ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ ᠢ ᠲᠣᠭᠲᠠᠪᠠ
ᠨᠡᠶᠢᠲᠡᠯᠡᠭᠰᠡᠨ ᠴᠠᠭ᠄
2017/6/13
     ᠮᠠᠨ ᠤ ᠣᠷᠣᠨ ᠤ 2017 ᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ ᠢ ᠨᠢᠭᠡᠨᠲᠡ ᠲᠣᠭᠲᠠᠭᠠᠪᠠ᠂ ᠪᠣᠳᠠᠲᠠᠶ ᠡᠷᠡᠮᠡᠯᠵᠡᠯ ᠲᠠᠭᠯᠠᠬᠤ ᠲᠣᠬᠢᠷᠠᠭᠤᠯᠤᠯᠲᠠ ᠨᠢ ᠳᠣᠣᠷᠠᠬᠢ ᠮᠡᠲᠦ᠄      6 ᠳ᠋ᠤᠭᠠᠷ ᠰᠠᠷ᠎ᠠ ᠶᠢᠨ 25᠎ ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ᠂ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ ᠰᠢᠯᠭᠠᠭᠤᠯᠤᠭᠴᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ᠂ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ ᠪᠦᠯᠦᠭ ᠤᠨ ᠳᠣᠲᠣᠷ᠎ᠠ ᠠᠴᠠ ᠨᠢᠭᠡ ᠯᠠ ᠪᠦᠯᠦᠭ ᠤᠳᠠᠭ᠎ᠠ ᠶᠢ ᠰᠣᠩᠭᠤᠵᠤ᠂ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠳᠣᠲᠣᠭᠠᠳᠤ ᠶᠢ ᠬᠠᠮᠠᠭᠠᠯᠠᠬᠤ ᠴᠡᠷᠢᠭ ᠤᠨ ᠠᠯᠪᠠ ᠬᠠᠭᠠᠬᠤ᠂ ᠬᠠᠤᠯᠢ ᠴᠠᠭᠠᠵᠠ᠂ ᠪᠡᠭᠡᠵᠢᠩ ᠤᠨ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠲᠥᠷᠥᠯ ᠤᠨ ᠡᠷᠡᠮᠡᠯᠵᠡᠯ ᠠᠴᠠ ᠨᠢᠭᠡ ᠶᠢ ᠨᠢ ᠰᠣᠩᠭᠤᠨ ᠲᠠᠭᠯᠠᠨ᠎ᠡ᠂ ᠲᠦᠷᠦᠯ ᠪᠦᠷᠢ ᠶᠢᠨ ᠡᠷᠡᠮᠡᠯᠵᠡᠯ ᠳᠤ ᠪᠣᠳᠠᠲᠠᠶ ᠠᠬᠤᠭᠤᠯᠤᠭᠳᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠨᠡᠷᠡᠰ ᠢ ᠲᠤᠬᠠᠶ ᠶᠢᠨ ᠴᠠᠭ ᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠯᠪᠠᠨ ᠵᠠᠷ ᠢᠶᠠᠷ ᠳᠠᠮᠵᠢᠭᠤᠯᠤᠨ ᠨᠡᠶᠢᠲᠡᠯᠡᠨ᠎ᠡ᠃      7 ᠳ᠋ᠤᠭᠠᠷ ᠰᠠᠷ᠎ᠠ ᠶᠢᠨ 2᠎ ᠤᠨ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠤᠷᠠᠯᠢᠭ᠂ ᠲᠠᠮᠢᠷ ᠤᠨ ᠲᠥᠷᠥᠯ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃      7 ᠳ᠋ᠤᠭᠠᠷ ᠰᠠᠷ᠎ᠠ ᠶᠢᠨ 6᠎ ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠡᠩ ᠤᠨ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠨ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ ᠡᠭᠦᠨ ᠎ ᠳᠤ ᠴᠡᠷᠢᠭ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠳᠣᠲᠣᠭᠠᠳᠤ ᠶᠢ ᠬᠠᠮᠠᠭᠠᠯᠠᠬᠤ ᠴᠡᠷᠢᠭ ᠤᠨ ᠠᠯᠪᠠ ᠬᠠᠭᠠᠬᠤ᠂ ᠬᠠᠤᠯᠢ ᠴᠠᠭᠠᠵᠠ᠂ ᠪᠡᠭᠡᠵᠢᠩ ᠤᠨ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠤ ᠡᠷᠡᠮᠡᠯᠵᠡᠯ ᠢᠶᠠᠨ ᠲᠠᠭᠯᠠᠭᠰᠠᠨ ᠪᠥᠭᠡᠳ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ ᠨᠢᠭᠤᠷᠳᠠᠯ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠲᠠᠮᠢᠷ ᠤᠨ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠬᠠᠷᠠᠭᠠᠯᠵᠠᠭᠰᠠᠨ ᠲᠥᠷᠥᠯ ᠤᠨ ᠳᠣᠲᠣᠷᠠᠬᠢ ᠤᠤᠯ ᠡᠷᠡᠮᠡᠯᠵᠡᠯ ᠳᠤ ᠪᠣᠳᠠᠲᠠᠶ ᠠᠬᠤᠭᠤᠯᠤᠭᠳᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ ᠲᠤᠰᠬᠠᠶ ᠮᠡᠷᠭᠡᠵᠢᠯ ᠳᠤ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠵᠦ ᠪᠣᠯᠣᠨ᠎ᠠ᠃      ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ A ᠪᠦᠯᠦᠭ ᠤᠨ ᠡᠩ ᠤᠨ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠨ ᠳᠣᠲᠣᠭᠠᠳᠤ ᠶᠢ ᠬᠠᠮᠠᠭᠠᠯᠠᠬᠤ ᠲᠦᠷᠦᠯ ᠳᠤ ᠠᠩᠬᠠᠨ ᠤ ᠡᠷᠡᠮᠡᠯᠵᠡᠯ ᠢᠶᠠᠨ ᠲᠠᠭᠯᠠᠨ᠎ᠠ᠃ ᠳᠣᠲᠣᠭᠠᠳᠤ ᠶᠢ ᠬᠠᠮᠠᠭᠠᠯᠠᠬᠤ ᠲᠦᠷᠦᠯ ᠳᠤ ᠡᠷᠡᠮᠡᠯᠵᠡᠯ ᠢᠶᠠᠨ ᠲᠠᠭᠯᠠᠭᠰᠠᠨ ᠪᠥᠭᠡᠳ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ ᠨᠢᠭᠤᠷᠳᠠᠯ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠲᠠᠮᠢᠷ ᠤᠨ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠤᠨ ᠡᠩ ᠤᠨ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠳᠠᠬᠢ ᠤᠤᠯ ᠡᠷᠡᠮᠡᠯᠵᠡᠯ ᠳᠤ ᠪᠣᠳᠠᠲᠠᠶ ᠠᠬᠤᠭᠤᠯᠤᠭᠳᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ ᠲᠤᠰᠬᠠᠶ ᠮᠡᠷᠭᠡᠵᠢᠯ ᠳᠤ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠵᠦ ᠪᠣᠯᠣᠨ᠎ᠠ᠃      7 ᠳ᠋ᠤᠭᠠᠷ ᠰᠠᠷ᠎ᠠ ᠶᠢᠨ 10᠎ ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ᠤᠨ ᠡᠩ ᠤᠨ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠳᠤ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃      7 ᠳ᠋ᠤᠭᠠᠷ ᠰᠠᠷ᠎ᠠ ᠶᠢᠨ 13᠎ ᠤ ᠡᠳᠦᠷ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠨ᠎ᠡ᠃ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠡᠯᠰᠡᠵᠦ ᠳᠠᠭᠤᠰᠤᠭᠰᠠᠨ ᠤ ᠳᠠᠷᠠᠭ᠎ᠠ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B᠎ ᠳᠤ ᠰᠦᠯᠵᠢᠶᠡᠨ ᠳᠡᠭᠡᠷ᠎ᠡ ᠡᠷᠡᠮᠡᠯᠵᠡᠯ ᠎ ᠢᠶᠠᠨ ᠲᠠᠭᠯᠠᠨ᠎ᠡ᠃      7 ᠳ᠋ᠤᠭᠠᠷ ᠰᠠᠷ᠎ᠠ ᠶᠢᠨ 14᠎ ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ᠤᠨ ᠤᠷᠠᠯᠢᠭ᠂  ᠪᠡᠶ᠎ᠡ ᠶᠢᠨ ᠲᠠᠮᠢᠷ ᠤᠨ ᠲᠥᠷᠥᠯ ᠳᠤ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠨ᠎ᠡ᠃      7 ᠳ᠋ᠤᠭᠠᠷ ᠰᠠᠷ᠎ᠠ ᠶᠢᠨ 19᠎ ᠤ ᠡᠳᠦᠷ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠲᠤ ᠰᠣᠷᠣᠭᠴᠢ ᠡᠯᠰᠡᠬᠦ ᠠᠵᠢᠯ ᠳᠠᠭᠤᠰᠤᠭᠰᠠᠨ ᠤ ᠳᠠᠷᠠᠭ᠎ᠠ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B᠎ ᠳᠤ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠨ᠎ᠡ᠃      7 ᠳ᠋ᠤᠭᠠᠷ ᠰᠠᠷ᠎ᠠ ᠶᠢᠨ 25᠎ ᠤ ᠡᠳᠦᠷ᠂ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ︵ᠳᠣᠲᠣᠭᠠᠳᠤ ᠶᠢ ᠬᠠᠮᠠᠭᠠᠯᠠᠬᠤ ᠲᠥᠷᠥᠯ ᠠᠴᠠ ᠪᠣᠰᠣᠳ︶᠎ ᠲᠤ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃      7 ᠳ᠋ᠤᠭᠠᠷ ᠰᠠᠷ᠎ᠠ ᠶᠢᠨ 27᠎ ᠤ ᠡᠳᠦᠷ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠪᠦᠯᠦᠭ ᠲᠤ ᠰᠦᠯᠵᠢᠶᠡᠨ ᠳᠡᠭᠡᠷ᠎ᠡ ᠠᠩᠬᠠᠨ ᠤ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃      ᠡᠯ᠎ᠡ ᠪᠦᠯᠦᠭ ᠤᠳᠠᠭ᠎ᠠ ᠳᠤ ᠰᠡᠭᠦᠯᠴᠢ ᠪᠠᠷ ᠡᠷᠡᠮᠡᠯᠵᠡᠯ ᠲᠠᠭᠯᠠᠬᠤ ᠴᠠᠭ ᠢ ᠡᠯᠰᠡᠬᠦ ᠠᠬᠢᠴᠠ ᠶᠢ ᠦᠵᠡᠵᠦ ᠲᠣᠭᠲᠠᠭᠠᠨ᠎ᠡ᠂ ᠪᠣᠳᠠᠲᠠᠶ ᠮᠡᠳᠡᠭᠦᠯᠬᠦ ᠴᠠᠭ ᠵᠢᠴᠢ ᠱᠠᠭᠠᠷᠳᠠᠯᠭ᠎ᠠ ᠶᠢ ᠰᠢᠯᠭᠠᠭᠤᠯᠤᠭᠴᠢᠦᠨ ᠰᠣᠷᠣᠭᠴᠢ ᠡᠯᠰᠡᠬᠦ ᠠᠵᠢᠯ ᠤᠨ ᠠᠬᠢᠴᠠ ᠪᠠᠷ ᠨᠡᠶᠢᠲᠡᠯᠡᠭᠰᠡᠨ ᠬᠤᠯᠪᠣᠭᠳᠠᠯ ᠪᠦᠬᠦᠢ ᠡᠷᠡᠮᠡᠯᠵᠡᠯ ᠲᠠᠭᠯᠠᠬᠤ ᠨᠡᠶᠢᠲᠡᠯᠡᠯ ᠠᠴᠠ ᠯᠠᠪᠯᠠᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号