ᠪᠦᠬᠦ ᠤᠷᠤᠨ ᠤ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠵᠢᠴᠢ ᠭᠠᠳᠠᠭᠠᠳᠦ ᠨᠡᠭᠡᠭᠡᠯᠳᠡ ᠶᠢᠨ ᠠᠵᠢᠯ ᠤᠨ ᠬᠤᠷᠠᠯ ᠢ ᠬᠥᠬᠡᠬᠤᠲᠠ ᠳᠤ ᠬᠢᠪᠡ
ᠨᠡᠶᠢᠲᠡᠯᠡᠭᠰᠡᠨ ᠴᠠᠭ᠄
2017/6/19
     6 ᠳ᠋ᠤᠭᠠᠷ ᠰᠠᠷ᠎ᠠ ᠶᠢᠨ 17᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠪᠦᠬᠦ ᠤᠷᠤᠨ ᠤ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠵᠢᠴᠢ ᠭᠠᠳᠠᠭᠠᠳᠦ ᠨᠡᠭᠡᠭᠡᠯᠳᠡ ᠶᠢᠨ ᠠᠵᠢᠯ ᠤᠨ ᠬᠤᠷᠠᠯ ᠳᠤ ᠤᠷᠤᠯᠴᠠᠬᠤ ᠶᠢᠨ ᠬᠠᠮᠳᠣ ᠶᠠᠷᠢᠶ᠎ᠠ ᠲᠠᠯᠪᠢᠪᠠ᠃      ᠲᠡᠷᠡ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠲᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠦᠪᠦᠷ ᠮᠤᠩᠭᠤᠯ ᠤᠨ ᠨᠡᠭᠡᠭᠡᠯᠳᠡᠳᠦ ᠬᠦᠭᠵᠢᠯᠳᠡ ᠶᠢᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ ᠨᠡᠭᠡᠭᠡᠯᠳᠡ ᠪᠠᠨ ᠪᠦᠬᠦ ᠲᠠᠯ᠎ᠠ ᠪᠠᠷ᠂ ᠦᠷᠭᠡᠨ ᠬᠡᠪᠴᠢᠶ᠎ᠠ ᠪᠠᠷ᠂ ᠬᠦᠨ ᠲᠠᠪᠬᠤᠷᠭ᠎ᠠ ᠠᠴᠠ᠂ ᠦᠨᠳᠦᠷ ᠲᠦᠪᠰᠢᠨ ᠢᠶᠠᠷ ᠠᠬᠢᠭᠤᠯᠵᠤ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠬᠤ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠵᠦ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠵᠠᠢ᠃      ᠯᠢ ᠵᠢᠢ ᠾᠧᠩ ᠶᠠᠷᠢᠶᠠᠨ ᠳᠠᠭᠠᠨ᠂ ᠨᠡᠭᠡᠭᠡᠯᠳᠡ ᠬᠢᠪᠡᠯ ᠲᠠᠪᠰᠢᠵᠤ ᠡᠭᠦᠳᠡ ᠪᠠᠨ ᠬᠠᠭᠠᠪᠠᠯ ᠬᠤᠴᠤᠷᠤᠨ᠎ᠠ᠂ ᠡᠨᠡ ᠪᠤᠯ ᠡᠷᠳᠡᠨ ᠡᠳᠦᠭᠡ ᠭᠠᠳᠠᠭᠠᠳᠦ ᠲᠤᠳᠤᠭᠠᠳᠦ ᠶᠢᠨ ᠬᠦᠭᠵᠢᠯᠳᠡ ᠶᠢᠨ ᠦᠢᠯᠡᠳᠦᠯᠭᠡ ᠶᠢᠨ ᠬᠡᠷᠡᠴᠢᠯᠡᠭᠰᠡᠨ ᠪᠠᠲᠤ ᠶᠤᠰᠤ ᠮᠦᠨ᠃ ᠨᠡᠭᠡᠭᠡᠯᠳᠡ ᠪᠠᠷ ᠦᠭᠡᠷᠡᠴᠢᠯᠡᠯᠳᠡ ᠶᠢ ᠠᠬᠢᠭᠤᠯᠵᠤ᠂ ᠬᠦᠭᠵᠢᠯᠳᠡ ᠶᠢ ᠠᠬᠢᠭᠤᠯᠬᠤ ᠪᠤᠯ ᠮᠠᠨ ᠤ ᠤᠯᠤᠰ ᠤᠨ ᠬᠦᠭᠵᠢᠯᠳᠡ ᠲᠠᠰᠤᠷᠠᠯᠳᠠ ᠦᠭᠡᠢ ᠰᠢᠨ᠎ᠠ ᠠᠮᠵᠢᠯᠳᠡ ᠤᠯᠤᠬᠰᠠᠨ ᠴᠢᠬᠤᠯᠠ ᠠᠷᠭ᠎ᠠ ᠪᠤᠯᠤᠨ᠎ᠠ᠃ ᠤᠳᠤᠬᠠᠨ ᠳᠤ ᠦᠪᠦᠷ ᠮᠤᠩᠭᠤᠯ ᠶᠠᠭ ᠰᠢᠨ᠎ᠠ ᠬᠠᠭᠤᠴᠢᠨ ᠨᠡᠮᠡᠭᠳᠡᠯ ᠤᠨ ᠬᠦᠳᠡᠯᠭᠡᠭᠦ ᠴᠢᠳᠠᠪᠤᠷᠢ ᠶᠢᠨ ᠰᠤᠯᠢᠬᠳᠠᠯ ᠎ ᠤᠨ ᠵᠠᠩᠬᠢᠯᠠᠭ᠎ᠠ ᠶᠢᠨ ᠬᠤᠭᠤᠴᠠᠭ᠎ᠠ ᠳᠤ ᠤᠷᠤᠰᠢᠵᠤ᠂ ᠨᠡᠭᠡᠭᠡᠯᠳᠡ ᠪᠠᠨ ᠦᠷᠭᠡᠳᠭᠡᠭᠦ ᠪᠠᠷ ᠲᠠᠮᠵᠢᠨ ᠠᠵᠤ ᠠᠬᠤᠢ ᠶᠢᠨ ᠬᠦᠭᠵᠢᠯᠳᠡ ᠳᠡᠭᠡᠨ ᠲᠠᠰᠤᠷᠠᠯᠳᠠ ᠦᠭᠡᠢ ᠰᠢᠨ᠎ᠠ ᠬᠦᠳᠡᠯᠭᠡᠬᠦ ᠬᠦᠴᠦᠨ ᠣᠯᠭᠤᠵᠣ᠂ ᠰᠢᠨ᠎ᠠ ᠠᠮᠢᠵᠢᠷᠠᠯ ᠎ ᠤᠨ ᠬᠦᠴᠦᠨ ᠨᠡᠮᠡᠷᠢᠯᠡᠨ᠂ ᠰᠢᠨ᠎ᠠ ᠤᠷᠤᠨ ᠵᠠᠢ ᠶᠢ ᠦᠷᠭᠡᠳᠭᠡᠭᠦ ᠶᠢ ᠲᠤᠯᠭᠠᠮ᠎ᠠ ᠱᠠᠭᠠᠷᠳᠠᠵᠤ ᠪᠤᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠨᠡᠭᠡᠭᠡᠯᠳᠡᠳᠦ ᠬᠦᠭᠵᠢᠯᠳᠡ ᠶᠢ ᠠᠬᠢᠭᠤᠯᠬᠤ ᠬᠠᠷᠢᠭᠤᠴᠠᠯᠭᠠᠳᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠭᠦ ᠴᠢᠩᠭᠠᠳᠬᠠᠵᠤ᠂ ᠨᠡᠭᠡᠭᠡᠯᠳᠡ ᠪᠠᠷ ᠲᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ᠂ ᠨᠡᠭᠡᠭᠡᠯᠳᠡᠳᠦ ᠬᠦᠭᠵᠢᠯᠳᠡ ᠶᠢᠨ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠬᠡᠵᠦ ᠴᠢᠬᠤᠯᠠᠴᠢᠯᠠᠪᠠ᠃      ᠯᠢ ᠵᠢᠢ ᠾᠧᠩ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠠᠵᠠ ᠲᠤᠬᠢᠶᠠᠯ ᠢ ᠴᠢᠩᠭ᠎ᠠ ᠡᠵᠡᠮᠳᠡᠨ ᠦᠪᠦᠷ ᠮᠤᠩᠭᠤᠯ ᠤᠨ ᠨᠡᠭᠡᠭᠡᠯᠳᠡᠳᠦ ᠬᠦᠭᠵᠢᠯᠳᠡ ᠶᠢᠨ ᠤᠷᠤᠨ ᠪᠠᠶᠢᠷᠢ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠤᠮᠠᠷᠠᠰᠢ ᠨᠡᠭᠡᠭᠡᠯᠳᠡ ᠬᠢᠬᠦ ᠶᠢ ᠪᠠᠶᠢᠯᠳᠤᠬᠤ ᠪᠤᠳᠤᠯᠭ᠎ᠠ ᠶᠢᠨ ᠴᠢᠭᠯᠡᠯ ᠢᠶᠠᠨ ᠪᠤᠯᠭᠠᠨ ᠤᠷᠤᠰ᠂ ᠮᠤᠩᠭᠤᠯ ᠯᠤᠭ᠎ᠠ ᠶᠢᠨ ᠬᠠᠮᠳᠤᠷᠠᠯᠴᠠᠭᠠᠨ ᠤ ᠲᠤᠬᠳᠠᠴᠠ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠲᠦᠷᠦ ᠶᠢᠨ ᠪᠤᠳᠤᠯᠭ᠎ᠠ ᠶᠢ ᠨᠡᠪᠲᠡᠷᠡᠯᠴᠡᠬᠦᠯᠬᠦ᠂ ᠰᠠᠭᠤᠷᠢ ᠲᠦᠭᠦᠭᠡᠷᠦᠮᠵᠢ ᠶᠢ ᠬᠤᠯᠪᠤᠯᠳᠤᠭᠤᠯᠬᠤ᠂ ᠠᠷᠠᠯᠵᠢᠶ᠎ᠡ ᠶᠢ ᠰᠠᠭᠠᠳ ᠦᠭᠡᠢ ᠨᠡᠪᠳᠡᠷᠡᠭᠦᠯᠭᠦ᠂ ᠮᠦᠩᠭᠦᠨ ᠭᠦᠢᠯᠭᠡᠭᠡᠨ ᠢ ᠠᠭᠤᠰᠤᠯᠴᠠᠨ ᠨᠡᠪᠳᠡᠷᠡᠯᠴᠡᠬᠦᠯᠬᠦ᠂ ᠠᠷᠠᠳ ᠤᠨ ᠰᠡᠳᠬᠢᠯ ᠢ ᠬᠠᠷᠢᠯᠴᠡᠨ ᠨᠡᠪᠳᠡᠷᠡᠯᠴᠡᠬᠦᠯᠬᠦ ᠶᠢ ᠴᠢᠨᠠᠬᠰᠢᠳᠠ ᠴᠢᠩᠭᠠᠳᠬᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠴᠤᠩᠬᠤᠪᠴᠢ ᠶᠢ ᠲᠦᠷᠭᠡᠳᠭᠡᠨ ᠪᠠᠶᠢᠭᠤᠯᠬᠤ ᠬᠡᠷᠡᠭᠳᠡᠢ᠃ ᠦᠨᠳᠦᠷ ᠲᠤ ᠵᠤᠬᠰᠤᠨ ᠠᠯᠤᠰ ᠢ ᠪᠠᠷᠠᠯᠠᠵᠤ ᠦᠷᠭᠡᠨ ᠳᠡᠯᠭᠡᠷ ᠲᠡᠯᠡᠬᠡᠢ ᠶᠢᠨ ᠬᠠᠷᠠᠴᠠ ᠶᠢ ᠪᠤᠢ ᠪᠤᠯᠭᠠᠵᠤ᠂ ᠭᠠᠳᠠᠭᠠᠳᠣ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠨ ᠭᠤᠤᠯᠳᠠᠯᠭ᠎ᠠ ᠲᠠᠢ ᠨᠡᠭᠡᠭᠡᠯᠳᠡ ᠬᠢᠬᠦ ᠲᠠᠪᠴᠠᠩ ᠢ ᠬᠦᠴᠦᠯᠡᠨ ᠴᠤᠬᠴᠠᠯᠠᠵᠤ᠂ ᠨᠡᠭᠡᠭᠡᠯᠳᠡᠳᠦ ᠬᠡᠯᠪᠡᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ ᠬᠢᠯᠢ ᠲᠠᠭᠠᠤ ᠵᠠᠮ ᠱᠤᠭᠤᠮ ᠲᠠᠭᠠᠤ ᠭᠤᠤᠯ ᠮᠦᠷᠡᠨ ᠲᠠᠭᠠᠤ ᠶᠢᠨ ᠠᠵᠤ ᠠᠬᠤᠢ ᠶᠢᠨ ᠪᠦᠰᠡ ᠶᠢ ᠴᠤᠬᠴᠠᠯᠠᠵᠤ᠂ ᠨᠡᠭᠡᠭᠡᠯᠳᠡᠳᠦ ᠬᠦᠭᠵᠢᠯᠳᠡ ᠶᠢᠨ ᠤᠷᠴᠢᠨ ᠲᠤᠭᠤᠷᠢᠨ ᠢᠶᠠᠨ ᠰᠢᠯᠢᠳᠡᠭᠵᠢᠭᠦᠯᠦᠨ ᠤᠮᠠᠷᠠᠰᠢ ᠮᠤᠷᠳᠠᠨ ᠡᠮᠦᠨᠡᠰᠢ ᠪᠠᠭᠤᠬᠤ᠂ ᠵᠡᠬᠦᠨᠰᠢ ᠤᠷᠤᠬᠰᠢᠯᠠᠨ ᠪᠠᠷᠠᠭᠤᠨᠰᠢ ᠵᠤᠷᠴᠢᠬᠤ᠂ ᠲᠤᠳᠤᠷ᠎ᠠ ᠭᠠᠳᠠᠨᠠᠬᠢ ᠲᠠᠢ ᠬᠤᠯᠪᠤᠭᠠᠯᠠᠨ ᠬᠦᠳᠡᠯᠦᠯᠴᠡᠬᠦ᠂ ᠤᠯᠠᠨ ᠲᠠᠯᠠᠳᠤ ᠭᠠᠳᠠᠭᠠᠳᠤ ᠨᠡᠬᠡᠬᠡᠯᠳᠡ ᠬᠢᠬᠦ ᠰᠢᠨ᠎ᠠ ᠪᠠᠶᠢᠷᠢᠰᠢᠯ ᠢ ᠲᠦᠷᠭᠡᠳᠭᠡᠨ ᠪᠦᠷᠢᠯᠳᠦᠭᠦᠯᠭᠦ ᠬᠡᠷᠡᠭᠳᠡᠢ ᠬᠡᠵᠦ ᠴᠢᠬᠤᠯᠠᠴᠢᠯᠠᠵᠠᠢ᠃      ᠯᠢ ᠵᠢᠢ ᠾᠧᠩ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠡᠭᠡᠭᠡᠯᠳᠡᠳᠦ ᠬᠦᠭᠵᠢᠯᠳᠡ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ ᠬᠢᠬᠦ᠂ ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠬᠤ ᠪᠠ ᠱᠠᠯᠠᠪᠳᠠᠭᠤᠯᠤᠨ ᠨᠡᠶᠢᠳᠡᠪᠦᠷᠢᠵᠢᠭᠤᠯᠬᠤ ᠶᠢ ᠴᠢᠩᠭᠠᠳᠬᠠᠵᠤ᠂ ᠭᠠᠳᠠᠭᠠᠳᠣ ᠨᠡᠭᠡᠭᠡᠯᠳᠡ ᠶᠢᠨ ᠡᠯ᠎ᠠ ᠵᠦᠢᠯ ᠤᠨ ᠡᠭᠦᠷᠭᠡ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠠᠨ ᠲᠠᠰᠤᠷᠠᠯᠳᠠ ᠦᠭᠡᠢ ᠴᠢᠯᠦᠭᠡᠯᠡᠨ᠂ ᠨᠡᠭᠡᠭᠡᠯᠳᠡ ᠬᠢᠭᠦ ᠤᠬᠠᠮᠰᠠᠷ ᠢᠶᠠᠨ ᠴᠢᠩᠭᠠᠳᠬᠠᠵᠤ᠂ ᠠᠰᠢᠬᠳᠠᠢ ᠬᠦᠴᠦᠨ ᠵᠦᠢᠯ ᠪᠦᠬᠦᠨ ᠢ ᠬᠦᠢᠴᠡᠳ ᠠᠰᠢᠬᠯᠠᠬᠤ ᠬᠡᠷᠡᠭᠳᠡᠢ᠃ ᠭᠠᠳᠠᠭᠠᠳᠦ ᠤᠬᠠᠭᠤᠯᠭ᠎ᠠ ᠶᠢᠨ ᠠᠵᠢᠯ ᠢ ᠬᠦᠨᠳᠦᠳᠭᠡᠨ ᠰᠠᠶᠢᠳᠤᠷ ᠬᠢᠵᠦ᠂ ᠦᠪᠦᠷ ᠮᠤᠩᠭᠤᠯ ᠢ ᠲᠡᠯᠡᠭᠡᠢ ᠳ᠋ᠠᠬᠢᠨ ᠳᠤ ᠨᠡᠩ ᠢᠯᠡᠭᠦᠦ ᠠᠩᠬᠠᠷᠤᠭᠤᠯᠤᠨ᠂ ᠦᠪᠦᠷ ᠮᠤᠩᠭᠤᠯ  ᠢ ᠲᠡᠯᠡᠬᠡᠢ ᠳ᠋ᠠᠬᠢᠨ ᠲᠡᠰᠢ ᠨᠡᠩ ᠰᠠᠶᠢᠳᠤᠷ ᠵᠠᠮᠨᠠᠭᠤᠯᠬᠤ ᠬᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃      ᠪᠦ᠋ ᠰᠢᠶᠤᠤ ᠯᠢᠨ ᠬᠤᠷᠠᠯ ᠡᠷᠬᠢᠯᠡᠭᠦ ᠶᠠᠷᠢᠶᠠᠨ ᠳᠠᠭᠠᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠨ ᠨᠡᠭᠡᠭᠡᠯᠳᠡᠳᠦ ᠬᠦᠭᠵᠢᠯᠳᠡ ᠶᠢᠨ ᠣᠨᠣᠯᠵᠢᠬᠤᠨ ᠢ ᠪᠤᠢ ᠪᠤᠯᠭᠠᠵᠤ᠂ ᠦᠪᠦᠷ ᠮᠤᠩᠭᠤᠯ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠪᠠ ᠤᠯᠤᠰ ᠤᠨ ᠭᠠᠳᠠᠭᠠᠳᠦ ᠨᠡᠭᠡᠭᠡᠯᠳᠡ ᠬᠢᠬᠦ ᠶᠡᠭᠡ ᠲᠠᠯ᠎ᠠ ᠳᠠᠬᠢ ᠴᠢᠬᠤᠯᠠ ᠬᠠᠷᠢᠭᠤᠴᠠᠯᠭ᠎ᠠ᠂ ᠴᠢᠬᠤᠯᠠ ᠲᠤᠬᠢᠶᠠᠯ ᠢ ᠬᠦᠨᠵᠡᠭᠡᠢ ᠲᠠᠨᠢᠵᠤ᠂ ᠠᠵᠢᠯ ᠤᠨ ᠬᠦᠴᠦᠯᠡᠭᠦ ᠴᠢᠭ᠋ ᠢᠶᠠᠨ ᠣᠨᠣᠪᠴᠢᠳᠠᠢ ᠡᠷᠢᠨ ᠠᠵᠢᠯ ᠤᠨ ᠰᠠᠨᠠᠭᠠᠴᠢᠯᠠᠭᠠᠳᠦ ᠡᠷᠭᠡ ᠶᠢ ᠪᠠᠳᠤ ᠡᠵᠡᠮᠰᠢᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢ ᠲᠦᠷᠭᠡᠳᠭᠡᠨ ᠪᠦᠳᠦᠬᠡᠨ ᠪᠠᠶᠢᠭᠤᠯᠵᠤ᠂ ᠨᠡᠩ ᠦᠨᠳᠦᠷ ᠲᠦᠪᠰᠢᠨ᠂ ᠨᠡᠩ ᠬᠦᠨ ᠲᠠᠪᠬᠤᠷᠭ᠎ᠠ᠂ ᠨᠡᠩ ᠦᠷᠭᠡᠨ ᠬᠡᠪᠴᠢᠶ᠎ᠠ ᠪᠠᠷ ᠭᠠᠳᠠᠭᠠᠳᠦ ᠨᠡᠭᠡᠭᠡᠯᠳᠡ ᠶᠢ ᠠᠬᠢᠭᠤᠯᠬᠤ ᠬᠡᠷᠡᠭᠳᠡᠢ᠃ ᠦᠵᠡᠯ ᠰᠠᠨᠠᠭ᠎ᠠ ᠪᠠᠨ ᠴᠢᠯᠦᠭᠡᠯᠡᠨ ᠨᠡᠭᠡᠭᠡᠯᠳᠡᠳᠦ ᠬᠦᠭᠵᠢᠯᠳᠡ ᠶᠢ ᠠᠬᠢᠭᠤᠯᠬᠤ ᠴᠢᠳᠠᠪᠤᠷᠢ ᠪᠠ ᠲᠦᠪᠰᠢᠨ ᠢᠶᠠᠨ ᠲᠡᠭᠡᠭᠰᠢᠯᠡᠭᠦᠯᠵᠤ᠂ ᠨᠡᠭᠡᠭᠡᠯᠳᠡᠳᠦ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠦᠨ ᠡᠯ᠎ᠠ ᠵᠦᠢᠯ ᠤᠨ ᠡᠭᠦᠷᠭᠡ ᠶᠢ ᠨᠡᠶᠢᠳᠡᠪᠦᠷᠢᠵᠢᠭᠤᠯᠬᠤ ᠶᠢ ᠪᠦᠬᠦ ᠬᠦᠴᠦᠨ ᠢᠶᠠᠷ ᠰᠠᠶᠢᠳᠤᠷ ᠠᠳᠬᠤᠬᠤ ᠬᠡᠷᠡᠭᠳᠡᠢ ᠬᠡᠵᠦ ᠵᠢᠭᠠᠵᠦ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号