| | | ᠰᠤᠷᠪᠤᠯᠵᠢᠯᠠᠭᠰᠠᠨ ᠴᠠᠭ᠄ | 2017 ᠣᠨ ᠤ 5 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ | ᠳᠠᠷᠤᠭ᠎ᠠ ᠠᠭᠤᠯᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | 2014 ᠣᠨ ᠤ 8 ᠳ᠋ᠤᠭᠠᠷ ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ᠮᠣᠩᠭᠤᠯ ᠤᠯᠤᠰ ᠲᠤ | ᠠᠶᠢᠯᠴᠢᠯᠠᠭᠰᠠᠨ ᠠᠴᠠ ᠨᠠᠰᠢ᠂ ᠳᠤᠮᠳᠠᠳᠤ ᠮᠣᠩᠭᠤᠯ ᠤᠨ ᠬᠤᠭᠤᠷᠣᠨᠳᠣᠬᠢ ᠬᠥᠭᠵᠢᠭᠦᠯᠬᠦ ᠢᠲᠡᠭᠡᠯ ᠵᠣᠷᠢᠭ ᠨᠡᠩ | ᠪᠠᠲᠤᠵᠢᠵᠤ᠂ ᠮᠣᠩᠭᠤᠯ ᠤᠯᠤᠰ ᠲᠤ ᠬᠢᠲᠠᠳ ᠬᠡᠯᠡ ᠰᠤᠷᠬᠤ ᠬᠠᠯᠠᠭᠤᠨ ᠥᠷᠨᠢᠯᠲᠡ ᠳᠠᠬᠢᠨᠲᠠ ᠥᠷᠨᠢᠵᠦ᠂ | ᠮᠣᠩᠭᠤᠯ ᠤᠯᠤᠰ ᠤᠨ ᠮᠠᠰᠢ ᠣᠯᠠᠨ ᠰᠤᠷᠤᠭᠴᠢ ᠡᠷᠢᠶᠡᠨ ᠬᠤᠲᠠ ᠳᠤ ᠢᠷᠡᠵᠦ ᠰᠣᠷᠣᠯᠴᠠᠵᠤ ᠪᠣᠢ᠃ ᠥᠨᠥᠳᠦᠷ᠂ | ᠪᠢᠳᠡ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ | ᠠᠭᠤᠯᠠ ᠶᠢ ᠤᠷᠢᠵᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠡᠭᠡᠷ᠎ᠡ ᠲᠠ ᠪᠦᠬᠦᠨ ᠲᠠᠢ ᠪᠣᠳᠣᠯ | ᠰᠠᠨᠠᠯ ᠢᠶᠠᠨ ᠰᠣᠯᠢᠯᠴᠠᠬᠤ ᠪᠣᠯᠣᠯ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ︕ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | | ᠬᠥᠲᠥᠯᠥᠭᠴᠢ᠄ | ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠣᠰ | ᠬᠤᠭᠤᠴᠠᠭ᠎ᠠ ᠶᠢᠨ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ | ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ | ᠵᠣᠴᠢᠨ ᠪᠣᠯ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ | ᠳᠡᠳ᠋ ᠳᠠᠷᠤᠭ᠎ᠠ ᠠᠭᠤᠯᠠ ᠪᠣᠯᠣᠨ᠎ᠠ᠃ ᠠᠭᠤᠯᠠ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠠᠭᠤᠯᠠ᠄ | ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠨᠠᠶᠢᠵᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠦᠦ︕ | ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ | ᠬᠥᠲᠥᠯᠥᠭᠴᠢ᠄ | ᠠᠭᠤᠯᠠ ᠳᠠᠷᠤᠭ᠎ᠠ ᠡ᠂ ᠲᠠ ᠣᠶᠢᠷ᠎ᠠ ᠶᠢᠨ ᠵᠢᠯ ᠳᠤ ᠡᠷᠢᠶᠡᠨ ᠬᠤᠲᠠ ᠶᠢᠨ ᠰᠤᠷᠭᠠᠨ ᠬᠥᠮᠦᠵᠢᠯ ᠤᠨ | ᠲᠠᠯ᠎ᠠ ᠪᠠᠷ ᠬᠢ ᠭᠠᠳᠠᠭᠠᠳᠤ ᠲᠠᠢ ᠰᠣᠯᠢᠯᠴᠠᠵᠦ ᠪᠠᠶᠢᠭ᠎ᠠ ᠦᠨᠳᠦᠰᠦᠨ ᠪᠠᠶᠢᠳᠠᠯ ᠢ ᠶᠠᠷᠢᠭᠠᠳ ᠥᠭᠭᠦᠨ᠎ᠡ ᠦᠦ︖ | ᠠᠭᠤᠯᠠ᠄ | ᠮᠠᠨ ᠤ ᠬᠤᠲᠠ ᠪᠣᠯ ᠮᠣᠩᠭᠤᠯ ᠤᠯᠤᠰ ᠲᠤ ᠬᠠᠨᠳᠤᠭᠤᠯᠵᠤ ᠨᠡᠭᠡᠭᠡᠭᠰᠡᠨ ᠬᠠᠮᠤᠭ ᠤᠨ ᠡᠮᠦᠨ᠎ᠡ ᠵᠠᠬ᠎ᠠ ᠳᠤ | ᠪᠠᠶᠢᠷᠢᠯᠠᠵᠤ ᠪᠠᠶᠢᠭ᠎ᠠ᠂ ᠮᠣᠩᠭᠤᠯ ᠤᠯᠤᠰ ᠲᠠᠢ ᠨᠤᠲᠤᠭ ᠳᠡᠪᠢᠰᠬᠡᠷ ᠵᠠᠯᠭᠠᠯᠳᠤᠵᠤ᠂ ᠰᠣᠶᠣᠯ ᠤᠨ ᠭᠤᠯᠤᠮᠲᠠ ᠨᠢᠭᠡᠲᠡᠢ᠂ | ᠵᠠᠩ ᠦᠢᠯᠡ ᠢᠵᠢᠯᠢᠬᠡᠨ ᠪᠠᠶᠢᠵᠤ᠂ ᠮᠣᠩᠭᠤᠯ ᠤᠯᠤᠰ ᠲᠠᠢ ᠰᠤᠷᠭᠠᠨ ᠬᠥᠮᠦᠵᠢᠯ ᠤᠨ ᠰᠣᠯᠢᠯᠴᠠᠭ᠎ᠠ | ᠬᠠᠮᠲᠤᠷᠠᠯᠴᠠᠭ᠎ᠠ ᠥᠷᠨᠢᠭᠦᠯᠬᠦ ᠳᠤ ᠢᠯᠡᠷᠬᠡᠶ ᠳᠠᠪᠠᠭᠤᠯᠢᠭ ᠲᠠᠢ ᠶᠤᠮ᠃ ᠪᠢᠳᠡ 1998 ᠣᠨ ᠠᠴᠠ ᠤᠳᠤ ᠪᠣᠯᠲᠠᠯ᠎ᠠ᠂ | ᠮᠣᠩᠭᠤᠯ ᠤᠯᠤᠰ ᠤᠨ ᠭᠠᠳᠠᠭᠠᠳᠤ ᠳᠤ ᠰᠤᠷᠤᠯᠴᠠᠬᠤ ᠰᠤᠷᠤᠭᠴᠢ ᠶᠢ 3500 ᠭᠠᠷᠤᠶ ᠬᠥᠮᠦᠵᠢᠭᠦᠯᠪᠠ᠂ ᠡᠭᠦᠨ ᠳᠤ | ᠣᠶᠤᠲᠠᠨ 300 ᠭᠠᠷᠤᠶ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ 2800 ᠭᠠᠷᠤᠶ᠂ ᠴᠡᠴᠡᠷᠯᠢᠭ ᠤᠨ | ᠬᠡᠦᠬᠡᠳ 400 ᠭᠠᠷᠤᠶ ᠪᠠᠶᠢᠨ᠎ᠠ᠃ ᠨᠢᠳᠤᠨᠤᠨ ᠤ 9 ᠳ᠋ᠦ᠋ᠭᠡᠷ ᠰᠠᠷ᠎ᠠ ᠳᠤ ᠰᠤᠷᠤᠯᠭ᠎ᠠ ᠡᠬᠢᠯᠡᠬᠦ ᠳᠤ ᠪᠦᠷᠢᠳᠬᠡᠭᠰᠡᠨ ᠢ | ᠦᠨᠳᠦᠰᠦᠯᠡᠪᠡᠯ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠠ ᠳᠠᠬᠢ ᠣᠯᠠᠨ | ᠤᠯᠤᠰ ᠤᠨ ᠳᠡᠭᠡᠳᠦ ᠰᠤᠷᠭᠠᠭᠤᠯᠢ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ | ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠭᠴᠢ 821 ︵ᠮᠣᠩᠭᠤᠯ ᠤᠯᠤᠰ ᠤᠨ 778᠂ ᠣᠷᠣᠰ ᠤᠨ 36᠂ | ᠨᠧᠫᠡᠯ ᠤᠨ 7 ᠬᠥᠮᠦᠨ︶ ᠪᠠᠶᠢᠬᠤ ᠪᠠ ᠭᠠᠳᠠᠭᠠᠳᠤ ᠬᠠᠷᠢᠶ᠎ᠠ ᠲᠠᠢ ᠪᠠᠭᠰᠢ ᠠᠵᠢᠯᠲᠠᠨ 25 ᠬᠥᠮᠦᠨ ᠪᠠᠶᠢᠨ᠎ᠠ᠃ | ᠡᠭᠦᠨ ᠠᠴᠠ ᠭᠠᠳᠠᠨ᠎ᠠ᠂ ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ 2012 ᠣᠨ ᠳᠤ | ᠰᠤᠷᠭᠠᠭᠤᠯᠢ ᠡᠷᠬᠢᠯᠡᠭᠰᠡᠨ ᠠᠴᠠ ᠨᠠᠰᠢ᠂ ᠮᠣᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ᠂ ᠮᠣᠩᠭᠤᠯ | ᠤᠯᠤᠰ ᠤᠨ ᠤᠯᠤᠰ ᠤᠨ ᠰᠤᠷᠭᠠᠨ ᠬᠥᠮᠦᠵᠢᠯ ᠤᠨ ᠶᠡᠭᠡ ᠰᠤᠷᠭᠠᠭᠤᠯᠢ ᠪᠣᠯᠤᠨ ᠣᠷᠣᠰ ᠤᠨ ᠬᠤᠯᠪᠣᠭᠠᠨ ᠤ | ᠪᠤᠷᠢᠶᠠᠳ ᠪᠦᠭᠦᠳᠡ ᠨᠠᠶᠢᠷᠠᠮᠳᠠᠬᠤ ᠤᠯᠤᠰ ᠤᠨ ᠶᠡᠭᠡ ᠰᠤᠷᠭᠠᠭᠤᠯᠢ ᠲᠠᠢ ︽2 + 2︾ ᠬᠠᠮᠲᠤᠷᠠᠨ ᠰᠤᠷᠭᠠᠭᠤᠯᠢ | ᠡᠷᠬᠢᠯᠡᠬᠦ ᠵᠥᠪᠳᠡᠯᠴᠡᠭᠡᠷ ᠲᠣᠭᠲᠠᠵᠤ᠂ ᠨᠡᠶᠢᠲᠡ 145 ᠳᠤᠮᠳᠠᠳᠤ ᠤᠯᠤᠰ ᠤᠨ ᠤᠶᠤᠲᠠᠳ ᠢ ᠮᠣᠩᠭᠤᠯ ᠣᠷᠣᠰ | ᠤᠯᠤᠰ ᠲᠤ ᠰᠣᠩᠭᠤᠨ ᠲᠣᠮᠢᠯᠠᠵᠤ ᠰᠤᠷᠤᠯᠴᠠᠭᠤᠯᠪᠠ᠃ | ᠬᠥᠲᠥᠯᠥᠭᠴᠢ᠄ | ᠡᠷᠢᠶᠡᠨ ᠬᠤᠲᠠ ᠭᠠᠳᠠᠭᠠᠳᠤ ᠰᠤᠷᠭᠠᠨ ᠬᠥᠮᠦᠵᠢᠯ ᠤᠨ ᠲᠠᠯ᠎ᠠ ᠪᠠᠷ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠲᠣᠭᠲᠠᠭᠠᠭᠰᠠᠨ ᠪᠣᠶ︖ | ᠠᠭᠤᠯᠠ᠄ | ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠣᠩᠭᠤᠯ ᠤᠯᠤᠰ ᠪᠠ ᠣᠷᠣᠰ ᠵᠡᠷᠭᠡ | ᠭᠠᠳᠠᠭᠠᠳᠤ ᠶᠢᠨ ᠰᠤᠷᠤᠭᠴᠢᠳ ᠤᠨ ᠡᠷᠢᠶᠡᠨ ᠬᠤᠲᠠ ᠳᠤ ᠢᠷᠡᠵᠦ ᠰᠤᠷᠤᠯᠴᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠭᠰᠡᠭᠡᠷ ᠢᠷᠡᠭᠰᠡᠨ ᠪᠦᠭᠡᠳ᠂ 2008 ᠣᠨ ᠠᠴᠠ 2015 ᠣᠨ ᠪᠣᠯᠲᠠᠯ᠎ᠠ᠂ ᠮᠠᠨ ᠤ | ᠬᠤᠲᠠ ᠮᠣᠩᠭᠤᠯ ᠤᠯᠤᠰ ᠤᠨ ᠰᠣᠷᠣᠭᠴᠢ ᠶᠢ ᠳᠡᠮᠵᠢᠬᠦ ᠳᠤ ᠬᠡᠷᠡᠭᠯᠡᠭᠰᠡᠨ ᠡᠯ᠎ᠡ ᠵᠦᠢᠯ ᠤᠨ ᠪᠡᠯᠡ ᠮᠥᠩᠭᠦ ᠨᠡᠶᠢᠳᠡ | 480 ᠲᠦᠮᠡᠨ ᠲᠥᠭᠦᠷᠢᠭ ᠲᠤ ᠬᠦᠷᠴᠡᠶ᠃ 2015 ᠣᠨ ᠤ 9 ᠳ᠋ᠦ᠋ᠭᠡᠷ ᠰᠠᠷ᠎ᠠ ᠳᠤ ᠮᠠᠨ ᠤ ᠬᠤᠲᠠ ︽ᠮᠣᠩᠭᠤᠯ | ᠤᠯᠤᠰ ᠤᠨ ᠬᠠᠷᠢᠶ᠎ᠠ ᠲᠠᠢ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠬᠡᠷᠡᠭᠵᠢᠭᠦᠯᠬᠦ ᠠᠷᠭ᠎ᠠ ︵ | ᠲᠤᠷᠰᠢᠨ ᠬᠡᠷᠡᠭᠵᠢᠭᠦᠯᠬᠦ︶︾ ᠶᠢ ᠵᠢᠩᠬᠢᠨᠢ ᠪᠠᠷ ᠨᠡᠶᠢᠲᠡᠯᠡᠵᠦ᠂ ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢ ᠳᠤ | ᠰᠦᠢᠳᠬᠡᠯ ᠬᠤᠷᠢᠶᠠᠬᠤ ᠥᠭᠡᠢ ᠰᠤᠷᠭᠠᠨ ᠬᠥᠮᠦᠵᠢᠭᠦᠯᠬᠦ ᠪᠠ ᠰᠢᠯᠢᠳᠡᠭ ᠰᠤᠷᠤᠭᠴᠢ ᠳᠤ ᠱᠠᠩᠨᠠᠯ ᠣᠯᠭᠤᠬᠤ | ᠲᠣᠭᠲᠠᠴᠠ ᠶᠢ ᠬᠡᠷᠡᠭᠵᠢᠭᠦᠯᠵᠦ᠂ ᠨᠡᠩ ᠣᠯᠠᠨ ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢ ᠶᠢᠨ ᠮᠠᠨ ᠤ | ᠬᠤᠲᠠ ᠳᠤ ᠢᠷᠡᠵᠦ ᠰᠤᠷᠤᠯᠴᠠᠬᠤ ᠳᠤ ᠬᠠᠪᠰᠤᠷᠤᠯᠭ᠎ᠠ ᠦᠵᠡᠭᠦᠯᠪᠡ᠃ | ᠲᠤᠰ ︽ᠠᠷᠭ᠎ᠠ︾ ᠳᠤ ᠭᠤᠣᠯᠳᠠᠭᠤ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ | ᠪᠦᠷᠢᠨ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠭᠡᠵᠦ ᠬᠤᠶᠠᠷ ᠬᠡᠰᠡᠭ ᠪᠣᠯᠭᠠᠨ ᠬᠤᠪᠢᠶᠠᠵᠠᠢ᠂ ᠡᠭᠦᠨ ᠳᠤ | ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠭᠡᠳᠡᠭ ᠨᠢ ᠰᠤᠷᠤᠯᠭ᠎ᠠ ᠶᠢᠨ ᠰᠦᠢᠳᠬᠡᠯ᠂ ᠠᠷᠰᠠᠷ | ᠰᠦᠢᠳᠬᠡᠯ ᠪᠣᠯᠣᠨ ᠬᠤᠨᠤᠭ ᠤᠨ ᠰᠦᠢᠳᠬᠡᠯ ᠢ ᠬᠡᠯᠲᠦᠷᠢᠭᠦᠯᠵᠦ᠂ ᠬᠥᠮᠥᠨ ᠨᠢᠭᠡᠪᠦᠷᠢ ᠳᠤᠮᠳᠠᠴᠢ ᠪᠠᠷ ᠵᠢᠯ | ᠪᠦᠷᠢ ᠳᠤ 6000 ᠲᠥᠭᠦᠷᠢᠭ ᠣᠯᠭᠤᠬᠤ ᠶᠢ ᠵᠢᠭᠠᠵᠤ ᠪᠠᠶᠢᠨ᠎ᠠ︔ ᠪᠦᠷᠢᠨ ᠲᠣᠭᠠᠨ ᠤ ᠰᠤᠷᠤᠯᠭ᠎ᠠ ᠶᠢᠨ ᠱᠠᠩᠨᠠᠯ | ᠭᠡᠳᠡᠭ ᠨᠢ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠰᠠᠭᠤᠷᠢᠨ ᠳᠡᠭᠡᠷ᠎ᠡ᠂ ᠬᠤᠭᠤᠯᠠᠨ ᠤ | ᠵᠠᠷᠤᠳᠠᠯ ᠢ ᠬᠡᠯᠲᠦᠷᠢᠭᠦᠯᠦᠭᠡᠳ ᠠᠮᠢᠳᠤᠷᠠᠯ ᠤᠨ ᠰᠦᠢᠳᠬᠡᠯ ᠨᠥᠬᠦᠪᠦᠷᠢᠯᠡᠵᠦ᠂ ᠬᠥᠮᠥᠨ ᠨᠢᠭᠡᠪᠦᠷᠢ ᠳᠤᠮᠳᠠᠴᠢ ᠪᠠᠷ | ᠵᠢᠯ ᠪᠦᠷᠢ ᠳᠤ 13500 ᠲᠥᠭᠦᠷᠢᠭ ᠣᠯᠭᠤᠬᠤ ᠶᠢ ᠵᠢᠭᠠᠵᠤ ᠪᠠᠶᠢᠨ᠎ᠠ᠃ 2016 ᠣᠨ ᠤ 5 ᠳ᠋ᠤᠭᠠᠷ ᠰᠠᠷ᠎ᠠ ᠳᠤ᠂ | ᠮᠠᠨ ᠤ ᠬᠤᠲᠠ ᠮᠣᠩᠭᠤᠯ ᠤᠯᠤᠰ ᠤᠨ 433 ᠰᠤᠷᠤᠭᠴᠢᠳ ᠲᠤ ᠬᠡᠰᠡᠭ ᠲᠣᠭᠠᠨ ᠤ ᠰᠤᠷᠤᠯᠭ᠎ᠠ ᠶᠢᠨ ᠱᠠᠩᠨᠠᠯ ᠤᠨ | ᠮᠥᠩᠭᠦ ᠪᠣᠯᠣᠨ ᠪᠦᠷᠢᠨ ᠲᠣᠭᠠᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠨᠡᠶᠢᠲᠡ 300 ᠭᠠᠷᠤᠶ ᠲᠦᠮᠡᠨ | ᠲᠥᠭᠦᠷᠢᠭ ᠣᠯᠭᠤᠵᠠᠢ᠃ ᠲᠤᠰ ᠲᠡᠳᠬᠦᠨ ᠳᠡᠮᠵᠢᠬᠦ ᠳᠦᠷᠦ ᠶᠢᠨ ᠪᠤᠳᠤᠯᠭ᠎ᠠ ᠶᠢᠨ ᠨᠥᠯᠥᠭᠡ ᠪᠠᠷ᠂ 2016 ᠣᠨ ᠤ | ᠨᠠᠮᠤᠷ ᠤᠨ ᠤᠯᠠᠷᠢᠯ ᠳᠤ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠮᠠᠨ ᠤ ᠬᠤᠲᠠ ᠳᠤ ᠢᠷᠡᠵᠦ ᠰᠤᠷᠤᠯᠴᠠᠵᠤ ᠪᠠᠶᠢᠭ᠎ᠠ | ᠮᠣᠩᠭᠤᠯ ᠤᠯᠤᠰ ᠤᠨ ᠰᠤᠷᠤᠭᠴᠢ 778 ᠨᠡᠷᠡᠰ ᠲᠤ ᠬᠦᠷᠴᠦ᠂ ᠵᠢᠯ ᠤᠨ ᠡᠴᠦᠰ ᠲᠤ ᠨᠡᠶᠢᠲᠡ 600 ᠭᠠᠷᠤᠶ | ᠲᠦᠮᠡᠨ ᠲᠥᠭᠦᠷᠢᠭ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠵᠤ᠂ ᠣᠳᠣ ᠪᠣᠯᠲᠠᠯ᠎ᠠ ᠮᠠᠨ ᠤ ᠬᠤᠲᠠ | ᠮᠣᠩᠭᠤᠯ ᠤᠯᠤᠰ ᠤᠨ ᠰᠤᠷᠤᠭᠴᠢᠳ ᠢ ᠳᠡᠳᠭᠦᠭᠰᠡᠨ ᠡᠯ᠎ᠡ ᠲᠥᠷᠥᠯ ᠤᠨ ᠪᠡᠯᠡ ᠮᠥᠩᠭᠦ ᠨᠡᠶᠢᠲᠡ 1000 ᠭᠠᠷᠤᠶ | ᠲᠦᠮᠡᠨ ᠲᠥᠭᠦᠷᠢᠭ ᠬᠦᠷᠪᠡ᠂ ᠡᠭᠦᠨ ᠳᠤ ᠳᠡᠭᠡᠳᠦ ᠱᠠᠲᠤᠨ ᠠᠴᠠ 280 ᠲᠦᠮᠡᠨ ᠲᠥᠭᠦᠷᠢᠭ ᠤᠨ ᠲᠤᠰᠠᠯᠠᠮᠵᠢ ᠶᠢᠨ | ᠪᠡᠯᠡ ᠮᠥᠩᠭᠦ ᠣᠯᠵᠤ᠂ ᠪᠤᠰᠤᠳ ᠪᠡᠯᠡ ᠮᠥᠩᠭᠦ ᠶᠢ ᠴᠥᠮ ᠣᠷᠣᠨ ᠨᠤᠲᠤᠭ ᠤᠨ ᠡᠳ᠋ ᠤᠨ ᠵᠠᠰᠠᠭ ᠠᠴᠠ | ᠲᠣᠬᠢᠷᠠᠭᠤᠯᠤᠭᠰᠠᠨ ᠪᠠᠶᠢᠨ᠎ᠠ᠃ ᠵᠢᠱᠢᠯᠲᠡ ᠪᠠᠷ ᠡᠨᠡ ᠵᠢᠯ ᠮᠠᠨ ᠤ ᠬᠤᠲᠠ ᠶᠢᠨ ᠬᠦᠯᠢᠶᠡᠨ ᠠᠪᠬᠤ ᠮᠣᠩᠭᠤᠯ | ᠤᠯᠤᠰ ᠤᠨ ᠰᠤᠷᠤᠭᠴᠢᠳ ᠤᠨ ᠲᠤᠭ᠎ᠠ ᠮᠢᠩᠭᠠᠨ ᠬᠥᠮᠦᠨ ᠢ ᠳᠠᠪᠠᠵᠤ᠂ ᠥᠪᠡᠷᠲᠡᠭᠡᠨ ᠵᠠᠰᠠᠬᠤ ᠣᠷᠣᠨ | ᠴᠢᠨᠠᠭᠰᠢᠯᠠᠪᠠᠯ ᠪᠦᠬᠦ ᠤᠯᠤᠰ ᠤᠨ ᠮᠣᠩᠭᠤᠯ ᠤᠯᠤᠰ ᠤᠨ ᠰᠤᠷᠤᠭᠴᠢᠳ ᠢ ᠬᠦᠯᠢᠶᠡᠨ ᠠᠪᠬᠤ ᠴᠢᠬᠤᠯᠠ ᠰᠠᠭᠤᠷᠢᠨ | ᠭᠠᠵᠠᠷ ᠪᠣᠯᠭᠠᠬᠤ ᠪᠣᠯᠤᠨ᠎ᠠ᠃ | ᠬᠥᠲᠥᠯᠥᠭᠴᠢ᠄ | ᠡᠷᠢᠶᠡᠨ ᠬᠤᠲᠠ ᠨᠢ ᠭᠠᠳᠠᠭᠠᠳᠤ ᠶᠢᠨ ᠰᠤᠷᠤᠭᠴᠢᠳ ᠢ ᠬᠥᠮᠦᠵᠢᠭᠦᠯᠬᠦ ᠪᠠ ᠬᠠᠮᠢᠶᠠᠷᠬᠤ ᠲᠠᠯ᠎ᠠ ᠪᠠᠷ ᠶᠠᠮᠠᠷ | ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ | ᠠᠭᠤᠯᠠ᠄ | ᠭᠠᠳᠠᠭᠠᠳᠤ ᠤᠯᠤᠰ ᠤᠨ ᠰᠤᠷᠤᠭᠴᠢ ᠶᠢ ᠬᠥᠮᠦᠵᠢᠭᠦᠯᠬᠦ ᠪᠠ ᠬᠠᠮᠢᠶᠠᠷᠬᠤ ᠳᠤ ᠳᠦᠭᠦᠮ ᠦᠵᠡᠭᠦᠯᠬᠦ ᠶᠢᠨ | ᠲᠥᠯᠥᠭᠡ᠂ ᠬᠤᠳᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ᠲᠤᠰᠬᠠᠶᠢᠯᠠᠨ ᠭᠠᠳᠠᠭᠠᠳᠤ ᠶᠢᠨ | ᠰᠤᠷᠤᠭᠴᠢᠳ ᠢ ᠬᠠᠮᠢᠶᠠᠷᠬᠤ ᠰᠠᠯᠠᠭ᠎ᠠ ᠪᠠᠶᠢᠭᠤᠯᠵᠤ᠂ ᠬᠤᠳᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠮᠣᠩᠭᠤᠯ | ᠦᠨᠳᠦᠰᠦᠲᠡᠨ ᠤ ᠰᠤᠷᠭᠠᠭᠤᠯᠢ᠂ ᠡᠷᠢᠶᠡᠨ ᠬᠤᠲᠠ ᠳᠠᠬᠢ ᠣᠯᠠᠨ ᠤᠯᠤᠰ ᠤᠨ ᠳᠡᠭᠡᠳᠦ ᠰᠤᠷᠭᠠᠭᠤᠯᠢ ᠳᠤ | ᠭᠠᠳᠠᠭᠠᠳᠤ ᠰᠤᠷᠤᠭᠴᠢ ᠶᠢᠨ ᠬᠡᠯᠲᠡᠰ ᠪᠠᠶᠢᠭᠤᠯᠵᠠᠢ᠂ ᠣᠳᠣᠬᠠᠨ ᠳᠤ ᠭᠠᠳᠠᠭᠠᠳᠤ ᠶᠢᠨ ᠰᠤᠷᠤᠭᠴᠢᠳ ᠤᠨ ᠲᠤᠰᠬᠠᠶ | ᠲᠤᠰᠢᠶᠠᠯᠲᠤ ᠪᠠᠭᠰᠢ 200 ᠭᠠᠷᠤᠶ ᠬᠥᠮᠦᠨ ᠪᠠᠶᠢᠬᠤ ᠮᠥᠷᠲᠡᠭᠡᠨ ᠪᠡᠶ᠎ᠡ ᠪᠠᠨ ᠳᠠᠭᠠᠭᠠᠵᠤ ᠰᠤᠷᠤᠯᠴᠠᠬᠤ᠂ | ᠬᠤᠨᠣᠭᠯᠠᠬᠤ ᠪᠠ ᠬᠤᠭᠤᠯᠠᠯᠠᠬᠤ ᠭᠠᠵᠠᠷ ᠲᠣᠬᠢᠷᠠᠭᠤᠯᠤᠨ᠂ ᠭᠠᠳᠠᠭᠠᠳᠤ ᠶᠢᠨ ᠰᠤᠷᠤᠭᠴᠢᠳ ᠤᠨ ᠵᠢᠭᠠᠨ | ᠰᠤᠷᠭᠠᠯᠲᠠ ᠶᠢ ᠰᠤᠳᠤᠯᠬᠤ ᠪᠠ ᠬᠠᠮᠢᠶᠠᠷᠬᠤ ᠶᠢ ᠦᠨᠡᠨᠬᠦ ᠴᠢᠩᠭᠠᠳᠬᠠᠵᠠᠢ᠃ ᠡᠭᠦᠨ ᠤ ᠬᠠᠮᠲᠤ ᠡᠯ᠎ᠡ | ᠰᠤᠷᠭᠠᠭᠤᠯᠢ ᠶᠢᠨ ᠮᠣᠩᠭᠤᠯ ᠤᠯᠤᠰ ᠤᠨ ᠰᠤᠷᠤᠭᠴᠢᠳ ᠲᠤ ᠰᠡᠳᠬᠢᠴᠡ ᠶᠢᠨ ᠪᠠᠭᠰᠢ᠂ ᠠᠮᠢᠳᠤᠷᠠᠯ ᠤᠨ ᠪᠠᠭᠰᠢ᠂ | ᠵᠢᠭᠠᠨ ᠰᠤᠷᠭᠠᠯᠲᠠ ᠶᠢᠨ ᠬᠠᠪᠰᠤᠷᠤᠨ ᠵᠢᠯᠤᠭᠤᠳᠤᠭᠴᠢ ᠲᠣᠬᠢᠷᠠᠭᠤᠯᠤᠨ᠂ ᠮᠣᠩᠭᠤᠯ ᠤᠯᠤᠰ ᠤᠨ ᠰᠤᠷᠤᠭᠴᠢᠳ ᠢ | ᠰᠡᠳᠬᠢᠴᠡ ᠶᠢᠨ ᠲᠠᠯ᠎ᠠ ᠪᠠᠷ ᠬᠦᠲᠦᠯᠦᠨ ᠵᠢᠯᠣᠭᠤᠳᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ ᠪᠠ | ᠰᠤᠷᠤᠯᠴᠠᠯᠭ᠎ᠠ ᠶᠢᠨ ᠲᠠᠯ᠎ᠠ ᠪᠠᠷ ᠬᠠᠪᠰᠤᠷᠴᠤ ᠪᠠᠶᠢᠨ᠎ᠠ᠃ ᠲᠡᠭᠡᠬᠦ ᠮᠥᠷᠲᠡᠭᠡᠨ ᠮᠣᠩᠭᠤᠯ ᠤᠯᠤᠰ ᠤᠨ | ᠰᠤᠷᠤᠭᠴᠢᠳ ᠤᠨ ᠬᠢᠲᠠᠳ ᠬᠡᠯᠡᠨ ᠤ ᠰᠠᠭᠤᠷᠢ ᠬᠢᠷᠢ ᠲᠥᠪᠰᠢᠨ ᠠᠳᠠᠯᠢ ᠪᠤᠰᠤ ᠪᠠᠶᠢᠬᠤ ᠶᠢ ᠦᠨᠳᠦᠰᠦᠯᠡᠨ᠂ ᠠᠳᠠᠯᠢ | ᠪᠤᠰᠤ ᠲᠡᠰ ᠳᠠᠪᠬᠤᠷᠭ᠎ᠠ ᠶᠢᠨ ᠠᠩᠬᠢ ᠭᠠᠷᠭᠠᠵᠤ᠂ ᠠᠳᠠᠯᠢ ᠪᠤᠰᠤ ᠵᠢᠭᠠᠨ ᠰᠤᠷᠭᠠᠬᠤ ᠲᠥᠰᠦᠯ ᠲᠣᠭᠲᠠᠭᠠᠵᠤ᠂ | ᠬᠢᠲᠠᠳ ᠬᠡᠯᠡᠨ ᠤ ᠵᠢᠭᠠᠨ ᠰᠤᠷᠭᠠᠯᠲᠠ ᠶᠢᠨ ᠬᠠᠨᠳᠤᠯᠭᠠᠲᠤ ᠴᠢᠨᠠᠷ ᠢ ᠴᠢᠷᠮᠠᠶᠢᠨ ᠳᠡᠭᠡᠭᠰᠢᠯᠡᠭᠦᠯᠪᠡ᠃ ᠳᠤᠮᠳᠠᠳᠤ | ᠤᠯᠤᠰ ᠤᠨ ᠤᠤᠷ ᠰᠣᠶᠣᠯ ᠢ ᠬᠢᠴᠢᠶᠡᠯ ᠤᠨ ᠲᠠᠩᠬᠢᠮ ᠳᠤ ᠣᠷᠣᠭᠤᠯᠬᠤ ᠠᠵᠢᠯᠯᠠᠭ᠎ᠠ ᠶᠢ ᠢᠳᠡᠪᠬᠢᠲᠡᠢ | ᠦᠷᠨᠢᠭᠦᠯᠦᠭᠰᠡᠨ ᠤ ᠬᠠᠮᠲᠤ ᠮᠣᠩᠭᠤᠯ ᠤᠯᠤᠰ ᠤᠨ ᠰᠤᠷᠤᠭᠴᠢᠳ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠢ | ᠣᠶᠢᠯᠠᠭᠠᠨ ᠮᠡᠳᠡᠵᠦ᠂ ᠥᠪᠥᠷ ᠮᠣᠩᠭᠤᠯ ᠳᠤ ᠪᠤᠯᠵᠤᠨ ᠠᠭᠤᠯᠵᠠᠬᠤ ᠭᠠᠳᠠᠭᠠᠳᠤ ᠶᠢᠨ ᠴᠢᠳᠠᠪᠤᠷᠢᠨ ᠤ ᠤᠷ᠎ᠠ | ᠠᠪᠢᠶᠠᠰ ᠤᠨ ᠤᠷᠤᠯᠳᠤᠭᠠᠨ᠂ ᠰᠢᠯᠢ ᠶᠢᠨ ᠭᠤᠣᠯ ᠠᠶᠢᠮᠠᠭ ᠤᠨ ᠤᠷᠠᠯᠢᠭ ᠤᠨ ᠨᠠᠶᠢᠷ ᠵᠡᠷᠭᠡ ᠪᠦᠬᠦ ᠣᠷᠣᠨ ᠤ ᠪᠥᠬᠦ | ᠠᠶᠢᠮᠠᠭ ᠤᠨ ᠰᠣᠶᠣᠯ ᠤᠨ ᠠᠵᠢᠯᠯᠠᠭ᠎ᠠ ᠳᠤ ᠣᠷᠣᠯᠴᠠᠭᠤᠯᠵᠤ᠂ ᠮᠣᠩᠭᠤᠯ ᠤᠯᠤᠰ ᠤᠨ ᠰᠤᠷᠤᠭᠴᠢᠳ ᠤᠨ ᠳᠤᠮᠳᠠ | ᠤᠷᠠᠨ ᠪᠢᠴᠢᠯᠭᠡ᠂ ᠶᠠᠲᠤᠭ᠎ᠠ᠂ ᠠᠷᠠᠳ ᠤᠨ ᠴᠠᠭᠠᠰᠤᠨ ᠬᠠᠶᠢᠴᠢᠮᠡᠯ ᠵᠡᠷᠭᠡ ᠳᠤᠷ᠎ᠠ ᠰᠣᠨᠢᠷᠬᠠᠯ ᠤᠨ ᠳᠤᠭᠤᠶᠢᠯᠠᠩ | ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠮᠣᠩᠭᠤᠯ ᠤᠯᠤᠰ ᠤᠨ ᠰᠤᠷᠤᠭᠴᠢᠳ ᠤᠨ ᠬᠢᠲᠠᠳ ᠬᠡᠯᠡᠨ ᠤ | ᠰᠢᠯᠦᠭ ᠳᠠᠭᠤᠯᠠᠯ ᠤᠨ ᠤᠷᠠᠨ ᠤᠩᠰᠢᠯᠭ᠎ᠠ ᠵᠡᠷᠭᠡ ᠰᠣᠶᠣᠯ ᠤᠨ ᠤᠷᠤᠯᠳᠤᠭᠠᠨ ᠢ ᠥᠷᠭᠦᠯᠵᠢ ᠦᠷᠨᠢᠭᠦᠯᠦᠨ᠂ | ᠨᠠᠭᠠᠳᠤᠮ ᠲᠣᠭᠯᠠᠭᠠᠮ ᠢᠶᠠᠷ ᠬᠥᠮᠦᠵᠢᠯ ᠬᠦᠷᠲᠡᠭᠡᠬᠦ ᠠᠷᠭ᠎ᠠ ᠮᠠᠶ᠋ᠢᠭ ᠢ ᠠᠪᠴᠤ᠂ ᠮᠣᠩᠭᠤᠯ ᠤᠯᠤᠰ ᠤᠨ | ᠰᠤᠷᠤᠭᠴᠢᠳ ᠤᠨ ᠬᠢᠲᠠᠳ ᠬᠡᠯᠡ ᠰᠤᠷᠬᠤ ᠤᠷᠮ᠎ᠠ ᠪᠠᠬ᠎ᠠ ᠶᠢ ᠨᠢ ᠬᠥᠭᠵᠢᠭᠡᠵᠦ᠂ ᠲᠡᠳᠡᠨᠡᠷ ᠲᠤ ᠳᠤᠮᠳᠠᠳᠤ ᠶᠢᠨ | ᠰᠣᠶᠣᠯ ᠤᠨ ᠦᠨᠢᠷ ᠪᠠᠶᠠᠯᠢᠭ ᠢ ᠪᠡᠶᠡᠴᠢᠯᠡᠨ ᠣᠶᠢᠯᠠᠭᠠᠭᠤᠯᠪᠠ᠃ ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ | ᠬᠦᠮᠦᠵᠢᠭᠦᠯᠦᠭᠰᠡᠨ ᠮᠣᠩᠭᠤᠯ ᠤᠯᠤᠰ ᠤᠨ ᠣᠯᠠᠩᠬᠢ ᠰᠤᠷᠤᠭᠴᠢᠳ ᠤᠨ ᠬᠢᠲᠠᠳ ᠬᠡᠯᠡᠨ ᠤ ᠬᠢᠷᠢ ᠲᠥᠪᠰᠢᠨ ᠨᠢ | ᠤᠯᠤᠰ ᠤᠨ ᠬᠢᠲᠠᠳ ᠬᠡᠯᠡᠨ ᠤ ᠰᠣᠷᠢᠯᠲᠠ ᠶᠢᠨ 5 ᠳᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | 2015 ᠣᠨ ᠳᠤ᠂ ᠪᠦᠬᠦ ᠤᠯᠤᠰ ᠤᠨ ᠬᠢᠲᠠᠳ ᠬᠡᠯᠡᠨ ᠤ ᠰᠢᠯᠭᠠᠯᠲᠠ ᠳᠤ᠂ ᠮᠠᠨ ᠤ ᠬᠤᠲᠠ ᠳᠤ ᠰᠤᠷᠤᠯᠴᠠᠵᠤ | ᠪᠠᠶᠢᠭ᠎ᠠ ᠰᠤᠷᠤᠭᠴᠢᠳ ᠪᠦᠬᠦ ᠣᠷᠣᠨ ᠤ ᠠᠳᠠᠯᠢ ᠤᠯᠤᠰ ᠤᠨ ᠬᠠᠷᠢᠶ᠎ᠠ ᠲᠠᠢ ᠰᠢᠯᠭᠠᠭᠤᠯᠤᠭᠴᠢᠳ ᠤᠨ ᠲᠤᠲᠤᠷ᠎ᠠ | ᠬᠠᠮᠤᠭ ᠤᠨ ᠥᠨᠳᠥᠷ ᠬᠤᠪᠢ ᠪᠠ ᠳᠤᠮᠳᠠᠴᠢ ᠬᠤᠪᠢ ᠪᠠᠷ ᠲᠦᠷᠦᠭᠦᠯᠡᠭᠰᠡᠨ ᠰᠠᠶᠢᠨ ᠬᠢᠷᠢ ᠪᠦᠲᠦᠮᠵᠢ ᠤᠯᠪᠠ᠃ | ᠬᠥᠲᠥᠯᠥᠭᠴᠢ᠄ | ᠡᠷᠢᠶᠡᠨ ᠬᠤᠲᠠ ᠳᠤ ᠰᠤᠷᠤᠯᠴᠠᠵᠤ ᠪᠠᠶᠢᠭ᠎ᠠ ᠮᠤᠩᠭᠤᠯ ᠤᠯᠤᠰ ᠤᠨ ᠰᠤᠷᠤᠭᠴᠢᠳ ᠰᠤᠷᠭᠠᠭᠤᠯᠢ ᠪᠠᠨ | ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠶᠠᠮᠠᠷ | ᠦᠢᠯᠡᠳᠦᠯ ᠦᠵᠡᠭᠦᠯᠬᠦ ᠪᠤᠢ︖ | ᠠᠭᠤᠯᠠ᠄ | ᠮᠠᠨ ᠤ ᠬᠤᠲᠠ ᠶᠢᠨ ᠰᠤᠷᠭᠠᠭᠤᠯᠢ ᠠᠴᠠ ᠲᠡᠭᠦᠰᠦᠭᠰᠡᠨ ᠮᠣᠩᠭᠤᠯ ᠤᠯᠤᠰ ᠤᠨ ᠰᠤᠷᠤᠭᠴᠢ ᠪᠦᠬᠦᠨ ᠳᠤ᠂ | ᠰᠤᠷᠭᠠᠭᠤᠯᠢ ᠠᠴᠠ ᠪᠦᠷ ᠠᠵᠢᠯ ᠰᠤᠩᠭᠤᠨ ᠵᠢᠯᠤᠭᠤᠳᠬᠤ᠂ ᠰᠤᠷᠭᠠᠭᠤᠯᠢ ᠰᠤᠩᠭᠤᠨ ᠵᠢᠯᠤᠭᠤᠳᠬᠤ ᠵᠡᠷᠭᠡ ᠮᠦᠷᠳᠡᠯ | ᠦᠢᠯᠡᠴᠢᠯᠡᠭᠡ ᠬᠠᠩᠭᠠᠬᠤ ᠪᠦᠭᠡᠳ ᠲᠡᠳᠡᠨ ᠲᠠᠢ ᠦᠷᠭᠦᠯᠵᠢ ᠬᠠᠷᠢᠯᠴᠠᠵᠤ᠂ ᠲᠡᠳᠡᠨ ᠤ ᠰᠤᠷᠤᠯᠭ᠎ᠠ᠂ ᠠᠵᠢᠯ ᠪᠠ | ᠠᠮᠢᠳᠤᠷᠠᠯ ᠢ ᠨᠢ ᠬᠠᠯᠠᠮᠵᠢᠯᠠᠨ᠎ᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠬᠤᠲᠠ ᠶᠢᠨ | ᠰᠤᠷᠭᠠᠭᠤᠯᠢ ᠠᠴᠠ ᠰᠤᠷᠭᠠᠭᠤᠯᠢ ᠲᠡᠭᠦᠰᠦᠭᠰᠡᠨ ᠮᠣᠩᠭᠤᠯ ᠤᠯᠤᠰ ᠤᠨ ᠰᠤᠷᠤᠭᠴᠢᠳ ᠤᠨ ᠵᠠᠷᠢᠮ ᠨᠢ ᠳᠤᠮᠳᠠᠳᠤ | ᠤᠯᠤᠰ ᠤᠨ ᠠᠷᠠᠳ ᠤᠨ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ | ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠮᠠᠨ ᠤ | ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠦᠷᠭᠦᠯᠵᠢᠯᠡᠨ ᠰᠤᠳᠤᠯᠤᠨ ᠰᠤᠷᠤᠯᠴᠠᠵᠤ᠂ ᠵᠠᠷᠢᠮ ᠨᠢ ᠮᠣᠩᠭᠤᠯ | ᠤᠯᠤᠰ ᠤᠨ ᠵᠠᠰᠠᠭ ᠤᠨ ᠭᠠᠵᠠᠷ ᠤᠨ ᠪᠠᠶᠢᠭᠤᠯᠤᠮᠵᠢ᠂ ᠰᠤᠷᠭᠠᠭᠤᠯᠢ ᠡᠮᠨᠡᠯᠭᠡ ᠶᠢᠨ ᠬᠤᠷᠢᠶ᠎ᠠ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠠᠵᠢᠯᠯᠠᠵᠤ᠂ ᠵᠠᠷᠢᠮ ᠨᠢ ᠳᠤᠮᠳᠠᠳᠤ | ᠮᠣᠩᠭᠤᠯ ᠤᠨ ᠠᠷᠠᠯᠵᠢᠶ᠎ᠠ ᠬᠢᠵᠦ᠂ ᠵᠠᠷᠢᠮ ᠨᠢ ᠣᠷᠴᠢᠭᠤᠯᠤᠭᠴᠢ ᠪᠤᠯᠵᠠᠢ᠃ ᠮᠣᠩᠭᠤᠯ ᠤᠯᠤᠰ ᠤᠨ ᠡᠳᠡᠭᠡᠷ | ᠰᠤᠷᠤᠭᠴᠢᠳ ᠶᠠᠮᠠᠷ ᠠᠵᠢᠯ ᠬᠢᠭᠰᠡᠨ ᠴᠤ ᠪᠦᠷ ᠡᠷᠢᠶᠡᠨ ᠬᠤᠲᠠ᠂ ᠥᠪᠥᠷ ᠮᠣᠩᠭᠤᠯ ᠳᠤ ᠲᠦᠢᠯ ᠤᠨ ᠭᠦᠨ | ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠪᠦᠷ ᠳᠤᠮᠳᠠᠳᠤ ᠤᠯᠤᠰ ᠤᠨ ᠥᠯᠢᠭᠡᠷ ᠢ ᠶᠠᠷᠢᠭᠴᠢ᠂ ᠳᠤᠮᠳᠠᠳᠤ | ᠤᠯᠤᠰ ᠤᠨ ᠲᠠᠭᠤᠨ ᠢ ᠤᠯᠠᠮᠵᠢᠯᠠᠭᠴᠢ᠂ ᠳᠤᠮᠳᠠᠳᠤ ᠮᠣᠩᠭᠤᠯ ᠤᠨ ᠨᠦᠬᠦᠷᠰᠡᠭ ᠢ ᠦᠢᠯᠡᠳᠦᠯᠭᠡᠵᠢᠭᠦᠯᠦᠭᠴᠢ ᠪᠣᠯᠤᠨ᠎ᠠ᠃ | ᠬᠥᠲᠥᠯᠥᠭᠴᠢ᠄ | ᠡᠷᠢᠶᠡᠨ ᠬᠤᠳᠡ ᠭᠠᠳᠠᠭᠠᠳᠤ ᠬᠠᠷᠢᠯᠴᠠᠭᠠᠨ ᠤ ᠰᠤᠷᠭᠠᠨ ᠬᠥᠮᠦᠵᠢᠯ ᠤᠨ ᠲᠠᠯ᠎ᠠ ᠪᠠᠷ ᠬᠤᠶᠢᠰᠢᠳᠠ ᠶᠠᠮᠠᠷ | ᠴᠢᠭᠯᠡᠯ ᠢᠶᠠᠷ ᠴᠢᠷᠮᠠᠶᠢᠬᠤ ᠪᠤᠢ︖ | ᠠᠭᠤᠯᠠ᠄ | ᠰᠤᠷᠭᠠᠨ ᠬᠥᠮᠦᠵᠢᠯ ᠤᠨ ᠲᠠᠯ᠎ᠠ ᠪᠠᠷ ᠬᠠᠮᠲᠤᠷᠠᠯᠴᠠᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ | ᠦᠷᠭᠡᠳᠬᠡᠨ᠎ᠡ᠃ ᠮᠣᠩᠭᠤᠯ ᠤᠷᠤᠰ ᠵᠡᠷᠭᠡ ᠭᠠᠵᠠᠷ ᠣᠷᠣᠨ ᠯᠤᠭ᠎ᠠ ᠶᠢᠨ ᠬᠠᠷᠢᠴᠠᠭ᠎ᠠ ᠬᠤᠯᠪᠤᠭ᠎ᠠ ᠪᠠᠨ ᠦᠷᠬᠦᠯᠵᠢᠯᠡᠨ | ᠴᠢᠩᠭᠠᠳᠬᠠᠬᠤ ᠶᠢᠨ ᠬᠠᠮᠲᠤ ᠮᠠᠨ ᠤ ᠬᠤᠲᠠ ᠶᠢᠨ ᠰᠤᠷᠭᠠᠭᠤᠯᠢ ᠶᠢᠨ ᠢᠳᠡᠪᠬᠢᠲᠡᠶ ᠪᠠᠷ ᠭᠠᠳᠠᠭᠰᠢ ᠭᠠᠷᠴᠦ ᠮᠣᠩᠭᠤᠯ | ᠤᠷᠤᠰ ᠤᠨ ᠪᠤᠰᠤᠳ ᠮᠤᠵᠢ ᠬᠤᠲᠠ ᠶᠢᠨ ᠰᠤᠷᠭᠠᠭᠤᠯᠢ ᠯᠤᠭ᠎ᠠ ᠨᠦᠬᠦᠷᠯᠡᠬᠦ ᠶᠢ ᠨᠢ ᠵᠤᠷᠢᠭᠵᠢᠭᠤᠯᠵᠤ᠂ ᠵᠢᠭᠠᠨ | ᠰᠤᠷᠭᠠᠬᠤ ᠰᠤᠳᠤᠯᠭᠠᠨ ᠬᠢᠬᠦ᠂ ᠪᠠᠭᠰᠢ ᠨᠠᠷ ᠬᠠᠷᠢᠯᠴᠠᠨ ᠢᠯᠡᠴᠢᠯᠡᠨ ᠰᠤᠷᠤᠯᠴᠠᠬᠤ᠂ ᠰᠤᠷᠤᠭᠴᠢᠳ ᠢ ᠰᠤᠯᠢᠯᠴᠠᠨ | ᠰᠤᠷᠤᠯᠴᠠᠭᠤᠯᠬᠤ ᠵᠡᠷᠭᠡ ᠬᠦᠷᠢᠶ᠎ᠡ ᠬᠡᠪᠴᠢᠶᠡᠨ ᠳᠤ ᠬᠠᠮᠲᠤᠷᠠᠯᠴᠠᠬᠤ ᠪᠠᠷ ᠴᠢᠷᠮᠠᠶᠢᠨ᠎ᠠ᠃ ᠡᠷᠢᠶᠡᠨ ᠳᠠᠬᠢ ᠣᠯᠠᠨ | ᠤᠯᠤᠰ ᠤᠨ ᠳᠡᠭᠡᠳᠦ ᠰᠤᠷᠭᠠᠭᠤᠯᠢ ᠮᠣᠩᠭᠤᠯ ᠤᠯᠤᠰ ᠤᠨ ᠶᠡᠭᠡ ᠳᠡᠭᠡᠳᠦ ᠰᠤᠷᠭᠠᠭᠤᠯᠢ ᠲᠠᠢ ᠢᠳᠡᠪᠬᠢᠲᠡᠢ ᠪᠠᠷ | ᠬᠤᠷᠰᠢᠨ ︽2 + 2︾ ᠰᠤᠷᠭᠠᠭᠤᠯᠢ ᠬᠠᠮᠲᠤᠷᠠᠨ ᠡᠷᠬᠢᠯᠡᠬᠦ᠂ ︽3 + 1︾ ᠬᠠᠮᠲᠤᠷᠠᠨ ᠬᠥᠮᠦᠵᠢᠭᠦᠯᠬᠦ᠂ | ᠣᠬᠤᠷ ᠬᠤᠭᠤᠴᠠᠭᠠᠲᠤ ᠰᠣᠯᠢᠯᠴᠠᠭᠠᠨ ᠤ ᠰᠤᠷᠭᠠᠭᠤᠯᠢ ᠬᠠᠮᠲᠤᠷᠠᠨ ᠡᠷᠬᠢᠯᠡᠬᠦ ᠳᠤᠨᠢ ᠳᠡᠮᠵᠢᠯᠭᠡ ᠦᠵᠡᠭᠦᠯᠵᠦ᠂ | ᠰᠤᠳᠤᠯᠤᠨ ᠰᠣᠷᠣᠭᠴᠢ ᠶᠢᠨ ᠬᠤᠯᠪᠤᠭᠠᠲᠤ ᠬᠦᠷᠢᠶᠡᠯᠡᠩ ᠪᠠᠶᠢᠭᠤᠯᠬᠤ ᠶᠢ ᠲᠦᠯᠬᠢᠨ ᠠᠬᠢᠭᠤᠯᠵᠤ᠂ ᠳᠤᠮᠳᠠᠳᠤ | ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠭᠤᠷᠤᠨᠳᠤ ᠪᠠᠨ ᠰᠤᠷᠤᠯᠭ᠎ᠠ ᠶᠢᠨ ᠬᠤᠪᠢ ᠶᠢ ᠰᠢᠯᠵᠢᠭᠦᠯᠬᠦ ᠪᠠ | ᠬᠠᠷᠢᠯᠴᠠᠨ ᠮᠡᠳᠡᠷᠡᠬᠦ ᠶᠢ ᠠᠬᠢᠭᠤᠯᠵᠤ᠂ ᠤᠯᠠᠨ ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭ᠎ᠠ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠎ᠠ᠃ ᠤᠯᠠᠨ ᠤᠯᠤᠰ ᠤᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠪᠠᠶᠢᠭᠤᠯᠬᠤ ᠶᠢ ᠲᠦᠷᠭᠡᠳᠬᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠠ | ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠬᠠᠮᠢᠶ᠎ᠠ | ᠪᠥᠬᠦᠶ ᠲᠤᠰᠬᠠᠶ ᠮᠡᠷᠭᠡᠵᠢᠯ ᠲᠠᠢ ᠲᠤᠬᠢᠷᠠᠭᠤᠯᠵᠤ᠂ ᠮᠣᠩᠭᠤᠯ ᠤᠯᠤᠰ ᠯᠤᠭ᠎ᠠ ᠬᠠᠮᠲᠤᠪᠠᠷ ᠵᠦᠪᠳᠡᠯᠴᠡᠬᠦ᠂ ᠬᠠᠮᠲᠤ ᠪᠠᠷ | ᠪᠦᠲᠦᠭᠡᠬᠦ᠂ ᠬᠠᠮᠲᠤ ᠪᠠᠷ ᠬᠦᠷᠲᠡᠬᠦ ᠣᠷᠣᠨ ᠪᠦᠰᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠷᠢ | ᠬᠡᠮ ᠤᠨ ᠵᠡᠷᠭᠡ ᠳᠡᠰ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠳᠤᠮᠳᠠᠳᠤ ᠮᠣᠩᠭᠤᠯ ᠤᠨ ᠠᠵᠤ ᠠᠬᠤᠶ | ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠱᠠᠭᠠᠷᠳᠠᠭᠳᠠᠵᠤ ᠪᠠᠶᠢᠭ᠎ᠠ ᠥᠨᠳᠥᠷ ᠬᠡᠪ ᠴᠢᠨᠠᠷ ᠪᠦᠬᠦᠢ | ᠬᠥᠳᠡᠯᠮᠦᠷᠢᠴᠢᠨ ᠪᠠ ᠠᠵᠢᠯ ᠮᠡᠷᠭᠡᠵᠢᠯ ᠤᠨ ᠴᠢᠳᠠᠪᠤᠷᠢᠲᠠᠨ ᠬᠦᠮᠦᠵᠢᠭᠦᠯᠵᠦ ᠦᠭᠭᠦᠨ᠎ᠡ᠃ | ᠬᠥᠲᠥᠯᠥᠭᠴᠢ᠄ | ᠡᠷᠢᠶᠡᠨ ᠬᠤᠲᠠ ᠭᠠᠳᠠᠭᠠᠳᠤ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠶᠠᠮᠠᠷ | ᠶᠠᠮᠠᠷ ᠠᠵᠢᠯ ᠬᠢᠬᠦ ᠪᠤᠢ︖ | ᠠᠭᠤᠯᠠ᠄ | ᠨᠢᠭᠡ ᠳᠤ ᠪᠡᠯᠡ ᠮᠥᠩᠭᠦ ᠶᠢᠨ ᠤᠷᠤᠭᠤᠯᠤᠯᠲᠠ ᠪᠤᠯᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ | ᠡᠷᠴᠢᠮ ᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠮᠣᠩᠭᠤᠯ ᠤᠯᠤᠰ ᠤᠨ | ᠰᠤᠷᠤᠭᠴᠢᠳ ᠢ ᠬᠦᠯᠢᠶᠡᠨ ᠠᠪᠬᠤ ᠲᠤᠰᠬᠠᠶ ᠪᠡᠯᠡ ᠮᠥᠩᠭᠦ ᠪᠠᠶᠢᠭᠤᠯᠬᠤ ᠪᠠ ᠡᠭᠦᠨ ᠢ ᠬᠡᠪ ᠤᠨ ᠲᠣᠭᠲᠠᠴᠠ | ᠪᠤᠯᠭᠠᠬᠤ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠡᠯ᠎ᠡ ᠲᠥᠷᠥᠯ ᠤᠨ ᠰᠠᠭᠤᠷᠢ ᠮᠥᠩᠭᠦᠨ ᠳᠤ ᠱᠠᠩᠨᠠᠯ ᠤᠨ | ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠮᠣᠩᠭᠤᠯ ᠤᠯᠤᠰ ᠤᠨ ᠰᠤᠷᠤᠭᠴᠢᠳ ᠢ ᠵᠣᠭᠤᠰ ᠮᠥᠩᠭᠦ ᠪᠠᠷ | ᠲᠤᠰᠠᠯᠠᠬᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠦᠷᠭᠡᠳᠬᠡᠨ᠎ᠡ᠃ ︽ᠮᠣᠩᠭᠤᠯ ᠤᠯᠤᠰ ᠤᠨ | ᠬᠠᠷᠢᠶ᠎ᠠ ᠲᠠᠢ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠬᠡᠷᠡᠭᠵᠢᠭᠦᠯᠬᠦ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠪᠦᠷᠢᠨᠰᠢᠭᠦᠯᠵᠦ᠂ ︽ᠰᠤᠷᠭᠠᠨ ᠬᠥᠮᠦᠵᠢᠯ ᠤᠨ ᠲᠠᠯ᠎ᠠ ᠪᠠᠷ ᠳᠤᠮᠳᠠᠳᠤ ᠮᠣᠩᠭᠤᠯ ᠰᠣᠯᠢᠯᠴᠠᠭ᠎ᠠ | ᠬᠢᠬᠦ ᠪᠠ ᠬᠠᠮᠲᠤᠷᠠᠨ ᠠᠵᠢᠯᠯᠠᠬᠤ ᠰᠠᠭᠤᠷᠢ ᠮᠥᠩᠭᠦ︾ ᠶᠢ ᠪᠠᠶᠢᠭᠤᠯᠵᠤ᠂ ᠮᠠᠨ ᠤ ᠬᠤᠲᠠ ᠶᠢᠨ ᠡᠳ᠋ ᠤᠨ ᠵᠠᠰᠠᠭ ᠠᠴᠠ | ᠮᠣᠩᠭᠤᠯ ᠤᠯᠤᠰ ᠤᠨ ᠰᠤᠷᠭᠠᠨ ᠬᠥᠮᠦᠵᠢᠯ ᠳᠤ ᠨᠡᠬᠡᠬᠡᠯᠳᠡ ᠬᠢᠬᠦ ᠣᠷᠣᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ | ᠳᠤᠮᠳᠠᠳᠤ ᠮᠣᠩᠭᠤᠯ ᠤᠨ ᠪᠠᠭᠰᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠵᠤ᠂ ᠳᠤᠮᠳᠠᠳᠤ | ᠮᠣᠩᠭᠤᠯ ᠤᠨ ᠰᠣᠶᠣᠯ ᠢᠷᠭᠡᠨᠰᠢᠯ ᠤᠨ ᠶᠠᠪᠤᠯᠴᠠᠭ᠎ᠠ ᠶᠢᠨ ᠵᠢᠱᠢᠶ᠎ᠡ ᠦᠵᠡᠭᠦᠯᠬᠦ ᠲᠠᠪᠴᠠᠩ ᠢ ᠬᠦᠴᠦ ᠲᠠᠯᠪᠢᠨ | ᠪᠠᠶᠢᠭᠤᠯᠤᠨ᠎ᠠ᠃ | ᠬᠤᠶᠠᠷ ᠲᠤ ᠤᠬᠠᠭᠤᠯᠭ᠎ᠠ ᠪᠠ ᠲᠤᠰᠠᠯᠠᠮᠵᠢ ᠶᠢᠨ ᠡᠷᠴᠢᠮ ᠢ ᠴᠢᠩᠭᠠᠷᠠᠭᠤᠯᠤᠨ᠎ᠠ᠃ ᠮᠣᠩᠭᠤᠯ ᠤᠯᠤᠰ ᠤᠨ | ᠰᠤᠷᠤᠭᠴᠢᠳ ᠮᠠᠨ ᠤ ᠬᠤᠲᠠ ᠳᠤ ᠦᠰᠦᠨ ᠪᠤᠶᠢᠵᠢᠵᠤ ᠪᠠᠶᠢᠭ᠎ᠠ ᠪᠠᠷᠢᠮᠲᠠᠲᠤ ᠺᠢᠨᠣ᠋ ᠦᠢᠯᠡᠳᠬᠦ ᠵᠢᠴᠢ ᠡᠯ᠎ᠡ | ᠲᠦᠷᠦᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ᠂ ᠶᠠᠷᠢᠯᠴᠠᠨ ᠰᠤᠳᠤᠯᠬᠤ ᠬᠤᠷᠠᠯ᠂ ᠰᠣᠯᠢᠯᠴᠠᠭᠠᠨ ᠤ | ᠭᠠᠷᠠᠭ ᠵᠡᠷᠭᠡ ᠶᠢ ᠡᠷᠬᠢᠯᠡᠬᠦ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠲᠠ ᠶᠢᠨ ᠮᠣᠩᠭᠤᠯ ᠤᠯᠤᠰ ᠤᠨ ᠰᠤᠷᠭᠠᠨ | ᠬᠥᠮᠦᠵᠢᠯ ᠳᠤ ᠠᠪᠴᠤ ᠪᠠᠶᠢᠭ᠎ᠠ ᠴᠢᠯᠥᠭᠡᠲᠡᠶ ᠶᠠᠪᠤᠯᠴᠠᠬᠤ ᠲᠦᠷᠦ ᠶᠢᠨ ᠪᠤᠳᠦᠯᠭ᠎ᠠ ᠵᠢᠴᠢ ᠣᠯᠤᠭᠰᠠᠨ ᠦᠷ᠎ᠡ | ᠪᠦᠲᠦᠮᠵᠢ ᠶᠢ ᠪᠦᠬᠦ ᠲᠠᠯ᠎ᠠ᠂ ᠣᠯᠠᠨ ᠬᠠᠷᠠᠭᠠᠰᠤ ᠠᠴᠠ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ | ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃ ᠮᠠᠨ ᠤ ᠬᠤᠲᠠ ᠶᠢᠨ ᠡᠯ᠎ᠡ ᠳᠡᠭᠡᠳᠦ ᠰᠤᠷᠭᠠᠭᠤᠯᠢ᠂ ᠰᠤᠷᠭᠠᠭᠤᠯᠢ᠂ | ᠴᠡᠴᠡᠷᠯᠢᠭ ᠢ ᠵᠤᠬᠢᠶᠠᠨ ᠪᠠᠶᠢᠭᠤᠯᠤᠨ ᠮᠣᠩᠭᠤᠯ ᠤᠯᠤᠰ ᠲᠤ ᠬᠦᠷᠴᠦ ᠰᠤᠷᠭᠠᠨ ᠬᠥᠮᠦᠵᠢᠯ ᠤᠨ ᠦᠵᠡᠰᠬᠦᠯᠡᠩ | ᠡᠷᠬᠢᠯᠡᠵᠦ᠂ ᠮᠣᠩᠭᠤᠯ ᠤᠯᠤᠰ ᠤᠨ ᠰᠤᠷᠤᠭᠴᠢᠳ ᠢ ᠬᠦᠯᠢᠶᠡᠨ ᠠᠪᠬᠤ ᠲᠠᠯ᠎ᠠ ᠪᠠᠷ ᠨᠡᠶᠢᠲᠡᠯᠡᠭᠰᠡᠨ ᠬᠠᠮᠢᠶ᠎ᠠ ᠪᠦᠬᠦᠢ | ᠬᠠᠷᠠᠭᠠᠯᠵᠠᠯ ᠤᠨ ᠲᠥᠷᠥ ᠶᠢᠨ ᠪᠤᠳᠤᠯᠭ᠎ᠠ᠂ ᠮᠣᠩᠭᠤᠯ ᠤᠯᠤᠰ ᠤᠨ ᠰᠤᠷᠤᠭᠴᠢ ᠳᠤᠮᠳᠠᠳᠤ ᠤᠯᠤᠰ ᠲᠤ ᠢᠷᠡᠵᠦ | ᠰᠤᠷᠤᠯᠴᠠᠭᠠᠳ ᠬᠢᠲᠠᠳ ᠬᠡᠯᠡᠨ ᠤ ᠬᠢᠷᠢ ᠬᠡᠮᠵᠢᠶ᠎ᠡ ᠶᠢᠨ ᠰᠢᠯᠭᠠᠯᠲᠠ ᠳᠤ ᠤᠷᠤᠯᠴᠠᠭᠰᠠᠨ ︵HSK︶ | ᠪᠠᠲᠤᠯᠠᠭ᠎ᠠ ᠶᠢᠨ ᠨᠣᠷᠮ᠎ᠠ ᠵᠢᠴᠢ ᠤᠯᠤᠰ ᠲᠠᠭᠠᠨ ᠪᠤᠴᠠᠭᠰᠠᠨ ᠤ ᠲᠠᠷᠠᠭ᠎ᠠ ᠬᠤᠯᠪᠣᠭᠳᠠᠯ ᠪᠦᠭᠦᠢ ᠠᠵᠢᠯ ᠬᠢᠵᠦ ᠪᠠᠶᠢᠭ᠎ᠠ | ᠪᠠᠶᠢᠳᠠᠯ ᠢ ᠭᠤᠤᠯᠴᠢᠯᠠᠨ ᠲᠠᠨᠢᠯᠴᠠᠭᠤᠯᠤᠨ᠎ᠠ᠃ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠯᠤᠭ᠎ᠠ ᠢᠳᠡᠪᠬᠢᠲᠡᠢ ᠵᠤᠯᠭᠠᠯᠳᠤᠵᠤ᠂ ᠮᠣᠩᠭᠤᠯ ᠤᠯᠤᠰ ᠲᠤ ᠬᠢᠲᠠᠳ ᠬᠡᠯᠡᠨ ᠤ ᠪᠠᠭᠰᠢ᠂ ᠰᠠᠶᠢᠨ ᠳᠤᠷ᠎ᠠ ᠶᠢᠨ | ᠠᠵᠢᠯᠯᠠᠭᠰᠠᠳ ᠢ ᠰᠤᠩᠭᠤᠨ ᠲᠤᠮᠢᠯᠠᠬᠤ ᠲᠤᠭ᠎ᠠ ᠶᠢ ᠨᠡᠮᠡᠭᠳᠡᠭᠦᠯᠵᠦ᠂ ᠮᠣᠩᠭᠤᠯ ᠤᠯᠤᠰ ᠤᠨ ᠰᠤᠷᠭᠠᠨ | ᠬᠥᠮᠦᠵᠢᠯ ᠤᠨ ᠠᠯᠪᠠᠨ ᠲᠤᠰᠢᠶᠠᠯᠲᠠᠨ᠂ ᠰᠤᠷᠭᠠᠭᠤᠯᠢ ᠶᠢᠨ ᠵᠠᠬᠢᠷᠤᠯ᠂ ᠡᠷᠳᠡᠮᠲᠡᠨ ᠪᠠ ᠲᠤᠰᠬᠠᠶ ᠮᠡᠷᠭᠡᠵᠢᠯ ᠤᠨ | ᠠᠵᠢᠯᠳᠠᠨ ᠤ ᠳᠤᠮᠳᠠᠳᠤ ᠤᠯᠤᠰ ᠲᠤ ᠢᠷᠡᠵᠦ ᠪᠤᠯᠪᠠᠰᠤᠷᠠᠯ ᠬᠢᠬᠦ ᠡᠷᠴᠢᠮ ᠢ ᠴᠢᠩᠭᠠᠳᠬᠠᠨ᠎ᠠ᠃ ᠵᠠᠮ ᠤᠨ ᠡᠭᠦᠳᠡ | ᠬᠤᠲᠠ ᠳᠤ ᠺᠦᠩᠽᠢ ᠶᠢᠨ ᠬᠢᠴᠢᠶᠡᠯ ᠤᠨ ᠲᠠᠩᠬᠢᠮ ᠪᠠᠶᠢᠭᠤᠯᠬᠤ ᠪᠠᠷ ᠴᠢᠷᠮᠠᠶᠢᠵᠤ᠂ ᠬᠢᠲᠠᠳ ᠬᠡᠯᠡ ᠶᠢ ᠳᠡᠯᠭᠡᠷᠡᠭᠦᠯᠬᠦ | ᠪᠠ ᠳᠤᠮᠳᠠᠳᠤ ᠶᠢᠨ ᠰᠣᠶᠣᠯ ᠢ ᠤᠯᠠᠮᠵᠢᠯᠠᠬᠤ ᠡᠷᠴᠢᠮ ᠢ ᠴᠢᠩᠭᠠᠷᠠᠭᠤᠯᠤᠨ᠎ᠠ᠃ | ᠬᠥᠲᠥᠯᠥᠭᠴᠢ᠄ | ᠵᠠ ᠰᠠᠶᠢᠨ ᠪᠤᠯᠤᠯ᠎ᠠ᠂ ᠠᠭᠤᠯᠠ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ | ᠫᠷᠦᠭᠷᠡᠮ ᠳᠤ ᠪᠠᠶᠠᠷᠲᠠᠶ ᠵᠤᠯᠭᠠᠶ᠎ᠠ︕ | | | | ᠳᠤᠮᠳᠠᠳᠤ ᠤᠯᠤᠰ ᠤᠨ ᠡᠷᠢᠶᠡᠨ ᠬᠤᠲᠠ ᠶᠢᠨ ᠳᠤᠮᠳᠠᠳᠤ ᠣᠷᠣᠰ ᠮᠣᠩᠭᠤᠯ ᠤᠨ ᠠᠵᠤ ᠠᠬᠤᠶ | ᠠᠷᠠᠯᠵᠢᠶᠠᠨ ᠤ ᠬᠠᠮᠲᠤᠷᠠᠯᠴᠠᠭᠠᠨ ᠤ ᠵᠥᠪᠳᠡᠨ ᠶᠠᠷᠢᠯᠴᠠᠬᠤ ᠬᠤᠷᠠᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ | ᠵᠥᠪᠳᠡᠯᠴᠡᠭᠡ | | ᠳᠤᠮᠳᠠᠳᠤ ᠤᠯᠤᠰ ᠤᠨ ᠥᠪᠥᠷ ᠮᠣᠩᠭᠤᠯ ᠤᠨ ᠡᠷᠢᠶᠡᠨ ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠬᠢᠭᠡᠳ ᠣᠷᠣᠰ ᠤᠨ ᠬᠤᠯᠪᠣᠭᠠᠨ ᠤ ᠪᠤᠷᠢᠶᠠᠳ ᠪᠦᠭᠦᠳᠡ ᠨᠠᠶᠢᠷᠠᠮᠳᠠᠬᠤ | ᠤᠯᠤᠰ ᠤᠨ ᠤᠯᠠᠭᠠᠨ ᠦᠳᠡ ᠬᠤᠲᠠ ᠶᠢᠨ ᠰᠤᠷᠭᠠᠨ ᠬᠥᠮᠦᠵᠢᠯ ᠤᠨ ᠶᠠᠮᠤᠨ ᠤ ︽ᠨᠥᠬᠦᠷᠰᠡᠭ ᠢᠶᠠᠷ ᠬᠠᠮᠲᠤᠷᠠᠨ | ᠠᠵᠢᠯᠯᠠᠬᠤ ᠬᠠᠷᠢᠴᠠᠭ᠎ᠠ ᠪᠠᠶᠢᠭᠤᠯᠬᠤ︾ ᠵᠥᠪᠳᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ |