᠠᠬᠤ ᠴᠢᠬᠤᠯᠠᠲᠠᠢ᠂ ᠲᠦᠪ ᠤᠨ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ ᠪᠠᠶᠢᠬᠤ ᠨᠢ ᠭᠦᠢᠴᠡᠳ ᠪᠢᠰᠢ᠂ | ᠵᠠᠷᠢᠮ ᠭᠠᠵᠠᠷ ᠤᠷᠤᠨ ᠤ ᠬᠢᠨ ᠠᠵᠤ ᠠᠬᠤᠢ ᠶᠢᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠪᠠ︔ ᠨᠠᠮ ᠤᠨ | ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠤᠯᠪᠠᠴᠦ ᠪᠤᠳᠠᠳᠠᠢ ᠪᠢᠰᠢ᠂ ᠨᠠᠮ ᠤᠨ ᠳᠤᠳᠤᠭᠠᠳᠦ ᠶᠢᠨ ᠤᠯᠤᠰ | ᠲᠦᠷᠦ ᠶᠢᠨ ᠠᠮᠢᠳᠤᠷᠠᠯ ᠲᠦᠪ ᠴᠢᠩᠭ᠎ᠠ ᠪᠢᠰᠢ᠂ ᠵᠠᠷᠢᠮ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠲᠠ ᠨᠠᠵᠠᠭᠠᠢ ᠪᠠᠭᠤᠷᠠᠢ ᠪᠠᠶᠢᠭᠰᠠᠭᠠᠷ︔ ᠬᠦᠮᠦᠨ ᠰᠤᠩᠭᠤᠬᠤ ᠬᠦᠮᠦᠨ ᠬᠡᠷᠡᠭᠯᠡᠬᠦ ᠳᠦᠷᠢᠮ ᠢ | ᠬᠡᠷᠡᠭᠵᠢᠭᠦᠯᠵᠤ ᠪᠠᠶᠢᠬᠤ ᠨᠢ ᠴᠢᠩᠭ᠎ᠠ ᠪᠢᠰᠢ᠂ ︽ᠠᠰᠠᠭᠤᠳᠠᠯ ᠲᠠᠢ ᠪᠠᠶᠢᠲᠠᠯ᠎ᠠ ᠰᠢᠯᠢᠨ ᠳᠡᠪᠰᠢᠭᠦᠯᠬᠦ︾᠂ | ᠲᠤᠭᠳᠠᠭᠠᠯ ᠠᠴᠠ ᠵᠦᠷᠢᠴᠡᠨ ᠬᠦᠮᠦᠨ ᠬᠡᠷᠡᠭᠯᠡᠬᠦ ᠵᠡᠷᠭᠡ ᠠᠰᠠᠭᠤᠳᠠᠯ ᠪᠠᠶᠢᠨ ᠳᠠᠬᠢᠨ ᠢᠯᠡᠷᠡᠵᠤ ᠪᠠᠶᠢᠨ᠎ᠠ︔ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠴᠢᠩᠭ᠎ᠠ ᠬᠦᠴᠦᠨ ᠲᠠᠢ ᠪᠢᠰᠢ᠂ ᠲᠦᠪ ᠤᠨ ᠨᠠᠢᠮᠠᠨ ᠲᠤᠭᠳᠠᠭᠠᠯ ᠤᠨ | ᠵᠤᠷᠢᠭ ᠰᠠᠨᠠᠭ᠎ᠠ ᠶᠢ ᠬᠡᠷᠡᠭᠵᠢᠭᠦᠯᠵᠤ ᠪᠠᠶᠢᠬᠤ ᠨᠢ ᠴᠢᠩᠭ᠎ᠠ ᠪᠢᠰᠢ᠂ ᠠᠯᠪᠠᠨ ᠵᠤᠭᠤᠰ ᠢᠶᠠᠷ ᠢᠳᠡᠵᠤ ᠤᠤᠭᠤᠬᠤ ᠵᠡᠷᠭᠡ | ᠠᠰᠠᠭᠤᠳᠠᠯ ᠮᠦᠨᠬᠦ ᠡᠭᠦᠰᠴᠤ ᠪᠠᠶᠢᠨ᠎ᠠ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠪᠠ ᠠᠭᠤᠷᠬᠠᠢ ᠶᠢᠨ ᠡᠬᠢ | ᠪᠠᠶᠠᠯᠢᠭ ᠤᠨ ᠨᠡᠬᠡᠬᠡᠯᠲᠡ ᠵᠡᠷᠭᠡ ᠬᠦᠷᠢᠶᠠᠨ ᠲᠤ ᠠᠷᠢᠭᠤᠨ ᠴᠢᠬᠡᠴᠢ ᠶᠢᠨ ᠠᠶᠤᠯ ᠲᠦᠭᠰᠢᠬᠦᠷᠢ ᠤᠷᠤᠰᠢᠵᠤ ᠪᠠᠶᠢᠨ᠎ᠠ︔ | ᠳᠡᠭᠡᠷ᠎ᠠ ᠨᠢᠬᠡ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠲᠤ ᠵᠢᠭᠠᠵᠤ ᠭᠠᠷᠭᠠᠭᠰᠨ ᠪᠢᠴᠢᠭ ᠮᠠᠲ᠋ᠧᠷᠢᠶᠠᠯ | ᠬᠤᠷᠠᠯ ᠬᠤᠷᠠᠯᠳᠤᠭᠠᠨ ᠬᠡᠳᠦ ᠤᠯᠠᠨ᠂ ᠲᠤᠭ᠎ᠠ ᠬᠡᠪᠴᠢᠶ᠎ᠠ ᠠᠴᠠ ᠬᠡᠳᠦᠷᠡᠲᠡᠯᠠ ᠺᠠᠳ᠋ᠷ ᠲᠤᠬᠢᠷᠠᠭᠤᠯᠬᠤ ᠵᠡᠷᠭᠡ | ᠠᠰᠠᠭᠤᠳᠠᠯ ᠢ ᠴᠡᠭᠴᠡᠯᠡᠨ ᠵᠠᠰᠠᠵᠤ ᠪᠠᠶᠢᠬᠤ ᠨᠢ ᠡᠷᠴᠢᠮ ᠮᠠᠭᠤᠲᠠᠢ ᠪᠠᠶᠢᠨ᠎ᠠ᠃ ᠡᠭᠦᠨ ᠤ ᠬᠠᠮᠲᠦ᠂ ᠲᠤᠭᠤᠷᠢᠨ | ᠪᠠᠶᠢᠴᠠᠭᠠᠬᠤ ᠳᠤᠭᠤᠶᠢᠯᠠᠩ ᠵᠠᠷᠢᠮ ᠤᠳᠤᠷᠢᠳᠬᠤ ᠺᠠᠳ᠋ᠷ ᠤᠨ ᠲᠤᠬᠠᠢ ᠳᠤᠰᠬᠠᠯ ᠢ ᠤᠯᠵᠤ᠂ ᠬᠤᠯᠪᠤᠭᠳᠠᠯ ᠪᠦᠭᠦᠢ | ᠲᠤᠭᠳᠠᠭᠠᠯ ᠶᠤᠰᠤᠭᠠᠷ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ᠂ ᠲᠦᠪ ᠤᠨ ᠵᠤᠬᠢᠶᠠᠨ ᠪᠠᠶᠢᠭᠤᠯᠬᠤ | ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠵᠠᠢ ᠭᠡᠵᠤ ᠵᠢᠭᠠᠵᠤ ᠭᠠᠷᠭᠠᠪᠠ᠃ ᠶᠧ | ᠴᠢᠩ ᠴᠦᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠲᠤ ᠲᠠᠪᠤᠨ ᠲᠠᠯ᠎ᠠ ᠶᠢᠨ | ᠰᠠᠨᠠᠯ ᠰᠠᠨᠠᠭᠤᠯᠭ᠎ᠠ ᠳᠤᠷᠠᠳᠪᠠ᠃ ᠨᠢᠭᠡ ᠲᠤ᠂ ︽ᠳᠦᠷᠪᠠᠨ ᠤᠬᠠᠮᠰᠠᠷ︾ ᠢ ᠴᠢᠨᠠᠭᠰᠢᠳᠠ ᠳᠡᠭᠡᠭᠰᠢᠯᠡᠭᠦᠯᠵᠤ᠂ ᠨᠠᠮ | ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ | ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠠ | ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠭᠤᠯᠤᠯᠲᠠ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠲᠠ ᠪᠤᠯᠤᠨ ᠰᠢᠨ᠎ᠠ ᠬᠦᠭᠵᠢᠯᠲᠠ ᠶᠢᠨ ᠣᠨᠣᠯᠵᠢᠬᠤᠨ ᠢ ᠨᠠᠶᠢᠳᠠᠪᠤᠷᠢᠵᠢᠭᠤᠯᠵᠤ᠂ ︽ | ᠳᠦᠷᠪᠡᠨ ᠢᠲᠡᠭᠡᠯ︾ ᠢ ᠪᠠᠳᠤᠳᠬᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠨᠠᠮ ᠤᠨ | ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠤᠯᠤᠨ ᠲᠦᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠤᠳᠠᠳᠠᠢ ᠳᠤ ᠨᠠᠶᠢᠳᠠᠪᠤᠷᠢᠵᠢᠭᠤᠯᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠶᠢᠨ ᠡᠷᠬᠡ ᠰᠦᠷ ᠪᠤᠯᠤᠨ ᠲᠦᠪᠯᠡᠷᠡᠭᠰᠡᠨ ᠨᠢᠭᠡᠳᠦᠯᠲᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ | ᠤᠯᠤᠰ ᠲᠦᠷᠦ ᠶᠢᠨ ᠵᠤᠭᠰᠤᠯᠲᠠ ᠪᠤᠯᠤᠨ ᠤᠯᠤᠰ ᠲᠦᠷᠦ ᠶᠢᠨ ᠲᠠᠨᠢᠯᠲᠠ ᠪᠠᠨ ᠳᠡᠭᠡᠭᠰᠢᠯᠡᠭᠦᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ | ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠠ ᠶᠢᠨ ᠬᠡᠯᠪᠡᠷᠢ ᠪᠠᠨ ᠲᠦᠷᠭᠡᠳᠬᠡᠨ | ᠬᠤᠪᠢᠷᠠᠭᠤᠯᠵᠤ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠲᠦᠪ ᠤᠨ ᠲᠤᠶᠢᠯ ᠤᠨ ᠣᠨᠣᠪᠴᠢᠲᠠᠢ ᠪᠠᠷ | ᠶᠠᠳᠠᠭᠤ ᠶᠢ ᠳᠡᠳᠭᠦᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠤᠭ᠎ᠠ | ᠪᠠᠷᠢᠮᠲᠠ ᠶᠢ ᠬᠠᠭᠤᠷᠮᠠᠭ ᠢᠶᠠᠷ ᠵᠤᠬᠢᠶᠠᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ | ᠤᠯᠤᠰ ᠲᠦᠷᠦ ᠶᠢᠨ ᠵᠤᠭᠰᠤᠯᠲᠠ ᠪᠠᠨ ᠴᠢᠨᠠᠭᠰᠢᠳᠠ ᠳᠡᠭᠡᠭᠰᠢᠯᠡᠭᠦᠯᠵᠤ᠂ ᠨᠠᠮ ᠤᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠠᠷᠠᠳᠴᠢᠯᠠᠯ ᠲᠦᠪᠯᠡᠷᠡᠯ ᠤᠨ ᠶᠤᠰᠤ ᠶᠢ ᠨᠠᠷᠢᠨ ᠬᠢᠨᠠᠮᠠᠭᠠᠢ ᠬᠡᠷᠡᠭᠵᠢᠭᠦᠯᠵᠤ᠂ ᠲᠦᠪ ᠤᠨ | ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠶᠢᠳᠠᠪᠤᠷᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠳᠦᠷᠢᠮ ᠲᠤᠭᠳᠠᠭᠠᠯ ᠢ | ᠴᠢᠩᠭ᠎ᠠ ᠰᠠᠬᠢᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠡᠷᠡᠭᠲᠡᠢ᠃ ᠨᠠᠮ ᠤᠨ ᠤᠯᠠᠨ ᠲᠦᠮᠡᠨᠴᠢ | ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ | ᠲᠤᠰᠬᠠᠢ ᠰᠡᠳᠦᠪᠲᠦ ᠬᠦᠮᠦᠵᠢᠯ ᠢᠶᠠᠷ ᠴᠡᠭᠴᠡᠯᠡᠨ ᠵᠠᠰᠠᠬᠤ ᠦᠷ᠎ᠠ ᠪᠦᠲᠦᠭᠡᠯ ᠢ ᠪᠠᠬᠢᠵᠢᠭᠦᠯᠵᠤ᠂ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠤ | ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠳ ᠤᠨ ᠬᠦᠰᠡᠯᠡᠩ ᠢᠲᠡᠭᠡᠯ ᠪᠢᠰᠢᠷᠡᠯ ᠤᠨ ᠬᠦᠮᠦᠵᠢᠯ | ᠢ ᠴᠢᠩᠭᠠᠳᠬᠠᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ | ᠴᠢᠩᠭᠠᠳᠬᠠᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠴᠢᠩᠳᠠᠯᠠᠵᠤ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠤᠯᠤᠰ ᠲᠦᠢᠷᠤ ᠶᠢᠨ | ᠬᠠᠷᠢᠭᠤᠴᠠᠯᠭ᠎ᠠ ᠪᠠᠨ ᠵᠤᠷᠢᠬᠳᠠᠢ ᠡᠬᠦᠷᠬᠡᠯᠡᠬᠦ ᠶᠢ ᠴᠢᠨᠠᠬᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠠᠬᠢᠭᠤᠯᠬᠤ ᠭᠡᠷᠡᠭᠳᠠᠢ᠃ ᠤᠳᠤᠷᠢᠳᠬᠤ ᠪᠠᠬ ᠤᠨ ᠪᠦᠷᠢᠯᠳᠤᠬᠦᠨ ᠪᠤᠯᠤᠨ ᠤᠳᠤᠷᠢᠳᠬᠤ ᠺᠠᠳ᠋ᠷᠴᠤᠳ | ᠤᠨ ᠠᠷᠢᠭᠤᠨ ᠴᠢᠬᠡᠴᠢ ᠶᠢᠨ ᠠᠶᠤᠯ ᠲᠦᠭᠰᠢᠬᠦᠷᠢ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠤᠳᠤᠷᠢᠳᠬᠤ ᠪᠠᠬ | ᠤᠨ ᠲᠤᠰ ᠪᠠᠶ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠠᠬᠢᠯᠭ᠎ᠠ ᠪᠠᠳᠤ ᠶᠢᠨ ᠬᠢᠵᠠᠭᠠᠷᠯᠠᠯ ᠢ ᠴᠢᠩᠭᠠᠳᠬᠠᠬᠤ | ᠭᠡᠷᠡᠭᠳᠠᠢ᠃ ᠰᠠᠬᠢᠯᠭ᠎ᠠ ᠪᠠᠳᠤ ᠶᠢᠨ ᠬᠡᠷᠡᠭᠵᠢᠬᠦᠯᠦᠯᠳᠡ ᠳᠤ ᠬᠢᠨᠠᠯᠳᠠ ᠲᠠᠯᠪᠢᠬᠤ ︽ᠲᠦᠷᠪᠡᠨ ᠵᠤᠶᠢᠯ ᠤᠨ ᠪᠠᠶᠢᠳᠠᠯ︾ | ᠢ ᠰᠠᠶᠢᠳᠤᠷ ᠠᠰᠢᠬᠯᠠᠵᠤ᠂ ᠲᠤᠭᠤᠷᠢᠨ ᠪᠠᠶᠢᠴᠠᠭᠠᠵᠤ ᠰᠢᠯᠵᠢᠬᠦᠯᠤᠨ ᠲᠤᠰᠢᠶᠠᠬᠰᠠᠨ ᠠᠰᠠᠭᠤᠳᠠᠯ ᠤᠨ ᠰᠦᠪᠡᠭᠴᠢ ᠶᠢ | ᠨᠠᠷᠢᠨ ᠬᠢᠨᠠᠮᠠᠭᠠᠢ ᠬᠠᠷᠭᠤᠭᠤᠯᠤᠨ ᠪᠠᠶᠢᠴᠠᠭᠠᠬᠤ ᠭᠡᠷᠡᠭᠳᠠᠢ᠃ ᠲᠦᠪ ᠤᠨ ᠨᠠᠢᠮᠠᠨ ᠲᠤᠭᠳᠠᠭᠠᠯ ᠤᠨ ᠵᠤᠷᠢᠬ ᠰᠠᠨᠠᠭᠠᠨ | ᠤ ᠭᠡᠷᠡᠭᠵᠢᠬᠦᠯᠬᠦ ᠰᠠᠨᠠᠯ ᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠲᠠᠬᠢᠨ ᠡᠮᠬᠢᠯᠡᠨ ᠪᠠᠶᠢᠴᠠᠭᠠᠵᠤ᠂ ᠪᠠᠷᠢᠮᠳᠠᠯᠠᠬᠤ | ᠶᠠᠪᠤᠴᠠ ᠳᠤ ᠬᠦᠨᠵᠡᠬᠡᠶᠢᠷᠡᠬᠦᠯᠤᠨ ᠬᠦᠨᠵᠡᠬᠡᠶᠢᠷᠡᠬᠦᠯᠬᠦ ᠶᠠᠪᠤᠴᠠ ᠳᠤ ᠪᠠᠷᠢᠮᠳᠠᠯᠠᠵᠤ᠂ ᠰᠦᠷᠬᠡᠬᠦᠯᠤᠨ ᠰᠠᠬᠢᠯᠭ᠎ᠠ | ᠪᠠᠳᠤ ᠠᠴᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠬᠡᠬᠦ ᠭᠡᠷᠡᠭᠳᠠᠢ᠃ ᠲᠦᠷᠪᠡ ᠳᠤ᠂ ᠬᠦᠮᠤᠨ ᠭᠡᠷᠡᠭᠯᠡᠬᠦ ᠵᠦᠪ | ᠤᠳᠤᠷᠢᠳᠤᠮᠵᠢ ᠶᠢ ᠴᠢᠨᠠᠬᠰᠢᠳᠠ ᠪᠤᠢ ᠪᠤᠯᠭᠠᠵᠤ᠂ ᠺᠠᠳ᠋ᠷ ᠢ ᠰᠢᠯᠢᠨ ᠲᠡᠪᠰᠢᠬᠦᠯᠬᠦ ᠪᠠ ᠬᠠᠮᠢᠶᠠᠷᠬᠤ ᠶᠢ ᠴᠢᠩᠭᠠᠳᠬᠠᠬᠤ | ᠭᠡᠷᠡᠭᠳᠠᠢ᠃ ᠨᠠᠮ ᠤᠨ ᠺᠠᠳ᠋ᠷ ᠢ ᠬᠠᠮᠢᠶᠠᠷᠬᠤ ᠵᠠᠷᠴᠢᠮ ᠪᠤᠯᠤᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠳᠠᠯᠠᠵᠤ᠂ | ᠬᠦᠮᠤᠨ ᠰᠤᠩᠭᠤᠬᠤ ᠬᠦᠮᠤᠨ ᠭᠡᠷᠡᠭᠯᠡᠬᠦ ᠪᠤᠭᠤᠮᠳᠠ ᠶᠢ ᠴᠢᠩᠭ᠎ᠠ ᠡᠵᠡᠮᠳᠡᠵᠤ᠂ ᠠᠰᠠᠭᠤᠳᠠᠯ ᠲᠠᠢ ᠪᠠᠶᠢᠳᠠᠯ᠎ᠠ ᠰᠢᠯᠢᠨ | ᠲᠡᠪᠰᠢᠬᠦᠯᠬᠦ᠂ ᠠᠰᠠᠭᠤᠳᠠᠯ ᠲᠠᠢ ᠪᠠᠶᠢᠳᠠᠯ᠎ᠠ ᠠᠵᠢᠯ ᠤᠨ ᠪᠠᠶᠢᠷᠢᠨ ᠲᠤ ᠭᠠᠷᠭᠠᠬᠤ᠂ ᠲᠤᠷ᠎ᠠ ᠪᠠᠷ ᠢᠶᠠᠨ ᠲᠠᠬᠢᠨ | ᠲᠠᠪᠳᠠᠨ ᠺᠠᠳ᠋ᠷ ᠢ ᠰᠢᠯᠵᠢᠬᠦᠯᠵᠤ ᠲᠤᠬᠢᠷᠠᠭᠤᠯᠬᠤ ᠶᠢ ᠡᠷᠡᠰ ᠴᠠᠭᠠᠵᠠᠯᠠᠬᠤ ᠭᠡᠷᠡᠭᠳᠠᠢ᠃ ᠬᠦᠮᠤᠨ ᠰᠤᠩᠭᠤᠬᠤ ᠬᠦᠮᠤᠨ | ᠭᠡᠷᠡᠭᠯᠡᠬᠦ ᠬᠠᠷᠠᠴᠠ ᠪᠠᠨ ᠬᠤᠯᠠ ᠲᠠᠯᠪᠢᠵᠤ᠂ ᠤᠷᠤᠨ ᠲᠤᠭ᠎ᠠ ᠠᠴᠠ ᠬᠡᠳᠤᠷᠡᠬᠦᠯᠤᠨ ᠺᠠᠳ᠋ᠷ ᠲᠤᠬᠢᠷᠠᠭᠤᠯᠬᠤ | ᠠᠰᠠᠭᠤᠳᠠᠯ ᠢ ᠴᠡᠭᠴᠡᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷ ᠢ ᠰᠢᠯᠢᠨ ᠲᠡᠪᠰᠢᠬᠦᠯᠬᠦ ᠲᠡᠰ | ᠲᠠᠷᠠᠭᠠᠯᠠᠯ ᠢ ᠴᠢᠩᠭᠠᠳᠬᠠᠵᠤ᠂ ᠺᠠᠳ᠋ᠷᠴᠤᠳ ᠤᠨ ᠡᠳᠤᠷ ᠲᠤᠳᠤᠮ ᠤᠨ ᠬᠠᠮᠢᠶᠠᠷᠤᠯᠳᠠ ᠶᠢ ᠦᠨᠡᠨᠬᠦ ᠴᠢᠩᠭᠠᠳᠬᠠᠬᠤ | ᠭᠡᠷᠡᠭᠳᠠᠢ᠃ ᠲᠠᠪᠤ ᠳᠤ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ ᠭᠤᠤᠯ ᠴᠤᠬᠴᠠ ᠶᠢᠨ | ᠬᠠᠷᠢᠭᠤᠴᠠᠯᠭ᠎ᠠ ᠶᠢ ᠴᠢᠨᠠᠬᠰᠢᠳᠠ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠠᠨ ᠰᠠᠶᠢᠵᠢᠷᠠᠭᠤᠯᠬᠤ | ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ᠃ ᠲᠤᠤᠷ᠎ᠠ ᠱᠠᠳᠤᠨ ᠠᠴᠠ ᠲᠡᠭᠡᠷ᠎ᠠ ᠱᠠᠳᠤ ᠶᠢ | ᠦᠵᠡᠬᠦ ᠶᠢ ᠪᠠᠷᠢᠮᠳᠠᠯᠠᠵᠤ᠂ ᠲᠤᠭᠤᠷᠢᠨ ᠪᠠᠶᠢᠴᠠᠭᠠᠬᠤ ᠲᠤ ᠢᠯᠡᠷᠡᠬᠦᠯᠦᠭᠰᠡᠨ ᠠᠰᠠᠭᠤᠳᠠᠯ ᠲᠠᠢ ᠬᠠᠷᠭᠤᠭᠤᠯᠤᠨ | ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠤ᠂ ᠠᠰᠠᠭᠤᠳᠠᠯ ᠤᠨ ᠤᠬ ᠦᠨᠳᠤᠰᠤ ᠶᠢ | ᠬᠦᠨᠵᠡᠬᠡᠢ ᠵᠠᠳᠠᠯᠤᠨ ᠨᠢᠬᠡ ᠠᠴᠠ ᠵᠤᠶᠢᠴᠢᠯᠠᠵᠤ ᠨᠦᠬᠦᠬᠡ ᠶᠢ ᠮᠡᠳᠡᠬᠦ ᠭᠡᠷᠡᠭᠳᠠᠢ᠃ ᠴᠡᠭᠴᠡᠯᠠᠨ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠨᠠᠷᠢᠨ ᠬᠢᠨᠠᠮᠠᠭᠠᠢ ᠴᠡᠭᠴᠡᠯᠠᠨ ᠰᠠᠶᠢᠵᠢᠷᠠᠭᠤᠯᠬᠤ ᠦᠬᠡᠢ᠂ ᠬᠦᠩᠬᠡᠨ ᠬᠠᠭᠤᠮᠠᠭᠠᠢ | ᠬᠠᠰᠢ ᠶᠠᠰᠢ ᠤᠷᠤᠬᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠠᠢ᠃ ᠲᠤᠭᠤᠷᠢᠨ ᠪᠠᠶᠢᠴᠠᠭᠠᠬᠰᠠᠨ ᠦᠷ᠎ᠠ | ᠪᠦᠳᠤᠬᠡᠯ ᠢ ᠰᠠᠶᠢᠳᠤᠷ ᠠᠰᠢᠬᠯᠠᠵᠤ ᠴᠡᠭᠴᠡᠯᠠᠨ ᠰᠠᠶᠢᠵᠢᠷᠠᠭᠤᠯᠬᠤ ᠪᠠᠷ ᠠᠵᠠ ᠲᠤᠬᠢᠶᠠᠯ ᠪᠤᠯᠭᠠᠵᠤ᠂ ᠦᠬᠡᠷᠡᠴᠢᠯᠠᠯᠳᠠ | ᠶᠢ ᠠᠬᠢᠭᠤᠯᠤᠨ ᠬᠦᠭᠵᠢᠯᠳᠠ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠭᠤᠵᠢᠭᠤ ᠰᠤᠯᠠ | ᠵᠦᠬᠡᠯᠡᠨ ᠪᠠᠶᠢᠭᠰᠠᠨ ᠠᠴᠠ ᠬᠠᠳᠠᠭᠤ ᠴᠢᠩᠭ᠎ᠠ ᠲᠡᠰᠢ ᠠᠬᠢᠭᠤᠯᠬᠤ ᠭᠡᠷᠡᠭᠳᠠᠢ᠃ | ᠴᠧᠨ ᠰᠢ ᠲᠤᠭᠤᠷᠢᠨ ᠪᠠᠶᠢᠴᠠᠭᠠᠯᠳᠠ ᠴᠡᠭᠴᠡᠯᠡᠨ ᠰᠠᠶᠢᠵᠢᠷᠠᠭᠤᠯᠤᠯᠳᠠ ᠲᠤ ᠳᠤᠳᠤᠷᠬᠠᠢ ᠱᠠᠭᠠᠷᠳᠠᠯᠭ᠎ᠠ | ᠲᠤᠷᠠᠳᠴᠤ᠂ ᠲᠤᠭᠤᠷᠢᠨ ᠪᠠᠶᠢᠴᠠᠭᠠᠬᠤ ᠪᠤᠯ ᠠᠰᠠᠭᠤᠳᠠᠯ ᠢ ᠢᠯᠡᠷᠡᠬᠦᠯᠵᠤ᠂ ᠴᠡᠭᠴᠡᠯᠠᠨ ᠰᠠᠶᠢᠵᠢᠷᠠᠭᠤᠯᠬᠤ ᠪᠤᠯ | ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠃ ᠲᠤᠭᠤᠷᠢᠨ ᠪᠠᠶᠢᠴᠠᠭᠠᠬᠤ ᠪᠤᠯ ᠤᠯᠤᠰ ᠲᠦᠷᠤ ᠶᠢᠨ ︽ᠦᠩᠬᠡᠷᠡᠯᠳᠠ︾ | ᠂ ᠴᠡᠭᠴᠡᠯᠠᠨ ᠰᠠᠶᠢᠵᠢᠷᠠᠭᠤᠯᠬᠤ ᠪᠤᠯ ᠤᠯᠤᠰ ᠲᠦᠷᠤ ᠶᠢᠨ ᠡᠬᠦᠷᠬᠡ ᠪᠤᠯᠤᠨ᠎ᠠ᠃ ᠦᠪᠤᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ︽ᠲᠦᠷᠪᠡᠨ ᠤᠬᠠᠮᠰᠠᠷ︾ ᠢᠶᠠᠨ ᠲᠡᠭᠡᠭᠰᠢᠯᠡᠬᠦᠯᠵᠤ᠂ ᠤᠯᠤᠰ | ᠲᠦᠷᠤ ᠶᠢᠨ ᠬᠠᠷᠢᠭᠤᠴᠠᠯᠭ᠎ᠠ ᠪᠠᠨ ᠴᠢᠩᠭᠠᠳᠬᠠᠨ ᠲᠤᠭᠤᠷᠢᠨ ᠪᠠᠶᠢᠴᠠᠭᠠᠬᠤ ᠲᠤ ᠢᠯᠡᠷᠡᠬᠦᠯᠦᠭᠰᠡᠨ ᠠᠰᠠᠭᠤᠳᠠᠯ ᠢ | ᠵᠠᠯᠠᠷᠠᠭᠤᠯᠵᠤ᠂ ᠨᠢᠬᠡᠳ ᠨᠢᠬᠡ ᠪᠠᠷ ᠠᠳᠬᠤᠵᠤ᠂ ︽ᠲᠦᠷᠪᠡᠨ ᠤᠬᠠᠮᠰᠠᠷ︾ ᠢ ᠪᠤᠳᠠᠳᠠᠢ ᠠᠵᠢᠯᠯᠠᠭ᠎ᠠ ᠲᠡᠭᠡᠷ᠎ᠠ ᠪᠠᠨ | ᠢᠯᠡᠷᠡᠬᠦᠯᠬᠦ ᠭᠡᠷᠡᠭᠳᠠᠢ᠃ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠢ | ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠠᠰᠠᠭᠤᠳᠠᠯ ᠤᠨ ᠤᠬ ᠦᠨᠳᠤᠰᠤ ᠶᠢ ᠬᠦᠨᠵᠡᠬᠡᠢ ᠮᠠᠯᠳᠠᠵᠤ ᠲᠤᠶᠢᠯ ᠤᠨ | ᠣᠨᠣᠪᠴᠢᠲᠠᠢ ᠪᠠᠷ ᠬᠦᠴᠤᠯᠠᠨ ᠶᠠᠷᠤᠩᠬᠡᠶᠢᠯᠠᠨ ᠭᠡᠷᠡᠭᠵᠢᠬᠦᠯᠵᠤ᠂ ᠤᠳᠤᠬᠠᠨ ᠳᠤ ᠰᠠᠶᠢᠵᠢᠷᠠᠭᠤᠯᠬᠤ ᠠᠷᠭ᠎ᠠ ᠬᠡᠮᠵᠢᠶ᠎ᠠ | ᠪᠠᠶᠢᠬᠤ ᠪᠠᠷ ᠪᠠᠷᠠᠬᠤ ᠦᠬᠡᠢ ᠪᠠᠰᠠ ᠤᠷᠳᠤ ᠬᠤᠭᠤᠴᠠᠭ᠎ᠠ ᠪᠦᠳᠤᠮᠵᠢᠳᠠᠢ ᠪᠠᠶᠢᠬᠤ ᠲᠤᠭᠳᠠᠴᠠ ᠶᠢ | ᠲᠡᠬᠦᠯᠳᠡᠷᠵᠢᠬᠦᠯᠵᠤ᠂ ᠵᠤᠶᠢᠯ ᠪᠦᠬᠦᠨ ᠢ ᠴᠡᠭᠴᠡᠯᠠᠨ ᠰᠠᠶᠢᠵᠢᠷᠠᠭᠤᠯᠵᠤ᠂ ᠠᠰᠠᠭᠤᠳᠠᠯ ᠪᠦᠬᠦᠨ ᠢ | ᠨᠠᠶᠢᠳᠠᠪᠤᠷᠢᠵᠢᠭᠤᠯᠬᠤ ᠭᠡᠷᠡᠭᠳᠠᠢ᠃ ᠨᠠᠮ ᠤᠨ ᠬᠤᠷᠢᠶ᠎ᠠ ᠶᠢᠨ ᠱᠦᠵᠢ ᠪᠤᠯᠤᠨ ᠤᠳᠤᠷᠢᠳᠬᠤ ᠪᠠᠬ ᠤᠨ ᠪᠦᠷᠢᠯᠳᠤᠬᠦᠨ | ᠦᠪᠡᠷ ᠢ ᠪᠠᠨ ᠵᠢᠬᠰᠠᠭᠠᠨ ᠤᠷᠤᠭᠤᠯᠵᠤ᠂ ᠤᠬᠠᠮᠰᠠᠷ ᠠᠴᠠ ᠪᠠᠨ ᠨᠠᠮ ᠤᠨ ᠲᠦᠯᠤᠬᠡ ᠵᠤᠷᠢᠬᠳᠠᠢ ᠬᠠᠷᠢᠭᠤᠴᠠᠵᠤ ᠨᠠᠮ | ᠤᠨ ᠲᠦᠯᠤᠬᠡ ᠬᠠᠷᠢᠭᠤᠴᠠᠯᠭ᠎ᠠ ᠪᠠᠨ ᠬᠦᠢᠴᠡᠳᠬᠡᠨ ᠨᠠᠮ ᠤᠨ ᠲᠦᠯᠤᠬᠡ ᠬᠠᠷᠢᠭᠤᠴᠠᠯᠭ᠎ᠠ ᠡᠬᠦᠷᠬᠡᠯᠠᠵᠤ᠂ | ᠤᠬᠠᠮᠰᠠᠷ ᠠᠴᠠ ᠪᠠᠨ ᠬᠠᠷᠢᠭᠤᠴᠠᠯᠭ᠎ᠠ ᠶᠢ ᠲᠠᠭᠠᠭᠠᠨ ᠠᠪᠴᠤ᠂ ᠲᠠᠭᠠᠭᠤᠯᠤᠨ ᠴᠡᠭᠴᠡᠯᠠᠨ ᠰᠠᠶᠢᠵᠢᠷᠠᠭᠤᠯᠵᠤ᠂ | ᠡᠬᠦᠷᠬᠡ ᠶᠢ ᠰᠢᠮᠳᠠᠭᠤᠯᠵᠤ ᠠᠬᠢᠴᠠ ᠶᠢ ᠰᠢᠮᠳᠠᠭᠤᠯᠤᠨ ᠦᠷ᠎ᠠ ᠠᠰᠢᠬ ᠢ ᠰᠢᠮᠳᠠᠭᠤᠯᠵᠤ᠂ ᠲᠠᠨᠢᠯᠳᠠ ᠶᠢ ᠪᠠᠶᠢᠴᠠᠭᠠᠵᠤ | ᠬᠠᠷᠢᠭᠤᠴᠠᠯᠭ᠎ᠠ ᠶᠢ ᠪᠠᠶᠢᠴᠠᠭᠠᠨ ᠰᠤᠷᠳᠠᠯ ᠢ ᠪᠠᠶᠢᠴᠠᠭᠠᠵᠤ᠂ ᠦᠨᠡᠨ ᠵᠦᠪᠰᠢᠶᠡᠷᠡᠵᠤ ᠦᠨᠡᠨ ᠰᠡᠩᠬᠡᠷᠡᠨ ᠦᠨᠡᠨ | ᠴᠡᠭᠴᠡᠯᠠᠨ ᠰᠠᠶᠢᠵᠢᠷᠠᠭᠤᠯᠵᠤ ᠦᠨᠡᠨ ᠬᠠᠷᠢᠭᠤᠴᠠᠵᠤ᠂ ᠲᠤᠭᠤᠷᠢᠨ ᠪᠠᠶᠢᠴᠠᠭᠠᠬᠰᠠᠨ ᠦᠷ᠎ᠠ ᠪᠦᠳᠤᠬᠡᠯ ᠤᠨ | ᠬᠡᠷᠡᠭᠵᠢᠬᠦᠯᠦᠯᠳᠡ ᠪᠤᠯᠤᠨ ᠴᠡᠭᠴᠡᠯᠠᠨ ᠰᠠᠶᠢᠵᠢᠷᠠᠭᠤᠯᠤᠬᠰᠠᠨ ᠦᠷ᠎ᠠ ᠪᠦᠳᠤᠮᠵᠢ ᠪᠠᠷ ᠨᠠᠮ ᠤᠨ ᠠᠷᠪᠠ ᠶᠢᠰᠤᠳᠤᠭᠡᠷ | ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠬᠳᠤᠬᠤ ᠭᠡᠷᠡᠭᠳᠠᠢ᠃ ᠲᠤᠭᠤᠷᠢᠨ ᠪᠠᠶᠢᠴᠠᠭᠠᠵᠤ ᠴᠡᠭᠴᠡᠯᠠᠨ | ᠰᠠᠶᠢᠵᠢᠷᠠᠭᠤᠯᠤᠬᠰᠠᠨ ᠪᠠᠶᠢᠳᠠᠯ ᠢ ᠵᠤᠬᠢᠬᠤ ᠬᠡᠯᠪᠡᠷᠢ ᠪᠠᠷ ᠨᠡᠶᠢᠬᠡᠮ ᠨᠡᠶᠢᠳᠡ ᠳᠤ ᠨᠡᠶᠢᠳᠠᠯᠠᠵᠤ᠂ ᠺᠠᠳ᠋ᠷ ᠤᠯᠠᠨ ᠲᠦᠮᠡᠨ | ᠤ ᠬᠢᠨᠠᠯᠳᠠ ᠶᠢ ᠬᠦᠯᠢᠶᠠᠵᠤ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ | ᠠᠯᠪᠠᠨ ᠭᠡᠷ ᠤᠨ ᠬᠢᠨ ᠴᠠᠭ ᠲᠤᠨᠢ ᠲᠤᠬᠢᠷᠠᠭᠤᠯᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠵᠤ | ᠦᠷᠨᠢᠭᠦᠯᠬᠦ ᠪᠤᠯᠤᠨ᠎ᠠ ᠬᠡᠵᠤ ᠴᠢᠬᠤᠯᠠᠴᠢᠯᠠᠪᠠ᠃ | ᠯᠢ ᠵᠢᠢ ᠡᡁᠧᠩ ᠤᠪᠤᠷ ᠢᠶᠠᠨ ᠢᠯᠡᠳᠬᠡᠬᠦ ᠶᠠᠷᠢᠶᠠᠨ ᠳᠠᠭᠠᠨ᠂ ᠲᠦᠪ ᠤᠨ ᠬᠤᠶᠠᠳᠤᠭᠠᠷ ᠲᠤᠭᠤᠷᠢᠨ | ᠪᠠᠶᠢᠴᠠᠭᠠᠬᠤ ᠲᠤᠭᠤᠶᠢᠯᠠᠩ ᠮᠠᠨ ᠤ ᠤᠷᠤᠨ ᠳᠤ ᠲᠤᠭᠤᠷᠢᠨ ᠪᠠᠶᠢᠴᠠᠭᠠᠵᠤ ︽ᠡᠷᠬᠢᠵᠤ ᠬᠠᠷᠠᠬᠤ︾ ᠠᠵᠢᠯ | ᠦᠷᠨᠢᠬᠦᠯᠦᠭᠰᠡᠨ ᠨᠢ ᠦᠪᠤᠷ ᠮᠤᠩᠭᠤᠯ ᠤᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ᠂ ᠨᠠᠮ ᠤᠨ ᠪᠠᠶᠢᠭᠤᠯᠤᠯᠳᠠ | ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠨᠢᠬᠡ ᠤᠳᠠᠭ᠎ᠠ ᠶᠢᠨ | ᠤᠯᠤᠰ ᠲᠦᠷᠤ ᠶᠢᠨ ᠪᠠᠶᠢᠴᠠᠭᠠᠯᠳᠠ ᠪᠤᠯᠤᠨ ︽ᠰᠤᠳᠠᠯ ᠪᠠᠷᠢᠬᠤ ᠤᠨᠤᠰᠢᠯᠠᠯᠳᠠ︾ ᠪᠠᠶᠢᠵᠤ᠂ ᠮᠦᠨᠴᠤ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠬ ᠪᠤᠯᠤᠨ ᠨᠠᠮ ᠤᠨ ᠬᠡᠰᠢᠬᠦᠨ ᠤᠳᠤᠷᠢᠳᠬᠤ ᠺᠠᠳ᠋ᠷ | ᠤᠨ ᠡᠩᠨᠡᠭᠡ ᠳᠤ ᠦᠭᠬᠦᠭᠰᠡᠨ ᠨᠢᠬᠡ ᠤᠳᠠᠭ᠎ᠠ ᠶᠢᠨ ᠨᠠᠮᠴᠢ ᠴᠢᠨᠠᠷ ᠤᠨ ᠬᠠᠳᠠᠭᠤᠵᠢᠯ ᠪᠠ ᠰᠡᠷᠡᠮᠵᠢᠯᠡᠬᠦᠯᠤᠯ ᠤᠨ | ᠬᠦᠮᠤᠵᠢᠯ ᠪᠤᠯᠤᠨ᠎ᠠ᠃ ᠡᠨᠡ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ | ᠦᠪᠤᠷ ᠮᠤᠩᠭᠤᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ ᠳᠤᠳᠤᠨᠤ ᠪᠠᠷ ᠬᠠᠯᠠᠮᠵᠢᠯᠠᠵᠤ ᠪᠠᠶᠢᠬᠤ ᠶᠢ ᠬᠦᠢᠴᠡᠳ | ᠬᠠᠷᠠᠭᠤᠯᠵᠤ ᠪᠠᠶᠢᠨ᠎ᠠ᠃ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠬᠰᠠᠨ | ᠠᠰᠠᠭᠤᠳᠠᠯ ᠪᠦᠷᠢ ᠨᠢ ᠭᠤᠤᠯ ᠵᠦᠢᠯ ᠢ ᠲᠤᠰᠬᠠᠵᠤ᠂ ᠬᠦᠮᠦᠰ ᠢ ᠭᠦᠨ ᠪᠤᠳᠤᠯᠭᠠᠰᠢᠷᠠᠭᠤᠯᠵᠤ᠂ ᠬᠦᠮᠦᠰ ᠢ | ᠰᠡᠷᠡᠮᠵᠢᠯᠡᠭᠦᠯᠦᠨ᠎ᠡ︔ ᠳᠤᠷᠠᠳᠤᠬᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢᠨ ᠵᠤᠬᠰᠤᠯᠳᠠ ᠦᠨᠳᠦᠷ᠂ | ᠪᠤᠲᠠᠲᠠᠢ ᠳᠤ ᠨᠡᠶᠢᠴᠡᠨ ᠠᠮᠢᠨ ᠭᠠᠵᠠᠷ ᠲᠤ ᠤᠨᠤᠭᠠᠪᠠ᠂ ᠪᠢᠳᠠ ᠯᠠᠪᠳᠠᠢ ᠴᠢᠩ ᠦᠨᠡᠨᠴᠢ ᠪᠠᠷ ᠳᠠᠩᠰᠠ ᠬᠡᠪ ᠢᠶᠠᠷ ᠨᠢ | ᠪᠦᠬᠦᠨ ᠢ ᠬᠦᠯᠢᠶᠡᠨ ᠠᠪᠴᠤ᠂ ᠲᠦᠪ ᠬᠤᠷᠢᠶᠠᠨ ᠤ ᠱᠠᠭᠠᠷᠳᠠᠯᠭ᠎ᠠ ᠶᠢ ᠴᠢᠩᠭ᠎ᠠ ᠦᠨᠳᠦᠰᠦᠯᠡᠨ ᠡᠷᠡᠰ | ᠲᠤᠶᠢᠯᠪᠤᠷᠢᠲᠠᠢ᠂ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠨ᠎ᠠ᠃ ᠲᠤᠰ | ᠤᠳᠠᠭ᠎ᠠ ᠶᠢᠨ ᠬᠠᠷᠢᠭᠤ ᠲᠤᠰᠬᠠᠬᠤ ᠬᠤᠷᠠᠯ ᠤᠨ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠠᠴᠠ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠪᠦᠬᠦ ᠤᠷᠤᠨ ᠤ ᠲᠤᠭᠤᠷᠢᠨ | ᠪᠠᠶᠢᠴᠠᠭᠠᠵᠤ ︽ᠡᠷᠬᠢᠵᠦ ᠬᠠᠷᠠᠭᠰᠠᠨ︾ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ | ᠳᠠᠶᠢᠴᠢᠯᠠᠯᠳᠠ ᠶᠢᠨ ᠬᠤᠷᠠᠯ᠂ ᠲᠤᠰᠬᠠᠢ ᠰᠡᠳᠦᠪᠲᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠠᠷᠤᠢ ᠲᠦᠷᠭᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠠᠰᠠᠭᠤᠳᠠᠯ ᠤᠨ ᠡᠬᠢ ᠦᠨᠳᠦᠰᠦ ᠶᠢ | ᠬᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠤᠨ ᠦᠵᠡᠯ ᠰᠠᠨᠠᠭ᠎ᠠ ᠪᠡ ᠦᠢᠯᠡ | ᠠᠵᠢᠯᠯᠠᠭ᠎ᠠ ᠪᠠᠨ ᠲᠦᠪ ᠤᠨ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ | ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠤᠲᠠᠲᠠᠢ ᠠᠵᠢᠯᠯᠠᠭ᠎ᠠ ᠪᠠ ᠦᠷ᠎ᠡ ᠪᠦᠲᠦᠮᠵᠢ ᠪᠠᠷ ᠤᠯᠤᠰ | ᠲᠦᠷᠦ ᠶᠢᠨ ᠦᠨᠡᠨᠴᠢ ᠰᠢᠳᠤᠷᠭᠤ ᠪᠠᠨ ᠳᠤᠳᠤᠷᠬᠠᠶᠢᠯᠠᠨ ᠲᠠᠶᠢᠯᠪᠤᠷᠢᠯᠠᠨ᠎ᠠ ᠬᠡᠵᠥ ᠵᠢᠭᠠᠵᠥ ᠭᠠᠷᠭᠠᠪᠠ᠃ | ᠯᠢ ᠵᠢᠢ ᠾᠧᠩ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠬ ᠰᠠᠨᠠᠭ᠎ᠠ | ᠪᠠ ᠲᠦᠷᠦ ᠶᠢ ᠵᠠᠰᠠᠵᠤ ᠵᠠᠰᠠᠬ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ | ᠲᠤᠤᠱᠯᠠᠭᠤᠯᠵᠤ᠂ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠵᠤ ︽ᠳᠦᠷᠪᠡᠨ ᠢᠲᠡᠭᠡᠯ︾ ᠢ ᠪᠠᠲᠤᠳᠬᠠᠨ᠂ | ᠴᠠᠬ ᠢᠮᠠᠬᠲᠠ ᠤᠴᠢᠷ ᠶᠠᠪᠤᠳᠠᠯ ᠪᠤᠯᠭᠠᠨ ᠢ ᠨᠠᠮ ᠤᠨ ᠲᠦᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠵᠤ᠂ ᠨᠠᠮ ᠤᠨ | ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠨᠢᠭᠡᠳᠦᠯᠲᠡᠢ ᠪᠠᠶᠢᠯᠭᠠᠵᠤ᠂ ᠨᠠᠮ ᠤᠨ ᠲᠦᠪ | ᠬᠤᠷᠢᠶ᠎ᠠ ᠶᠢᠨ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠦᠯᠲᠡᠢ ᠪᠠᠶᠢᠯᠭᠠᠵᠤ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠬᠲᠠ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠠᠨ ᠪᠤᠯᠭᠠᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠲᠤᠯᠤᠭᠠᠶᠢᠯᠠᠨ ᠴᠡᠭᠴᠡᠯᠡᠨ ᠰᠠᠶᠢᠵᠢᠷᠠᠭᠤᠯᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠠᠷᠭ᠎ᠠ ᠪᠠᠷᠢᠯ ᠢ ᠨᠠᠷᠢᠯᠢᠬᠵᠢᠭᠤᠯᠬᠤ ᠶᠢ ᠴᠢᠩᠭ᠎ᠠ ᠠᠳᠬᠤᠵᠤ | ᠂ ᠠᠪᠤᠨ ᠳᠤᠤᠷ᠎ᠠ ᠪᠠᠨ ᠰᠢᠢᠳᠪᠦᠷᠢᠯᠡᠵᠦ ᠪᠤᠯᠬᠤ ᠶᠢ ᠨᠢ ᠴᠦᠮ ᠲᠡᠷᠡ ᠳᠤᠤᠷ᠎ᠠ ᠨᠢ ᠴᠡᠭᠴᠡᠯᠡᠨ ᠦᠭᠡᠷᠡᠴᠢᠯᠡᠵᠦ᠂ | ᠲᠡᠷᠡ ᠳᠤᠤᠷ᠎ᠠ ᠨᠢ ᠠᠮᠵᠢᠯᠲᠠ ᠤᠯᠬᠤ ᠬᠡᠷᠡᠭᠲᠡᠢ︔ ᠦᠷᠬᠦᠯᠵᠢᠯᠡᠨ ᠪᠤᠭᠤᠮᠲᠠ ᠰᠢᠪᠲᠤᠯᠬᠤ ᠴᠢᠬᠤᠯᠠᠳᠠᠢ ᠳᠤᠨᠢ ᠴᠠᠬ | ᠤᠨ ᠬᠢᠵᠠᠭᠠᠷ ᠳᠤᠬᠲᠠᠭᠠᠵᠤ ᠴᠢᠩᠭ᠎ᠠ ᠠᠳᠬᠤᠨ ᠠᠬᠢᠭᠤᠯᠵᠤ᠂ ᠨᠢᠬᠡ ᠨᠢᠬᠡ ᠵᠤᠷᠪᠤᠰ ᠢᠶᠠᠷ ᠵᠠᠰᠠᠨ ᠵᠠᠯᠠᠷᠠᠭᠤᠯᠵᠤ᠂ | ᠪᠤᠷᠤᠭᠤ ᠶᠢ ᠵᠠᠯᠠᠷᠠᠭᠤᠯᠵᠤ᠂ ᠬᠡᠯᠪᠡᠶᠢᠷᠡᠯ ᠢ ᠵᠠᠯᠠᠷᠠᠭᠤᠯᠵᠤ᠂ ᠠᠰᠠᠭᠤᠳᠠᠯ ᠢ ᠲᠤᠭᠤᠷᠠᠳᠠᠯ᠎ᠠ ᠰᠢᠢᠳᠪᠤᠷᠢᠯᠡᠬᠦ ᠦᠭᠡᠢ | ᠪᠤᠯ ᠬᠠᠶᠠᠬᠤ ᠦᠭᠡᠢ᠂ ᠲᠤᠶᠢᠯᠪᠤᠷᠢᠲᠠᠢ ᠰᠢᠢᠳᠪᠦᠷᠢᠯᠡᠬᠦ ᠦᠭᠡᠢ ᠪᠤᠯ ᠲᠠᠯᠪᠢᠬᠤ ᠦᠭᠡᠢ᠂ ᠲᠤᠤᠱᠲᠠᠯᠠ ᠴᠡᠭᠴᠡᠯᠡᠨ | ᠰᠠᠶᠢᠵᠢᠷᠠᠭᠤᠯᠬᠤ ᠦᠭᠡᠢ ᠪᠤᠯ ᠵᠤᠬᠰᠤᠬᠤ ᠦᠭᠡᠢ ᠪᠠᠶᠢᠵᠤ᠂ ᠠᠰᠠᠭᠤᠳᠠᠯ ᠪᠤᠯᠭᠠᠨ ᠢ ᠴᠡᠭᠴᠡᠯᠡᠨ ᠰᠠᠶᠢᠵᠢᠷᠠᠭᠤᠯᠵᠤ | ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠦᠴᠦ ᠪᠠᠨ ᠲᠦᠪᠯᠡᠷᠡᠬᠦᠯᠦᠨ ᠤᠯᠤᠰ ᠲᠦᠷᠦ ᠶᠢᠨ | ᠠᠮᠢ ᠠᠬᠤᠢ ᠶᠢ ᠪᠤᠢ ᠪᠤᠯᠭᠠᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ | ᠺᠠᠳ᠋ᠷ ᠰᠤᠩᠭᠤᠨ ᠬᠡᠷᠡᠭᠯᠡᠬᠦ ᠪᠠ ᠬᠢᠨᠠᠯᠲᠠ ᠲᠠᠯᠪᠢᠨ ᠬᠠᠮᠢᠶᠠᠷᠬᠤ ᠠᠵᠢᠯ ᠢ ᠴᠢᠩᠭᠠᠳᠬᠠᠨ᠂ ᠦᠵᠡᠯ ᠰᠠᠨᠠᠭ᠎ᠠ ᠪᠠ | ᠳᠦᠷᠢᠮ ᠤᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠲᠠᠰᠤᠷᠠᠯᠳᠠ ᠦᠬᠡᠢ ᠬᠦᠨᠵᠡᠬᠡᠶᠢᠷᠡᠬᠦᠯᠤᠨ ᠬᠦᠭᠵᠢᠬᠦᠯᠬᠦ ᠬᠡᠷᠡᠭᠳᠠᠢ᠃ ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠᠷ ᠳᠤᠬᠢᠶᠠᠯ ᠪᠤᠯᠭᠠᠨ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ | ᠬᠦᠴᠦᠯᠡᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠬᠲᠤᠵᠤ᠂ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ | ᠤᠢ ᠶᠢ ᠪᠡᠯᠭᠡᠯᠡᠬᠦ ᠬᠡᠷᠡᠭᠲᠡᠢ ᠭᠡᠵᠥ ᠴᠢᠬᠤᠯᠠᠴᠢᠯᠠᠪᠠ᠃ | ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠤᠯᠪᠤᠬᠳᠠᠯ ᠪᠦᠬᠦᠢ ᠪᠦᠷᠢᠯᠳᠦᠬᠦᠨ᠂ | ᠲᠦᠪ ᠤᠨ ᠲᠤᠭᠤᠷᠢᠨ ᠪᠠᠶᠢᠴᠠᠭᠠᠬᠤ ᠠᠯᠪᠠᠨ ᠭᠡᠷ ᠤᠨ ᠬᠤᠯᠪᠤᠬᠳᠠᠯ ᠪᠦᠬᠦᠢ ᠨᠦᠭᠦᠳ᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠳᠤᠷᠢᠳᠬᠤ ᠪᠠᠬ ᠤᠨ ᠪᠦᠷᠢᠯᠳᠦᠬᠦᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠤᠷ | ᠵᠡᠷᠭᠡ ᠶᠢᠨ ᠰᠢᠭᠦᠭᠦ ᠬᠤᠷᠢᠶ᠎ᠠ ᠶᠢᠨ ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ | ᠬᠤᠷᠠᠯ ᠳᠤ ᠤᠷᠤᠯᠴᠠᠪᠠ᠃ ᠪᠤᠰᠤᠳ ᠳᠡᠳ᠋ ᠮᠤᠵᠢ ᠶᠢᠨ ᠳᠡᠰ ᠠᠴᠠ ᠳᠡᠭᠡᠭᠰᠢᠬᠢ ᠤᠳᠤᠷᠢᠳᠬᠤ ᠨᠦᠬᠦᠳ᠂ ᠡᠯ᠎ᠡ | ᠠᠶᠢᠮᠠᠬ ᠬᠤᠲᠠ ᠶᠢᠨ ᠨᠠᠮ ᠵᠠᠰᠠᠬ ᠤᠨ ᠭᠤᠤᠯ ᠬᠠᠷᠢᠭᠤᠴᠠᠯᠭᠠᠲᠠᠳ᠂ ᠦᠪᠡᠷᠲᠡᠭᠡᠨ ᠵᠠᠰᠠᠬᠤ ᠤᠷᠤᠨ ᠤ ᠰᠠᠯᠠᠭ᠎ᠠ | ᠮᠦᠴᠢᠷ ᠪᠠᠶᠢᠭᠤᠯᠭ᠎ᠠ ᠶᠢᠨ ᠬᠠᠷᠢᠭᠤᠴᠠᠯᠭᠠᠲᠠᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠤᠬᠢᠶᠠᠨ ᠪᠠᠶᠢᠭᠤᠯᠬᠤ | ᠬᠡᠯᠲᠡᠰ ᠤᠨ ᠤᠳᠤᠷᠢᠳᠬᠤ ᠪᠠᠬ ᠤᠨ ᠭᠡᠰᠢᠭᠦᠳ᠂ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠤᠯᠪᠤᠬᠳᠠᠯ | ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ ᠬᠤᠷᠠᠯ ᠳᠤ ᠰᠤᠯᠠ ᠤᠷᠤᠯᠴᠠᠪᠠ᠃ | |