ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠰᠣᠷᠪᠣᠯᠵᠢᠯᠠᠬᠤ ᠲᠥᠪ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠤᠨ ᠠᠭᠤᠯᠵᠠᠯᠲᠠ ᠶᠢᠨ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2017/6/20
 
     6 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ 9 ᠴᠠᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠰᠣᠷᠪᠣᠯᠵᠢᠯᠠᠬᠤ ᠲᠥᠪ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠤᠨ ᠠᠭᠤᠯᠵᠠᠯᠲᠠ ᠶᠢᠨ ᠬᠤᠷᠠᠯ ᠬᠥᠬᠡᠬᠤᠲᠠ ᠳᠤ ᠶᠠᠪᠤᠭᠳᠠᠪᠠ᠃      ᠎  ᠠᠭᠤᠯᠵᠠᠯᠲᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠤ ᠪᠠᠶᠢᠳᠠᠯ ᠪᠣᠯᠣᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠤ ᠳᠠᠷᠠᠭ᠎ᠠ᠂ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠤᠨ ᠰᠤᠷᠪᠤᠯᠵᠢᠯᠠᠭᠴᠢ  ᠥᠪᠡᠷᠲᠡᠭᠡᠨ ᠵᠠᠰᠠᠬᠤ ᠣᠷᠣᠨ ᠤ ᠡᠯ᠎ᠡ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠢ ᠰᠣᠷᠪᠣᠯᠵᠢᠯᠠᠵᠠᠢ᠃      ᠲᠤᠰ ᠤᠳᠠᠭᠠᠨ ᠤ ᠲᠥᠪ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠨᠢ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠥᠪ ᠤᠨ ᠲᠧᠯᠸᠢᠰ ᠬᠤᠷᠢᠶ᠎ᠠ ᠵᠡᠷᠭᠡ 13 ᠵᠢᠭᠤᠴᠢᠯᠠᠭᠤᠷ ᠤᠨ 52 ᠪᠦᠷᠢᠯᠳᠦᠬᠦᠨ ᠢᠶᠠᠷ ᠪᠦᠷᠢᠯᠳᠦᠵᠦ᠂ ᠵᠡᠭᠦᠨ ᠪᠠᠷᠠᠭᠤᠨ ᠬᠤᠶᠠᠷ ᠵᠠᠮ ᠢᠶᠠᠷ ᠥᠪᠥᠷ ᠮᠣᠩᠭᠤᠯ ᠤᠨ 12 ᠠᠶᠢᠮᠠᠭ ᠬᠤᠲᠠ ᠳᠤ 14 ᠡᠳᠦᠷ ᠤᠨ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠨ ᠰᠤᠷᠪᠣᠯᠵᠢᠯᠠᠭ᠎ᠠ ᠬᠢᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号