︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠰ ᠤᠨ ᠬᠥᠭᠵᠢᠯᠲᠡ ᠶᠢᠨ ︿13·5﹀ ᠎ ᠶᠢᠨ ᠲᠥᠯᠥᠪᠵᠢᠭᠦᠯᠭᠡ︾᠎ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2017/6/20
     ᠥᠨᠥᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠰ ᠤᠨ ᠬᠥᠭᠵᠢᠯᠲᠡ ᠶᠢᠨ ︿13·5﹀ ᠎ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃      2020 ᠣᠨ ᠪᠣᠯᠬᠤ ᠳᠤ᠂ ᠥᠪᠥᠷ ᠮᠣᠩᠭᠤᠯ ᠤᠨ ᠬᠤᠲᠠ ᠬᠥᠳᠡᠭᠡ ᠨᠡᠶᠢᠭᠡᠮ ᠲᠣᠭᠤᠷᠢᠭ ᠦᠨᠳᠦᠰᠦᠨ ᠱᠠᠲᠤᠨ ᠤ ᠨᠠᠰᠤᠲᠠᠶᠢᠴᠤᠳ ᠤᠨ ᠨᠡᠶᠢᠭᠡᠮᠯᠢᠭ ᠤᠨ ᠪᠦᠷᠬᠦᠴᠡ ᠶᠢᠨ ᠨᠤᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠵᠦ᠂ ᠨᠠᠰᠤᠲᠠᠶᠢᠴᠤᠳ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠳᠠᠩᠰᠠᠯᠠᠭᠤᠯᠤᠭᠰᠠᠨ ᠬᠥᠮᠦᠨ ᠤ ᠲᠤᠭ᠎ᠠ ᠶᠢᠨ ᠨᠠᠰᠤᠲᠠᠶᠢᠴᠤᠳ ᠤᠨ ᠬᠥᠮᠦᠨ ᠠᠮᠠ ᠶᠢᠨ ᠲᠣᠭᠠᠨ ᠳᠤ ᠡᠵᠡᠯᠡᠬᠦ ᠬᠠᠷᠢᠴᠠᠯ ᠢ 12%᠎ ᠲᠤ ᠬᠦᠷᠦᠭᠦᠯᠦᠨ᠎ᠡ᠃ ︽ᠲᠥᠯᠥᠪᠵᠢᠭᠦᠯᠭᠡ︾᠎ ᠳᠤ ᠲᠣᠳᠣᠷᠬᠠᠶ ᠳᠤᠷᠠᠳᠤᠭᠰᠠᠨ ᠨᠢ᠂ ᠥᠪᠥᠷ ᠮᠣᠩᠭᠤᠯ ᠬᠤᠶᠢᠰᠢᠳᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠨᠠᠰᠤᠵᠢᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠠᠵᠢᠯᠳᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 90%᠎ ᠳᠤ ᠬᠦᠷᠦᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95%᠎ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠡ᠃ ᠦᠢᠯᠡᠴᠢᠯᠡᠭᠡ ᠬᠠᠩᠭᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽13·5︾᠎ ᠶᠢᠨ ᠡᠴᠦᠰ ᠪᠣᠯᠬᠤ ᠳᠤ᠂ ᠮᠢᠩᠭᠠᠨ ᠨᠠᠰᠤᠲᠠᠨ ᠪᠦᠷᠢ ᠳᠤ ᠨᠠᠰᠤᠵᠢᠯ ᠤᠨ ᠠᠰᠠᠷᠠᠮᠵᠢ ᠶᠢᠨ 60 ᠣᠷᠣ ᠲᠠᠢ ᠪᠠᠶᠢᠬᠤ ᠶᠢ ᠪᠡᠶᠡᠯᠡᠭᠦᠯᠦᠨ᠎ᠡ᠃ ᠪᠠᠰᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽13·5︾᠎ ᠶᠢᠨ ᠲᠥᠯᠥᠪᠵᠢᠭᠦᠯᠭᠡ ᠶᠢᠨ ᠡᠴᠦᠰ ᠪᠣᠯᠬᠤ ᠳᠤ ᠥᠨᠳᠥᠷ ᠨᠠᠰᠤᠨ ᠤ ᠨᠡᠮᠡᠭᠦᠷᠢ ᠣᠯᠭᠤᠬᠤ ᠲᠦᠭᠡᠮᠡᠯ ᠬᠠᠷᠠᠭᠠᠯᠵᠠᠯ ᠢ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠤ ᠴᠢᠳᠠᠪᠤᠷᠢ ᠪᠠᠨ ᠠᠯᠳᠠᠭᠰᠠᠨ ᠨᠠᠰᠤᠲᠠᠨ ᠪᠣᠯᠤᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠲᠡᠶ ᠨᠠᠰᠤᠲᠠᠳ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠣᠯᠭᠤᠬᠤ ᠎ ᠶᠢ ᠨᠢ ᠵᠣᠷᠢᠭᠵᠢᠭᠤᠯᠤᠨ᠎ᠠ᠃ ᠮᠠᠨ ᠤ ᠣᠷᠣᠨ ᠤ ᠪᠣᠳᠠᠲᠤ ᠪᠠᠶᠢᠳᠠᠯ ᠠᠴᠠ ᠡᠭᠦᠰᠴᠦ᠂ ᠨᠠᠰᠤᠵᠢᠯ ᠤᠨ ᠦᠢᠯᠡᠰ ᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠵᠣᠬᠢᠴᠠᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠂ ᠵᠣᠬᠢᠴᠠᠩᠭᠤᠢ᠂ ᠦᠷᠭᠦᠯᠵᠢᠳᠠ ᠬᠥᠭᠵᠢᠭᠦᠯᠬᠦ ᠶᠢ ᠪᠡᠶᠡᠯᠡᠭᠦᠯᠦᠨ᠎ᠡ ᠭᠡᠵᠡᠢ᠃       ︽ᠲᠥᠯᠥᠪᠵᠢᠭᠦᠯᠭᠡ︾᠎ ᠳᠤ ᠱᠠᠭᠠᠷᠳᠠᠭᠰᠠᠨ ᠨᠢ᠂ ᠥᠪᠥᠷ ᠮᠣᠩᠭᠤᠯ ᠭᠡᠷ ᠲᠤᠨᠢ ᠨᠠᠰᠤᠲᠠᠨ ᠤ ᠠᠰᠠᠷᠠᠮᠵᠢ ᠬᠦᠷᠲᠡᠭᠡᠬᠦ ᠦᠢᠯᠡᠴᠢᠯᠡᠭᠡ ᠶᠢ ᠤᠯᠠᠮ ᠬᠥᠭᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠳᠦᠭᠡᠨ ᠪᠠᠶᠢᠭᠤᠯᠬᠤ ᠡᠷᠴᠢᠮ ᠢ ᠴᠢᠩᠭᠠᠷᠠᠭᠤᠯᠵᠤ᠂ 2020 ᠣᠨ ᠪᠣᠯᠬᠤ ᠳᠤ᠂ ᠬᠤᠲᠠ ᠬᠥᠳᠡᠭᠡ ᠶᠢ ᠬᠠᠮᠤᠷᠬᠠᠰᠠᠨ ᠨᠡᠶᠢᠭᠡᠮ ᠲᠣᠭᠤᠷᠢᠭ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠬᠤ ᠬᠡᠷᠡᠭᠲᠡᠢ᠃ ᠨᠠᠰᠤᠲᠠᠶᠢᠴᠤᠳ ᠤᠨ ᠨᠥᠬᠦᠷᠰᠡᠭ ᠬᠤᠳᠠ ᠪᠠ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠰᠠᠭᠠᠳ ᠬᠠᠷᠰᠢ ᠦᠭᠡᠢ ᠪᠦᠳᠦᠭᠡᠨ ᠪᠠᠶᠢᠭᠤᠯᠤᠯᠲᠠ ᠶᠢᠨ ᠬᠤᠳᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠡᠢᠲᠡᠯᠢᠭ ᠵᠢᠱᠢᠶ᠎ᠡ ᠦᠵᠡᠭᠦᠯᠬᠦ ᠠᠴᠢ ᠬᠤᠯᠪᠣᠭᠳᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠯᠢᠳᠡᠭ ᠨᠡᠶᠢᠭᠡᠮ ᠲᠣᠭᠤᠷᠢᠭ ᠢ 50 ᠪᠠᠶᠢᠭᠤᠯᠵᠤ᠂ 60%᠎ ᠠᠴᠠ ᠳᠡᠭᠡᠭᠰᠢᠬᠢ ᠬᠤᠳᠠ ᠶᠢᠨ ᠨᠡᠶᠢᠭᠡᠮ ᠲᠣᠭᠤᠷᠢᠭ ᠢ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠤᠨ ᠦᠨᠳᠦᠰᠦᠨ ᠨᠥᠬᠦᠴᠡᠯ ᠳᠤ ᠬᠦᠷᠦᠭᠦᠯᠵᠦ᠂ 40%᠎ ᠠᠴᠠ ᠳᠡᠭᠡᠭᠰᠢᠬᠢ ᠬᠥᠳᠡᠭᠡ ᠲᠣᠰᠬᠤᠨ ᠳᠤ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠤᠨ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠃ ᠠᠬᠠᠮᠠᠳ ᠺᠠᠳ᠋ᠷ ︵ᠨᠠᠰᠤᠲᠠᠶᠢᠴᠤᠳ︶᠎ ᠤᠨ ᠬᠦᠳᠡᠯᠭᠡᠭᠡᠨ ᠤ ᠲᠥᠪ ᠪᠠ ᠨᠠᠰᠤᠲᠠᠶᠢᠴᠤᠳ ᠤᠨ ᠶᠡᠭᠡ ᠰᠤᠷᠭᠠᠭᠤᠯᠢ ᠪᠠᠶᠢᠭᠤᠯᠬᠤ ᠶᠢ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠰᠣᠶᠣᠯ ᠤᠨ ᠦᠢᠯᠡᠰ ᠤᠨ ᠬᠥᠭᠵᠢᠭᠦᠯᠦᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠨᠠᠰᠤᠲᠠᠶᠢᠴᠤᠳ ᠤᠨ ᠰᠤᠷᠭᠠᠨ ᠬᠥᠮᠦᠵᠢᠯ ᠰᠣᠶᠣᠯ ᠤᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠠᠬᠢᠭᠤᠯᠵᠤ᠂ ᠨᠠᠰᠤᠲᠠᠶᠢᠴᠤᠳ ᠤᠨ ᠬᠥᠮᠦᠵᠢᠯ ᠳᠤ ᠣᠷᠣᠯᠴᠠᠬᠤ ᠨᠤᠷᠮ᠎ᠠ ᠶᠢ 20% ᠬᠦᠷᠦᠭᠦᠯᠬᠦ ᠬᠠᠷᠠᠯᠲᠠ ᠶᠢ ᠪᠡᠶᠡᠯᠡᠭᠦᠯᠦᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号