ᠤᠶᠢᠷ᠎ᠠ ᠳᠤ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠯᠪᠠᠨ ᠭᠡᠷ ᠠᠴᠠ ᠤᠶᠢᠯᠠᠭᠠᠭᠰᠠᠨ ᠢᠶᠠᠷ᠂ ᠡᠨᠡ | ᠵᠢᠯ ᠥᠪᠥᠷ ᠮᠣᠩᠭᠤᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠳᠤᠲᠤᠷᠠᠬᠢ ᠤᠯᠠᠭᠠᠨ ᠬᠤᠭᠤᠯᠠᠶ ᠶᠢᠨ ᠥᠮᠡᠨ᠂ ᠬᠤᠳᠣᠭᠤᠳᠣᠨ ᠥᠮᠡᠨ ᠪᠤᠯᠤᠨ ᠬᠡᠦᠬᠡᠳ ᠤᠨ | ᠲᠥᠷᠥᠯᠬᠢ ᠵᠢᠷᠦᠬᠡᠨ ᠡᠪᠡᠳᠴᠢᠨ ᠵᠡᠷᠭᠡ 9 ᠵᠦᠶᠯ ᠤᠨ ᠬᠦᠨᠳᠦ ᠡᠪᠡᠳᠴᠢᠲᠡᠨ ᠤ 60% ᠠᠴᠠ ᠳᠡᠭᠡᠭᠰᠢ ᠶᠢ ᠨᠢ | ᠲᠦᠪᠯᠡᠷᠡᠭᠦᠯᠦᠨ ᠡᠮᠨᠡᠨ ᠵᠠᠰᠠᠬᠤ ᠪᠦᠭᠡᠳ 2018 ᠣᠨ ᠪᠤᠯᠬᠤ ᠳᠤ ᠪᠦᠬᠦᠨ ᠢ ᠡᠮᠨᠡᠨ ᠵᠠᠰᠠᠬᠤ ᠪᠠᠷ ᠲᠦᠯᠦᠪᠯᠡᠵᠤ | ᠪᠠᠶᠢᠨ᠎ᠠ᠃ | ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠢᠯᠡᠳᠭᠡᠭᠰᠡᠨ ᠨᠢ᠂ ᠲᠤᠭᠲᠠᠭᠰᠠᠨ ᠴᠢᠬ ᠤᠨ ᠡᠮᠨᠡᠯᠭᠡ ᠶᠢᠨ ᠬᠤᠷᠢᠶ᠎ᠠ ᠶᠢ ᠲᠤᠭᠲᠠᠭᠠᠬᠤ᠂ ᠣᠨᠣᠰᠢᠯᠠᠨ ᠡᠮᠨᠡᠬᠦ | ᠲᠥᠰᠦᠯ ᠲᠤᠭᠲᠠᠭᠠᠬᠤ᠂ ᠳᠠᠩ ᠡᠪᠡᠳᠴᠢᠨ ᠤ ᠵᠦᠢᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠤᠭᠲᠠᠭᠠᠬᠤ᠂ | ᠳᠠᠩᠰᠠ ᠲᠠᠶᠢᠯᠬᠤ ᠬᠠᠷᠢᠴᠠᠯ ᠢ ᠲᠤᠭᠲᠠᠭᠠᠵᠤ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠬᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠵᠡᠷᠭᠡ ︽ᠲᠦᠷᠪᠡ ᠶᠢ ᠲᠤᠭᠲᠠᠭᠠᠨ ᠬᠤᠶᠠᠷ ᠢ | ᠴᠢᠩᠭᠠᠳᠬᠠᠬᠤ︾ ᠵᠠᠷᠴᠢᠮ ᠢᠶᠠᠷ ᠬᠤᠶᠠᠷ ᠵᠢᠯ ᠬᠤᠪᠢᠶᠠᠨ 9 ᠡᠪᠡᠳᠴᠢᠨ ᠤ ᠲᠥᠷᠥᠯ ᠤᠨ ᠡᠪᠡᠳᠴᠢᠲᠡᠨ ᠢ | ᠲᠥᠪᠯᠡᠷᠡᠭᠦᠯᠦᠨ ᠡᠮᠨᠡᠨ ᠵᠠᠰᠠᠬᠤ ᠪᠠᠷ ᠪᠠᠶᠢᠨ᠎ᠠ᠃ ᠡᠯ᠎ᠡ ᠭᠠᠵᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠥᠪᠯᠡᠷᠡᠭᠦᠯᠦᠨ ᠡᠮᠨᠡᠨ ᠵᠠᠰᠠᠬᠤ ᠡᠪᠡᠳᠴᠢᠨ ᠤ ᠲᠦᠷᠦᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ | ᠪᠤᠢ᠃ | ᠡᠭᠦᠨ ᠤ ᠬᠠᠮᠲᠤ᠂ ᠥᠪᠥᠷ ᠮᠣᠩᠭᠤᠯ ᠪᠠᠰᠠ ᠪᠦᠬᠦ ᠶᠠᠳᠠᠭᠤ ᠬᠦᠴᠢᠷᠳᠡᠯᠲᠡᠶ ᠬᠥᠮᠦᠨ ᠠᠮᠠ ᠳᠤ ᠡᠷᠡᠭᠦᠯ | ᠮᠡᠨᠳᠦ ᠶᠢᠨ ᠺᠠᠷᠲ ᠪᠠᠶᠢᠭᠤᠯᠵᠤ᠂ ᠡᠷᠡᠭᠦᠯ ᠮᠡᠨᠳᠦ ᠪᠤᠯᠤᠨ ᠣᠨᠣᠰᠢᠯᠠᠨ ᠡᠮᠨᠡᠬᠦ ᠮᠡᠳᠡᠭᠡ ᠵᠠᠩᠭᠢ ᠶᠢ ᠤᠷᠤᠭᠤᠯᠤᠭᠰᠠᠨ | ᠪᠠᠶᠢᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠪᠣᠯᠤᠨ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠶᠢ ᠵᠣᠬᠢᠶᠠᠨ ᠪᠠᠶᠢᠭᠤᠯᠵᠤ᠂ ᠭᠡᠷᠡᠲᠦ ᠦᠢᠯᠡᠴᠢᠯᠡᠭᠡ | ᠦᠷᠨᠢᠬᠦᠯᠬᠦ ᠶᠢᠨ ᠬᠠᠮᠲᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠮᠴᠢ ᠶᠢ ᠬᠡᠷᠡᠲᠦ | ᠦᠢᠯᠡᠴᠢᠯᠡᠭᠡᠨ ᠤ ᠪᠦᠯᠬᠦᠮ ᠨᠡᠶᠢᠲᠡ ᠳᠤ ᠲᠠᠲᠠᠨ ᠣᠷᠣᠭᠤᠯᠤᠭᠠᠳ᠂ ᠶᠠᠳᠠᠭᠤ ᠬᠦᠴᠢᠷᠳᠡᠯᠲᠡᠶ ᠬᠥᠮᠦᠨ ᠠᠮᠠ ᠳᠤ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠤᠳᠠᠭᠠᠨ ᠴᠢᠨᠠᠷᠲᠠᠢ ᠡᠪᠡᠳᠴᠢᠨ ᠢ ᠬᠠᠮᠢᠶᠠᠷᠬᠤ ᠠᠵᠢᠯ᠂ ᠡᠷᠡᠭᠦᠯ | ᠮᠡᠨᠳᠦ ᠶᠢᠨ ᠯᠠᠪᠯᠠᠯᠭ᠎ᠠ ᠪᠤᠯᠤᠨ ᠮᠣᠩᠭᠤᠯ ᠬᠢᠲᠠᠳ ᠡᠮᠴᠢᠯᠡᠭᠡ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠶᠢ ᠤᠯᠭᠤᠬᠤ | ᠪᠤᠯᠤᠨ᠎ᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠶᠠᠳᠠᠭᠤ ᠬᠦᠴᠢᠷᠳᠡᠯᠲᠠᠢ ᠬᠥᠮᠦᠨ ᠠᠮᠠ ᠶᠢᠨ ᠬᠦᠨᠳᠦ | ᠡᠪᠡᠳᠴᠢᠲᠡᠨ ᠢ ᠪᠥᠬᠦᠨ ᠢ ᠪᠠᠲᠤᠯᠠᠨ ᠳᠠᠭᠠᠭᠠᠬᠤ ᠪᠠᠷ ᠲᠦᠯᠦᠪᠯᠡᠪᠡ᠃ ᠡᠮ ᠡᠮᠨᠡᠯᠭᠡ ᠶᠢᠨ ᠪᠠᠲᠤᠯᠠᠭ᠎ᠠ ᠶᠢ | ᠵᠣᠯᠭᠠᠯᠳᠤᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ | ᠪᠤᠳᠤᠯᠭ᠎ᠠ ᠶᠢ ᠬᠡᠯᠪᠠᠶᠢᠯᠭᠡᠬᠦ᠂ ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠢᠶᠠᠷ ᠨᠥᠬᠦᠪᠥᠷᠢᠯᠡᠬᠦ᠂ | ᠨᠡᠶᠢᠭᠡᠮ ᠤᠨ ᠬᠦᠴᠦᠨ ᠢᠶᠠᠷ ᠲᠡᠩᠭᠡᠷᠡᠭᠦᠯᠦᠨ ᠲᠤᠰᠠᠯᠠᠬᠤ᠂ ᠬᠦᠨᠳᠦ ᠡᠪᠡᠳᠴᠢᠨ ᠤ ᠪᠠᠲᠤᠯᠠᠭ᠎ᠠ ᠶᠢᠨ ᠰᠠᠭᠤᠷᠢ ᠮᠥᠩᠭᠦ | ᠪᠠᠷ ᠨᠦᠬᠦᠪᠦᠷᠢᠯᠡᠬᠦ᠂ ᠨᠡᠶᠢᠭᠡᠮ ᠤᠨ ᠨᠢᠭᠦᠯᠡᠰᠦᠩᠭᠦᠶ ᠶᠢᠨ ᠦᠢᠯᠡᠰ ᠢᠶᠠᠷ ᠲᠡᠩᠭᠡᠷᠡᠭᠦᠯᠦᠨ ᠲᠤᠰᠠᠯᠠᠬᠤ ᠵᠡᠷᠭᠡ ᠠᠷᠭ᠎ᠠ | ᠬᠡᠮᠵᠢᠶ᠎ᠡ ᠠᠪᠴᠤ᠂ ᠬᠤᠪᠢ ᠬᠥᠮᠦᠨ ᠤ ᠵᠠᠷᠤᠳᠠᠯ ᠲᠤᠰᠢᠶᠠᠬᠤ ᠬᠠᠮᠤᠭ ᠦᠨᠳᠦᠷ ᠬᠢᠵᠠᠭᠠᠷ ᠢ ᠲᠣᠭᠲᠠᠭᠠᠵᠤ᠂ | ᠪᠠᠲᠤᠯᠠᠨ ᠳᠠᠭᠠᠭᠠᠬᠤ ᠪᠠᠷ ᠪᠠᠶᠢᠨ᠎ᠠ᠃ | ᠤᠳᠤᠬᠠᠨ ᠳᠤ᠂ ᠥᠪᠥᠷ ᠮᠣᠩᠭᠤᠯ ᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠥᠮᠦᠨ ᠤ ᠲᠤᠭ᠎ᠠ ᠨᠢ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠦᠬᠦ ᠲᠣᠭᠠᠨ ᠤ 41% ᠶᠢ ᠡᠵᠡᠯᠡᠵᠤ ᠪᠠᠶᠢᠨ᠎ᠠ᠂ ᠡᠭᠦᠨ ᠳᠤ ᠬᠦᠨᠳᠦ | ᠶᠡᠭᠡ ᠡᠪᠡᠳᠴᠢᠲᠡᠨ ᠪᠤᠯᠤᠨ ᠤᠳᠠᠭᠠᠨ ᠴᠢᠨᠠᠷᠲᠠᠶ ᠡᠪᠡᠳᠴᠢᠲᠡᠨ ᠤ ᠬᠠᠷᠢᠴᠠᠯ ᠨᠢ ᠨᠡᠯᠢᠶᠡᠳ ᠦᠨᠳᠦᠷ ᠪᠠᠶᠢᠵᠤ᠂ | ᠶᠠᠳᠠᠭᠤ ᠶᠢ ᠲᠡᠳᠬᠦᠬᠦ ᠠᠵᠢᠯ ᠤᠨ ᠳᠤᠮᠳᠠᠬᠢ ᠰᠢᠶᠳᠪᠦᠷᠢᠯᠡᠬᠦ ᠳᠤ ᠪᠡᠷᠬᠡ ᠲᠠᠢ ᠠᠰᠠᠭᠤᠳᠠᠯ ᠪᠤᠯᠤᠭᠠᠳ ᠪᠠᠶᠢᠨ᠎ᠠ᠃ |