ᠳᠣᠮᠳᠠᠳᠣ ᠣᠯᠣᠰ ᠤᠨ ᠡᠪ ᠬᠠᠮᠲᠤ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2017/6/19
     ᠳᠣᠮᠳᠠᠳᠣ ᠣᠯᠣᠰ ᠤᠨ ᠡᠪ ᠬᠠᠮᠲᠤ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ      ︵2017 ᠤᠨ ᠤ 6 ᠳ᠋ᠤᠭᠠᠷ ᠰᠠᠷ᠎ᠠ ᠶᠢᠨ 17᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ︶      ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 2017 ᠤᠨ ᠤ 6 ᠳ᠋ᠤᠭᠠᠷ ᠰᠠᠷ᠎ᠠ ᠶᠢᠨ 17᠎ ᠤ ᠡᠳᠦᠷ ᠬᠦᠬᠡᠬᠤᠳᠠ ᠳᠤ ᠬᠤᠷᠠᠯᠳᠣᠪᠠ᠃      ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 77 ᠬᠦᠮᠦᠨ᠂ ᠣᠷᠣᠯᠠᠭᠴᠢ ᠭᠡᠰᠢᠭᠦᠨ 13 ᠬᠦᠮᠦᠨ ᠲᠤᠰ ᠣᠳᠠᠭ᠎ᠠ ᠶᠢᠨ ᠪᠦᠬᠦᠳᠡ ᠬᠤᠷᠠᠯ ᠳᠤ ᠣᠷᠣᠯᠴᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦᠳᠡ ᠬᠤᠷᠠᠯ ᠢ ᠡᠷᠬᠢᠯᠡᠪᠡ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠴᠢᠬᠤᠯᠠ ᠶᠠᠷᠢᠶ᠎ᠠ ᠳᠠᠯᠪᠢᠵᠠᠢ᠃      ᠪᠦᠭᠦᠳᠡ ᠬᠤᠷᠠᠯ ᠠᠴᠠ ᠲᠦᠪ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ ᠬᠦᠢᠴᠡᠳ ᠶᠠᠷᠢᠯᠴᠠᠬᠤ ᠪᠠᠷ ᠲᠡᠮᠵᠢᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢᠨ ᠵᠢᠱᠢᠭᠳᠡᠭᠰᠡᠳ ᠤᠨ ᠪᠡᠯᠡᠳᠭᠡᠯ ᠵᠢᠱᠢᠭᠳᠡᠭᠴᠢ ᠶᠢ ᠲᠤᠬᠳᠠᠭᠠᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠯᠦᠭᠡᠯᠡᠭᠴᠢᠳ ᠤᠨ ᠬᠤᠷᠠᠯ ᠢ ᠬᠤᠷᠠᠯᠳᠤᠭᠤᠯᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶ᠎ᠠ ᠶᠢᠨ ᠰᠢᠢᠳᠪᠦᠷᠢ︾᠎ ᠶᠢ ᠪᠠᠳᠤᠯᠠᠵᠠᠢ᠃ ᠪᠦᠬᠦᠳᠡ ᠬᠤᠷᠠᠯ ᠠᠴᠠ᠂ 6 ᠳ᠋ᠤᠭᠠᠷ ᠰᠠᠷ᠎ᠠ ᠶᠢᠨ ᠰᠡᠭᠦᠯᠴᠢ ᠪᠠᠷ ᠦᠪᠡᠷᠳᠡᠭᠡᠨ ᠵᠠᠰᠠᠬᠤ ᠤᠷᠤᠨ ᠤ ᠨᠠᠮ ᠤᠨ ᠲᠦᠯᠦᠭᠡᠯᠡᠭᠴᠢᠳ ᠤᠨ ᠬᠤᠷᠠᠯ ᠢ ᠬᠤᠷᠠᠯᠳᠤᠭᠤᠯᠵᠤ᠂ ᠮᠠᠨ ᠤ ᠤᠷᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢᠳ ᠢ ᠰᠤᠩᠭᠤᠬᠤ ᠪᠠᠷ ᠲᠤᠬᠳᠠᠵᠠᠢ᠃      ᠪᠦᠬᠦᠳᠡ ᠬᠤᠷᠠᠯ ᠠᠴᠠ᠂ ᠡᠨᠡ ᠵᠢᠯ ᠠᠴᠠ ᠨᠠᠰᠢ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠵᠠᠰᠠᠭ ᠢ ᠡᠷᠬᠢᠯᠡᠭᠦ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠠᠴᠠ ᠲᠤᠬᠳᠠᠭᠠᠬᠰᠠᠨ ᠬᠦᠭᠵᠢᠯᠳᠡ ᠶᠢᠨ ᠰᠡᠳᠬᠢᠴᠡ᠂ ᠲᠡᠮᠡᠴᠡᠭᠦ ᠬᠠᠷᠠᠯᠳᠠ ᠪᠤᠯᠤᠨ ᠭᠤᠤᠯᠳᠠᠯᠭ᠎ᠠ ᠲᠠᠢ ᠡᠭᠦᠷᠭᠡ ᠶᠤᠰᠤᠭᠠᠷ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠲᠠ ᠶᠢ ᠵᠤᠬᠢᠴᠠᠭᠤᠯᠣᠨ ᠠᠬᠢᠭᠤᠯᠵᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠢ ᠢᠳᠡᠪᠬᠢᠳᠡᠢ ᠬᠦᠳᠦᠯᠦᠨ ᠲᠠᠭᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠬᠦᠭᠵᠢᠯᠳᠡ ᠪᠠ ᠨᠠᠮ ᠤᠨ ᠪᠠᠶᠢᠭᠤᠯᠤᠯᠲᠠ ᠶᠢᠨ ᠡᠯ᠎ᠠ ᠵᠦᠢᠯ ᠤᠨ ᠠᠵᠢᠯ ᠴᠦᠮ ᠰᠢᠨ᠎ᠠ ᠠᠬᠢᠴᠠ ᠲᠠᠢ ᠪᠣᠯᠵᠣ ᠰᠢᠨ᠎ᠠ ᠠᠮᠵᠢᠯᠳᠡ ᠤᠯᠪᠠ᠃ ᠤᠨᠴᠠᠭᠠᠶᠢᠯᠠᠨ ᠲᠤᠷᠠᠳᠤᠭᠤᠰᠢᠳᠠᠢ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠡᠯ᠎ᠠ ᠱᠠᠳᠤᠨ ᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠯ᠂ ᠠᠵᠢᠯ ᠬᠢᠳᠡᠯ ᠢᠶᠠᠨ ᠠᠳᠠᠯᠢᠳᠬᠠᠬᠤ ᠢᠳᠡᠪᠬᠢᠵᠢᠯ ᠨᠡᠩ ᠭᠦᠢᠴᠡᠳ ᠪᠣᠯᠵᠣ᠂ ᠤᠷᠤᠨ ᠳᠠᠶᠠᠭᠠᠷ ᠤᠨ ᠬᠦᠭᠵᠢᠯᠳᠡ ᠶᠢ ᠠᠳᠬᠤᠬᠤ᠂ ᠬᠦᠭᠵᠢᠯᠳᠡ ᠶᠢ ᠠᠬᠢᠭᠤᠯᠬᠤ ᠠᠭᠤᠷ ᠠᠮᠢᠰᠬᠤᠯ ᠨᠡᠩ ᠦᠳᠭᠡᠨ ᠪᠣᠯᠵᠣ᠂ ᠮᠢᠩᠭᠠᠨ ᠳᠠᠷᠪᠠᠭᠤᠯ ᠦᠷᠢᠰᠦᠯᠳᠦᠨ ᠲᠦᠮᠡᠨ ᠵᠡᠪᠢ ᠣᠷᠣᠯᠳᠣᠭᠰᠠᠨ ᠠᠮᠢᠳᠤᠯᠢᠭ ᠪᠠᠶᠢᠳᠠᠯ ᠢ ᠪᠦᠷᠢᠯᠳᠦᠭᠦᠯᠵᠡᠢ᠃ ᠡᠨᠡᠭᠦ ᠰᠠᠶᠢᠨ ᠰᠠᠶᠢᠬᠠᠨ ᠪᠠᠶᠢᠳᠠᠯ ᠢᠶᠠᠨ ᠦᠨᠡᠨᠭᠦ ᠪᠠᠳᠣᠯᠠᠨ ᠰᠠᠶᠢᠲᠤᠷ ᠪᠠᠬᠢᠵᠢᠭᠦᠯᠵᠦ᠂ ᠡᠭᠡ ᠤᠯᠤᠰ ᠤᠨ ᠤᠮᠠᠷᠠᠳᠦ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠣᠭᠴᠠᠯᠠᠬᠤ ᠳᠤ ᠨᠡᠩ ᠶᠡᠭᠡ ᠠᠯᠬᠤᠮ ᠠᠯᠬᠤᠬᠤ ᠶᠢ ᠠᠬᠢᠭᠤᠯᠬᠤ ᠬᠡᠷᠡᠭᠳᠡᠢ ᠭᠡᠵᠦ ᠵᠢᠭᠠᠵᠦ ᠭᠠᠷᠭᠠᠪᠠ᠃      ᠪᠦᠬᠦᠳᠡ ᠬᠤᠷᠠᠯ ᠠᠴᠠ᠂ ᠤᠳᠤᠬᠠᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠠᠮᠵᠢᠯᠳᠡ ᠪᠠᠨ ᠪᠠᠳᠠᠷᠠᠭᠤᠯᠦᠨ ᠴᠢᠷᠮᠠᠶᠢᠭᠰᠠᠨ ᠲᠡᠭᠡᠷ᠎ᠡ ᠪᠠᠨ ᠴᠢᠷᠮᠠᠶᠢᠵᠤ᠂ ᠢᠳᠡᠭᠡᠯ ᠵᠣᠷᠢᠭ ᠢᠶᠠᠨ ᠪᠠᠳᠤᠳᠬᠠᠨ᠂ ᠬᠠᠷᠠᠯᠳᠠ ᠪᠠᠨ ᠴᠢᠩᠭ᠎ᠠ ᠠᠳᠬᠤᠵᠤ᠂ ᠰᠡᠳᠬᠢᠯ ᠰᠠᠨᠠᠭ᠎ᠠ ᠶᠢ ᠨᠢᠬᠳᠠᠷᠠᠭᠤᠯᠤᠨ ᠬᠦᠴᠦᠨ ᠴᠢᠳᠠᠯ ᠢ ᠲᠦᠪᠯᠡᠷᠡᠭᠦᠯᠵᠤ ᠡᠯ᠎ᠠ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠣ᠂ ᠨᠡᠩ ᠰᠠᠶᠢᠨ ᠨᠡᠩ ᠶᠡᠭᠡ ᠠᠮᠵᠢᠯᠳᠠ ᠣᠯᠬᠤ ᠪᠠᠷ ᠴᠢᠷᠮᠠᠶᠢᠬᠤ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠬᠦᠨᠵᠡᠭᠡᠢ ᠲᠤᠤᠱᠯᠠᠭᠤᠯᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠨ ᠰᠠᠶᠢᠵᠢᠷᠠᠭᠤᠯᠬᠤ ᠬᠡᠷᠡᠭᠳᠡᠢ᠃ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠨᠡᠭᠡᠭᠡᠯᠳᠡ ᠶᠢ ᠦᠷᠭᠡᠳᠭᠡᠭᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠬᠦᠳᠡᠯᠭᠡᠬᠦ ᠬᠦᠴᠦᠨ ᠢ ᠴᠢᠨᠠᠬᠰᠢᠳᠠ ᠴᠢᠩᠭᠠᠳᠬᠠᠬᠤ ᠬᠡᠷᠡᠭᠳᠡᠢ᠃ ᠨᠡᠶᠢᠭᠡᠮ ᠤᠨ ᠲᠤᠬᠳᠠᠭᠤᠨ ᠢ ᠬᠠᠮᠠᠭᠠᠯᠠᠬᠤ ᠠᠵᠢᠯ ᠢ ᠴᠢᠩᠭ᠎ᠠ ᠪᠤᠳᠠᠳᠠᠢ ᠪᠦᠭᠡᠳ ᠨᠠᠷᠢᠯᠢᠭ ᠰᠠᠶᠢᠲᠤᠷ ᠬᠢᠵᠤ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠳᠣᠭᠳᠠᠭᠤᠨ ᠤ ᠬᠠᠯᠬᠠᠪᠴᠢ ᠶᠢ ᠴᠢᠨᠠᠬᠰᠢᠳᠠ ᠪᠠᠳᠣ ᠴᠣᠭᠴᠠᠯᠠᠬᠤ ᠬᠡᠷᠡᠭᠳᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠦᠨᠳᠦᠳᠭᠡᠨ ᠰᠠᠶᠢᠲᠤᠷ ᠠᠳᠬᠤᠵᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠭᠰᠠᠨ︾ ᠪᠠᠶᠢᠳᠠᠯ ᠢ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠡᠷᠦᠩᠬᠡᠢ ᠴᠡᠭᠴᠡᠯᠡᠨ ᠰᠠᠶᠢᠵᠢᠷᠠᠭᠤᠯᠬᠤ ᠲᠦᠰᠦᠯ ᠵᠢᠴᠢ ᠬᠠᠮᠢᠶ᠎ᠠ ᠪᠦᠬᠦᠢ ᠲᠤᠰᠬᠠᠢ ᠴᠡᠭᠴᠡᠯᠡᠨ ᠰᠠᠶᠢᠵᠢᠷᠠᠭᠤᠯᠬᠤ ᠲᠦᠰᠦᠯ᠂ ᠲᠤᠰᠬᠠᠢ ᠴᠡᠭᠴᠡᠯᠡᠨ ᠵᠠᠰᠠᠬᠤ ᠲᠦᠰᠦᠯ ᠢ ᠪᠦᠬᠦ ᠬᠦᠴᠦᠨ ᠢᠶᠠᠷ ᠢᠶᠠᠨ ᠪᠦᠬᠦ ᠲᠠᠯ᠎ᠠ ᠪᠠᠷ ᠰᠠᠶᠢᠲᠤᠷ ᠲᠤᠤᠱᠯᠠᠭᠤᠯᠵᠤ᠂ ᠠᠰᠠᠭᠤᠳᠠᠯ ᠢ ᠲᠤᠭᠤᠷᠠᠳᠠᠯ᠎ᠠ ᠢᠯᠭᠠᠷᠠᠭᠤᠯᠬᠤ ᠦᠭᠡᠢ ᠪᠤᠯ ᠲᠠᠯᠪᠢᠬᠤ ᠦᠭᠡᠢ᠂ ᠲᠦᠢᠯᠪᠦᠷᠢᠳᠡᠢ ᠰᠢᠢᠳᠪᠦᠷᠢᠯᠡᠭᠦ ᠦᠭᠡᠢ ᠪᠤᠯ ᠰᠤᠯᠠᠷᠠᠭᠤᠯᠬᠤ ᠦᠭᠡᠢ᠂ ᠲᠤᠤᠱᠳᠠᠯ᠎ᠠ ᠴᠡᠭᠴᠡᠯᠡᠨ ᠰᠠᠶᠢᠵᠢᠷᠠᠭᠤᠯᠬᠤ ᠦᠭᠡᠢ ᠪᠤᠯ ᠵᠤᠬᠰᠤᠬᠤ ᠦᠭᠡᠢ ᠪᠠᠶᠢᠵᠦ᠂ ᠵᠤᠷᠪᠤᠰ ᠵᠤᠷᠪᠤᠰ ᠢᠶᠠᠷ ᠴᠡᠭᠴᠡᠯᠡᠨ ᠰᠠᠶᠢᠵᠢᠷᠠᠭᠤᠯᠵᠤ᠂ ᠵᠤᠷᠪᠤᠰ ᠵᠤᠷᠪᠤᠰ ᠢᠶᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠠᠰᠤᠷᠠᠯᠳᠡ ᠦᠭᠡᠢ ᠭᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ᠃ ᠴᠡᠭᠴᠡᠯᠡᠨ ᠰᠠᠶᠢᠵᠢᠷᠠᠭᠤᠯᠬᠤ ᠠᠵᠢᠯ ᠬᠢᠭᠡᠳ ᠡᠳᠦᠷ ᠲᠤᠳᠤᠮ ᠤᠨ ᠠᠵᠢᠯ ᠢᠶᠠᠨ ᠤᠷᠭᠠᠨᠢᠭ ᠢᠶᠠᠷ ᠨᠢᠭᠡᠳᠭᠡᠵᠦ ᠪᠦᠳᠦᠮᠵᠢᠳᠡᠢ ᠤᠶᠠᠯᠳᠤᠭᠤᠯᠤᠨ ᠡᠮᠬᠢ ᠵᠢᠷᠤᠮ ᠲᠠᠢ ᠵᠤᠯᠭᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠵᠤ᠂ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠡ ᠶᠢᠨ ᠦᠷ᠎ᠡ ᠪᠦᠳᠦᠭᠡᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠳᠦᠮᠵᠢ ᠶᠢ ᠰᠢᠯᠭᠠᠵᠤ᠂ ᠬᠤᠶᠠᠷ ᠶᠠᠪᠣᠳᠠᠯ ᠢ ᠵᠠᠷᠭᠡᠪᠡᠷ ᠠᠳᠬᠤᠵᠤ᠂ ᠬᠤᠶᠠᠷ ᠶᠠᠪᠣᠳᠠᠯ ᠢ ᠴᠦᠮ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃      ᠪᠦᠬᠦᠳᠡ ᠬᠤᠷᠠᠯ ᠠᠴᠠ᠂ ᠪᠦᠬᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠬᠦᠮᠳᠡᠵᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠡ ᠲᠡᠮᠡᠴᠡᠨ᠂ ᠴᠤᠴᠠᠯᠳᠠ ᠦᠭᠡᠢ ᠤᠷᠤᠬᠰᠢᠯᠠᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠬᠡᠷᠡᠭᠳᠠᠢ ᠭᠡᠵᠦ ᠤᠷᠢᠶᠠᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号