ᠡᠨᠡ ᠵᠢᠯ ᠤᠨ ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠠᠮᠠᠷᠠᠯᠳᠠ ᠶᠢᠨ ᠬᠤᠭᠤᠴᠠᠭᠠᠨ ᠳᠤ᠂ ᠮᠠᠨ ᠤ | ᠤᠷᠤᠨ ᠨᠡᠶᠢᠳᠡ 556.9 ᠲᠦᠮᠡᠨ ᠵᠢᠭᠤᠯᠴᠢᠯᠠᠭᠴᠢ ︵ᠬᠦᠮᠦᠨ ᠤᠳᠠᠭ᠎ᠠ︶ ᠶᠢ ᠵᠤᠴᠢᠯᠠᠵᠦ᠂ ᠵᠢᠭᠤᠯᠴᠢᠯᠠᠯ ᠤᠨ | ᠤᠷᠤᠯᠭ᠎ᠠ ᠨᠢ 31.69 ᠳ᠋ᠦᠩᠰᠢᠭᠤᠷ ᠲᠦᠬᠦᠷᠢᠭ ᠲᠤ ᠬᠦᠷᠴᠤ᠂ ᠲᠤᠰᠪᠤᠷᠢ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 19.9% ᠪᠠ 18.7% ᠢᠶᠠᠷ ᠨᠡᠮᠡᠭᠳᠡᠭᠰᠡᠨ ᠪᠠᠶᠢᠨ᠎ᠠ᠃ | ᠦᠪᠡᠷᠳᠡᠬᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠵᠦᠪᠯᠡᠯ᠂ ᠠᠮᠠᠷᠠᠯᠳᠠ ᠶᠢᠨ | ᠬᠤᠭᠤᠴᠠᠭᠠᠨ ᠤ ᠪᠦᠬᠦ ᠤᠷᠤᠨ ᠤ ᠪᠤᠯᠪᠠᠰᠤᠨ ᠵᠢᠭᠤᠯᠴᠢᠯᠠᠯ ᠢ ᠤᠬᠠᠭᠤᠯᠬᠤ ᠵᠢᠴᠢ ᠵᠢᠭᠤᠯᠴᠢᠯᠠᠯ ᠤᠨ ᠵᠠᠬ᠎ᠠ | ᠲᠡᠯᠬᠡᠬᠦᠷ ᠤᠨ ᠡᠮᠬᠢ ᠵᠢᠷᠤᠮ ᠢ ᠲᠦᠷᠢᠮᠵᠢᠬᠦᠯᠬᠦ ᠬᠦᠴᠦᠯᠡᠴᠡ ᠪᠠᠨ ᠨᠡᠮᠡᠭᠳᠡᠬᠦᠯᠦᠭᠰᠡᠨ ᠠᠴᠠ᠂ ᠪᠤᠯᠪᠠᠰᠤᠨ | ᠵᠢᠭᠤᠯᠴᠢᠯᠠᠯ᠂ ᠠᠮᠤᠷ ᠲᠦᠪᠰᠢᠨ ᠵᠢᠭᠤᠯᠴᠢᠯᠠᠯ᠂ ᠪᠤᠬᠢᠷᠲᠤᠯ ᠦᠬᠡᠢ ᠵᠢᠭᠤᠯᠴᠢᠯᠠᠯ ᠨᠢ ᠡᠨᠡ ᠵᠢᠯ ᠤᠨ ᠲᠠᠪᠤᠨ | ᠰᠠᠷ᠎ᠠ ᠶᠢᠨ ᠰᠢᠨ᠎ᠠ ᠶᠢᠨ ᠲᠠᠪᠤᠨ ᠤ ᠠᠮᠠᠷᠠᠯᠳᠠ ᠶᠢᠨ ᠵᠢᠭᠤᠯᠴᠢᠯᠠᠯ ᠤᠨ ᠰᠢᠨ᠎ᠠ ᠠᠭᠤᠷ ᠠᠮᠢᠰᠬᠤᠯ ᠢ ᠪᠤᠢ ᠪᠤᠯᠭᠠᠵᠠᠢ᠃ | ᠡᠬᠦᠨ ᠠᠴᠠ ᠭᠠᠳᠠᠨ᠎ᠠ᠂ ᠬᠤᠳᠠ ᠶᠢᠨ ᠤᠶᠢᠷᠠᠯᠴᠠᠭᠠᠬᠢ ᠭᠠᠵᠠᠷ ᠲᠤ ᠬᠦᠷᠴᠤ᠂ ᠵᠢᠮᠢᠰ᠂ ᠢᠳᠡᠰᠢᠨ ᠨᠤᠭᠤᠭ᠎ᠠ | ᠲᠡᠬᠦᠬᠦ ᠪᠤᠶᠤ ᠬᠦᠳᠡᠭᠡ ᠠᠶᠢᠯ ᠳᠤ ᠵᠢᠭᠤᠯᠴᠢᠯᠠᠬᠤ ᠤᠶᠢᠷ᠎ᠠ ᠵᠠᠮ ᠤᠨ ᠵᠢᠭᠤᠯᠴᠢᠯᠠᠯ ᠨᠢ ᠮᠠᠨ ᠤ ᠤᠷᠤᠨ ᠤ ᠴᠦᠬᠡᠨ | ᠪᠤᠰᠤ ᠬᠤᠳᠠ ᠶᠢᠨ ᠠᠷᠠᠳ ᠤᠨ ᠠᠮᠠᠷᠠᠯᠳᠠ ᠶᠢᠨ ᠬᠤᠭᠤᠴᠠᠭᠠᠨ ᠤ ᠵᠢᠭᠤᠯᠴᠢᠯᠠᠯ ᠰᠡᠯᠡᠬᠦᠴᠡᠯ ᠤᠨ ᠬᠠᠯᠠᠮᠰᠢᠯ ᠬᠡᠯᠪᠡᠷᠢ | ᠪᠤᠯᠤᠬᠰᠠᠨ ᠪᠠᠶᠢᠨ᠎ᠠ᠃ ᠠᠮᠠᠷᠠᠯᠳᠠ ᠶᠢᠨ ᠬᠤᠭᠤᠴᠠᠭᠠᠨ ᠳᠤ᠂ ᠪᠦᠬᠦ ᠤᠷᠤᠨ ᠤ ᠶᠡᠬᠡᠩᠬᠢ ᠭᠠᠵᠠᠷ ᠤᠷᠤᠨ ᠤ ᠠᠭᠤᠷ | ᠠᠮᠢᠰᠬᠤᠯ ᠶᠡᠭᠡ ᠰᠠᠶᠢᠨ ᠪᠠᠶᠢᠵᠦ᠂ ᠬᠤᠪᠢ ᠶᠢᠨ ᠮᠠᠰᠢᠨ ᠲᠡᠷᠬᠡ ᠪᠠᠷ ᠢᠶᠠᠨ ᠵᠢᠭᠤᠯᠴᠢᠯᠠᠬᠤ ᠨᠢ ᠤᠯᠠᠨ | ᠵᠢᠭᠤᠯᠴᠢᠯᠠᠭᠴᠢᠳ ᠤᠨ ᠰᠤᠩᠭᠤᠯᠳᠠ ᠪᠤᠯᠤᠬᠰᠠᠨ ᠪᠠᠶᠢᠨ᠎ᠠ᠃ ᠠᠮᠠᠷᠠᠯᠳᠠ ᠶᠢᠨ ᠬᠤᠭᠤᠴᠠᠭᠠᠨ ᠳᠤ᠂ ᠮᠠᠨ ᠤ ᠤᠷᠤᠨ | ᠤ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠡᠮᠬᠢ ᠵᠢᠷᠤᠮ ᠨᠡᠯᠢᠶᠡᠳ ᠰᠠᠶᠢᠨ ᠪᠠᠶᠢᠵᠦ᠂ ᠵᠢᠭᠤᠯᠴᠢᠯᠠᠯ ᠤᠨ ᠠᠶᠤᠯ | ᠦᠭᠡᠢ ᠶᠢᠨ ᠬᠦᠨᠳᠤ ᠶᠡᠭᠡ ᠠᠳᠡᠯ ᠤᠨ ᠬᠡᠷᠡᠭ ᠡᠭᠦᠰᠦᠭᠰᠡᠨ ᠦᠭᠡᠢ᠂ ᠵᠢᠭᠤᠯᠴᠢᠯᠠᠭᠴᠢᠳ ᠤᠨ ᠬᠠᠨᠤᠮᠵᠢ ᠶᠢᠨ | ᠬᠡᠮᠵᠢᠶ᠎ᠠ ᠢᠯᠡᠷᠬᠡᠢ ᠲᠡᠭᠡᠭᠰᠢᠯᠡᠭᠰᠡᠨ ᠪᠠᠶᠢᠨ᠎ᠠ᠃ |