︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾ ᠶᠢᠨ ᠠᠷᠪᠠᠨ | ᠬᠤᠶᠠᠳᠤᠭᠠᠷ ᠵᠦᠢᠯ ᠠᠷᠪᠠᠨ ᠭᠤᠷᠪᠠᠳᠤᠭᠠᠷ ᠵᠦᠢᠯ ᠳᠤ᠄ ︽ᠤᠯᠤᠰ ᠠᠴᠠ ᠴᠡᠷᠢᠭ ᠤᠨ ᠠᠯᠪᠠᠨ ᠳᠤ ᠳᠠᠩᠰᠠᠯᠠᠬᠤ | ᠲᠦᠷᠢᠮ ᠢ ᠬᠡᠷᠡᠭᠵᠢᠭᠦᠯᠵᠦ᠂ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 18 | ᠨᠠᠰᠤ ᠬᠦᠷᠦᠭᠰᠡᠨ ᠡᠷᠡᠭᠲᠡᠶ ᠠᠷᠠᠳ ᠢᠷᠭᠡᠨ ᠴᠥᠮ ᠲᠤᠰ ᠵᠢᠯ ᠤᠨ 6 ᠳ᠋ᠤᠭᠠᠷ ᠰᠠᠷ᠎ᠠ ᠶᠢᠨ 30 ᠤ ᠡᠳᠦᠷ ᠠᠴᠠ | ᠡᠮᠦᠨ᠎ᠡ᠂ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠲᠣᠭᠢᠷᠠᠭᠤᠯᠣᠯᠳᠠ ᠶᠣᠰᠣᠭᠠᠷ ᠴᠡᠷᠢᠭ ᠤᠨ ᠠᠯᠪᠠᠨ ᠳᠤ | ᠳᠠᠩᠰᠠᠯᠠᠭᠤᠯᠵᠤ᠂ ᠬᠤᠯᠪᠣᠭᠳᠠᠯ ᠪᠦᠬᠦᠢ ᠴᠡᠷᠢᠭ ᠤᠨ ᠠᠯᠪᠠ ᠬᠠᠭᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ︾ ᠭᠡᠵᠦ | ᠲᠤᠭᠲᠠᠭᠠᠪᠠ᠃ ᠲᠤᠰ ᠬᠠᠤᠯᠢ ᠶᠢ ᠲᠤᠤᠱᠯᠠᠭᠤᠯᠤᠨ ᠬᠡᠷᠡᠭᠵᠢᠭᠦᠯᠵᠦ᠂ ᠨᠠᠰᠤᠨ ᠳᠤ ᠬᠦᠷᠦᠭᠰᠡᠨ ᠵᠠᠯᠠᠭᠤᠴᠤᠳ ᠤᠨ | ᠬᠠᠤᠯᠢ ᠶᠣᠰᠣᠭᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠭᠦᠢᠴᠡᠳᠬᠡᠬᠦ ᠶᠢ ᠰᠢᠪᠠᠳᠠᠭᠤᠯᠬᠤ ᠶᠢᠨ | ᠲᠦᠯᠦᠭᠡ᠂ 5 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠬᠠᠮᠲᠤᠷᠠᠨ ︽ᠬᠠᠤᠯᠢ ᠶᠣᠰᠣᠭᠠᠷ | ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠰᠠᠨᠠᠯ ᠤᠳ︾ ᠢ ᠨᠡᠶᠢᠲᠡᠯᠡᠵᠦ᠂ ᠪᠦᠬᠦᠯᠢ 18 | ᠨᠠᠰᠤ ᠬᠦᠷᠦᠭᠰᠡᠨ ᠡᠷᠡᠭᠲᠡᠶ ᠠᠷᠠᠳ ᠢᠷᠭᠡᠨ ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠠᠰᠠᠭᠤᠳᠠᠯ ᠤᠨ | ᠲᠤᠬᠠᠶ ᠴᠢᠩᠭ᠎ᠠ ᠲᠣᠭᠲᠠᠭᠠᠯ ᠭᠠᠷᠭᠠᠭᠰᠠᠨ ᠪᠠᠶᠢᠨ᠎ᠠ᠃ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ᠂ ᠪᠦᠬᠦᠯᠢ 18 ᠨᠠᠰᠤ ᠬᠦᠷᠦᠭᠰᠡᠨ ᠡᠷᠡᠭᠲᠡᠶ ᠠᠷᠠᠳ ᠢᠷᠭᠡᠨ ᠡᠷᠬᠡᠪᠰᠢ ᠬᠠᠤᠯᠢ ᠶᠣᠰᠣᠭᠠᠷ | ᠴᠡᠷᠢᠭ ᠤᠨ ᠠᠯᠪᠠᠨ ᠳᠤ ᠳᠠᠩᠰᠠᠯᠠᠭᠤᠯᠵᠤ᠂ ᠲᠤᠬᠠᠢ ᠶᠢᠨ ᠭᠠᠵᠠᠷ ᠤᠨ ᠴᠡᠷᠢᠭ ᠤᠨ ᠠᠯᠪᠠᠨ ᠤ ᠪᠠᠶᠢᠭᠤᠯᠭ᠎ᠠ ᠶᠢᠨ | ᠨᠢᠭᠡᠳᠦᠯᠲᠡᠶ ᠲᠤᠬᠢᠷᠠᠭᠤᠯᠭ᠎ᠠ ᠪᠠᠷ ᠬᠤᠯᠪᠣᠭᠳᠠᠯ ᠪᠦᠬᠦᠢ ᠴᠡᠷᠢᠭ ᠤᠨ ᠠᠯᠪᠠ ᠬᠠᠭᠠᠬᠤ ᠡᠭᠦᠷᠭᠡ ᠶᠢ ᠭᠦᠢᠴᠡᠳᠬᠡᠬᠦ | ᠬᠡᠷᠡᠭᠲᠡᠢ᠂ ᠴᠡᠷᠢᠭ ᠤᠨ ᠠᠯᠪᠠᠨ ᠳᠤ ᠳᠠᠩᠰᠠᠯᠠᠭᠤᠯᠬᠤ ᠦᠭᠡᠢ ᠪᠤᠶᠤ ᠴᠡᠷᠢᠭ ᠤᠨ ᠠᠯᠪᠠ ᠬᠠᠭᠠᠬᠤ ᠶᠢ ᠲᠡᠪᠴᠢᠭᠰᠡᠨ | ᠬᠥᠮᠦᠰ ᠲᠤ ᠠᠯᠢ ᠤᠯᠠᠨ ᠰᠢᠳᠬᠡᠯ ᠤᠨ ᠠᠷᠭ᠎ᠠ ᠬᠡᠮᠵᠢᠶ᠎ᠡ ᠠᠪᠤᠨ᠎ᠠ ᠭᠡᠵᠦ ᠲᠤᠭᠲᠠᠭᠠᠵᠠᠢ᠃ | ︽ᠰᠠᠨᠠᠯ︾ ᠳᠤ ᠲᠣᠳᠣᠷᠬᠠᠶ ᠲᠣᠭᠲᠠᠭᠠᠭᠰᠠᠨ ᠨᠢ᠄ ᠪᠦᠬᠦᠯᠢ 18 ᠨᠠᠰᠤ ᠬᠦᠷᠦᠭᠰᠡᠨ ᠡᠷᠡᠭᠲᠡᠶ ᠠᠷᠠᠳ | ᠢᠷᠭᠡᠨ ᠴᠡᠷᠢᠭ ᠤᠨ ᠠᠯᠪᠠᠨ ᠳᠤ ᠳᠠᠩᠰᠠᠯᠠᠭᠤᠯᠤᠭᠰᠠᠨ ᠦᠭᠡᠢ ᠪᠤᠯ᠂ ᠶᠡᠭᠡ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠦᠭᠡᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ | ᠲᠡᠭᠦᠨ ᠳᠤ ᠪᠡᠶ᠎ᠡ ᠶᠢᠨ ᠦᠨᠡᠮᠯᠡᠯ ᠬᠢᠵᠦ ᠦᠭᠴᠦ ᠪᠤᠯᠬᠤ ᠦᠭᠡᠢ︔ ᠴᠡᠷᠢᠭ ᠤᠨ ᠠᠯᠪᠠᠨ ᠳᠤ ᠳᠠᠩᠰᠠᠯᠠᠭᠤᠯᠬᠤ ᠠᠴᠠ | ᠵᠠᠶᠢᠯᠠᠭᠰᠠᠨ ᠨᠠᠰᠤᠨ ᠳᠤ ᠬᠦᠷᠦᠭᠰᠡᠨ ᠵᠠᠯᠠᠭᠤᠴᠤᠳ ᠢ ᠪᠤᠯ ᠠᠯᠪᠠᠲᠠᠨ ︵ᠠᠵᠢᠯ ᠦᠢᠯᠡᠰ ᠤᠨ ᠠᠵᠢᠯ ᠤᠨ ᠪᠠᠶᠢᠷᠢ︶ | ᠡᠯᠰᠡᠨ ᠬᠡᠷᠡᠭᠯᠡᠬᠦ᠂ ᠭᠠᠳᠠᠭᠠᠳᠤ ᠳᠤ ᠭᠠᠷᠬᠤ ᠬᠢᠯᠢ ᠠᠴᠠ ᠭᠠᠷᠬᠤ ᠭᠠᠷ ᠭᠦᠢᠴᠡᠳᠬᠡᠯ ᠬᠢᠵᠦ ᠦᠭᠬᠦ᠂ ᠶᠡᠭᠡ ᠳᠡᠭᠡᠳᠦ | ᠰᠤᠷᠭᠠᠭᠤᠯᠢ ᠳᠤ ᠰᠤᠷᠤᠯᠭ᠎ᠠ ᠶᠢᠨ ᠨᠠᠮᠲᠠᠷ ᠳᠠᠩᠰᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ᠂ ︽ᠠᠷᠠᠳ | ᠢᠷᠭᠡᠨ ᠤ ᠴᠡᠷᠢᠭ ᠤᠨ ᠠᠯᠪᠠᠨ ᠤ ᠳᠠᠩᠰᠠᠯᠠᠯᠳᠠ ᠶᠢᠨ ᠦᠨᠡᠮᠯᠡᠯ︾ ᠢ ᠬᠢᠨᠠᠨ ᠰᠢᠯᠭᠠᠬᠤ ᠠᠷᠭ᠎ᠠ ᠬᠡᠯᠪᠡᠷᠢ ᠪᠠᠷ | ᠳᠠᠮᠵᠢᠭᠤᠯᠤᠨ ᠬᠢᠵᠠᠭᠠᠷᠯᠠᠬᠤ ᠪᠠ ᠠᠯᠪᠠᠳᠠᠨ ᠳᠠᠩᠰᠠᠯᠠᠬᠤ ᠬᠡᠷᠡᠭᠲᠡᠶ ᠭᠡᠵᠡᠢ᠃ | ︽ᠰᠠᠨᠠᠯ︾ ᠳᠤ ᠴᠢᠬᠤᠯᠠᠴᠢᠯᠠᠭᠰᠠᠨ ᠨᠢ᠄ ᠪᠡᠶ᠎ᠡ ᠶᠢᠨ ᠪᠠᠶᠢᠴᠠᠭᠠᠯᠲᠠ ᠬᠢᠬᠦ ᠠᠴᠠ ᠵᠠᠶᠢᠯᠠᠵᠤ ᠳᠤᠲᠠᠭᠠᠭᠰᠠᠨ᠂ | ᠴᠡᠷᠢᠭ ᠲᠤ ᠡᠯᠰᠡᠭᠳᠡᠨ ᠠᠯᠪᠠ ᠬᠠᠭᠠᠬᠤ ᠪᠠ ᠦᠵᠡᠯ ᠰᠠᠨᠠᠭᠠᠨ ᠤ ᠰᠢᠯᠲᠠᠭᠠᠨ ᠠᠴᠠ ᠴᠡᠷᠢᠭ ᠠᠴᠠ ᠪᠠᠭᠤᠬᠤ ᠵᠡᠷᠭᠡ | ᠴᠡᠷᠢᠭ ᠤᠨ ᠠᠯᠪᠠ ᠬᠠᠭᠠᠬᠤ ᠶᠢ ᠲᠡᠪᠴᠢᠭᠰᠡᠳ ᠢ ᠪᠤᠯ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠠ | ᠴᠡᠷᠢᠭ ᠤᠨ ᠠᠯᠪᠠ ᠶᠢᠨ ᠪᠠᠶᠢᠭᠤᠯᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ | ᠠᠯᠪᠠᠨ ᠤ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠡᠭᠦᠨ ᠳᠤ ᠲᠠᠪᠤᠨ ᠵᠦᠢᠯ ᠤᠨ | ᠰᠢᠳᠬᠡᠯ ᠦᠭᠬᠦ ᠬᠡᠷᠡᠭᠲᠡᠢ᠄ ① ᠴᠡᠷᠢᠭ ᠲᠤ ᠤᠷᠤᠭᠰᠠᠨ ᠲᠤᠬᠠᠶ ᠶᠢᠨ ᠵᠢᠯ ᠤᠨ ᠲᠤᠬᠠᠶ ᠶᠢᠨ ᠭᠠᠵᠠᠷ ᠤᠨ ᠠᠯᠪᠠᠨ | ᠵᠢᠷᠤᠮ ᠤᠨ ᠴᠡᠷᠢᠭ ᠤᠨ ᠵᠢᠯ ᠤᠨ ᠬᠠᠷᠠᠭᠠᠯᠵᠠᠯ ᠤᠨ ᠮᠥᠩᠭᠦ ᠶᠢᠨ ᠪᠠᠷᠢᠮᠵᠢᠶ᠎ᠠ ᠶᠢᠨ ᠬᠤᠶᠠᠷ ᠳᠠᠬᠢᠨ ᠢᠶᠠᠷ ᠲᠤᠷᠠᠭᠠᠬᠤ | ᠠᠵᠤ ᠠᠬᠤᠶ ᠶᠢᠨ ᠰᠢᠳᠬᠡᠯ ᠦᠭᠬᠦ ᠬᠡᠷᠡᠭᠲᠡᠢ︔ ② ᠪᠥᠬᠦ ᠣᠷᠣᠨ ᠤ ᠬᠡᠪᠴᠢᠶᠡᠨ ᠳᠤ ᠠᠯᠪᠠᠲᠠᠨ᠂ ᠠᠯᠪᠠᠲᠠᠨ ᠤ | ᠳᠦᠷᠢᠮ ᠢᠶᠠᠷ ᠯᠠᠪᠯᠠᠯᠲᠠ ᠪᠤᠯᠭᠠᠨ ᠠᠯᠪᠠᠨ ᠬᠠᠭᠠᠭᠴᠢ ᠶᠢᠨ ᠬᠠᠮᠢᠶᠠᠷᠴᠤ ᠪᠠᠶᠢᠭ᠎ᠠ ᠨᠢᠭᠡᠴᠡ ᠶᠢᠨ ᠠᠵᠢᠯᠲᠠᠨ ᠢᠶᠠᠷ | ᠡᠯᠰᠡᠨ ᠬᠡᠷᠡᠭᠯᠡᠬᠦ ᠪᠤᠶᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠶᠠᠷ ᠤᠷᠢᠵᠤ ᠬᠡᠷᠡᠭᠯᠡᠵᠦ ᠪᠤᠯᠬᠤ ᠦᠭᠡᠢ︔ | ③ ᠬᠤᠶᠠᠷ ᠵᠢᠯ ᠤᠨ ᠳᠣᠲᠣᠷ᠎ᠠ ᠤᠯᠤᠰ ︵ᠬᠢᠯᠢ︶ ᠠᠴᠠ ᠭᠠᠷᠬᠤ ᠭᠠᠷ ᠭᠦᠢᠴᠡᠳᠬᠡᠯ ᠬᠢᠵᠦ ᠦᠭᠴᠦ ᠪᠤᠯᠬᠤ | ᠦᠭᠡᠢ︔④ ᠬᠤᠶᠠᠷ ᠵᠢᠯ ᠤᠨ ᠳᠣᠲᠣᠷ᠎ᠠ ᠰᠤᠷᠭᠠᠭᠤᠯᠢ ᠳᠤ ᠳᠡᠪᠰᠢᠭᠦᠯᠵᠦ ᠪᠣᠯᠬᠤ ᠦᠭᠡᠢ︔⑤ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠲᠤᠨ ᠤ ᠨᠠᠮ ᠵᠠᠰᠠᠭ ᠤᠨ ᠵᠠᠭᠤᠴᠢ᠂ ᠰᠣᠨᠢᠨ | ᠰᠡᠳᠬᠦᠯ ᠳᠡᠭᠡᠷ᠎ᠡ ᠴᠡᠷᠢᠭ ᠤᠨ ᠠᠯᠪᠠ ᠬᠠᠭᠠᠬᠤ ᠶᠢ ᠲᠡᠪᠴᠢᠭᠰᠡᠨ ᠬᠦᠮᠦᠰ ᠤᠨ ᠨᠡᠷᠡᠰ ᠢ ᠨᠡᠶᠢᠲᠡᠯᠡᠵᠦ᠂ ᠪᠦᠬᠦ | ᠣᠷᠣᠨ ᠤ ᠨᠡᠶᠢᠭᠡᠮ ᠤᠨ ᠢᠲᠡᠭᠡᠯ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠰᠢᠰᠲ᠋ᠧᠮ ᠳᠤ ᠤᠷᠤᠭᠤᠯᠬᠤ | ᠬᠡᠷᠡᠭᠲᠡᠢ ᠭᠡᠵᠡᠢ᠃ | ᠵᠢᠯ ᠪᠦᠷᠢ ᠶᠢᠨ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠨᠠᠰᠤᠨ ᠳᠤ ᠬᠦᠷᠦᠭᠰᠡᠨ | ᠵᠠᠯᠠᠭᠤᠴᠤᠳ ︽ᠪᠦᠬᠦ ᠤᠯᠤᠰ ᠤᠨ ᠴᠡᠷᠢᠭ ᠡᠯᠰᠡᠬᠦ ᠰᠦᠯᠵᠢᠶ᠎ᠡ ︵http᠄gfbzb.gov.cn︶︾ ᠳᠤ ᠭᠠᠷᠴᠤ | ᠰᠦᠯᠵᠢᠶᠡᠨ ᠳᠡᠭᠡᠷ᠎ᠡ ᠴᠡᠷᠢᠭ ᠤᠨ ᠠᠯᠪᠠᠨ ᠳᠤ ᠳᠠᠩᠰᠠᠯᠠᠭᠤᠯᠬᠤ ᠪᠣᠯᠤᠨ᠎ᠠ᠂ ᠪᠠᠰᠠ ᠲᠤᠬᠠᠶ ᠶᠢᠨ ᠭᠠᠵᠠᠷ ᠤᠨ ᠢᠶᠠᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠩ ᠪᠠᠯᠭᠠᠰᠤ ︵ | ᠰᠤᠮᠤ᠂ ᠵᠡᠭᠡᠯᠢ ᠭᠤᠳᠤᠮᠵᠢ︶ ᠶᠢᠨ ᠵᠡᠪᠰᠡᠭᠲᠦ ᠬᠦᠴᠦᠨ ᠤ ᠬᠡᠯᠲᠡᠰ ᠲᠤ ᠬᠦᠷᠴᠦ ᠳᠠᠩᠰᠠᠯᠠᠭᠤᠯᠵᠤ ᠪᠤᠯᠤᠨ᠎ᠠ᠃ |