ᠪᠦᠬᠦ ᠤᠷᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/6/2
     6 ᠳ᠋ᠤᠭᠠᠷ ᠰᠠᠷ᠎ᠠ ᠶᠢᠨ 1᠎ ᠤ ᠡᠳᠦᠷ᠂ ᠪᠦᠬᠦ ᠤᠷᠤᠨ ᠤ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠵᠠᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠸᠠᠩ ᠪᠦᠸᠧ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ᠂ ᠲᠦᠪ ᠪᠠ ᠦᠪᠡᠷᠳᠡᠬᠡᠨ ᠵᠠᠰᠠᠬᠤ ᠤᠷᠤᠨ ᠎ ᠤ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠦᠬᠡᠬᠤᠳᠠ᠂ ᠪᠤᠭᠤᠳᠤ ᠶᠢᠨ ᠲᠤᠷᠰᠢᠯᠲᠠ ᠶᠢᠨ ᠴᠢᠬ ᠤᠨ ᠲᠤᠷᠰᠢᠯᠭ᠎ᠠ ᠪᠠᠷ ᠲᠤᠯᠢ ᠪᠤᠯᠭᠠᠨ᠂ ᠦᠬᠡᠷᠡᠴᠢᠯᠡᠯᠳᠡ ᠶᠢᠨ ᠬᠡᠷᠡᠭᠵᠢᠬᠦᠯᠬᠦ ᠲᠦᠰᠦᠯ ᠢ ᠰᠢᠨᠵᠢᠯᠡᠬᠦ ᠤᠬᠠᠭᠠᠨᠴᠢ ᠪᠠᠷ ᠲᠤᠬᠳᠠᠭᠠᠵᠤ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠲᠤᠬᠢᠷᠠᠭᠤᠯᠤᠯᠳᠠ ᠶᠢ ᠠᠬᠢᠭᠤᠯᠬᠤ᠂ ᠪᠠᠶᠢᠭᠤᠯᠤᠮᠵᠢ ᠶᠢᠨ ᠰᠢᠨᠵᠢ ᠴᠢᠨᠠᠷ ᠢ ᠨᠢᠬᠡᠳᠦᠯᠳᠡᠢ ᠲᠦᠯᠦᠪᠵᠢᠬᠦᠯᠦᠨ ᠰᠢᠢᠳᠪᠦᠷᠢᠯᠡᠬᠦ᠂ ᠡᠩᠨᠡᠬᠡᠨ ᠤ ᠬᠡᠪ ᠪᠤᠯᠪᠠᠰᠤᠷᠠᠯ ᠢ ᠪᠦᠬᠦ ᠬᠦᠴᠦᠨ ᠢᠶᠠᠷ ᠲᠡᠭᠡᠭᠰᠢᠯᠡᠬᠦᠯᠬᠦ᠂ ᠬᠤᠳᠠ ᠶᠢᠨ ᠬᠠᠮᠢᠶᠠᠷᠤᠯᠳᠠ ᠶᠢᠨ ᠠᠷᠭ᠎ᠠ ᠬᠡᠯᠪᠡᠷᠢ ᠶᠢ ᠰᠢᠨᠡᠴᠢᠯᠡᠬᠦ ᠵᠡᠷᠬᠡ ᠡᠬᠦᠷᠬᠡ ᠶᠢ ᠲᠤᠬᠳᠠᠬᠰᠠᠨ ᠬᠤᠭᠤᠴᠠᠭᠠᠨ ᠳᠤ ᠪᠡᠶᠡᠯᠡᠬᠦᠯᠵᠦ᠂ ᠰᠢᠨ᠎ᠡ ᠴᠠᠬ ᠬᠤᠭᠤᠴᠠᠭᠠᠨ ᠤ ᠵᠠᠩᠬᠢᠯᠠᠭ᠎ᠠ ᠳᠤ ᠦᠬᠡᠷᠡᠴᠢᠯᠡᠯᠳᠡ ᠶᠢᠨ ᠡᠬᠦᠷᠬᠡ ᠪᠠᠨ ᠪᠡᠶᠡᠯᠡᠭᠦᠯᠬᠦ ᠶᠢ ᠪᠠᠳᠤᠯᠠᠬᠤ ᠬᠡᠷᠡᠭᠳᠡᠢ ᠬᠡᠵᠤ ᠱᠠᠭᠠᠷᠳᠠᠪᠠ᠃      ᠸᠠᠩ ᠪᠦᠸᠧ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠰᠠᠬᠢᠯᠭ᠎ᠠ ᠪᠠᠳᠤ ᠶᠢ ᠴᠢᠩᠳᠠᠯᠠᠵᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠬᠡᠨ ᠤ ᠤᠬᠠᠭᠤᠯᠭ᠎ᠠ ᠶᠢᠨ ᠠᠵᠢᠯ ᠢ ᠰᠠᠶᠢᠳᠤᠷ ᠠᠳᠬᠤᠨ᠂ ᠬᠠᠮᠳᠤᠪᠡᠷ ᠪᠠᠶᠢᠭᠤᠯᠤᠨ ᠬᠠᠮᠳᠤᠪᠡᠷ ᠬᠠᠮᠢᠶᠠᠷᠬᠤ᠂ ᠬᠠᠮᠳᠤᠪᠡᠷ ᠵᠠᠰᠠᠨ ᠬᠠᠮᠳᠤᠪᠡᠷ ᠡᠳ᠋ᠯᠡᠭᠰᠡᠨ ᠬᠤᠳᠠ ᠶᠢᠨ ᠵᠠᠰᠠᠯᠳᠠ ᠶᠢᠨ ᠭᠡᠪ ᠵᠠᠬᠪᠤᠷ ᠢ ᠲᠦᠷᠬᠡᠳᠬᠡᠨ ᠪᠦᠷᠢᠯᠳᠦᠬᠦᠯᠵᠦ᠂ ᠬᠤᠳᠠ ᠶᠢᠨ ᠬᠠᠮᠢᠶᠠᠷᠤᠯᠳᠠ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号