︽ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠳᠣᠷᠣᠭᠰᠢ | ︽ᠰᠠᠨᠠᠯ︾ ᠭᠡᠵᠦ ᠲᠣᠪᠴᠢᠯᠠᠨ᠎ᠠ︶ ᠢ ᠣᠷᠴᠢᠮᠬᠠᠨ ᠨᠡᠶᠢᠲᠡᠯᠡᠪᠡ᠃ ︽ᠰᠠᠨᠠᠯ︾ ᠳᠤ᠂ 2020 ᠣᠨ ᠪᠣᠯᠬᠤ ᠳᠤ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ | ᠬᠦᠷᠦᠭᠦᠯᠵᠦ᠂ 2010 ᠣᠨ ᠤ ᠬᠢ ᠠᠴᠠ ᠬᠤᠶᠠᠷ ᠳᠠᠬᠢᠨ ᠨᠡᠮᠡᠭᠳᠡᠭᠦᠯᠦᠨ᠎ᠡ᠃ ᠣᠷᠣᠯᠭ᠎ᠠ ᠶᠢᠨ | ᠬᠤᠪᠢᠶᠠᠷᠢᠯᠠᠯᠲᠠ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠷᠣᠯᠭ᠎ᠠ ᠶᠢᠨ ᠵᠥᠷᠢᠶ᠎ᠡ ᠶᠢ | ᠠᠯᠬᠤᠮ ᠠᠯᠬᠤᠮ ᠢᠶᠠᠷ ᠪᠠᠭᠠᠰᠬᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠤᠨ ᠬᠤᠪᠢ ᠶᠢᠨ ᠵᠢᠩ ᠢ | ᠨᠡᠮᠡᠭᠳᠡᠭᠦᠯᠦᠨ᠎ᠡ᠃ ᠬᠦᠴᠢᠷᠳᠡᠯᠲᠡᠶ ᠪᠦᠯᠦᠭᠯᠡᠯ ᠤᠨ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠵᠤ᠂ | ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷ᠎ᠠ ᠮᠠᠯᠵᠢᠬᠤ ᠲᠠᠷᠢᠶᠠᠯᠠᠬᠤ ᠣᠷᠣᠨ ᠤ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠲᠣᠭᠲᠠᠭᠤᠨ ᠢᠶᠠᠷ ᠠᠩᠭᠢᠵᠢᠷᠠᠭᠤᠯᠤᠨ᠂ ᠪᠦᠬᠦ ᠲᠠᠯ᠎ᠠ ᠪᠠᠷ | ᠴᠢᠨᠡᠭᠡᠯᠢᠭᠵᠢᠭᠦᠯᠬᠦ ᠵᠠᠮ ᠠᠴᠠ ᠨᠢᠭᠡ ᠶᠠᠳᠠᠭᠤ ᠬᠦᠴᠢᠷᠳᠡᠯᠲᠡᠢ ᠣᠯᠠᠨ ᠲᠦᠮᠡᠨ ᠢ ᠴᠦ ᠬᠤᠴᠣᠷᠤᠭᠤᠯᠬᠤ ᠦᠭᠡᠢ ᠭᠡᠵᠦ | ᠲᠤᠲᠤᠷᠬᠠᠶᠢᠯᠠᠵᠠᠢ᠃ | ︽ᠰᠠᠨᠠᠯ︾ ᠳᠤ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠂ ᠠᠷᠠᠳ ᠨᠡᠶᠢᠲᠡ ᠪᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠳᠠᠭᠠᠳᠬᠠᠯ ᠳᠤ ᠣᠷᠣᠯᠴᠠᠭᠰᠠᠨ ᠬᠥᠮᠦᠰ ᠤᠨ | ᠰᠠᠭᠤᠷᠢ ᠲᠤᠭ᠎ᠠ ᠶᠢ ᠨᠠᠷᠢᠨ ᠨᠢᠭᠲᠠ ᠬᠠᠷᠭᠤᠭᠤᠯᠤᠨ ᠪᠠᠶᠢᠴᠠᠭᠠᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠨ᠎ᠠ᠃ ᠬᠤᠲᠠ ᠳᠤ ᠣᠷᠣᠵᠤ | ᠠᠮᠢᠳᠤᠯᠢᠭ ᠢᠶᠠᠷ ᠠᠵᠢᠯ ᠣᠯᠬᠤ ᠮᠠᠯᠴᠢᠨ ᠲᠠᠷᠢᠶᠠᠴᠢᠳ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠶᠢ ᠨᠢ ᠵᠣᠷᠢᠭᠵᠢᠭᠤᠯᠤᠨ᠎ᠠ᠃ ᠡᠮ ᠡᠮᠨᠡᠯᠭᠡ ᠶᠢᠨ | ᠳᠠᠭᠠᠳᠬᠠᠯ ᠤᠨ ᠲᠣᠭᠲᠠᠭᠤᠨ ᠪᠥᠭᠡᠳ ᠦᠷᠭᠦᠯᠵᠢᠯᠡᠭᠰᠡᠨ ᠪᠠᠯᠠ ᠴᠤᠭᠯᠠᠭᠤᠯᠬᠤ ᠪᠠ ᠲᠠᠩᠰᠠ ᠲᠠᠶᠢᠯᠬᠤ ᠬᠠᠷᠢᠴᠠᠯ ᠢ | ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 2020 ᠣᠨ ᠪᠣᠯᠬᠤ ᠳᠤ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠲᠤᠲᠤᠷ᠎ᠠ | ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ ᠲᠤᠰ ᠲᠤᠰ 85%᠂ | 75% ᠣᠷᠴᠢᠮ ᠪᠣᠯᠭᠠᠨ ᠲᠣᠭᠲᠠᠪᠤᠷᠢᠵᠢᠭᠤᠯᠤᠨ᠎ᠠ᠃ ᠨᠥᠬᠦᠴᠡᠯ ᠳᠤ ᠨᠡᠶᠢᠴᠡᠬᠦ ᠵᠡᠮᠳᠡᠭᠴᠦᠳ ᠤᠨ ᠭᠡᠷ ᠪᠦᠯᠢ ᠶᠢᠨ | ᠬᠢᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠵᠤ᠂ | ᠠᠮᠢᠳᠤᠷᠠᠯ ᠨᠢ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠣᠨ ᠬᠦᠨᠳᠦ ᠵᠡᠮᠳᠡᠭ ᠬᠥᠮᠦᠨ ᠤ | ᠠᠰᠠᠷᠠᠨ ᠰᠤᠪᠢᠯᠠᠬᠤ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠭᠡᠨᠡᠳᠲᠡ ᠶᠢᠨ ᠬᠡᠷᠡᠭ᠂ ᠰᠠᠨᠠᠭᠠᠨ ᠳᠤ | ᠥᠭᠡᠢ ᠭᠡᠮᠲᠦᠯ᠂ ᠬᠦᠨᠳᠦ ᠶᠡᠭᠡ ᠡᠪᠡᠳᠴᠢᠨ ᠡᠮᠭᠡᠭ ᠲᠣᠯᠭᠠᠷᠠᠭᠰᠠᠨ ᠪᠤᠶᠤ ᠪᠤᠰᠤᠳ ᠣᠨᠴᠣᠭᠤᠶ ᠰᠢᠯᠲᠠᠭᠠᠨ ᠠᠴᠠ | ᠪᠤᠯᠵᠤ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠪᠤᠶᠤ ᠬᠤᠪᠢ ᠬᠥᠮᠦᠨ ᠳᠤ ᠲᠥᠷ ᠴᠠᠭ ᠤᠨ | ᠲᠤᠰᠠᠯᠠᠮᠵᠢ ᠬᠦᠷᠲᠡᠭᠡᠨ᠎ᠡ᠃ 80 ᠨᠠᠰᠤᠨ ᠠᠴᠠ ᠳᠡᠭᠡᠭᠰᠢᠬᠢ ᠨᠠᠰᠤᠲᠠᠳ ᠲᠤ ᠥᠨᠳᠥᠷ ᠨᠠᠰᠤᠨ ᠤ ᠨᠡᠮᠡᠭᠦᠷᠢ | ᠣᠯᠭᠤᠬᠤ ᠨᠡᠶᠢᠳᠡᠮ ᠬᠠᠷᠠᠭᠠᠯᠵᠠᠯ ᠤᠨ ᠳᠦᠷᠢᠮ ᠢ ᠬᠡᠷᠡᠭᠵᠢᠭᠦᠯᠵᠦ᠂ ᠨᠠᠰᠤᠲᠠᠶᠢᠴᠤᠳ ᠤᠨ ᠰᠠᠨᠠᠭᠠᠨ ᠳᠤ ᠦᠭᠡᠢ | ᠭᠡᠮᠲᠦᠯ ᠤᠨ ᠳᠠᠭᠠᠳᠬᠠᠯ ᠤᠨ ᠲᠣᠭᠲᠠᠴᠠ ᠶᠢ ᠬᠥᠲᠥᠯᠥᠨ ᠵᠢᠯᠣᠭᠤᠳᠴᠤ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠰᠠᠭᠤᠷᠢ | ᠮᠥᠩᠭᠦ ᠪᠠᠶᠢᠭᠤᠯᠵᠤ᠂ ᠮᠥᠩᠭᠦᠨ ᠭᠦᠢᠯᠭᠡᠭᠡᠨ ᠤ ᠪᠡᠯᠡ ᠮᠥᠩᠭᠦ ᠶᠢ ᠳᠠᠶᠢᠴᠢᠯᠠᠨ ᠶᠠᠳᠠᠭᠤ ᠶᠢ ᠳᠡᠳᠬᠦᠬᠦ ᠳᠤ | ᠣᠷᠣᠯᠴᠠᠭᠤᠯᠵᠤ᠂ ᠨᠡᠶᠢᠭᠡᠮ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠥᠷᠭᠡᠨ ᠢᠶᠠᠷ ᠴᠤᠭᠯᠠᠭᠤᠯᠤᠨ᠂ ︽ | 13· 5︾ ᠶᠢᠨ ᠬᠤᠭᠤᠴᠠᠭᠠᠨ ᠳᠤ ᠶᠠᠳᠠᠭᠤ ᠶᠢ ᠲᠡᠳᠬᠦᠬᠦ ᠲᠤᠰᠬᠠᠶ ᠣᠷᠣᠭᠤᠯᠤᠯᠲᠠ ᠶᠢ 1300 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠭᠡᠵᠦ ᠳᠤᠷᠠᠳᠪᠠ᠃ | ︽ᠰᠠᠨᠠᠯ︾ ᠳᠤ᠂ 2020 ᠣᠨ ᠪᠣᠯᠬᠤ ᠳᠤ 80.2 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠶᠠᠳᠠᠭᠤ ᠬᠦᠴᠢᠷᠳᠡᠯ ᠠᠴᠠ ᠠᠩᠭᠢᠵᠢᠷᠠᠭᠤᠯᠵᠤ᠂ ᠶᠠᠳᠠᠭᠤ ᠵᠦᠳᠡᠭᠦᠦ ᠬᠤᠰᠢᠭᠤ ᠰᠢᠶᠠᠨ ᠤ ᠮᠠᠯᠴᠢᠨ ᠲᠠᠷᠢᠶᠠᠴᠢᠳ ᠤᠨ | ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠪᠦᠬᠦ ᠣᠷᠣᠨ ᠤ ᠮᠠᠯᠴᠢᠨ | ᠲᠠᠷᠢᠶᠠᠴᠢᠨ ᠬᠥᠮᠥᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠠᠴᠠ ᠥᠨᠳᠥᠷ ᠪᠣᠯᠭᠠᠨ᠎ᠠ︔ | ᠤᠯᠤᠰ ᠤᠨ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠥᠬᠦ | ᠤᠯᠤᠰ ᠲᠠᠢ ᠠᠳᠠᠯᠢ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠵᠡᠷᠭᠡ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠪᠠᠲᠤᠯᠠᠨ᠎ᠠ ᠭᠡᠵᠦ ᠳᠤᠷᠠᠳᠴᠠᠢ᠃ |