ᠥᠪᠥᠷ ᠵᠠᠰᠠᠭ ᠲᠠᠷᠬᠠᠭᠠᠭᠰᠠᠨ ﹇2016﹈ 113 ᠳ᠋ᠤᠭᠠᠷ ᠲᠤᠭᠠᠳᠤ | 2016 ᠣᠨ ᠤ 10 ᠳ᠋ᠤᠭᠠᠷ ᠰᠠᠷ᠎ᠠ ᠶᠢᠨ 8 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠰᠢᠨ᠎ᠡ ᠪᠠᠶᠢᠳᠠᠯ ᠳᠠᠬᠢ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠤᠯᠤᠰ ᠢᠶᠠᠨ | ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ ᠤᠳ︾ ︵ᠲᠥᠷᠥ ᠲᠠᠷᠬᠠᠭᠠᠭᠰᠠᠨ ﹇2015﹈ 71 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠦᠷᠢᠶᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ ᠬᠦᠭᠵᠢᠭᠦᠯᠬᠦ ᠶᠢ ᠠᠬᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠣᠷᠣᠨ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ | ᠲᠥᠷᠭᠡᠳᠭᠡᠬᠦ ᠶᠢᠨ ᠲᠤᠰᠠᠲᠠ᠂ ᠮᠠᠨ ᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠲᠥᠷᠪᠡᠳᠦᠭᠡᠷ᠂ ᠲᠠᠪᠤᠳᠤᠭᠠᠷ ᠪᠦᠭᠦᠲᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ | ᠶᠡᠷᠦᠩᠬᠡᠢ ᠪᠠᠶᠢᠢᠷᠢᠰᠢᠭᠤᠯᠤᠯᠲᠠ ︽ᠲᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢᠨ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠶᠢ | ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠣᠷᠣᠨ ᠤ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠪᠣᠳᠠᠳᠤ ᠬᠦᠴᠦᠨ ᠢ | ᠳᠡᠭᠡᠭᠰᠢᠯᠡᠭᠦᠯᠬᠦ ᠪᠠᠷ ᠭᠤᠣᠯᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢ ᠬᠠᠮᠠᠭᠠᠯᠠᠬᠤ ᠪᠠ | ᠬᠡᠷᠡᠭᠯᠡᠬᠦ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ | ᠡᠷᠬᠡ ᠶᠢᠨ ᠬᠦᠭᠵᠢᠯᠲᠡ ᠳᠤ ᠠᠰᠢᠭᠲᠠᠢ ᠪᠣᠯᠬᠤ ᠪᠠᠶᠢᠭᠤᠯᠤᠯ ᠲᠣᠭᠲᠠᠴᠠ ᠶᠢ ᠴᠢᠷᠮᠠᠶᠢᠨ ᠲᠡᠭᠦᠯᠳᠡᠷᠵᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ | ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠨᠡᠮᠡᠷᠢ | ᠬᠠᠨᠳᠢᠪ ᠤᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠵᠠᠮ ᠢ ᠰᠦᠪᠡᠭᠴᠢᠯᠡᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ ᠪᠠᠶᠢᠯᠳᠤᠬᠤ ᠪᠣᠳᠣᠯᠭ᠎ᠠ ᠶᠢᠨ ᠬᠦᠲᠦᠯᠦᠨ ᠳᠠᠭᠠᠭᠤᠯᠬᠤ ᠶᠢ | ᠪᠠᠷᠢᠮᠲᠠᠯᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠪᠠᠶᠢᠯᠳᠤᠬᠤ | ᠪᠣᠳᠣᠯᠭ᠎ᠠ ᠪᠠ ︽ᠨᠢᠭᠡ ᠪᠦᠰᠡ ᠨᠢᠭᠡ ᠵᠠᠮ︾ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠶᠣᠰᠤᠭᠠᠷ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠡᠭᠦᠳᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ | ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠶᠢᠷᠡᠭᠦᠯᠵᠦ᠂ ᠪᠦᠬᠦ ᠨᠡᠶᠢᠭᠡᠮ ᠢᠶᠠᠷ ᠢᠶᠠᠨ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠤᠷᠮᠠᠰᠢᠭᠤᠯᠤᠨ | ᠬᠦᠭᠵᠢᠭᠡᠵᠦ᠂ ᠪᠦᠬᠦ ᠣᠷᠣᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠬᠦᠴᠦᠲᠡᠢ ᠳᠡᠮᠵᠢᠬᠦ | ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠠᠵᠢᠯ ᠤᠨ ᠪᠠᠶᠢᠭᠤᠯᠤᠯ ᠪᠠ ᠲᠣᠭᠲᠠᠴᠠ ᠶᠢ ᠰᠢᠨ᠎ᠡ ᠪᠠᠷ ᠡᠭᠦᠳᠴᠦ᠂ ᠰᠢᠨ᠎ᠡ ᠶᠢ ᠡᠭᠦᠳᠴᠦ ᠥᠭᠡᠷᠡᠴᠢᠯᠡᠯᠲᠡ ᠬᠢᠬᠦ | ᠲᠤᠷᠰᠢᠯᠲᠠ ᠶᠢ ᠰᠦᠪᠡᠭᠴᠢᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ | ᠳᠥᠷᠢᠮ ᠤᠨ ᠰᠠᠶᠢᠨ ᠰᠠᠶᠢᠬᠠᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠰᠣᠶᠣᠯ ᠤᠨ | ᠣᠷᠴᠢᠨ ᠲᠣᠭᠤᠷᠢᠨ ᠪᠠ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ᠂ ᠰᠢᠨ᠎ᠡ ᠶᠢ ᠡᠭᠦᠳᠬᠦ ᠶᠢ | ᠤᠷᠮᠠᠰᠢᠭᠤᠯᠬᠤ᠂ ᠰᠢᠨ᠎ᠡ ᠶᠢ ᠡᠭᠦᠳᠬᠦ ᠦᠷ᠎ᠡ ᠪᠦᠲᠦᠭᠡᠯ ᠢ ᠵᠦᠢ ᠵᠣᠬᠢᠰᠲᠠᠢ ᠬᠤᠪᠢᠶᠠᠨ ᠬᠦᠷᠲᠡᠬᠦ ᠶᠢ ᠠᠬᠢᠭᠤᠯᠬᠤ | ᠲᠠᠯ᠎ᠠ ᠳᠠᠬᠢ ᠮᠡᠳᠡᠯᠭᠡ ᠶᠢᠨ ᠪᠥᠲᠦᠭᠡᠭᠳᠡᠬᠦᠨ ᠤ ᠥᠮᠴᠢᠯᠡᠬᠦ ᠡᠷᠬᠡ ᠶᠢᠨ ᠳᠥᠷᠢᠮ ᠤᠨ ᠵᠠᠩᠭᠢᠯᠠᠭ᠎ᠠ ᠶᠢᠨ | ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ | ᠬᠡᠷᠡᠭᠲᠡᠢ᠃ | ᠵᠠᠬ᠎ᠠ ᠳᠡᠯᠭᠡᠭᠦᠷ ᠤᠨ ᠭᠤᠣᠯ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ | ᠲᠣᠬᠢᠷᠠᠭᠤᠯᠤᠯᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ | ᠪᠠᠳᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠪᠠ ᠭᠤᠣᠯ | ᠤᠳᠤᠷᠢᠳᠤᠮᠵᠢ ᠶᠢᠨ ᠦᠢᠯᠡᠳᠦᠯ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠭᠤᠣᠯ ᠬᠦᠴᠦᠨ ᠵᠦᠢᠯ ᠢ ᠵᠦᠢ | ᠵᠣᠬᠢᠰᠲᠠᠢ ᠪᠠᠷ ᠭᠦᠢᠯᠭᠡᠭᠡᠬᠦ ᠪᠠ ᠦᠨᠳᠦᠷ ᠪᠦᠲᠦᠮᠵᠢᠲᠠᠢ ᠪᠠᠷ ᠲᠣᠬᠢᠷᠠᠭᠤᠯᠬᠤ ᠶᠢ ᠠᠬᠢᠭᠤᠯᠬᠤ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠤᠯᠠᠨ | ᠨᠡᠶᠢᠲᠡ ᠶᠢᠨ ᠦᠢᠯᠡᠴᠢᠯᠡᠭᠡ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ | ᠭᠤᠣᠯᠴᠢ᠂ ᠨᠡᠬᠡᠭᠡᠯᠲᠡ ᠬᠢᠵᠦ ᠢᠯᠡ ᠲᠣᠳᠣ ᠪᠠᠶᠢᠯᠭᠠᠬᠤ ᠮᠡᠳᠡᠯᠭᠡ ᠶᠢᠨ ᠪᠥᠲᠥᠭᠡᠭᠳᠡᠬᠦᠨ ᠤ ᠥᠮᠴᠢᠯᠡᠬᠦ ᠡᠷᠬᠡ ᠶᠢᠨ | ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ | ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ | ᠠᠬᠢᠭᠤᠯᠬᠤ ᠬᠡᠷᠡᠭᠲᠡᠢ᠃ | ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠬᠤ ᠬᠡᠷᠡᠭᠲᠡᠢ᠃ ᠣᠷᠣᠨ ᠤ ᠳᠣᠲᠣᠷ᠎ᠠ | ᠭᠠᠳᠠᠨᠠᠬᠢ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠮᠠᠨ ᠤ ᠣᠷᠣᠨ ᠤ ᠣᠨᠴᠠᠯᠢᠭᠲᠤ ᠪᠠ | ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠡ ᠶᠢ ᠠᠬᠢᠭᠤᠯᠬᠤ | ᠬᠡᠷᠡᠭᠲᠡᠢ᠃ ᠣᠷᠣᠨ ᠪᠦᠰᠡ ᠶᠢᠨ ᠬᠤᠭᠤᠷᠣᠨᠳᠤᠬᠢ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ | ᠠᠵᠢᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠠᠷᠴᠤ ᠶᠠᠪᠤᠬᠤ᠂ | ᠴᠢᠨᠠᠷᠵᠢᠭᠤᠨ ᠦᠢᠯᠡᠴᠢᠯᠡᠭᠡ ᠶᠢ ᠣᠷᠣᠭᠤᠯᠤᠨ ᠠᠪᠴᠢᠷᠠᠬᠤ ᠶᠢ ᠳᠡᠮᠵᠢᠵᠦ᠂ ᠬᠠᠮᠲᠤᠷᠠᠯᠴᠠᠨ ᠬᠠᠮᠲᠤ ᠳᠠᠭᠠᠨ ᠠᠰᠢᠭ | ᠣᠯᠬᠤ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠭᠤᠣᠯ ᠬᠠᠷᠠᠯᠲᠠ᠃ ︽13 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠦᠬᠦ | ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠡᠭᠦᠳᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ︔ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠶᠠᠪᠤᠴᠠ ᠶᠢᠨ | ᠥᠭᠡᠷᠡᠴᠢᠯᠡᠯᠲᠡ ᠶᠢᠨ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠣᠨ᠎ᠠ︔ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠡᠭᠦᠳᠬᠦ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ︔ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠠᠭᠠᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ | ︔ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠎ᠡ︔ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠎ᠡ︔ ᠨᠢᠭᠡ ᠪᠥᠯᠥᠭ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ | ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠳ ᠢ ᠪᠦᠲᠦᠭᠡᠨ ᠪᠠᠶᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠬᠦ ᠡᠷᠬᠡ ᠶᠢᠨ ᠬᠡᠷᠡᠭᠯᠡᠭᠡᠨ ᠤ ᠴᠢᠳᠠᠪᠤᠷᠢ ᠶᠢ ᠪᠠᠷᠠᠭᠤᠨ ᠣᠷᠣᠨ ᠤ ᠲᠡᠷᠢᠭᠦᠨ ᠤ ᠬᠢᠷᠢ ᠬᠡᠮᠵᠢᠶ᠎ᠡ ᠳᠤ | ᠬᠦᠷᠦᠭᠦᠯᠵᠦ᠂ ᠠᠵᠤ ᠠᠬᠤᠢ ᠶᠢᠨ ᠨᠡᠶᠢᠭᠡᠮ ᠤᠨ ᠭᠦᠭᠵᠢᠯᠲᠡ ᠳᠤ ᠲᠤᠯᠭᠠᠭᠤᠷᠢ ᠪᠣᠯᠬᠤ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠳᠦᠯ ᠢ ᠨᠢ ᠭᠦᠢᠴᠡᠳ ᠢᠯᠡᠷᠡᠭᠦᠯᠬᠦ ᠬᠡᠷᠡᠭᠲᠡᠢ︔ 2020 ᠣᠨ | ᠪᠣᠯᠲᠠᠯ᠎ᠠ᠂ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠭᠤᠶᠤᠴᠢᠯᠠᠬᠤ ᠬᠡᠮᠵᠢᠶ᠎ᠡ᠂ ᠡᠷᠬᠡ ᠣᠯᠭᠤᠬᠤ ᠬᠡᠮᠵᠢᠶ᠎ᠡ | ᠪᠠ ᠪᠦᠲᠦᠮᠵᠢᠲᠡᠢ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠪᠠᠶᠢᠬᠤ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ | 20% ᠪᠠᠷ ᠨᠡᠮᠡᠭᠳᠡᠭᠦᠯᠵᠦ᠂ ᠲᠦᠮᠡᠨ ᠬᠦᠮᠦᠨ ᠠᠮᠠ ᠨᠢᠭᠡᠪᠦᠷᠢ ᠶᠢᠨ ᠡᠭᠦᠳᠦᠨ ᠪᠦᠲᠦᠭᠡᠭᠰᠡᠨ ᠲᠤᠰᠬᠠᠢ ᠠᠰᠢᠭ ᠤᠨ | ᠪᠠᠶᠢᠬᠤ ᠬᠡᠮᠵᠢᠶ᠎ᠡ ᠶᠢ 3.3 ᠵᠦᠢᠯ ᠳᠤ ᠬᠦᠷᠦᠭᠦᠯᠵᠦ᠂ PCT ᠤᠯᠠᠨ ᠤᠯᠤᠰ ᠤᠨ ᠲᠤᠰᠬᠠᠢ ᠠᠰᠢᠭ | ᠭᠤᠶᠤᠴᠢᠯᠠᠬᠤ ᠬᠡᠮᠵᠢᠶ᠎ᠡ ᠶᠢ ᠢᠯᠡᠳᠲᠡ ᠨᠡᠮᠡᠭᠳᠡᠭᠦᠯᠦᠨ᠎ᠡ︔ ᠪᠦᠬᠦ ᠣᠷᠣᠨ ᠤ ᠬᠦᠴᠦᠨ ᠪᠦᠬᠦᠢ ᠳᠠᠩᠰᠠᠯᠠᠬᠰᠠᠨ | ᠲᠡᠸᠠᠷ ᠤᠨ ᠲᠡᠮᠳᠡᠭ ᠤᠨ ᠶᠡᠷᠦᠩᠬᠡᠢ ᠲᠤᠭ᠎ᠠ ᠶᠢ 10 ᠲᠦᠮᠡᠨ ᠵᠦᠢᠯ ᠠᠴᠠ ᠳᠠᠪᠠᠭᠤᠯᠵᠤ᠂ ᠳᠤᠮᠳᠠᠲᠤ ᠤᠯᠤᠰ ᠤᠨ | ᠨᠡᠷᠡᠲᠦ ᠲᠠᠸᠠᠷ ᠤᠨ ᠲᠡᠮᠳᠡᠭ ᠲᠠᠬᠢ ᠶᠡᠷᠦᠩᠬᠡᠢ ᠲᠤᠭ᠎ᠠ ᠶᠢ 100 ᠵᠦᠢᠯ ᠠᠴᠠ ᠳᠠᠪᠠᠭᠤᠯᠵᠤ᠂ ᠥᠪᠥᠷ ᠮᠣᠩᠭᠤᠯ ᠤᠨ | ᠠᠯᠳᠠᠷᠲᠤ ᠲᠠᠸᠠᠷ ᠤᠨ ᠲᠡᠮᠳᠡᠭ ᠤᠨ ᠶᠡᠷᠦᠩᠬᠡᠢ ᠲᠤᠭ᠎ᠠ ᠶᠢ 1200 ᠵᠦᠢᠯ ᠠᠴᠠ ᠳᠠᠪᠠᠭᠤᠯᠵᠤ᠂ ᠭᠠᠵᠠᠷ ᠵᠦᠢ ᠶᠢᠨ | ᠲᠡᠮᠳᠡᠭᠲᠦ ᠲᠠᠸᠠᠷ ᠤᠨ ᠲᠡᠮᠳᠡᠭ ᠤᠨ ᠶᠡᠷᠦᠩᠬᠡᠢ ᠲᠤᠭ᠎ᠠ ᠶᠢ 100 ᠵᠦᠢᠯ ᠠᠴᠠ ᠳᠠᠪᠠᠭᠤᠯᠬᠤ ᠬᠡᠷᠡᠭᠲᠡᠢ᠃ ᠵᠣᠬᠢᠶᠠᠯ | ᠪᠦᠲᠦᠭᠡᠯ ᠤᠨ ᠵᠣᠬᠢᠶᠠᠨ ᠪᠦᠲᠦᠭᠡᠬᠦ ᠡᠷᠬᠡ ᠶᠢᠨ ᠳᠠᠩᠰᠠᠯᠠᠨ ᠲᠡᠮᠳᠡᠭᠯᠡᠭᠰᠡᠨ ᠲᠤᠭ᠎ᠠ ᠬᠡᠮᠵᠢᠶ᠎ᠡ ᠶᠢ ᠵᠢᠯ ᠪᠦᠷᠢ | ᠳᠤᠮᠳᠠᠴᠢ ᠪᠠᠷ 30% ᠪᠠᠷ ᠨᠡᠮᠡᠭᠳᠡᠭᠦᠯᠬᠦ ᠬᠡᠷᠡᠭᠲᠡᠢ᠃ | ᠬᠤᠶᠠᠷ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ | ︵ᠳᠥᠷᠪᠡ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠰᠣᠳᠣᠯᠣᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠤᠨ ᠲᠢᠩᠬᠢᠮ ᠤᠨ ᠬᠤᠭᠤᠷᠤᠨᠳᠤᠬᠢ | ᠬᠠᠮᠳᠤᠷᠠᠭᠰᠠᠨ ᠬᠤᠷᠠᠯᠳᠤᠭᠠᠨ ᠤ ᠳᠥᠷᠢᠮ ᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠬᠤᠷᠠᠯᠳᠤᠭᠤᠯᠤᠬᠴᠢ ᠶᠢᠨ ᠠᠵᠢᠯ ᠢ ᠡᠭᠦᠷᠭᠡᠯᠡᠬᠦ ᠬᠡᠷᠡᠭᠲᠡᠢ | ᠃ ᠡᠯ᠎ᠡ ᠠᠶᠢᠮᠠᠭ ᠬᠤᠲᠠ ᠨᠤᠭᠤᠳ ᠵᠠᠰᠠᠭ ᠤᠨ ᠣᠷᠳᠣᠨ ᠤ ᠬᠤᠪᠢᠳᠡᠨ ᠬᠠᠮᠢᠶᠠᠷᠬᠤ ᠬᠠᠷᠢᠭᠤᠴᠠᠯᠭᠠᠲᠠᠨ ᠠᠴᠠ | ᠬᠤᠷᠠᠯᠳᠦᠭᠤᠯᠤᠬᠴᠢ ᠶᠢᠨ ᠠᠵᠢᠯ ᠢ ᠡᠭᠦᠷᠭᠡᠯᠡᠭᠰᠡᠨ ᠠᠶᠢᠮᠠᠭ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠤᠨ ᠬᠠᠮᠳᠤᠷᠠᠭᠰᠠᠨ ᠬᠤᠷᠠᠯᠳᠤᠭᠠᠨ ᠤ | ᠳᠥᠷᠢᠮ ᠢ ᠪᠠᠶᠢᠭᠤᠯᠵᠤ᠂ ᠲᠤᠰ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠢ ᠬᠠᠷᠢᠭᠤᠴᠠᠬᠤ ᠬᠡᠷᠡᠭᠲᠡᠢ᠃ ᠬᠦᠬᠡᠬᠤᠲᠠ᠂ ᠪᠣᠭᠤᠲᠤ᠂ | ᠣᠷᠳᠣᠰ ᠵᠡᠷᠭᠡ ᠭᠠᠵᠠᠷ ᠣᠷᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠦᠷᠨᠢᠭᠦᠯᠬᠦ ᠶᠢ | ᠵᠣᠷᠢᠬᠵᠢᠭᠤᠯᠬᠤ ᠬᠡᠷᠡᠭᠲᠡᠢ᠃ ︵ᠬᠦᠬᠡᠬᠤᠲᠠ᠂ ᠪᠣᠭᠤᠲᠤ ᠬᠤᠲᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ | ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ | ᠣᠷᠣᠨ ᠲᠣᠭᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠢ | ᠬᠦᠮᠦᠵᠢᠭᠦᠯᠦᠨ ᠪᠤᠶᠢᠵᠢᠭᠤᠯᠬᠤ ᠶᠢ ᠲᠦᠷᠭᠡᠳᠭᠡᠬᠦ ᠬᠡᠷᠡᠭᠲᠡᠢ᠃ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠭᠤᠯᠬᠤ ᠶᠢ | ᠠᠭᠤᠵᠢᠭᠤ ᠲᠠᠯᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ | ᠬᠡᠪᠴᠢᠶ᠎ᠡ ᠶᠢ ᠦᠷᠭᠡᠳᠭᠡᠨ᠂ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠠ ᠶᠢ ᠳᠡᠭᠡᠭᠰᠢᠯᠡᠭᠦᠯᠵᠦ᠂ ᠨᠢᠭᠡ | ᠪᠦᠯᠦᠭ ᠨᠡᠷᠡᠲᠦ ᠲᠦᠷᠦᠯ ᠲᠡᠮᠳᠡᠭᠲᠦ ᠦᠢᠯᠡᠴᠢᠯᠡᠭᠡᠨ ᠤ ᠪᠠᠶᠢᠭᠤᠯᠤᠮᠵᠢ ᠶᠢ ᠲᠠᠲᠠᠨ ᠣᠷᠤᠭᠤᠯᠵᠤ ᠬᠦᠮᠦᠵᠢᠭᠦᠯᠦᠨ | ᠪᠤᠶᠢᠵᠢᠭᠤᠯᠬᠤ ᠬᠡᠷᠡᠭᠲᠡᠢ᠃ ︽ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠳᠠᠬᠢᠨ ᠢᠶᠠᠷ ᠨᠡᠮᠡᠭᠳᠡᠭᠦᠯᠬᠦ ᠲᠦᠯᠦᠪᠯᠡᠭᠡ︾ ᠶᠢ ᠬᠡᠷᠡᠭᠵᠢᠭᠦᠯᠵᠦ᠂ 2020 ᠣᠨ ᠪᠣᠯᠲᠠᠯ᠎ᠠ᠂ | ᠪᠦᠬᠦ ᠣᠷᠣᠨ ᠳᠤ ᠡᠯ᠎ᠡ ᠲᠦᠷᠦᠯ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ 50 ᠬᠦᠮᠦᠵᠢᠭᠦᠯᠦᠨ ᠪᠤᠶᠢᠵᠢᠭᠤᠯᠬᠤ ᠪᠠ ᠲᠠᠲᠠᠨ ᠣᠷᠤᠭᠤᠯᠵᠤ᠂ ᠲᠠᠸᠠᠷ ᠤᠨ ᠲᠡᠮᠳᠡᠭᠲᠦ ᠶᠢ | ᠣᠷᠣᠯᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ ᠡᠷᠬᠢᠯᠡᠨ ᠬᠢᠵᠦ ᠪᠠᠶᠢᠭ᠎ᠠ ᠲᠠᠸᠠᠷ ᠤᠨ ᠲᠡᠮᠳᠡᠭᠲᠦ ᠶᠢᠨ ᠣᠷᠣᠯᠠᠨ | ᠭᠦᠢᠴᠡᠳᠭᠡᠬᠦ ᠪᠠᠶᠢᠭᠤᠯᠤᠮᠵᠢ᠂ ᠬᠠᠤᠯᠢᠴᠢ ᠶᠢᠨ ᠶᠠᠪᠤᠳᠠᠯ ᠤᠨ ᠭᠠᠵᠠᠷ ᠢ 300 ᠬᠦᠮᠦᠵᠢᠭᠦᠯᠦᠨ ᠪᠤᠶᠢᠵᠢᠭᠤᠯᠬᠤ ᠪᠠ | ᠬᠦᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠴᠢᠳᠠᠮᠵᠢ ᠪᠠᠨ ᠦᠷᠭᠡᠳᠭᠡᠨ ᠬᠦᠭᠵᠢᠭᠦᠯᠵᠦ᠂ ︽ᠢᠨᠲ᠋ᠧᠷ ᠰᠦᠯᠵᠢᠶ᠎ᠡ | + ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ︾ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠬᠦᠮᠦᠵᠢᠭᠦᠯᠦᠨ | ᠪᠤᠶᠢᠵᠢᠭᠤᠯᠬᠤ ᠬᠡᠷᠡᠭᠲᠡᠢ᠃ ᠳᠡᠭᠡᠲᠥ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠶᠢᠨ ᠮᠡᠷᠭᠡᠵᠢᠯ ᠤᠨ | ᠨᠡᠬᠡᠭᠡᠯᠲᠡ ᠶᠢᠨ ᠲᠣᠭᠤᠷᠢᠭ᠂ ᠭᠠᠳᠠᠭᠠᠳᠤ ᠳᠤ ᠰᠤᠷᠤᠯᠴᠠᠭᠰᠠᠳ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ᠂ | ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠶᠢ ᠡᠭᠦᠳᠬᠦ ᠶᠢᠨ ᠨᠢᠭᠲᠠᠷᠠᠵᠤ | ᠲᠥᠪᠯᠡᠷᠡᠭᠰᠡᠨ ᠣᠷᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠮᠡᠳᠡᠭᠡ ᠵᠠᠩᠭᠢ᠂ | ᠯᠠᠪᠯᠠᠯᠭ᠎ᠠ᠂ ᠠᠵᠢᠯᠯᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠬᠤ ᠬᠡᠷᠡᠭᠲᠡᠢ᠃ ᠴᠡᠷᠢᠭ | ᠠᠷᠠᠳ ᠬᠠᠮᠳᠤᠪᠠᠷ ᠬᠦᠷᠲᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠠᠵᠢᠯᠯᠠᠭᠤᠯᠬᠤ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠠᠵᠢᠯ ᠡᠷᠬᠢᠯᠡᠬᠦ ᠮᠡᠳᠡᠭᠡ ᠵᠠᠩᠭᠢ ᠨᠡᠶᠢᠲᠡᠯᠡᠬᠦ ᠳᠥᠷᠢᠮ ᠢ | ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠣᠷᠣᠯᠠᠨ ᠭᠦᠢᠴᠡᠳᠭᠡᠬᠦ | ᠪᠠᠶᠢᠭᠤᠯᠤᠮᠵᠢ ᠪᠠ ᠠᠵᠢᠯᠯᠠᠭᠰᠠᠳ ᠤᠨ ᠢᠲᠡᠭᠡᠮᠵᠢ ᠶᠢᠨ ᠦᠨᠡᠯᠡᠬᠦ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ | ᠳᠠᠷᠦ᠋ᠢᠬᠠᠨ ᠢᠯᠡ ᠪᠣᠯᠭᠠᠬᠤ ᠬᠡᠷᠡᠭᠲᠡᠢ᠃ ᠤᠯᠤᠰ ᠤᠨ ᠲᠣᠭᠲᠠᠭᠠᠯ ᠢ ᠦᠨᠳᠦᠰᠦᠯᠡᠨ᠂ ᠵᠣᠬᠢᠶᠠᠯ ᠪᠦᠲᠦᠭᠡᠯ ᠤᠨ | ᠵᠣᠬᠢᠶᠠᠨ ᠪᠦᠲᠦᠭᠡᠬᠦ ᠡᠷᠬᠡ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠠᠰᠢᠭ ᠣᠯᠭᠤᠮᠵᠢ ᠶᠢᠨ ᠬᠤᠪᠢᠶᠠᠷᠢᠯᠠᠯ ᠤᠨ ᠳᠥᠷᠢᠮ ᠢ ᠲᠡᠭᠦᠯᠳᠡᠷᠵᠢᠭᠦᠯᠵᠦ᠂ ᠵᠣᠬᠢᠶᠠᠨ ᠪᠦᠲᠦᠭᠡᠬᠦ ᠶᠢᠨ ᠡᠷᠬᠡᠲᠦ | ᠬᠦᠮᠦᠨ ᠳᠤ ᠨᠡᠩ ᠣᠯᠠᠨ ᠵᠦᠪᠰᠢᠶᠡᠷᠡᠭᠳᠡᠭᠰᠡᠨ ᠠᠰᠢᠭ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ | ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ | ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠬᠦᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠵᠢᠷᠭᠤᠭ᠎ᠠ︶ ᠴᠢᠬᠤᠯᠠ ᠶᠡᠭᠡ ᠠᠵᠤ ᠠᠬᠤᠢ ᠶᠢᠨ ᠠᠵᠢᠯᠯᠠᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠬᠦ ᠡᠷᠬᠡ ᠶᠢᠨ ᠵᠦᠪᠯᠡᠨ ᠲᠤᠬᠲᠠᠭᠠᠬᠤ ᠳᠥᠷᠢᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠤ ᠦᠢᠯᠡᠰ ᠤᠨ ᠲᠥᠯᠥᠪᠵᠢᠭᠦᠯᠭᠡ᠂ ᠴᠢᠬᠤᠯᠠ ᠶᠡᠭᠡ ᠪᠡᠯᠡ | ᠣᠷᠤᠭᠤᠯᠤᠯᠲᠠ ᠶᠢᠨ ᠲᠥᠷᠥᠯ ᠵᠦᠢᠯ ᠵᠡᠷᠭᠡ ᠶᠢᠨ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠦᠪᠯᠡᠨ ᠲᠤᠬᠲᠠᠭᠠᠬᠤ ᠠᠵᠢᠯ ᠢ ᠰᠦᠪᠡᠭᠴᠢᠯᠡᠨ ᠦᠷᠨᠢᠭᠦᠯᠬᠦ ᠬᠡᠷᠡᠭᠲᠡᠢ᠃ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠲᠦᠯᠦᠪᠯᠡᠭᠡᠲᠦ ᠲᠥᠷᠥᠯ ᠵᠦᠢᠯ ᠳᠠᠬᠢ ᠪᠦᠬᠦ ᠶᠠᠪᠤᠴᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠲᠥᠭᠰᠢᠭᠦᠷᠢ ᠶᠢ ᠪᠠᠭᠤᠷᠠᠭᠤᠯᠬᠤ ᠬᠡᠷᠡᠭᠲᠡᠢ | ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ | ᠮᠡᠳᠡᠭᠡ ᠵᠠᠩᠭᠢᠵᠢᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ | ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠴᠢᠬᠤᠯᠠ ᠠᠭᠤᠯᠭ᠎ᠠ ᠪᠣᠯᠭᠠᠭᠰᠠᠨ | ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠲᠡ ᠶᠢᠨ ᠦᠨᠡᠯᠡᠬᠦ ᠳᠥᠷᠢᠮ ᠢ ᠪᠠᠶᠢᠭᠤᠯᠬᠤ ᠬᠡᠷᠡᠭᠲᠡᠢ᠃ | ᠲᠦᠮᠡᠨ ᠬᠥᠮᠥᠨ ᠨᠢᠭᠡᠪᠦᠷᠢ ᠶᠢᠨ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠪᠠᠶᠢᠬᠤ ᠬᠡᠮᠵᠢᠶ᠎ᠡ᠂ ᠲᠦᠮᠡᠨ | ᠬᠥᠮᠥᠨ ᠨᠢᠭᠡᠪᠦᠷᠢ ᠶᠢᠨ ᠲᠠᠸᠠᠷ ᠤᠨ ᠲᠡᠮᠳᠡᠭᠲᠦ ᠶᠢᠨ ᠪᠠᠶᠢᠬᠤ ᠬᠡᠮᠵᠢᠶ᠎ᠡ᠂ ᠬᠡᠪᠴᠢᠶ᠎ᠡ ᠠᠴᠠ ᠳᠡᠭᠡᠭᠰᠢᠬᠢ ᠦᠢᠯᠡᠳᠬᠦ | ᠦᠢᠯᠡᠰ ᠤᠨ ᠳ᠋ᠥᠩᠰᠢᠭᠤᠷ ᠲᠦᠭᠦᠷᠢᠭ ᠪᠦᠷᠢ ᠶᠢᠨ ᠭᠤᠣᠯᠯᠠᠨ ᠡᠵᠡᠩᠨᠡᠬᠦ ᠲᠤᠬᠠᠶᠢᠯᠠᠭᠰᠠᠨ ᠠᠵᠢᠯ ᠤᠨ | ᠣᠷᠣᠯᠭ᠎ᠠ ᠳᠠᠬᠢ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠵᠡᠷᠭᠡ ᠭᠤᠣᠯ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠦᠢᠴᠡᠳᠭᠡᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠢ ᠶᠢᠨ ᠲᠤᠭ᠎ᠠ ᠪᠦᠷᠢᠳᠭᠡᠯ ᠤᠨ ᠰᠢᠰᠲ᠋ᠧᠮᠵᠢ ᠳᠤ ᠠᠯᠬᠤᠮ ᠠᠯᠬᠤᠮ ᠢᠶᠠᠷ ᠣᠷᠤᠭᠤᠯᠬᠤ | ᠬᠡᠷᠡᠭᠲᠡᠢ᠃ ᠠᠶᠢᠮᠠᠭ ᠬᠤᠲᠠ ᠶᠢᠨ ᠤᠳᠤᠷᠢᠳᠬᠤ ᠪᠠᠭ ᠲᠤ ᠣᠨ ᠤ ᠶᠡᠷᠦᠩᠬᠡᠶᠢᠯᠡᠭᠰᠡᠨ ᠰᠢᠯᠭᠠᠨ ᠬᠢᠨᠠᠯᠲᠠ ᠬᠢᠵᠦ | ᠦᠨᠡᠯᠡᠬᠦ ᠳᠤ᠂ ᠡᠭᠦᠳᠦᠨ ᠪᠦᠲᠦᠭᠡᠬᠦ ᠶᠢ ᠵᠣᠷᠢᠬᠵᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠬᠤ᠂ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠬᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ | ᠪᠣᠯᠭᠠᠬᠤ ᠵᠡᠷᠭᠡ ᠲᠠᠯ᠎ᠠ ᠶᠢᠨ ᠪᠠᠶᠢᠳᠠᠯ ᠪᠠ ᠦᠷ᠎ᠡ ᠪᠦᠲᠦᠮᠵᠢ ᠶᠢ ᠨᠢ ᠴᠢᠬᠤᠯᠠᠴᠢᠯᠠᠬᠤ ᠬᠡᠷᠡᠭᠲᠡᠢ᠃ ᠡᠵᠡᠩᠨᠡᠯᠲᠡ ᠶᠢᠨ | ᠠᠮᠵᠢᠯᠲᠠ ᠪᠦᠲᠦᠮᠵᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠰᠢᠨ᠎ᠡ ᠶᠢ ᠡᠭᠦᠳᠬᠦ ᠶᠢ | ᠵᠡᠷᠭᠡ ᠳᠤᠨᠢ ᠴᠢᠬᠤᠯᠠᠴᠢᠯᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠯᠭᠠᠨ ᠬᠢᠨᠠᠬᠤ ᠵᠠᠭᠪᠤᠷ ᠢ | ᠰᠦᠪᠡᠭᠴᠢᠯᠡᠨ ᠪᠠᠶᠢᠭᠤᠯᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠱᠠᠩᠨᠠᠯ ᠤᠨ ᠲᠥᠷᠥᠯ ᠵᠦᠢᠯ ᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠱᠠᠩᠨᠠᠨ | ᠬᠦᠬᠢᠭᠦᠯᠬᠦ ᠳᠠᠬᠢ ᠦᠨᠡᠯᠡᠯᠲᠡ ᠶᠢᠨ ᠡᠷᠬᠡ ᠬᠦᠨᠳᠦ ᠶᠢ ᠴᠢᠩᠭᠠᠷᠠᠭᠤᠯᠵᠤ᠂ ᠱᠠᠩᠨᠠᠯ ᠣᠯᠣᠭᠰᠠᠨ ᠪᠠᠶᠢᠳᠠᠯ ᠢ ᠡᠭᠦᠳᠦᠨ | ᠪᠦᠲᠦᠭᠡᠭᠴᠢ ᠶᠢᠨ ᠰᠢᠯᠭᠠᠨ ᠬᠢᠨᠠᠬᠤ᠂ ᠵᠡᠷᠭᠡ ᠳᠡᠪᠰᠢᠬᠦ᠂ ᠲᠤᠰᠢᠶᠠᠯ ᠳᠤ ᠤᠷᠢᠨ ᠲᠣᠮᠢᠯᠠᠬᠤ ᠶᠢᠨ ᠴᠢᠬᠤᠯᠠ | ᠦᠨᠳᠦᠰᠦᠯᠡᠯ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠲᠤᠭ᠎ᠠ ᠪᠦᠷᠢᠳᠭᠡᠯ ᠤᠨ ᠲᠣᠪᠴᠢᠶ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ | ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ | ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ᠭᠤᠷᠪᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠩᠭ᠎ᠠ ᠬᠠᠮᠠᠭᠠᠯᠠᠯᠲᠠ ᠶᠢ | ᠬᠡᠷᠡᠭᠵᠢᠭᠦᠯᠬᠦ ᠬᠡᠷᠡᠭᠲᠡᠢ | ︵ᠨᠠᠢᠮᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠡᠷᠬᠡ ᠳᠤ | ᠬᠠᠯᠳᠠᠭᠰᠠᠨ ᠠᠵᠢᠯᠯᠠᠭ᠎ᠠ ᠶᠢ ᠵᠠᠯᠬᠠᠭᠠᠨ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ | ᠲᠣᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠲᠣᠮᠤ ᠬᠡᠯᠪᠡᠷᠢ ᠶᠢᠨ ᠴᠤᠭᠯᠠᠭ᠎ᠠ ᠦᠵᠡᠭᠦᠯᠦᠯᠭᠡ᠂ | ᠡᠯᠤᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠠᠩᠰᠠᠯᠠᠭᠤᠯᠤᠭᠰᠠᠨ ᠲᠠᠸᠠᠷ ᠤᠨ | ᠲᠡᠮᠳᠡᠭ ᠤᠨ ᠲᠣᠰᠬᠠᠢ ᠬᠡᠷᠡᠭᠯᠡᠭᠡᠨ ᠤ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠤᠨ | ᠡᠷᠬᠡ ᠳᠤ ᠬᠠᠯᠳᠠᠭᠰᠠᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠪᠣᠭᠤᠮᠲᠠ ᠶᠢᠨ ᠮᠡᠳᠡᠯᠭᠡ ᠶᠢᠨ | ᠪᠥᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠤᠯᠢᠵᠢᠬᠤ ᠶᠢ ᠠᠬᠢᠭᠤᠯᠵᠤ᠂ ᠬᠠᠤᠯᠢ | ᠴᠠᠭᠠᠵᠠ ᠶᠢᠨ ᠬᠠᠮᠠᠭᠠᠯᠠᠯᠲᠠ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠤᠶᠠᠷ ᠠᠷᠭ᠎ᠠ ᠵᠠᠮ ᠤᠨ ᠳᠠᠪᠠᠭᠤᠯᠢᠭ | ᠲᠠᠯ᠎ᠠ ᠶᠢᠨ ᠬᠠᠷᠢᠯᠴᠠᠨ ᠨᠦᠬᠦᠪᠦᠷᠢᠯᠡᠬᠦ᠂ ᠤᠷᠭᠠᠨᠢᠭ ᠢᠶᠠᠷ ᠵᠣᠯᠭᠠᠭᠤᠯᠬᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠨ ᠲᠠᠰᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠮᠠᠨ ᠤ ᠣᠷᠣᠨ ᠤ ᠭᠠᠵᠠᠷ ᠣᠷᠣᠨ ᠤ ᠣᠨᠴᠠᠯᠢᠭ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠡᠷᠡᠭ ᠵᠠᠷᠭᠤ ᠶᠢᠨ ᠲᠤᠭ᠎ᠠ ᠬᠡᠮᠵᠢᠶ᠎ᠡ ᠵᠡᠷᠭᠡ ᠬᠦᠴᠦᠨ ᠵᠦᠢᠯ ᠲᠠᠢ ᠤᠶᠠᠯᠳᠤᠭᠤᠯᠵᠤ ᠪᠠᠶᠢᠭᠠᠳ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠬᠢ ᠢᠷᠭᠡᠨ ᠤ ᠬᠡᠷᠡᠭ᠂ ᠡᠷᠡᠭᠦᠦ ᠶᠢᠨ ᠬᠡᠷᠡᠭ᠂ ᠵᠠᠰᠠᠭ | ᠵᠠᠬᠢᠷᠭᠠᠨ ᠤ ᠬᠡᠷᠡᠭ ᠵᠠᠷᠭᠤ ᠶᠢᠨ ︽ᠭᠤᠷᠪᠠ ᠶᠢ ᠨᠡᠶᠢᠯᠡᠭᠦᠯᠦᠭᠡᠳ ᠨᠢᠭᠡ ᠪᠣᠯᠭᠠᠭᠰᠠᠨ︾ ᠰᠢᠭᠦᠨ ᠲᠠᠰᠤᠯᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ | ᠬᠠᠯᠳᠠᠭᠰᠠᠨ ᠠᠵᠢᠯᠯᠠᠭ᠎ᠠ ᠳᠤ ᠲᠣᠷᠭᠠᠨ ᠰᠢᠳᠭᠡᠬᠦ ᠡᠷᠴᠢᠮ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ | ᠬᠡᠴᠡᠭᠦᠦ ᠪᠣᠯᠤᠬᠰᠠᠨ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ ᠠᠵᠢᠯᠯᠠᠭ᠎ᠠ ᠳᠤ ᠵᠠᠯᠬᠠᠭᠠᠨ ᠰᠢᠳᠭᠡᠬᠦ | ᠴᠢᠨᠠᠷᠲᠠᠢ ᠲᠥᠯᠥᠪᠦᠷᠢ ᠥᠭᠬᠦ ᠶᠢ ᠬᠡᠷᠡᠭᠵᠢᠭᠦᠯᠬᠦ ᠶᠢᠨ ᠬᠠᠮᠳᠤ᠂ ᠡᠷᠬᠡ ᠳᠤ ᠬᠠᠯᠳᠠᠭᠰᠠᠨ ᠬᠥᠮᠦᠨ ᠢᠶᠠᠷ ᠪᠣᠳᠠᠲᠠᠢ | ᠡᠭᠦᠰᠦᠭᠰᠡᠨ ᠵᠦᠢ ᠵᠣᠬᠢᠰᠲᠠᠢ ᠵᠡᠷᠤᠯᠭ᠎ᠠ ᠶᠢ ᠡᠭᠦᠷᠭᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ | ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ | ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ | ᠬᠦᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ | ᠬᠠᠯᠳᠠᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠤᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ | ᠬᠡᠷᠡᠭ ᠤᠨ ᠬᠠᠤᠯᠢ ᠴᠠᠭᠠᠵᠠ ᠶᠢᠨ ᠵᠣᠯᠭᠠᠯᠲᠠ ᠶᠢ ᠴᠢᠩᠭᠠᠳᠬᠠᠵᠤ᠂ ᠶᠠᠯᠠᠲᠤ ᠬᠡᠷᠡᠭ ᠲᠤ ᠰᠡᠵᠢᠭᠯᠡᠭᠳᠡᠭᠰᠡᠨ ᠬᠡᠷᠡᠭ | ᠵᠠᠷᠭᠤ ᠶᠢ ᠰᠢᠯᠵᠢᠭᠦᠯᠦᠨ ᠲᠤᠰᠢᠶᠠᠬᠤ ᠠᠵᠢᠯ ᠤᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠣᠣᠷ ᠰᠦᠯᠵᠢᠶ᠎ᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠣᠣᠷ ᠰᠦᠯᠵᠢᠶ᠎ᠡ ᠶᠢᠨ ᠡᠷᠬᠡ ᠳᠤ ᠬᠠᠯᠳᠠᠭᠰᠠᠨ ᠬᠡᠪᠯᠡᠯ | ᠬᠤᠯᠠᠭᠠᠶᠢᠯᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ | ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ | ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠤᠷᠢᠳᠴᠢᠯᠠᠨ | ᠰᠡᠷᠡᠮᠵᠢᠯᠡᠭᠦᠯᠵᠦ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠵᠤ ᠬᠠᠤᠯᠢ ᠠᠴᠠ ᠵᠦᠷᠢᠴᠡᠭᠰᠡᠨ ᠳᠠᠩᠰᠠ ᠡᠪᠬᠡᠮᠡᠯ ᠢ | ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠮᠦᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠦᠮᠦᠷᠭᠡ ᠳᠤ | ᠣᠷᠤᠭᠤᠯᠬᠤ ᠶᠢᠨ ᠬᠠᠮᠳᠤ᠂ ︽ᠢᠲᠡᠭᠡᠮᠵᠢᠲᠦ ᠥᠪᠥᠷ ᠮᠣᠩᠭᠤᠯ︾ ᠰᠦᠯᠵᠢᠶ᠎ᠡ ᠳᠤ ᠨᠡᠶᠢᠲᠡᠯᠡᠬᠦ ᠬᠡᠷᠡᠭᠲᠡᠢ᠃ | ᠲᠤᠰᠬᠠᠶᠢᠵᠢᠭᠰᠠᠨ ᠵᠠᠬ᠎ᠠ ᠳᠡᠯᠭᠡᠭᠦᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠪᠠ | ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠲᠤᠰᠬᠠᠢ ᠠᠵᠢᠯ ᠤᠨ ᠵᠠᠬ᠎ᠠ ᠳᠡᠯᠭᠡᠭᠦᠷ ᠲᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠰᠬᠠᠢ ᠠᠵᠢᠯ ᠤᠨ ᠪᠠᠶᠢᠷᠢ | ᠪᠠᠶᠢᠭᠤᠯᠵᠤ᠂ ᠵᠠᠬ᠎ᠠ ᠳᠡᠯᠭᠡᠭᠦᠷ ᠤᠨ ᠲᠤᠭᠤᠷᠢᠨ ᠪᠠᠶᠢᠴᠠᠭᠠᠬᠤ ᠶᠢᠨ ᠬᠡᠪᠵᠢᠯᠲᠡ ᠶᠢ ᠪᠡᠶᠡᠯᠡᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ | ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ | ᠬᠡᠪᠯᠡᠯ ᠤᠨ ᠡᠷᠬᠡ ᠶᠢᠨ ᠲᠣᠪᠴᠢᠶ᠎ᠠ ]᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ | ᠠᠷᠠᠳ ᠤᠨ ᠪᠠᠩᠬᠢ ᠶᠢᠨ ᠬᠦᠬᠡᠬᠤᠲᠠ ᠲᠥᠪ ᠰᠠᠯᠪᠤᠷᠢ ᠪᠠᠩᠬᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠨᠢᠭᠡ︶ ᠡᠵᠡᠩᠨᠡᠯᠲᠡ ᠶᠢᠨ ᠰᠢᠨ᠎ᠡ ᠪᠠᠶᠢᠳᠠᠯ ᠰᠢᠨ᠎ᠡ ᠬᠦᠷᠢᠶᠡᠨ ᠳᠠᠬᠢ ᠰᠢᠨ᠎ᠡ ᠶᠢ ᠡᠭᠦᠳᠬᠦ ᠦᠷ᠎ᠡ | ᠪᠦᠲᠦᠭᠡᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ᠤᠷᠭᠤᠮᠠᠯ ᠤᠨ ᠰᠢᠨ᠎ᠡ ᠲᠦᠷᠦᠯ ᠵᠦᠢᠯ᠂ ᠠᠮᠢᠳᠤ ᠪᠣᠳᠠᠰ ᠤᠨ ᠤᠳᠤᠮᠰᠢᠯ ᠤᠨ ᠡᠬᠢ ᠪᠠᠶᠠᠯᠢᠭ ᠵᠢᠴᠢ ᠲᠡᠳᠡᠭᠡᠷ ᠤᠨ | ᠬᠠᠮᠢᠶ᠎ᠠ ᠪᠦᠬᠦᠢ ᠤᠯᠠᠮᠵᠢᠯᠠᠯᠲᠤ ᠮᠡᠳᠡᠯᠭᠡ᠂ ᠳ᠋ᠠᠶᠢᠲ᠋ᠠ ᠬᠦᠮᠦᠷᠭᠡ ᠶᠢᠨ ᠬᠠᠮᠠᠭᠠᠯᠠᠯᠲᠠ ᠵᠡᠷᠭᠡ ᠬᠠᠤᠯᠢ ᠳᠥᠷᠢᠮ ᠤᠨ | ᠲᠣᠭᠲᠠᠭᠠᠯ ᠢ ᠲᠡᠭᠦᠯᠳᠡᠷᠵᠢᠭᠦᠯᠬᠦ ᠬᠡᠷᠡᠭᠲᠡᠢ᠃ ᠭᠠᠵᠠᠷ ᠵᠦᠢ ᠶᠢᠨ ᠲᠡᠮᠳᠡᠭ ᠤᠨ ᠬᠠᠮᠢᠶᠠᠷᠤᠯᠲᠠ ᠶᠢᠨ ᠳᠥᠷᠢᠮ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠬᠤᠳᠠᠯᠳᠤᠭᠠᠨ ᠤ ᠵᠠᠭᠪᠤᠷ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠳᠥᠷᠢᠮ ᠪᠠ ᠪᠣᠳᠠᠳᠤ ᠬᠡᠷᠡᠭᠯᠡᠭᠡᠨ ᠤ ᠤᠷᠠᠯᠢᠭ ᠤᠨ | ᠪᠦᠲᠦᠭᠡᠯ ᠤᠨ ᠭᠠᠳᠠᠷ ᠦᠵᠡᠮᠵᠢ ᠶᠢᠨ ᠵᠢᠷᠤᠭ ᠲᠥᠯᠥᠪᠯᠡᠭᠡ ᠶᠢᠨ ᠲᠤᠰᠬᠠᠢ ᠠᠰᠢᠭ ᠤᠨ ᠬᠠᠮᠠᠭᠠᠯᠠᠯᠲᠠ ᠶᠢᠨ | ᠳᠦᠷᠢᠮ ᠢ ᠰᠣᠳᠣᠯᠤᠨ ᠲᠡᠭᠦᠯᠳᠡᠷᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ | ᠲᠢᠩᠬᠢᠮ᠂ ᠬᠠᠤᠯᠢ ᠳᠦᠷᠢᠮ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠠᠷᠪᠠᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠳᠤ | ᠲᠤᠰᠠᠯᠠᠬᠤ ᠪᠣᠯᠣᠨ ᠢᠯᠡᠴᠢᠯᠡᠨ ᠮᠡᠳᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ | ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠬᠤ ᠶᠢ ᠬᠦᠯᠢᠶᠠᠨ ᠠᠪᠴᠤ ᠰᠢᠢᠳᠪᠦᠷᠢᠯᠡᠬᠦ | ᠲᠣᠭᠲᠠᠴᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠳᠤ ᠲᠤᠰᠠᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ | ᠬᠠᠮᠠᠭᠠᠯᠠᠬᠤ ᠳᠤ ᠲᠤᠰᠠᠯᠠᠬᠤ ᠮᠡᠷᠭᠡᠵᠢᠯᠲᠡᠨ ᠤ ᠺᠤᠮᠢᠰ᠂ ᠰᠠᠶᠢᠨ ᠳᠤᠷ᠎ᠠ ᠶᠢᠨ ᠠᠵᠢᠯᠯᠠᠭᠴᠢ ᠶᠢ ᠬᠦᠮᠦᠵᠢᠭᠦᠯᠬᠦ ᠵᠢᠴᠢ | ᠲᠣᠣᠷ ᠰᠦᠯᠵᠢᠶ᠎ᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ | ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ ᠲᠦᠷᠭᠡᠨ ᠬᠠᠮᠠᠭᠠᠯᠠᠬᠤ ᠲᠥᠪ | ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠳᠤ ᠡᠷᠬᠡ ᠪᠠᠨ ᠬᠠᠮᠠᠭᠠᠯᠠᠬᠤ | ᠵᠢᠯᠤᠭᠤᠳᠤᠯᠭ᠎ᠠ ᠶᠢ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠳᠤ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠤᠷᠢ ᠬᠤᠳᠠᠯᠳᠤᠭ᠎ᠠ ᠶᠢᠨ ᠲᠣᠪᠴᠢᠶ᠎ᠠ᠂ | ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠪᠠ ᠬᠠᠤᠯᠢ ᠴᠠᠭᠠᠵᠠ ᠶᠢᠨ ᠪᠠᠳᠤᠯᠠᠭ᠎ᠠ ᠶᠢ ᠴᠢᠩᠭᠠᠳᠬᠠᠬᠤ ᠬᠡᠷᠡᠭᠲᠡᠢ᠃ ᠬᠠᠤᠯᠢᠴᠢ ᠶᠢᠨ ᠬᠡᠷᠡᠭ | ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠶᠢᠨ | ᠪᠠᠶᠢᠭᠤᠯᠤᠮᠵᠢ ᠶᠢ ᠵᠣᠷᠢᠬᠵᠢᠭᠤᠯᠬᠤ ᠪᠠ ᠬᠦᠳᠦᠯᠦᠨ ᠵᠢᠯᠣᠭᠤᠳᠴᠤ ᠠᠵᠤ ᠠᠬᠤᠶᠢᠯᠠᠯ ᠳᠤ ᠪᠦᠬᠦ ᠲᠠᠯ᠎ᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ | ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ | ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠳᠥᠷᠪᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠶᠢ | ᠠᠬᠢᠭᠤᠯᠬᠤ ᠬᠡᠷᠡᠭᠲᠡᠢ | ︵ᠠᠷᠪᠠᠨ ᠳᠥᠷᠪᠡ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ | ᠦᠢᠯᠡᠳᠪᠦᠷᠢᠯᠡᠯ ᠰᠤᠷᠭᠠᠭᠤᠯᠢ ᠰᠣᠳᠣᠯᠣᠯ ᠢ ᠬᠠᠷᠢᠯᠴᠠᠨ ᠤᠶᠠᠯᠳᠤᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ︽556︾ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ | 2020 ᠣᠨ ᠪᠣᠯᠲᠠᠯ᠎ᠠ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ | ᠠᠬᠤᠶᠢᠯᠠᠯ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ 50 ᠪᠤᠶᠢᠵᠢᠭᠤᠯᠬᠤ ᠬᠡᠷᠡᠭᠲᠡᠢ︔ 50 ᠠᠵᠤ | ᠠᠬᠤᠶᠢᠯᠠᠯ ᠳᠤ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠵᠢᠷᠤᠮᠵᠢᠯ︾ ᠤᠨ ᠠᠵᠢᠯ ᠢ ᠦᠷᠨᠢᠭᠦᠯᠦᠨ ᠲᠤᠤᠱᠯᠠᠭᠤᠯᠬᠤ ᠬᠡᠷᠡᠭᠲᠡᠢ︔ 600 ᠳᠤᠮᠳᠠ ᠵᠢᠵᠢᠭ | ᠪᠢᠴᠢᠯ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠳᠤ ᠠᠵᠤ ᠠᠬᠤᠶᠢᠯᠠᠯ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠦᠷᠨᠢᠭᠦᠯᠬᠦ ᠬᠡᠷᠡᠭᠲᠡᠢ᠃ | ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠭᠠᠲᠦ ᠪᠡᠯᠡ | ᠲᠣᠬᠢᠷᠠᠭᠤᠯᠭ᠎ᠠ ᠶᠢᠨ ᠠᠵᠢᠯ ᠢ ᠭᠦᠨᠵᠡᠭᠡᠢ ᠦᠷᠨᠢᠭᠦᠯᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠲᠠᠯ᠎ᠠ ᠪᠠᠷ ᠰᠢᠨ᠎ᠡ ᠶᠢ ᠡᠭᠦᠳᠦᠨ ᠪᠦᠲᠦᠭᠡᠬᠦ ᠰᠢᠪᠲᠤᠯᠤᠯᠲᠠ ᠶᠢᠨ ᠮᠠᠶ᠋ᠢᠭ ᠤᠨ ᠬᠦᠭᠵᠢᠯᠲᠡ ᠶᠢ | ᠪᠡᠶᠡᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠬᠦᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠠᠵᠤ ᠠᠬᠤᠢ | ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ | ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠲᠠᠪᠤ︶ ᠳᠡᠭᠡᠲᠦ ᠰᠤᠷᠭᠠᠭᠤᠯᠢ ᠪᠠ ᠰᠢᠨᠵᠢᠯᠡᠬᠦ ᠤᠬᠠᠭᠠᠨ ᠰᠣᠳᠣᠯᠣᠯ ᠤᠨ ᠬᠦᠷᠢᠶᠡᠯᠡᠩ | ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠦᠨ ᠪᠦᠲᠦᠭᠡᠬᠦ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠣᠯ ᠤᠨ ᠬᠦᠷᠢᠶᠡᠯᠡᠩ ᠭᠠᠵᠠᠷ ᠢ | ᠵᠤᠷᠢᠬᠵᠢᠭᠤᠯᠵᠦ ᠪᠠᠶᠢᠢᠭᠠᠳ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ ᠶᠡᠭᠡ | ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ | ᠪᠦᠲᠦᠭᠡᠬᠦ ᠶᠢ ᠲᠦᠷᠭᠡᠳᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠬᠤ ᠬᠦᠷᠢᠶ᠎ᠡ ᠬᠡᠪᠴᠢᠶᠡᠨ ᠳᠤ | ᠪᠠᠶᠢᠯᠳᠤᠬᠤ ᠪᠣᠳᠣᠯᠭ᠎ᠠ ᠶᠢᠨ ᠨᠦᠬᠡᠴᠡ ᠶᠢᠨ ᠦᠨ᠎ᠡ ᠦᠷᠲᠡᠭ ᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠴᠢᠷᠮᠠᠶᠢᠨ ᠣᠯᠬᠤ ᠬᠡᠷᠡᠭᠲᠡᠢ᠃ ᠳᠡᠭᠡᠲᠥ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠣᠳᠣᠯᠣᠯ ᠤᠨ | ᠬᠦᠷᠢᠶᠡᠯᠡᠩ ᠭᠠᠵᠠᠷ ᠢ ᠵᠤᠷᠢᠬᠵᠢᠭᠤᠯᠵᠦ ᠪᠠᠶᠢᠢᠭᠠᠳ ᠠᠵᠤ ᠦᠢᠯᠡᠰ ᠤᠨ ᠬᠦᠭᠵᠢᠯᠲᠡ ᠶᠢ ᠬᠥᠯᠢᠶᠡᠰᠦᠯᠡᠵᠦ ᠪᠦᠬᠦᠢ | ᠮᠡᠷᠭᠡᠵᠢᠯ ᠤᠨ ᠪᠣᠭᠤᠮᠢ ᠳᠤ ᠬᠠᠨᠳᠤᠭᠤᠯᠵᠤ᠂ ᠠᠵᠤ ᠠᠬᠤᠶᠢᠯᠠᠯ ᠲᠠᠢ ᠬᠠᠮᠵᠢᠯᠴᠠᠨ ᠰᠢᠨ᠎ᠡ ᠶᠢ ᠡᠭᠦᠳᠬᠦ᠂ ᠬᠤᠷᠠᠨ | ᠲᠦᠪᠯᠡᠷᠡᠵᠦ ᠪᠣᠭᠤᠮᠲᠠ ᠰᠢᠪᠳᠤᠯᠬᠤ ᠶᠢ ᠦᠷᠨᠢᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠴᠢᠬᠤᠯᠠ ᠪᠦᠬᠦᠢ | ᠵᠠᠩᠭᠢᠯᠠᠭ᠎ᠠ ᠶᠢᠨ ᠮᠡᠷᠭᠡᠵᠢᠯ ᠢ ᠰᠢᠪᠳᠤᠯᠵᠤ᠂ ᠨᠢᠭᠡ ᠪᠦᠯᠦᠭ ᠠᠵᠤ ᠦᠢᠯᠡᠰ ᠤᠨ ᠬᠦᠭᠵᠢᠯᠲᠡ ᠶᠢᠨ ᠲᠤᠯᠭᠠᠭᠤᠷᠢᠯᠠᠯ | ᠪᠣᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠦᠲᠦᠭᠡᠬᠦ ᠬᠡᠷᠡᠭᠲᠡᠢ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠤᠨ ᠰᠢᠢᠳᠪᠦᠷᠢᠯᠡᠬᠦ ᠡᠷᠬᠡ᠂ ᠠᠰᠢᠭ ᠬᠦᠷᠲᠡᠮᠵᠢ ᠶᠢᠨ | ᠡᠷᠬᠡ ᠶᠢᠨ ᠥᠭᠡᠷᠡᠴᠢᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠲᠦ ᠰᠤᠷᠭᠠᠭᠤᠯᠢ ᠪᠠ ᠰᠢᠨᠵᠢᠯᠡᠬᠦ | ᠤᠬᠠᠭᠠᠨ ᠤ ᠰᠤᠳᠤᠯᠣᠯ ᠤᠨ ᠬᠦᠷᠢᠶᠡᠯᠡᠩ ᠭᠠᠵᠠᠷ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠷ᠎ᠡ ᠪᠦᠲᠦᠭᠡᠯ ᠵᠢᠴᠢ ᠤᠯᠠᠷᠢᠭᠤᠯᠤᠨ ᠣᠯᠬᠤ ᠠᠰᠢᠭ ᠬᠦᠷᠳᠡᠮᠵᠢ ᠪᠠᠨ ᠥᠪᠡᠷ ᠢᠶᠠᠨ ᠡᠵᠡᠨ ᠮᠡᠳᠡᠨ ᠡᠵᠡᠮᠳᠡᠵᠦ | ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ] ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠵᠢᠭᠦᠯᠦᠨ | ᠤᠯᠠᠷᠢᠭᠤᠯᠬᠤ ᠶᠢ ᠠᠬᠢᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ | ᠪᠦᠲᠦᠭᠡᠯ ᠤᠨ ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠳᠠᠶᠢᠴᠢᠯᠠᠵᠤ ᠴᠢᠳᠠᠬᠤ ᠴᠢᠬᠤᠯᠠ ᠪᠦᠬᠦᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠷᠢᠭᠤᠯᠬᠤ ᠲᠥᠷᠥᠯ ᠵᠦᠢᠯ ᠢ ᠬᠡᠷᠡᠭᠵᠢᠭᠦᠯᠬᠦ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠤᠯᠤᠨ ᠡᠵᠡᠩᠨᠡᠬᠦ ᠦᠢᠯᠡᠴᠢᠯᠡᠭᠡᠨ ᠤ ᠰᠢᠰᠲ᠋ᠧᠮᠵᠢ | ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠠᠷᠭ᠎ᠠ | ᠵᠠᠮ ᠢ ᠦᠷᠭᠡᠳᠭᠡᠨ ᠬᠦᠭᠵᠢᠭᠦᠯᠬᠦ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ | ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠳᠤ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠭᠠᠲᠦ | ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠦᠷᠭᠡᠳᠭᠡᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢ | ᠵᠣᠷᠢᠬᠵᠢᠭᠤᠯᠵᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠦᠢᠯᠡᠴᠢᠯᠡᠭᠡ | ᠬᠠᠩᠭᠠᠵᠤ᠂ ᠮᠡᠳᠡᠯᠭᠡ ᠶᠢᠨ ᠪᠦᠲᠦᠭᠡᠭᠳᠡᠭᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠵᠦᠢᠯ ᠢ ᠪᠠᠶᠢᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠭᠠᠳᠬᠠᠯ ᠤᠨ ᠬᠦᠷᠢᠶ᠎ᠡ ᠬᠡᠪᠴᠢᠶ᠎ᠡ ᠶᠢ ᠦᠷᠭᠡᠳᠭᠡᠬᠦ | ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠳᠠᠭᠠᠭᠠᠯᠲᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠣᠷᠤᠭᠤᠯᠤᠯᠲᠠ ᠵᠢᠭᠡᠯᠡᠯᠭᠡ ᠶᠢᠨ ᠬᠠᠮᠲᠤᠷᠠᠨ ᠬᠦᠳᠡᠯᠦᠯᠴᠡᠬᠦ᠂ ᠣᠷᠣᠭᠤᠯᠤᠯᠲᠠ | ᠳᠠᠭᠠᠳᠬᠠᠯ ᠤᠨ ᠬᠠᠮᠳᠤᠷᠠᠨ ᠬᠦᠳᠡᠯᠦᠯᠴᠡᠬᠦ᠂ ᠣᠷᠤᠭᠤᠯᠤᠯᠲᠠ ᠥᠭᠴᠡᠭᠡ ᠶᠢᠨ ᠬᠠᠮᠲᠤᠷᠠᠨ ᠬᠥᠳᠡᠯᠦᠯᠴᠡᠬᠦ ᠵᠡᠷᠭᠡ | ᠰᠢᠨ᠎ᠡ ᠵᠠᠭᠪᠤᠷ ᠤᠨ ᠬᠦᠭᠵᠢᠯᠲᠡ ᠶᠢ ᠠᠬᠢᠭᠤᠯᠬᠤ ᠬᠡᠷᠡᠭᠲᠡᠢ᠃ ᠬᠤᠪᠢ ᠪᠠᠷ ᠢᠶᠠᠨ ᠪᠡᠯᠡ ᠣᠷᠤᠭᠤᠯᠤᠯᠲᠠ ᠶᠢᠨ | ᠰᠠᠭᠤᠷᠢ ᠮᠥᠩᠭᠦ ᠴᠤᠭᠯᠠᠭᠤᠯᠬᠤ᠂ ᠡᠭᠦᠨ ᠳᠤ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢᠨ ᠰᠠᠭᠤᠷᠢ | ᠮᠦᠩᠭᠦ᠂ ᠬᠤᠪᠢ ᠪᠠᠷ ᠢᠶᠠᠨ ᠰᠲ᠋ᠣᠺ ᠤᠨ ᠡᠷᠬᠡ ᠶᠢᠨ ᠰᠠᠭᠤᠷᠢ ᠮᠦᠩᠭᠦ ᠴᠤᠭᠯᠠᠭᠤᠯᠬᠤ ᠵᠡᠷᠭᠡ ᠶᠢ ᠪᠠᠭᠲᠠᠭᠠᠭᠰᠠᠨ | ᠳᠡᠭᠡᠲᠦ ᠮᠡᠷᠭᠡᠵᠢᠯ ᠤᠨ ᠬᠦᠷᠢᠶ᠎ᠡ ᠬᠡᠪᠴᠢᠶᠡᠨ ᠤ ᠪᠡᠯᠡ ᠣᠷᠤᠭᠤᠯᠤᠯᠲᠠ ᠶᠢ ᠬᠦᠲᠦᠯᠦᠨ ᠵᠢᠯᠣᠭᠤᠳᠬᠤ ᠬᠡᠷᠡᠭᠲᠡᠢ︔ | ᠥᠪᠡᠷ ᠢᠶᠠᠨ ᠡᠵᠡᠨ ᠮᠡᠳᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠲᠠᠢ | ᠳᠡᠭᠡᠲᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠵᠣᠷᠢᠬᠵᠢᠭᠤᠯᠵᠤ᠂ ᠰᠲ᠋ᠣᠺ᠂ ᠺᠣᠮᠫᠠᠨᠢ ᠶᠢᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠵᠢᠴᠢ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠵᠤ᠂ ᠣᠯᠠᠨ ᠳᠡᠰ ᠳᠠᠪᠬᠤᠷᠭ᠎ᠠ ᠲᠠᠢ ᠬᠦᠷᠦᠩᠭᠡ ᠶᠢᠨ ᠵᠠᠬ᠎ᠠ ᠳᠡᠯᠭᠡᠭᠦᠷ ᠤᠨ ᠪᠡᠯᠡ | ᠲᠣᠬᠢᠷᠠᠭᠤᠯᠭ᠎ᠠ ᠶᠢ ᠠᠰᠢᠭᠯᠠᠵᠦ ᠥᠷᠭᠡᠳᠭᠡᠨ ᠬᠦᠭᠵᠢᠭᠦᠯᠬᠦ ᠪᠣᠶᠤ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ | ᠬᠡᠷᠡᠭᠲᠡᠢ᠃ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ ᠭᠠᠵᠠᠷ ᠤᠳ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠵᠢᠭᠦᠯᠦᠨ ᠤᠯᠠᠷᠢᠭᠤᠯᠬᠤ ᠪᠠᠶᠢᠭᠤᠯᠤᠮᠵᠢ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠵᠤ᠂ ᠳᠡᠭᠡᠲᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ | ᠭᠠᠵᠠᠷ ᠵᠡᠷᠭᠡ ᠠᠵᠢᠯ ᠦᠢᠯᠡᠰ ᠤᠨ ᠨᠢᠭᠡᠴᠡ ᠶᠢ ᠵᠤᠷᠢᠬᠵᠢᠭᠤᠯᠵᠦ ᠲᠦᠯᠦᠪᠦᠷᠢ ᠦᠭᠡᠢ ᠲᠤᠰᠬᠠᠢ ᠠᠰᠢᠭ ᠤᠨ | ᠵᠦᠪᠰᠢᠶᠡᠷᠡᠯ ᠤᠨ ᠠᠷᠭ᠎ᠠ ᠮᠠᠶ᠋ᠢᠭ ᠢᠶᠠᠷ ᠳᠠᠮᠵᠢᠵᠤ᠂ ᠨᠢᠭᠡᠴᠡ ᠶᠢᠨ ᠢᠶᠠᠨ ᠠᠵᠢᠯᠲᠠᠨ ᠪᠠ ᠶᠡᠭᠡ ᠰᠤᠷᠭᠠᠭᠤᠯᠢ ᠶᠢᠨ | ᠰᠤᠷᠤᠭᠴᠢᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠮᠵᠢᠬᠦ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ]᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ | ᠰᠤᠷᠭᠠᠨ ᠬᠦᠮᠦᠵᠢᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ | ᠷᠠᠳᠢᠣ᠋ ᠺᠢᠨᠤ᠋ ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ]᠂ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠬᠤᠪᠣᠷ ᠰᠢᠷᠤᠢ᠂ ᠰᠦ ᠶᠢᠨ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠡᠳ᠋ᠰᠢᠭᠦᠯᠬᠦ᠂ ᠲᠠᠷᠢᠶᠠᠯᠠᠩ ᠤᠨ ᠮᠠᠰᠢᠨ ᠲᠣᠨᠤᠭ ᠲᠦᠭᠦᠭᠡᠷᠦᠮᠵᠢ ᠦᠢᠯᠡᠳᠬᠦ᠂ ᠡᠯᠡᠰᠦᠨ ᠤ ᠠᠵᠤ | ᠦᠢᠯᠡᠰ ᠵᠡᠷᠭᠡ ᠣᠨᠴᠠᠯᠢᠭᠲᠤ ᠬᠦᠷᠢᠶ᠎ᠡ ᠪᠠ ᠤᠯᠤᠰ ᠤᠨ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠲᠤ ᠲᠣᠰᠬᠠᠢ ᠠᠰᠢᠭ ᠤᠨ ᠬᠦᠲᠦᠯᠬᠦ ᠠᠵᠢᠯ ᠢ ᠦᠷᠨᠢᠭᠦᠯᠬᠦ ᠬᠡᠷᠡᠭᠲᠡᠢ᠃ ᠠᠵᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭᠠᠯᠠᠯ ᠳᠤ ᠲᠦᠰᠢᠭᠯᠡᠵᠦ᠂ | ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠬᠠᠮᠢᠶ᠎ᠠ ᠪᠦᠬᠦᠢ ᠲᠤᠰᠬᠠᠢ ᠠᠰᠢᠭ ᠤᠨ ᠮᠡᠷᠭᠡᠵᠢᠯ ᠢᠶᠠᠷ | ᠬᠤᠯᠪᠣᠭᠠᠰᠤ ᠪᠣᠯᠭᠠᠵᠤ ᠲᠣᠰᠬᠠᠢ ᠠᠰᠢᠭ ᠤᠨ ᠬᠤᠯᠪᠣᠭᠠᠯᠠᠯ ᠪᠠᠶᠢᠭᠤᠯᠵᠤ᠂ ᠲᠤᠰᠬᠠᠢ ᠠᠰᠢᠭ ᠤᠨ ᠬᠠᠮᠵᠢᠯᠴᠠᠨ | ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠢᠭᠲᠠᠷᠠᠭᠰᠠᠨ | ᠬᠡᠯᠪᠡᠷᠢ ᠪᠦᠬᠦᠢ ᠠᠵᠤ ᠦᠢᠯᠡᠰ ᠤᠨ ᠲᠥᠪᠯᠡᠷᠡᠭᠰᠡᠨ ᠣᠷᠣᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠨᠢᠭᠲᠠᠷᠠᠭᠰᠠᠨ ᠬᠡᠯᠪᠡᠷᠢ ᠪᠦᠬᠦᠢ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠤᠷᠰᠢᠨ | ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠬᠦᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠨᠠᠢᠮᠨ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠮᠡᠯᠲᠡ ᠥᠷᠲᠡᠭ ᠪᠠ ᠤᠯᠠᠨ | ᠤᠯᠤᠰ ᠲᠠᠬᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠲᠤᠰᠬᠠᠢ ᠠᠰᠢᠭ ᠤᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠤᠨᠤᠷᠢᠩ ᠢ ᠬᠡᠷᠡᠭᠵᠢᠭᠦᠯᠵᠦ᠂ ᠨᠢᠭᠡ ᠪᠦᠯᠦᠭ ᠭᠤᠣᠯᠯᠠᠬᠤ ᠲᠤᠰᠬᠠᠢ ᠠᠰᠢᠭ ᠢ ᠪᠤᠶᠢᠵᠢᠭᠤᠯᠬᠤ | ᠬᠡᠷᠡᠭᠲᠡᠢ᠃ ᠲᠠᠸᠠᠷ ᠤᠨ ᠲᠡᠮᠳᠡᠭ ᠢᠶᠠᠷ ᠲᠠᠷᠢᠶᠠᠴᠢᠳ ᠢ ᠪᠠᠶᠠᠵᠢᠭᠤᠯᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ | ᠪᠣᠳᠠᠰ ᠤᠨ ᠪᠣᠰᠤ ᠰᠣᠶᠣᠯ ᠤᠨ ᠥᠪ᠂ ᠠᠷᠠᠳ ᠤᠨ ᠤᠳᠬ᠎ᠠ ᠤᠷᠠᠯᠢᠭ᠂ ᠤᠯᠠᠮᠵᠢᠯᠠᠯᠲᠤ ᠮᠡᠳᠡᠯᠭᠡ ᠶᠢᠨ ᠨᠡᠬᠡᠭᠡᠨ | ᠠᠰᠢᠭᠯᠠᠬᠤ ᠶᠢ ᠴᠢᠩᠭᠠᠳᠬᠠᠵᠤ᠂ ᠰᠣᠶᠣᠯ ᠤᠨ ᠪᠦᠲᠦᠭᠡᠯᠴᠢ ᠲᠦᠰᠦᠪᠯᠡᠯ᠂ ᠵᠢᠷᠤᠭ ᠲᠦᠯᠦᠪᠯᠡᠭᠡᠨ ᠤ | ᠦᠢᠯᠡᠴᠢᠯᠡᠭᠡ ᠶᠢ ᠬᠠᠮᠢᠶ᠎ᠠ ᠪᠦᠬᠦᠢ ᠠᠵᠤ ᠦᠢᠯᠡᠰ ᠯᠦᠭᠡ ᠠᠭᠤᠰᠤᠯᠴᠠᠨ ᠬᠦᠭᠵᠢᠭᠦᠯᠬᠦ ᠶᠢ ᠠᠬᠢᠭᠤᠯᠬᠤ ᠬᠡᠷᠡᠭᠲᠡᠢ᠃ | ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠡᠷᠡᠭᠯᠡᠵᠦ ᠭᠠᠳᠠᠭᠠᠳᠤ ᠳᠤ | ᠰᠲ᠋ᠣᠺ ᠤᠨ ᠡᠷᠬᠡ ᠶᠢᠨ ᠪᠡᠯᠡ ᠣᠷᠤᠭᠤᠯᠤᠯᠲᠠ ᠬᠢᠬᠦ ᠶᠢ ᠲᠡᠮᠵᠢᠬᠦ ᠬᠡᠷᠡᠭᠲᠡᠢ᠃ ᠣᠯᠠᠨ ᠤᠯᠤᠰ ᠤᠨ ᠪᠠᠷᠢᠮᠵᠢᠶ᠎ᠠ | ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠰᠢᠨ᠎ᠡ ᠶᠢ | ᠡᠭᠦᠳᠬᠦ ᠮᠡᠷᠭᠡᠵᠢᠯ ᠢᠶᠠᠷ ᠪᠠᠷᠢᠮᠵᠢᠶ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ ᠰᠣᠳᠣᠯᠣᠯ ᠤᠨ ᠪᠠᠶᠢᠭᠤᠯᠤᠮᠵᠢ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠲᠦ ᠲᠦᠷᠦᠯ ᠲᠡᠮᠳᠡᠭᠲᠦ ᠶᠢᠨ ᠦᠨᠡᠯᠡᠯᠲᠡ ᠶᠢᠨ ᠣᠯᠠᠨ ᠤᠯᠤᠰ ᠤᠨ | ᠪᠠᠷᠢᠮᠵᠢᠶ᠎ᠠ ᠲᠣᠭᠲᠠᠭᠠᠬᠤ ᠶᠢ ᠳᠡᠮᠵᠢᠵᠦ᠂ ᠨᠡᠷᠡᠲᠦ ᠲᠦᠷᠦᠯ ᠲᠡᠮᠳᠡᠭᠲᠦ ᠶᠢᠨ ᠦᠨ᠎ᠡ ᠦᠷᠲᠡᠭ ᠤᠨ ᠦᠨᠡᠯᠡᠯᠲᠡ ᠶᠢᠨ | ᠰᠢᠰᠲ᠋ᠧᠮᠵᠢ ᠶᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠡᠵᠡᠨ ᠮᠡᠳᠡᠭᠰᠡᠨ ᠥᠮᠴᠢᠯᠡᠬᠦ ᠡᠷᠬᠡ ᠲᠠᠢ ᠨᠡᠷᠡᠲᠦ | ᠲᠦᠷᠦᠯ ᠲᠡᠮᠳᠡᠭᠲᠦ ᠦᠢᠯᠡᠳᠬᠦᠨ ᠪᠠ ᠨᠡᠷᠡᠲᠦ ᠲᠥᠷᠥᠯ ᠲᠡᠮᠳᠡᠭᠲᠦ ᠠᠵᠤ ᠠᠬᠤᠶᠢᠯᠠᠯ ᠤᠳ ᠢ ᠲᠦᠷᠭᠡᠳᠭᠡᠨ | ᠪᠤᠶᠢᠵᠢᠭᠤᠯᠵᠤ᠂ ᠦᠢᠯᠡᠳᠬᠦᠨ ᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ | ᠨᠡᠷᠡᠲᠦ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠰᠢᠰᠲ᠋ᠧᠮᠵᠢ ᠪᠠᠶᠢᠭᠤᠯᠬᠤ ᠶᠢ ᠳᠡᠮᠵᠢᠵᠦ᠂ ᠠᠵᠤ | ᠠᠬᠤᠶᠢᠯᠠᠯ ᠤᠳ ᠭᠠᠳᠠᠭᠠᠳᠤ ᠶᠢᠨ ᠠᠯᠳᠠᠷᠲᠤ ᠲᠥᠷᠥᠯ ᠲᠡᠮᠳᠡᠭᠲᠦ ᠶᠢ ᠬᠤᠳᠠᠯᠳᠤᠨ ᠠᠪᠬᠤ ᠶᠢ ᠵᠣᠷᠢᠬᠵᠢᠭᠤᠯᠬᠤ | ᠬᠡᠷᠡᠭᠲᠡᠢ᠃ ᠳᠤᠮᠳᠠᠲᠤ ᠶᠢᠨ ᠬᠠᠭᠤᠴᠢᠨ ᠨᠡᠷᠡᠲᠦ ᠲᠡᠮᠳᠡᠭ ᠢ ᠬᠠᠮᠠᠭᠠᠯᠠᠬᠤ ᠪᠠ ᠤᠯᠠᠮᠵᠢᠯᠠᠵᠤ᠂ ᠮᠠᠨ ᠤ ᠣᠷᠣᠨ ᠤ | ᠮᠣᠩᠭᠤᠯ ᠡᠮ ᠡᠮᠨᠡᠯᠭᠡ᠂ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠢᠳᠡᠭᠡᠨ ᠤᠮᠳᠠᠭᠠᠨ᠂ ᠭᠠᠷ ᠤᠷᠠᠯᠠᠯ | ᠵᠡᠷᠭᠡ ᠠᠵᠤ ᠠᠬᠤᠶᠢᠯᠠᠯ ᠤᠨ ᠤᠯᠠᠮᠵᠢᠯᠠᠬᠤ᠂ ᠰᠣᠳᠤᠯᠬᠤ ᠪᠠ ᠰᠢᠨ᠎ᠡ ᠶᠢ ᠡᠭᠦᠳᠬᠦ ᠶᠢ ᠬᠦᠴᠦᠲᠡᠢ ᠠᠬᠢᠭᠤᠯᠵᠤ᠂ | ᠠᠵᠤ ᠠᠬᠤᠶᠢᠯᠠᠯ ᠤᠳ ᠤᠨ ︽ᠭᠠᠷᠴᠤ ᠶᠠᠪᠤᠬᠤ︾ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠰᠣᠶᠣᠯ ᠤᠨ ᠲᠢᠩᠬᠢᠮ᠂ ᠠᠵᠤ ᠦᠢᠯᠡᠳᠪᠦᠷᠢ | ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠥᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠ ᠶᠢᠰᠦ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠨᠡᠬᠡᠭᠡᠨ | ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠲᠤᠰᠬᠠᠢ ᠠᠰᠢᠭ ᠤᠨ ᠳ᠋ᠠᠶᠢᠲ᠋ᠠ ᠶᠢᠨ ᠮᠡᠳᠡᠭᠡ ᠵᠠᠩᠭᠢ ᠶᠢᠨ ᠡᠬᠢ | ᠪᠠᠶᠠᠯᠢᠭ ᠢ ᠨᠡᠬᠡᠭᠡᠨ ᠬᠠᠮᠳᠤᠪᠠᠷ ᠬᠦᠷᠲᠡᠯᠴᠡᠬᠦ ᠶᠢ ᠠᠬᠢᠭᠤᠯᠵᠤ᠂ ᠲᠤᠮᠦ ᠳ᠋ᠠᠶᠢᠲ᠋ᠠ ᠶᠢᠨ ᠬᠡᠷᠡᠭᠯᠡᠭᠡᠨ ᠤ ᠴᠢᠳᠠᠪᠤᠷᠢ ᠶᠢ | ᠴᠢᠩᠭᠠᠷᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠵᠤᠭᠤᠰ ᠢᠶᠠᠷ ᠲᠤᠰᠠᠯᠠᠬᠤ ᠲᠥᠷᠥᠯ ᠵᠦᠢᠯ ᠢᠶᠠᠷ ᠪᠣᠢ ᠪᠣᠯᠣᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠨᠡᠶᠢᠲᠡᠯᠡᠬᠦ ᠳᠥᠷᠢᠮ ᠢ ᠪᠠᠶᠢᠭᠤᠯᠬᠤ | ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠴᠤᠭᠯᠠᠭᠤᠯᠬᠤ ᠳᠡᠰ | ᠳᠠᠷᠠᠭᠠᠯᠠᠯ ᠪᠠ ᠠᠭᠤᠯᠭ᠎ᠠ ᠶᠢ ᠵᠢᠷᠤᠮᠵᠢᠭᠤᠯᠬᠤ ᠬᠡᠷᠡᠭᠲᠡᠢ᠃ ᠬᠠᠷᠢᠯᠴᠠᠨ ᠬᠤᠯᠪᠣᠭᠠᠯᠠᠨ ᠨᠡᠪᠲᠡᠷᠡᠯᠴᠡᠭᠰᠡᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠢ ᠲᠦᠷᠭᠡᠳᠭᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠣᠷ ᠴᠢᠬ ᠢ ᠨᠡᠮᠡᠭᠳᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ | ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠦᠢᠯᠡᠰ ᠪᠠ ᠠᠵᠤ ᠠᠬᠤᠶᠢᠯᠠᠯ ᠤᠨ ᠲᠤᠰᠬᠠᠢ ᠠᠰᠢᠭ ᠤᠨ | ᠳ᠋ᠠᠶᠢᠲ᠋ᠠ ᠬᠦᠮᠦᠷᠭᠡ ᠪᠠ ᠲᠠᠸᠠᠷ ᠤᠨ ᠲᠡᠮᠳᠡᠭ ᠤᠨ ᠳ᠋ᠠᠶᠢᠲ᠋ᠠ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠠᠮᠢᠶ᠎ᠠ ᠪᠦᠬᠦᠢ ᠪᠠᠶᠢᠭᠤᠯᠤᠮᠵᠢ ᠠᠴᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠮᠡᠳᠡᠭᠡ ᠵᠠᠩᠭᠢ ᠶᠢ ᠨᠠᠷᠢᠯᠢᠬ ᠪᠣᠯᠪᠠᠰᠤᠷᠠᠭᠤᠯᠬᠤ ᠶᠢ ᠠᠬᠢᠭᠤᠯᠵᠤ᠂ ᠲᠤᠰᠠᠬᠠᠶᠢᠵᠢᠭᠰᠠᠨ᠂ ᠵᠠᠬ᠎ᠠ ᠳᠡᠯᠭᠡᠭᠦᠷᠴᠢᠯᠡᠭᠰᠡᠨ | ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ | ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠦᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠲᠠᠪᠤ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠴᠠᠩᠭᠤᠢ | ᠬᠦᠭᠵᠢᠯᠲᠡ ᠪᠠ ᠭᠠᠳᠠᠭᠠᠳᠤ ᠯᠤᠭ᠎ᠠ ᠶᠢᠨ ᠬᠠᠮᠳᠤᠷᠠᠯᠴᠠᠭ᠎ᠠ ᠶᠢ ᠠᠬᠢᠭᠤᠯᠬᠤ ᠬᠡᠷᠡᠭᠲᠡᠢ | ︵ᠬᠤᠷᠢ︶ ᠬᠦᠬᠡᠬᠤᠲᠠ ᠪᠣᠭᠤᠳᠤ ᠣᠷᠳᠣᠰ ᠲᠠᠬᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠣᠷᠣᠨ ᠢ | ᠪᠣᠢ ᠪᠣᠯᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠪᠠᠷ ᠲᠡᠮᠵᠢᠬᠦ ᠡᠷᠴᠢᠮ ᠢ ᠴᠢᠩᠭᠠᠷᠠᠭᠤᠯᠵᠦ᠂ | ᠬᠦᠬᠡᠬᠤᠲᠠ ᠪᠣᠭᠤᠳᠤ ᠣᠷᠳᠣᠰ ᠢ ᠮᠠᠨ ᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠬᠡᠷᠡᠭᠯᠡᠬᠦ ᠶᠢᠨ ᠬᠤᠰᠢᠭᠤᠴᠢ ᠣᠷᠣᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ | ᠵᠢᠱᠢᠶ᠎ᠠ ᠦᠵᠡᠭᠦᠯᠬᠦ ᠣᠷᠣᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠯᠢᠳᠡᠭ ᠦᠢᠯᠡᠴᠢᠯᠡᠭᠡᠨ ᠤ | ᠬᠦᠲᠦᠯᠦᠨ ᠳᠠᠭᠠᠭᠤᠯᠬᠤ ᠣᠷᠣᠨ ᠪᠣᠯᠭᠠᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠴᠦᠨ ᠵᠦᠢᠯ ᠨᠡᠩ ᠬᠦᠭᠵᠢᠭᠡᠨᠲᠡᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ | ᠨᠢᠭᠲᠠᠷᠠᠭᠰᠠᠨ ᠬᠡᠯᠪᠡᠷᠢ ᠪᠦᠬᠦᠢ ᠠᠵᠤ ᠠᠬᠤᠶᠢᠯᠠᠯ ᠤᠳ ᠪᠦᠬᠦ ᠲᠠᠯ᠎ᠠ ᠪᠠᠷ ᠬᠦᠭᠵᠢᠭᠰᠡᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠨᠡᠩ ᠲᠦᠪᠯᠡᠷᠡᠭᠰᠡᠨ ᠪᠠᠶᠢᠢᠵᠦ᠂ ᠪᠦᠬᠦ ᠣᠷᠣᠨ ᠳᠠᠬᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ ᠪᠠ | ᠬᠠᠮᠢᠶᠠᠷᠬᠤ ᠲᠠᠯ᠎ᠠ ᠪᠠᠷ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ | ᠬᠦᠬᠡᠬᠤᠲᠠ ᠪᠣᠭᠤᠳᠤ ᠣᠷᠳᠣᠰ ᠤᠨ ᠵᠢᠱᠢᠶ᠎ᠡ ᠦᠵᠡᠭᠦᠯᠬᠦ ᠣᠷᠣᠨ ᠢ ᠳᠠᠮᠵᠢᠵᠦ ᠪᠠᠶᠢᠢᠭᠠᠳ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠢᠨᠢ ᠪᠦᠬᠦ | ᠣᠷᠣᠨ ᠳᠠᠬᠢ ᠡᠵᠡᠯᠡᠬᠦ ᠬᠤᠪᠢ ᠶᠢᠨ ᠵᠢᠩ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ 2020 ᠣᠨ ᠪᠣᠯᠲᠠᠯ᠎ᠠ | ᠬᠦᠬᠡᠬᠤᠲᠠ ᠪᠣᠭᠤᠳᠤ ᠣᠷᠳᠣᠰ ᠭᠤᠷᠪᠠᠨ ᠬᠤᠲᠠ ᠶᠢᠨ ᠲᠤᠰᠬᠠᠢ ᠠᠰᠢᠭ ᠤᠨ ᠭᠤᠶᠤᠴᠢᠯᠠᠯ ᠤᠨ ᠬᠡᠮᠵᠢᠶ᠎ᠡ ᠶᠢ ᠲᠤᠰ | ᠲᠤᠰ ᠪᠦᠬᠦ ᠣᠷᠣᠨ ᠤ 25%᠂ 27% ᠪᠠ 13% ᠠᠴᠠ ᠳᠡᠭᠡᠭᠰᠢ ᠡᠵᠡᠯᠡᠭᠦᠯᠬᠦ ᠪᠠᠷ ᠴᠢᠷᠮᠠᠶᠢᠵᠤ᠂ ᠲᠦᠮᠡᠨ | ᠬᠦᠮᠦᠨ ᠠᠮᠠ ᠨᠢᠭᠡᠪᠦᠷᠢ ᠶᠢᠨ ᠲᠤᠰᠬᠠᠢ ᠠᠰᠢᠭ ᠡᠭᠦᠳᠦᠨ ᠪᠦᠲᠦᠭᠡᠬᠦ ᠬᠡᠮᠵᠢᠶ᠎ᠡ ᠶᠢ ᠲᠤᠰ ᠲᠤᠰ 10᠂ 6.6 | ᠪᠣᠯᠣᠨ 3.5 ᠵᠦᠢᠯ ᠠᠴᠠ ᠳᠡᠭᠡᠭᠰᠢ ᠳᠤ ᠬᠦᠷᠦᠭᠦᠯᠵᠦ᠂ ᠲᠠᠸᠠᠷ ᠤᠨ ᠲᠡᠮᠳᠡᠭ ᠤᠨ ᠳᠠᠩᠰᠠᠯᠠᠭᠤᠯᠬᠤ ᠬᠡᠮᠵᠢᠶ᠎ᠡ ᠶᠢ | ᠲᠤᠰ ᠲᠤᠰ 32000᠂ 17000 ᠪᠣᠯᠣᠨ 19000 ᠵᠦᠢᠯ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ ︵ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠷᠢᠨ ᠨᠢᠭᠡ︶ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠣᠬᠢᠴᠠᠩᠭᠤᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠠᠳᠠᠯᠢ ᠪᠣᠰᠤ ᠭᠠᠵᠠᠷ ᠣᠷᠣᠨ ᠤ ᠬᠦᠭᠵᠢᠯᠲᠡ ᠶᠢᠨ | ᠣᠨᠴᠠᠯᠢᠭ ᠲᠤ ᠬᠠᠨᠳᠤᠭᠤᠯᠵᠤ᠂ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠭᠵᠢᠯᠲᠡ ᠶᠢᠨ ᠲᠡᠩᠴᠡᠭᠦᠷᠢᠲᠦ ᠴᠢᠨᠠᠷ ᠢ ᠲᠠᠰᠤᠷᠠᠯᠲᠠ ᠦᠭᠡᠢ | ᠴᠢᠩᠭᠠᠷᠠᠭᠤᠯᠵᠤ᠂ ᠣᠷᠣᠨ ᠪᠦᠰᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠣᠬᠢᠴᠠᠩᠭᠤᠢ | ᠬᠦᠭᠵᠢᠯᠲᠡ ᠶᠢ ᠠᠬᠢᠭᠤᠯᠬᠤ ᠬᠡᠷᠡᠭᠲᠡᠢ᠃ ᠬᠥᠬᠡᠬᠤᠲᠠ᠂ ᠪᠣᠭᠤᠳᠤ ᠬᠤᠲᠠ᠂ ᠤᠯᠠᠭᠠᠠᠬᠠᠳᠠ ᠬᠤᠲᠠ᠂ ᠣᠷᠳᠣᠰ | ᠬᠤᠲᠠ ᠶᠢ ᠳᠠᠮᠵᠢᠵᠦ ᠪᠠᠶᠢᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ | ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠵᠦ ᠪᠦᠲᠦᠭᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠵᠦ ᠦᠢᠯᠡᠳᠪᠦᠷᠢᠯᠡᠨ ᠭᠠᠷᠭᠠᠬᠤ | ᠬᠠᠷᠢᠴᠠᠯ ᠢ ᠨᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠪᠴᠢᠶ᠎ᠡ ᠶᠢ ᠦᠷᠭᠡᠳᠭᠡᠵᠦ᠂ | ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠠᠵᠤ ᠠᠬᠤᠢ ᠶᠢᠨ ᠬᠦᠭᠵᠢᠯᠲᠡ ᠳᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠦᠲᠦᠮᠵᠢᠲᠡᠢ ᠲᠤᠯᠭᠠᠭᠤᠷᠢᠯᠠᠯ ᠪᠣᠯᠭᠠᠬᠤ ᠬᠡᠷᠡᠭᠲᠡᠢ᠃ | ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠦᠬᠠᠢ ᠬᠤᠲᠠ ᠶᠢ ᠳᠠᠮᠵᠢᠵᠦ | ᠪᠠᠶᠢᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠥᠷᠢᠮ ᠢ ᠠᠰᠢᠭᠯᠠᠨ ᠠᠵᠤ ᠦᠢᠯᠡᠰ ᠤᠨ | ᠳᠡᠰ ᠳᠡᠪᠰᠢᠬᠦ ᠶᠢ ᠠᠬᠢᠭᠤᠯᠬᠤ ᠴᠢᠳᠠᠪᠤᠷᠢ ᠶᠢ ᠨᠢ ᠲᠦᠷᠭᠡᠳᠭᠡᠨ ᠳᠡᠭᠡᠭᠰᠢᠯᠡᠭᠦᠯᠵᠦ᠂ ᠳᠠᠪᠠᠭᠤᠯᠢᠭ ᠬᠦᠷᠢᠶᠡᠨ ᠳᠤ | ᠡᠵᠡᠨ ᠮᠡᠳᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠪᠠ ᠬᠡᠷᠡᠭᠯᠡᠬᠦ | ᠲᠠᠯ᠎ᠠ ᠳᠤ ᠰᠢᠪᠳᠤᠯᠤᠯᠲᠠ ᠲᠠᠢ ᠪᠣᠯᠬᠤ ᠬᠡᠷᠡᠭᠲᠡᠢ᠃ ᠬᠥᠯᠦᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ | ᠬᠤᠲᠠ᠂ ᠠᠯᠠᠱᠠ ᠠᠶᠢᠮᠠᠭ᠂ ᠮᠠᠨᠵᠤᠤᠷ ᠬᠤᠲᠠ᠂ ᠡᠷᠢᠶᠡᠨ ᠬᠤᠲᠠ ᠨᠤᠭᠤᠳ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ ᠪᠠ ᠬᠠᠮᠠᠭᠠᠯᠠᠬᠤ ᠲᠠᠯ᠎ᠠ ᠪᠠᠷ ᠲᠦᠷᠭᠡᠨ ᠳᠠᠪᠰᠢᠯᠲᠠ ᠲᠠᠢ | ᠪᠤᠯᠬᠤ ᠬᠡᠷᠡᠭᠲᠡᠢ᠃ ︵ᠡᠯ᠎ᠡ ᠬᠤᠯᠪᠤᠬᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠷᠢᠨ ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠯ᠎ᠠ ᠪᠠᠷ ᠭᠠᠳᠠᠭᠠᠳᠤ ᠲᠠᠢ | ᠰᠣᠯᠢᠯᠴᠠᠭ᠎ᠠ ᠬᠢᠬᠦ ᠪᠠ ᠬᠠᠮᠵᠢᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠬᠡᠷᠡᠭᠵᠢᠭᠦᠯᠵᠦ | ᠪᠦᠬᠦᠢ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭᠠᠲᠤ ᠲᠥᠯᠥᠪᠵᠢᠭᠦᠯᠭᠡ᠂ ᠪᠡᠭᠡᠵᠢᠩ ᠲᠢᠶᠠᠨᠵᠢᠨ | ᠾᠧᠪᠸᠢ ᠶᠢᠨ ᠵᠣᠬᠢᠴᠠᠭᠤᠯᠤᠨ ᠬᠦᠭᠵᠢᠭᠦᠯᠬᠦ ᠪᠠ ᠬᠥᠬᠡ ᠮᠦᠷᠡᠨ ᠤ ᠠᠵᠤ ᠠᠬᠤᠢ ᠶᠢᠨ ᠪᠦᠰᠡ ᠶᠢᠨ ᠪᠦᠲᠦᠭᠡᠨ | ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠠᠰᠢᠭᠯᠠᠵᠤ᠂ ᠳᠤᠮᠳᠠᠲᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠪᠠᠷ ᠲᠤᠬᠢᠷᠠᠯ ᠪᠣᠯᠭᠠᠵᠤ᠂ ᠭᠠᠵᠠᠷ ᠣᠷᠣᠨ ᠤ ᠳᠠᠪᠠᠭᠤᠯᠢᠭ ᠢᠶᠠᠨ | ᠪᠠᠳᠠᠷᠠᠭᠤᠯᠵᠤ᠂ ᠳᠤᠮᠳᠠᠲᠤ ᠤᠯᠤᠰ — ᠮᠣᠩᠭᠤᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ | ᠣᠷᠣᠰ᠂ ᠮᠣᠩᠭᠤᠯ ᠤᠯᠤᠰ ᠵᠢᠴᠢ ᠵᠡᠭᠦᠨ ᠤᠮᠠᠷᠠᠲᠤ ᠠᠽᠢᠶ᠎ᠠ ᠶᠢᠨ ᠭᠠᠵᠠᠷ ᠣᠷᠣᠨ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠶᠢ ᠦᠷᠨᠢᠭᠦᠯᠵᠦ᠂ ᠭᠠᠳᠠᠭᠠᠳᠤ ᠠᠵᠤ ᠠᠬᠤᠢ ᠠᠷᠠᠯᠵᠢᠶ᠎ᠠ᠂ | ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠪᠴᠢᠶ᠎ᠠ ]᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠰᠣᠶᠣᠯ ᠤᠨ ᠲᠢᠩᠬᠢᠮ᠂ ᠬᠦᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ | ︵ᠬᠤᠷᠢᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠠᠵᠢᠯ ᠢ ᠳᠣᠪᠤᠶᠢᠮ᠎ᠡ ᠪᠠᠶᠢᠷᠢᠨ ᠳᠤ ᠲᠠᠯᠪᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ | ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠠᠰᠠᠭᠤᠳᠠᠯ ᠤᠳ ᠢ ᠬᠢᠨᠠᠮᠠᠭᠠᠢ | ᠰᠣᠳᠣᠯᠣᠨ᠂ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠡᠮᠬᠢ | ᠵᠢᠷᠦᠮ ᠲᠠᠢ ᠪᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠲᠢᠩᠬᠢᠮ ᠤᠨ | ᠬᠤᠭᠤᠷᠣᠨᠳᠤᠬᠢ ᠬᠠᠮᠲᠤᠷᠠᠭᠰᠠᠨ ᠬᠤᠷᠠᠯᠳᠤᠭᠠᠨ ᠤ ᠡᠯ᠎ᠡ ᠪᠦᠷᠢᠯᠳᠦᠭᠦᠨ ᠨᠢᠭᠡᠴᠡ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠬᠤᠷᠢᠨ ᠳᠥᠷᠪᠡ︶ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠦᠮᠴᠢᠯᠡᠨ ᠡᠷᠬᠡᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠢᠯᠡᠰᠵᠢᠭᠦᠯᠬᠦ ᠶᠢ | ᠬᠦᠲᠦᠯᠦᠨ ᠵᠢᠯᠣᠭᠤᠳᠬᠤ ᠪᠠ ᠠᠬᠢᠭᠤᠯᠬᠤ ᠬᠡᠷᠡᠭᠲᠡᠢ᠃ ᠰᠣᠳᠣᠯᠤᠨ ᠨᠡᠭᠡᠭᠡᠬᠦ ᠵᠠᠷᠤᠳᠠᠯ ᠤᠨ ᠭᠠᠶᠢᠯᠢ | ᠲᠠᠲᠠᠪᠦᠷᠢᠯᠠᠬᠤ ᠠᠴᠠ ᠡᠮᠦᠨ᠎ᠡ ᠨᠡᠮᠡᠵᠤ ᠪᠤᠳᠤᠬᠤ ᠪᠠ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠠᠷᠤᠳᠠᠯ ᠳᠤ ᠲᠣᠭᠲᠠᠭᠠᠯ ᠶᠣᠰᠤᠭᠠᠷ ᠨᠡᠮᠡᠵᠦ ᠪᠤᠳᠤᠬᠤ ᠪᠠ ᠰᠠᠭᠤᠯᠭᠠᠨ ᠠᠪᠬᠤ ᠶᠢ ᠬᠡᠷᠡᠭᠵᠢᠭᠦᠯᠬᠦ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠭᠠᠲᠦ ᠪᠡᠯᠡ ᠲᠣᠬᠢᠷᠠᠭᠤᠯᠭ᠎ᠠ ᠶᠢᠨ ᠲᠦᠭᠰᠢᠭᠦᠷᠢ ᠶᠢᠨ | ᠲᠦᠯᠦᠪᠦᠷᠢ ᠶᠢᠨ ᠰᠠᠭᠤᠷᠢ ᠮᠥᠩᠭᠦ ᠪᠠ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠠᠵᠢᠯᠯᠠᠭᠠᠨ ᠤ ᠰᠠᠭᠤᠷᠢ ᠮᠥᠩᠭᠦ ᠶᠢ ᠰᠣᠳᠣᠯᠣᠨ ᠪᠠᠶᠢᠭᠤᠯᠬᠤ ᠬᠡᠷᠡᠭᠲᠡᠢ᠃ ᠣᠯᠠᠨ ᠵᠠᠮ | ᠮᠦᠷ ᠲᠠᠢ᠂ ᠣᠯᠠᠨ ᠡᠰᠢᠵᠢᠭᠰᠡᠨ ᠣᠷᠤᠭᠤᠯᠤᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠵᠠᠰᠠᠭ ᠤᠨ | ᠣᠷᠳᠣᠨ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠣᠷᠤᠭᠤᠯᠤᠯᠲᠠ ᠶᠢ | ᠨᠡᠮᠡᠭᠳᠡᠭᠦᠯᠬᠦ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ ]᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠥᠪᠥᠷ ᠮᠣᠩᠭᠤᠯ ᠤᠨ ᠤᠯᠤᠰ ᠤᠨ | ᠭᠠᠶᠢᠯᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠷᠢᠨ ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠰᠬᠠᠢ ᠴᠢᠳᠠᠪᠦᠷᠢᠲᠡᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠡᠭᠡᠲᠥ ᠰᠤᠷᠭᠠᠭᠤᠯᠢ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠪᠠᠨ | ᠴᠢᠩᠭᠠᠳᠬᠠᠬᠤ ᠶᠢ ᠠᠬᠢᠭᠤᠯᠵᠤ᠂ ᠦᠢᠯᠡᠳᠪᠦᠷᠢᠯᠡᠯ ᠰᠤᠷᠭᠠᠭᠤᠯᠢ ᠰᠣᠳᠤᠯᠤᠯ ᠬᠤᠯᠪᠣᠭᠠᠯᠠᠨ ᠬᠦᠮᠦᠵᠢᠭᠦᠯᠬᠦ ᠵᠠᠭᠪᠤᠷ ᠢ | ᠲᠡᠭᠦᠯᠳᠡᠷᠵᠢᠭᠦᠯᠵᠦ᠂ ᠰᠤᠷᠭᠠᠨ ᠬᠥᠮᠥᠵᠢᠯ ᠤᠨ ᠶᠠᠮᠤᠨ ᠤ ︽ᠡᠩ ᠤᠨ ᠳᠡᠭᠡᠲᠥ ᠵᠡᠷᠭᠡ ᠶᠢᠨ ᠰᠤᠷᠭᠠᠭᠤᠯᠢ ᠶᠢᠨ | ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ︾ ᠤᠨ ᠱᠠᠭᠠᠷᠳᠠᠯᠭ᠎ᠠ ᠶᠣᠰᠤᠭᠠᠷ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠰᠬᠠᠢ ᠮᠡᠷᠭᠡᠵᠢᠯ ᠨᠡᠮᠡᠵᠤ ᠪᠠᠶᠢᠭᠤᠯᠤᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠰᠤᠷᠭᠠᠨ ᠬᠦᠮᠦᠵᠢᠯ ᠢ | ᠴᠢᠩᠭᠠᠳᠬᠠᠬᠤ ᠬᠡᠷᠡᠭᠲᠡᠢ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠳᠡᠭᠡᠲᠥ | ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ᠂ | ᠦᠢᠯᠡᠴᠢᠯᠡᠭᠡᠨ ᠤ ᠪᠠᠶᠢᠭᠤᠯᠤᠮᠵᠢ ᠨᠤᠭᠤᠳ ᠳᠡᠭᠡᠲᠥ ᠦᠵᠦᠭᠦᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠴᠢᠳᠠᠪᠤᠷᠢᠲᠡᠨ ᠣᠷᠤᠭᠤᠯᠬᠤ ᠶᠢ ᠵᠣᠷᠢᠬᠵᠢᠭᠤᠯᠬᠤ ᠶᠢᠨ ᠬᠠᠮᠳᠤ᠂ ᠴᠢᠳᠠᠪᠤᠷᠢᠲᠠᠨ ᠢ ᠲᠠᠲᠠᠨ ᠣᠷᠤᠭᠤᠯᠬᠤ | ᠬᠤᠯᠪᠣᠭᠳᠠᠯ ᠪᠦᠬᠦᠢ ᠲᠥᠯᠥᠪᠯᠡᠭᠡ ᠪᠠᠷ ᠯᠠᠪᠯᠠᠯᠲᠠ ᠪᠣᠯᠭᠠᠨ ᠬᠠᠮᠢᠶ᠎ᠠ ᠪᠦᠬᠦᠢ ᠣᠯᠭᠤᠮᠵᠢ ᠥᠭᠬᠦ ᠬᠡᠷᠡᠭᠲᠡᠢ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠮᠡᠷᠭᠡᠵᠢᠯ ᠤᠨ ᠬᠢᠷᠢ ᠬᠡᠮᠵᠢᠶ᠎ᠡ ᠶᠢ ᠥᠨᠡᠯᠡᠬᠦ | ᠳᠥᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠲᠣᠭᠲᠠᠭᠤᠨ ᠪᠠᠶᠢᠯᠭᠠᠬᠤ ᠪᠠ ᠪᠣᠵᠠᠭᠠᠶᠢᠷᠠᠭᠤᠯᠬᠤ ᠬᠡᠷᠡᠭᠲᠡᠢ᠃ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠠᠬᠢ ᠡᠭᠦᠳᠦᠨ ᠪᠦᠲᠦᠭᠡᠭᠰᠡᠨ ᠲᠤᠰᠬᠠᠢ ᠠᠰᠢᠭ ᠤᠨ ᠭᠦᠢᠴᠡᠳᠭᠡᠯ | ᠲᠤᠭ᠎ᠠ ᠶᠢᠨ ᠴᠢᠬᠤᠯᠴᠢᠯᠠᠬᠳᠠᠬᠤ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ [ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ] ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠬᠤᠷᠢᠨ ᠵᠢᠷᠭᠤᠭ᠎ᠠ︶ ᠤᠬᠠᠭᠤᠯᠵᠦ ᠬᠦᠲᠦᠯᠦᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠡᠮᠡᠯᠵᠢᠭᠦᠯᠬᠦ ᠬᠡᠯᠪᠡᠷᠢ ᠪᠦᠬᠦᠢ | ᠰᠤᠷᠭᠠᠨ ᠬᠦᠮᠦᠵᠢᠯ ᠢ ᠥᠷᠭᠡᠨ ᠳᠡᠯᠭᠡᠷ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠯᠠᠪᠯᠠᠯᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠪᠦᠬᠦ | ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ | ᠮᠡᠳᠡᠯᠭᠡ ᠶᠢ ᠬᠦᠨᠳᠦᠳᠭᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠠᠢ ᠪᠠᠷ ᠬᠠᠤᠯᠢ ᠰᠠᠬᠢᠬᠤ | ᠣᠨᠣᠯᠵᠢᠬᠤᠨ ᠢ ᠬᠦᠮᠥᠰ ᠤᠨ ᠰᠡᠳᠭᠢᠯ ᠳᠤ ᠭᠦᠨ ᠰᠠᠭᠤᠭᠳᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠣᠷᠣᠨ ᠢᠶᠠᠨ ᠬᠦᠴᠦᠷᠭᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠲᠥᠷᠭᠡᠳᠭᠡᠬᠦ ᠳᠤ ᠰᠠᠶᠢᠨ ᠰᠠᠶᠢᠬᠠᠨ | ᠣᠷᠴᠢᠨ ᠨᠦᠬᠦᠴᠡᠯ ᠢ ᠪᠣᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ [ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ]᠂ ᠰᠤᠷᠭᠠᠨ ᠬᠦᠮᠦᠵᠢᠯ ᠤᠨ ᠲᠢᠩᠬᠢᠮ᠂ ᠰᠣᠶᠣᠯ ᠤᠨ | ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ | ᠲᠧᠯᠸᠢᠰ ᠤᠨ ᠲᠣᠪᠴᠢᠶ᠎ᠠ [ ᠬᠡᠪᠯᠡᠯ ᠤᠨ ᠡᠷᠬᠡ ᠶᠢᠨ ᠲᠣᠪᠴᠢᠶ᠎ᠠ ] ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠷ ᠬᠠᠷᠢᠭᠤᠴᠠᠨ᠎ᠠ︶ | |