ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠠᠶᠠᠨᠴᠢᠨ ᠤ ᠲᠤᠰᠬᠠᠢ ᠭᠠᠯᠲᠤ ᠲᠡᠷᠭᠡ ᠶᠢᠨ ᠤᠯᠠᠭᠠᠨᠴᠠᠪ ᠠᠴᠠ ᠬᠦᠬᠡᠬᠤᠲᠠ ᠵᠡᠭᠦᠨ ᠬᠦᠷᠬᠦ ᠬᠡᠰᠡᠭ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠲᠤᠷᠰᠢᠯᠲᠠ ᠶᠢᠨ ᠱᠠᠲᠤᠨ ᠳᠤ ᠤᠷᠤᠪᠠ
ᠨᠡᠶᠢᠲᠡᠯᠡᠭᠰᠡᠨ ᠴᠠᠭ᠄
2017/6/14
     6 ᠳ᠋ᠤᠭᠠᠷ ᠰᠠᠷ᠎ᠠ ᠶᠢᠨ 13᠎ ᠤ ᠡᠳᠦᠷ᠂ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠠᠶᠠᠨᠴᠢᠨ ᠤ ᠲᠤᠰᠬᠠᠢ ᠭᠠᠯᠲᠤ ᠲᠡᠷᠭᠡ ︵ᠤᠯᠠᠭᠠᠨᠴᠠᠪ ᠠᠴᠠ ᠬᠦᠬᠡᠬᠤᠲᠠ ᠵᠡᠭᠦᠨ ᠬᠡᠰᠡᠭ ᠬᠦᠷᠬᠦ︶ ᠰᠠᠷ᠎ᠠ ᠬᠠᠭᠠᠰ ᠤᠨ ᠬᠤᠯᠪᠣᠨ ᠲᠤᠬᠢᠷᠠᠭᠤᠯᠵᠤ ᠲᠤᠷᠰᠢᠬᠤ ᠪᠠᠷ ᠳᠠᠮᠵᠢᠨ᠂ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠲᠤᠷᠰᠢᠯᠲᠠ ᠶᠢᠨ ᠱᠠᠲᠤᠨ ᠳᠤ ᠤᠷᠤᠭᠰᠠᠨ ᠪᠠᠶᠢᠨ᠎ᠠ᠃ ᠠᠶᠠᠯᠠᠯ ᠤᠨ ᠵᠢᠷᠤᠭ ᠤᠨ ᠪᠤᠯᠵᠤᠯᠲᠤ ᠲᠤᠭ᠎ᠠ ᠶᠢᠨ ᠲᠤᠷᠰᠢᠯᠲᠠ᠂ ᠭᠡᠮᠲᠦᠯ ᠤᠨ ᠲᠦᠰᠦᠭᠡᠳᠦᠯᠭᠡ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠪᠣᠯᠤᠨ ᠠᠶᠠᠯᠠᠯ ᠤᠨ ᠵᠢᠷᠤᠭ ᠢᠶᠠᠷ ᠲᠡᠷᠭᠡ ᠶᠠᠪᠤᠬᠤ ᠲᠤᠷᠰᠢᠯᠲᠠ ᠪᠠᠷ ᠳᠠᠮᠵᠢᠭᠤᠯᠤᠨ᠂ ᠴᠤᠪᠤᠭ᠎ᠠ ᠲᠡᠷᠭᠡᠨ ᠤ ᠠᠶᠠᠯᠠᠯ ᠤᠨ ᠴᠠᠭ ᠤᠨ ᠬᠤᠪᠢᠶᠠᠷᠢᠲᠤ ᠱᠤᠭᠤᠮ ᠤᠨ ᠨᠠᠶᠢᠳᠠᠪᠤᠷᠢᠲᠤ ᠴᠢᠨᠠᠷ ᠢ ᠭᠤᠣᠯᠳᠠᠯᠭ᠎ᠠ ᠲᠠᠢ ᠰᠢᠯᠭᠠᠨ ᠪᠠᠲᠤᠯᠠᠵᠤ᠂ ᠡᠯ᠎ᠡ ᠰᠢᠰᠲ᠋ᠧᠮ ᠬᠡᠪ ᠤᠨ ᠪᠠᠶᠢᠳᠠᠯ ᠪᠠ ᠬᠡᠪ ᠤᠨ ᠪᠤᠰᠤ ᠨᠥᠬᠦᠴᠡᠯ ᠳᠤᠤᠷ᠎ᠠ ᠲᠡᠭᠡᠭᠡᠪᠦᠷᠢ ᠵᠣᠬᠢᠶᠠᠨ ᠪᠠᠶᠢᠭᠤᠯᠬᠤ ᠵᠤᠬᠢᠴᠠᠯ ᠤᠨ ᠴᠢᠨᠠᠷ ᠢ ᠰᠢᠯᠭᠠᠨ ᠪᠠᠶᠢᠴᠠᠭᠠᠵᠤ᠂ ᠳᠤᠨᠤᠭ ᠲᠦᠬᠦᠭᠡᠷᠦᠮᠵᠢ ᠶᠢᠨ ᠭᠡᠮ ᠪᠠ ᠪᠠᠶᠢᠭᠠᠯᠢ ᠶᠢᠨ ᠭᠠᠮᠰᠢᠭ ᠲᠣᠬᠢᠶᠠᠯᠳᠤᠭᠰᠠᠨ ᠨᠥᠬᠦᠴᠡᠯ ᠳᠣᠣᠷᠠᠬᠢ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠵᠢᠩᠬᠢᠨᠢ ᠪᠠᠷ ᠲᠡᠷᠭᠡ ᠨᠡᠪᠲᠡᠷᠡᠭᠦᠯᠬᠦ ᠳᠤ ᠮᠡᠷᠭᠡᠵᠢᠯ ᠤᠨ ᠦᠨᠳᠦᠰᠦ ᠪᠠᠷᠢᠮᠲᠠ ᠤᠯᠭᠤᠵᠤ᠂ 30 ᠡᠳᠦᠷ ᠲᠤᠷᠰᠢᠨ ᠠᠶᠠᠯᠬᠤ ᠪᠠᠷ ᠲᠦᠯᠦᠪᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号