ᠥᠪᠥᠷ ᠵᠠᠰᠠᠭ ᠠᠯᠪᠠᠨ ᠲᠠᠷᠬᠠᠭᠠᠭᠰᠠᠨ ﹇2017﹈ 3 ᠳ᠋ᠤᠭᠠᠷ ᠲᠤᠭᠠᠳᠤ | 1 ᠳ᠋ᠤᠭᠡᠷ ᠰᠠᠷ᠎ᠠ ᠶᠢᠨ 3 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ ᠳᠤ᠄ | ︽︿ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ﹀ ᠤᠨ | ᠬᠡᠷᠡᠭᠵᠢᠬᠦᠯᠬᠦ ᠨᠠᠷᠢᠨ ᠲᠦᠷᠢᠮ ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠨᠨᠰᠠᠨ ﹇2016﹈ 80 ᠳ᠋ᠤᠭᠠᠷ ᠲᠤᠭᠠᠳᠤ᠂ | ᠲᠤᠷᠤᠨᠨᠰᠢ ︽ᠬᠡᠷᠡᠭᠵᠢᠬᠦᠯᠬᠦ ᠨᠠᠷᠢᠨ ᠲᠦᠷᠢᠮ︾ ᠬᠡᠵᠦ ᠲᠤᠪᠴᠢᠯᠠᠨ᠎ᠠ︶ ᠢ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ᠂ ᠡᠳᠦᠬᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ | ᠬᠠᠮᠳᠤ ᠲᠤᠤᠷᠠᠬᠢ ᠮᠡᠳᠦ ᠰᠠᠨᠠᠯ ᠢ ᠲᠤᠷᠠᠳᠪᠠ᠂ ᠬᠠᠮᠳᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃ | ᠨᠢᠬᠡ᠂ ᠭᠤᠤᠯ ᠴᠤᠨᠨᠴᠠ ᠶᠢᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠤᠨ᠎ᠠ | ᠵᠠᠰᠠᠭ ᠤᠨ ᠶᠠᠪᠤᠳᠠᠯ ᠢ ᠢᠯᠡ ᠪᠤᠯᠭᠠᠬᠤ ᠨᠢ ᠤᠯᠠᠨ ᠨᠡᠶᠢᠳᠡ ᠶᠢᠨ ᠪᠠᠶᠢᠳᠠᠯ ᠢ ᠮᠡᠳᠡᠬᠦ ᠡᠷᠬᠡ᠂ ᠤᠷᠤᠯᠴᠠᠬᠤ | ᠡᠷᠬᠡ᠂ ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠶᠢ ᠪᠠᠳᠤᠯᠠᠵᠦ᠂ ᠵᠠᠰᠠᠭ ᠤᠨ ᠤᠷᠳᠤᠨ ᠤ ᠤᠯᠠᠨ | ᠨᠡᠶᠢᠳᠡ ᠶᠢ ᠢᠳᠡᠬᠡᠬᠦᠯᠬᠦ ᠭᠦᠴᠦᠨ ᠪᠠ ᠬᠡᠷᠡᠭᠵᠢᠬᠦᠯᠬᠦ ᠭᠦᠴᠦᠨ ᠢ ᠴᠢᠩᠭᠠᠳᠬᠠᠨ᠂ ᠵᠠᠰᠠᠭ ᠤᠨ ᠤᠷᠳᠤᠨ ᠤ | ᠵᠠᠰᠠᠯᠳᠠ ᠶᠢᠨ ᠴᠢᠳᠠᠪᠤᠷᠢ ᠶᠢ ᠲᠡᠬᠡᠭᠰᠢᠯᠡᠬᠦᠯᠬᠦ ᠶᠢᠨ ᠲᠦᠷᠢᠮ ᠤᠨ ᠲᠤᠬᠢᠷᠠᠭᠤᠯᠤᠯᠳᠠ ᠪᠤᠯᠤᠨ᠎ᠠ᠃ ᠡᠯ᠎ᠡ ᠱᠠᠳᠤᠨ ᠤ | ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ ᠬᠠᠤᠯᠢ ᠲᠤᠨᠨᠳᠠᠭᠠᠯ ᠠᠴᠠ ᠡᠷᠬᠡ ᠤᠯᠭᠤᠵᠦ ᠪᠦᠭᠦᠢ ᠤᠯᠠᠨ | ᠨᠡᠶᠢᠳᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠬᠡ ᠴᠢᠳᠠᠪᠦᠷᠢᠲᠦ ᠵᠤᠬᠢᠶᠠᠨ ᠪᠠᠶᠢᠭᠤᠯᠤᠯᠳᠠ ᠨᠢ ᠢᠯᠡ | ᠪᠤᠯᠭᠠᠬᠤ ᠶᠢ ᠬᠡᠪ ᠤᠨ ᠪᠠᠶᠢᠳᠠᠯ᠂ ᠦᠯᠦ ᠢᠯᠡ ᠪᠤᠯᠭᠠᠬᠤ ᠶᠢ ᠠᠰ ᠲᠤᠨᠢ ᠦᠵᠡᠬᠦ ᠶᠢ ᠪᠠᠷᠢᠮᠳᠠᠯᠠᠵᠦ᠂ ᠲᠤᠰ | ᠨᠢᠬᠡᠴᠡ ᠶᠢᠨ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠭᠤᠤᠯ ᠴᠤᠨᠨᠴᠠ ᠶᠢᠨ ᠬᠠᠷᠢᠭᠤᠴᠠᠯᠭ᠎ᠠ ᠶᠢ | ᠵᠤᠬᠢᠶᠠᠨ ᠪᠠᠶᠢᠭᠤᠯᠤᠨ ᠠᠬᠢᠭᠤᠯᠬᠤ ᠶᠢ ᠬᠢᠨᠠᠮᠠᠭᠠᠢ ᠰᠠᠶᠢᠳᠤᠷ ᠬᠡᠷᠡᠭᠵᠢᠬᠦᠯᠦᠨ᠂ ᠡᠯ᠎ᠡ ᠵᠦᠢᠯ ᠤᠨ ᠠᠵᠢᠯ ᠤᠨ | ᠡᠭᠦᠷᠬᠡ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ︔ ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠠᠵᠢᠯᠯᠠᠬᠤ | ᠰᠠᠯᠠᠭ᠎ᠠ ᠮᠦᠴᠢᠷ ᠤᠨ ᠠᠯᠪᠠᠨ ᠬᠡᠷ ︵ᠲᠠᠰᠤᠭ︶ ᠨᠢ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨᠨᠰᠠᠨ ᠤ ᠬᠤᠪᠢ ᠳᠤ᠂ ᠲᠤᠨᠨᠳᠠᠴᠠ ᠶᠢ ᠤᠯᠠᠮ ᠨᠢᠬᠡ ᠠᠯᠬᠤᠮ | ᠰᠢᠯᠤᠭᠤᠳᠬᠠᠵᠦ᠂ ᠠᠵᠢᠯᠳᠠᠨ ᠢ ᠭᠦᠢᠴᠡᠳ ᠲᠤᠬᠢᠷᠠᠭᠤᠯᠵᠦ ᠰᠢᠯᠢᠳᠡᠭ ᠢ ᠨᠢ ᠲᠤᠬᠢᠷᠠᠭᠤᠯᠤᠨ᠂ ᠲᠤᠰ ᠭᠠᠵᠠᠷ | ᠤᠷᠤᠨ ᠲᠤᠰ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠵᠤᠬᠢᠶᠠᠨ ᠪᠠᠶᠢᠭᠤᠯᠵᠦ | ᠵᠤᠬᠢᠴᠠᠭᠤᠯᠬᠤ᠂ ᠵᠢᠭᠠᠨ ᠵᠢᠯᠤᠭᠤᠳᠴᠤ ᠠᠬᠢᠭᠤᠯᠬᠤ ᠪᠠ ᠬᠢᠨᠠᠯᠳᠠ ᠲᠠᠯᠪᠢᠵᠦ ᠪᠠᠶᠢᠴᠠᠭᠠᠬᠤ ᠶᠢ ᠦᠨᠡᠨᠬᠦ | ᠴᠢᠩᠭᠠᠳᠬᠠᠬᠤ ᠬᠡᠷᠡᠭᠳᠡᠢ︔ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠯᠠᠨ | ᠨᠡᠶᠢᠳᠡ ᠶᠢᠨ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠶᠢ ᠲᠦᠷᠦᠯ ᠬᠤᠪᠢᠶᠠᠵᠦ ᠵᠢᠭᠠᠨ ᠵᠢᠯᠤᠭᠤᠳᠬᠤ ᠪᠠᠨ | ᠴᠢᠩᠭᠠᠳᠬᠠᠵᠦ᠂ ᠤᠯᠠᠨ ᠨᠡᠶᠢᠳᠡ ᠶᠢᠨ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠬᠡᠷᠡᠭ ᠡᠷᠬᠢᠯᠡᠬᠦ ᠶᠢ | ᠢᠯᠡ ᠪᠤᠯᠭᠠᠬᠤ ᠡᠭᠦᠷᠬᠡ ᠬᠠᠷᠢᠭᠤᠴᠠᠯᠭ᠎ᠠ ᠪᠠᠨ ᠠᠬᠢᠭᠤᠯᠬᠤ ᠶᠢ ᠵᠤᠬᠢᠶᠠᠨ ᠪᠠᠶᠢᠭᠤᠯᠵᠦ ᠵᠤᠬᠢᠴᠠᠭᠤᠯᠬᠤ᠂ ᠬᠢᠨᠠᠯᠳᠠ | ᠲᠠᠯᠪᠢᠵᠦ ᠵᠢᠭᠠᠨ ᠵᠢᠯᠤᠭᠤᠳᠬᠤ ᠶᠢ ᠦᠨᠡᠨᠬᠦ ᠡᠭᠦᠷᠬᠡᠯᠡᠬᠦ ᠬᠡᠷᠡᠭᠳᠡᠢ᠃ ᠤᠯᠠᠨ ᠨᠡᠶᠢᠳᠡ ᠶᠢᠨ ᠠᠵᠦ ᠠᠬᠤᠶᠢᠯᠠᠯ ᠠᠵᠢᠯ | ᠦᠢᠯᠡᠰ ᠤᠨ ᠨᠢᠬᠡᠴᠡ ᠨᠢ ︽ᠬᠡᠷᠡᠭᠵᠢᠬᠦᠯᠬᠦ ᠨᠠᠷᠢᠨ ᠲᠦᠷᠢᠮ︾ ᠢᠶᠠᠷ ᠯᠠᠪᠯᠠᠯᠳᠠ ᠪᠤᠯᠭᠠᠨ ᠬᠡᠷᠡᠭᠵᠢᠬᠦᠯᠬᠦ | ᠬᠡᠷᠡᠭᠳᠡᠢ᠃ | ᠬᠤᠶᠠᠷ᠂ ᠠᠵᠢᠯ ᠤᠨ ᠲᠤᠨᠨᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠠ | ᠡᠯ᠎ᠡ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ ᠬᠠᠤᠯᠢ ᠲᠤᠨᠨᠳᠠᠭᠠᠯ ᠠᠴᠠ ᠡᠷᠬᠡ | ᠤᠯᠭᠤᠵᠦ ᠪᠦᠭᠦᠢ ᠤᠯᠠᠨ ᠨᠡᠶᠢᠳᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠬᠡ ᠴᠢᠳᠠᠪᠦᠷᠢᠲᠦ ᠵᠤᠬᠢᠶᠠᠨ | ᠪᠠᠶᠢᠭᠤᠯᠤᠯᠳᠠ ᠨᠢ ︽ᠬᠡᠷᠡᠭᠵᠢᠬᠦᠯᠬᠦ ᠨᠠᠷᠢᠨ ᠲᠦᠷᠢᠮ︾ ᠳᠤ ᠲᠤᠳᠤᠷᠬᠠᠶᠢᠯᠬᠠᠰᠠᠨ ᠪᠤᠳᠠᠳᠠᠢ ᠠᠵᠢᠯ ᠤᠨ | ᠱᠠᠭᠠᠷᠳᠠᠯᠭ᠎ᠠ ᠲᠠᠢ ᠬᠠᠷᠢᠴᠠᠭᠤᠯᠵᠦ᠂ ᠲᠤᠰ ᠨᠢᠬᠡᠴᠡ ᠶᠢᠨ ᠪᠢᠴᠢᠭ ᠮᠠᠲ᠋ᠧᠷᠢᠶᠠᠯ ᠪᠠᠭᠤᠯᠭᠠᠵᠦ ᠬᠤᠷᠠᠯ | ᠬᠤᠷᠠᠯᠳᠤᠭᠤᠯᠬᠤ ᠲᠠᠰ ᠲᠠᠷᠠᠭᠠᠯᠠᠯ ᠳᠠᠭᠠᠨ ︽ᠲᠠᠪᠤ ᠶᠢ ᠢᠯᠡ ᠪᠤᠯᠭᠠᠬᠤ︾ ᠠᠵᠢᠯ ᠤᠨ ᠲᠤᠨᠨᠳᠠᠴᠠ ᠶᠢ | ᠨᠠᠶᠢᠳᠠᠪᠤᠷᠢᠵᠢᠭᠤᠯᠬᠤ᠂ ᠢᠯᠡ ᠪᠤᠯᠭᠠᠬᠤ ᠠᠭᠤᠯᠭ᠎ᠠ ᠶᠢᠨ ᠪᠠᠶᠢᠳᠠᠯ ᠢ ᠲᠤᠬᠢᠷᠠᠭᠤᠯᠬᠤ ᠪᠠ ᠲᠤᠨᠨᠳᠠᠮᠠᠯ | ᠬᠤᠭᠤᠴᠠᠭ᠎ᠠ ᠲᠠᠢ ᠬᠢᠨᠠᠨ ᠪᠠᠶᠢᠴᠠᠭᠠᠬᠤ ᠲᠤᠨᠨᠳᠠᠴᠠ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ | ᠬᠢᠬᠡᠳ ᠲᠦᠷᠦ ᠶᠢᠨ ᠪᠤᠳᠤᠯᠭ᠎ᠠ ᠶᠢᠨ ᠤᠩᠰᠢᠨ ᠲᠠᠶᠢᠯᠪᠤᠷᠢᠯᠠᠯᠳᠠ ᠬᠢᠬᠦ ᠶᠢᠨ ᠵᠡᠷᠬᠡᠪᠡᠷ ᠵᠤᠬᠢᠶᠠᠨ ᠪᠠᠶᠢᠭᠤᠯᠤᠨ ᠬᠢᠨᠠᠵᠦ | ᠭᠠᠷ ᠤᠨ ᠦᠰᠦᠭ ᠵᠢᠷᠤᠵᠦ ᠪᠠᠶᠢᠷᠢᠯᠠᠭᠤᠯᠬᠤ ᠲᠤᠨᠨᠳᠠᠴᠠ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠬᠡᠨ ᠤ | ᠪᠠᠶᠢᠳᠠᠯ ᠢ ᠴᠤᠨᠨᠯᠠᠭᠤᠯᠵᠦ ᠰᠤᠳᠤᠯᠤᠨ ᠲᠠᠰᠤᠯᠵᠦ ᠬᠠᠷᠢᠭᠤ ᠦᠭᠭᠦ ᠲᠤᠨᠨᠳᠠᠴᠠ᠂ ᠵᠠᠰᠠᠭ ᠤᠨ ᠤᠷᠳᠤᠨ ᠤ | ᠰᠦᠯᠵᠢᠶᠡᠨ ᠦᠷᠳᠡᠭᠡ ᠶᠢᠨ ᠬᠠᠮᠢᠶᠠᠷᠤᠯᠳᠠ ᠵᠢᠴᠢ ᠰᠦᠯᠵᠢᠶᠡᠨ ᠦᠷᠳᠡᠭᠡ ᠶᠢᠨ ᠬᠤᠭᠤᠷᠤᠨᠳᠤ ᠪᠠᠨ ᠵᠤᠬᠢᠴᠠᠭᠤᠯᠵᠦ | ᠬᠤᠯᠪᠤᠭᠠᠯᠠᠨ ᠭᠦᠳᠡᠯᠦᠯᠴᠡᠬᠦ ᠲᠤᠨᠨᠳᠠᠴᠠ᠂ ᠤᠯᠠᠨ ᠨᠡᠶᠢᠳᠡ ᠶᠢᠨ ᠤᠷᠤᠯᠴᠠᠬᠤ ᠲᠤᠨᠨᠳᠠᠴᠠ ᠶᠢ ᠦᠷᠬᠡᠳᠬᠡᠬᠦ | ᠵᠡᠷᠬᠡ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠠ᠃ ᠠᠵᠢᠯ ᠤᠨ ᠲᠤᠨᠨᠳᠠᠴᠠ ᠶᠢᠨ ᠪᠠᠶᠢᠭᠤᠯᠤᠯᠳᠠ ᠶᠢ | ᠴᠢᠩᠭᠠᠳᠬᠠᠬᠤ ᠪᠠᠷ ᠭᠦᠴᠦᠯᠡᠴᠡ ᠪᠤᠯᠭᠠᠵᠦ᠂ ᠲᠤᠰ ᠨᠢᠬᠡᠴᠡ ᠶᠢᠨ ᠵᠠᠰᠠᠭ ᠤᠨ ᠶᠠᠪᠤᠳᠠᠯ ᠢ ᠢᠯᠡ ᠪᠤᠯᠭᠠᠬᠤ | ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ | ᠭᠤᠷᠪᠠ᠂ ᠰᠢᠯᠭᠠᠨ ᠦᠨᠡᠯᠡᠵᠦ ᠬᠠᠷᠢᠭᠤᠴᠠᠯᠭ᠎ᠠ ᠬᠡᠯᠡᠯᠴᠡᠬᠦ ᠶᠢ ᠤᠯᠠᠮ ᠨᠢᠬᠡ ᠠᠯᠬᠤᠮ ᠴᠢᠩᠭᠠᠳᠬᠠᠨ᠎ᠠ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ | ᠡᠳᠦᠷ ᠲᠤᠳᠤᠮ ᠤᠨ ᠬᠢᠨᠠᠯᠳᠠ ᠲᠠᠯᠪᠢᠯᠳᠠ ᠪᠠᠶᠢᠴᠠᠭᠠᠯᠳᠠ ᠶᠢ ᠴᠢᠩᠭᠠᠳᠬᠠᠬᠤ ᠶᠢ ᠠᠵᠢᠯ ᠤᠨ ᠠᠮᠵᠢᠯᠳᠠ | ᠪᠦᠳᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠤᠷᠤᠭᠤᠯᠤᠨ᠂ ᠡᠷᠬᠡ ᠶᠢᠨ ᠬᠠᠷᠢᠴᠠᠯ ᠢ 4 % ᠠᠴᠠ ᠲᠤᠤᠷ᠎ᠠ | ᠪᠠᠶᠢᠯᠭᠠᠵᠦ ᠪᠤᠯᠬᠤ ᠦᠬᠡᠢ᠃ ᠡᠯ᠎ᠡ ᠱᠠᠳᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ︵ᠬᠡᠷ︶ ᠨᠢ ᠰᠢᠨᠵᠢᠯᠡᠬᠦ | ᠤᠬᠠᠭᠠᠨᠴᠢ ᠵᠦᠢ ᠵᠤᠬᠢᠰᠳᠠᠢ ᠪᠤᠳᠠᠳᠠᠶᠢᠵᠢᠭᠤᠯᠤᠨ ᠦᠨᠡᠯᠡᠬᠦ ᠰᠢᠰᠲ᠋ᠤᠮᠵᠢ ᠶᠢ ᠰᠤᠳᠤᠯᠤᠨ ᠪᠠᠶᠢᠭᠤᠯᠵᠦ᠂ ᠭᠤᠷᠪᠠᠳᠠᠬᠢ | ᠡᠳᠡᠬᠡᠳ ᠠᠴᠠ ᠦᠨᠡᠯᠡᠬᠦ ᠪᠠ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠦᠷ᠎ᠡ ᠪᠦᠳᠦᠮᠵᠢ ᠶᠢ ᠦᠨᠡᠯᠡᠬᠦ ᠶᠢ ᠴᠢᠩᠭᠠᠳᠬᠠᠵᠦ᠂ ᠦᠨᠡᠯᠡᠯᠳᠡ ᠪᠠ | ᠪᠠᠶᠢᠴᠠᠭᠠᠯᠳᠠ ᠶᠢᠨ ᠦᠷ᠎ᠡ ᠳ᠋ᠦᠡᠭ ᠢ ᠰᠢᠯᠭᠠᠨ ᠬᠢᠨ᠋ᠬᠠᠰᠠᠨ ᠦᠷ᠎ᠡ ᠳ᠋ᠦᠡᠭ ᠳᠤ ᠤᠷᠤᠭᠤᠯᠬᠤ ᠬᠡᠷᠡᠭᠳᠡᠢ᠃ ᠵᠠᠰᠠᠭ ᠤᠨ | ᠶᠠᠪᠤᠳᠠᠯ ᠢ ᠢᠯᠡ ᠪᠤᠯᠭᠠᠬᠤ ᠶᠢᠨ ᠱᠠᠩᠨᠠᠵᠦ ᠲᠤᠷᠭᠤᠭᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ | ᠠᠵᠢᠯ ᠢᠶᠠᠨ ᠰᠠᠶᠢᠨ ᠨᠠᠶᠢᠳᠠᠪᠤᠷᠢᠵᠢᠭᠤᠯᠤᠨᠨᠰᠠᠨ ᠪᠠᠶᠢᠪᠠᠯ᠂ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠰᠠᠶᠢᠰᠢᠶᠠᠨ | ᠭᠦᠬᠢᠬᠦᠯᠵᠦ᠂ ᠠᠵᠢᠯ ᠢᠶᠠᠨ ᠪᠤᠳᠠᠳᠠᠢ ᠨᠠᠶᠢᠳᠠᠪᠤᠷᠢᠵᠢᠭᠤᠯᠤᠨᠨᠰᠠᠨ ᠦᠬᠡᠢ᠂ ᠵᠠᠰᠠᠭ ᠤᠨ ᠶᠠᠪᠤᠳᠠᠯ ᠢ ᠢᠯᠡ ᠪᠤᠯᠭᠠᠬᠤ | ᠬᠤᠯᠪᠤᠨᠨᠳᠠᠯ ᠪᠦᠭᠦᠢ ᠲᠤᠨᠨᠳᠠᠭᠠᠯ ᠠᠴᠠ ᠵᠦᠷᠢᠴᠡᠵᠦ᠂ ᠢᠯᠡ ᠪᠤᠯᠭᠠᠬᠤ ᠡᠭᠦᠷᠬᠡ ᠪᠠᠨ ᠭᠦᠢᠴᠡᠳᠬᠡᠭᠰᠡᠨ ᠦᠬᠡᠢ᠂ | ᠭᠦᠨᠳᠦ ᠨᠤᠴᠢᠳᠠᠢ ᠨᠦᠯᠦᠬᠡ ᠤᠴᠠᠷᠠᠭᠤᠯᠤᠨᠨᠰᠠᠨ ᠪᠠᠶᠢᠪᠠᠯ᠂ ᠰᠠᠬᠢᠯᠭ᠎ᠠ ᠪᠠᠳᠤ ᠬᠠᠤᠯᠢ ᠴᠠᠭᠠᠵᠠ ᠶᠤᠰᠤᠭᠠᠷ ᠬᠠᠮᠢᠶ᠎ᠠ | ᠪᠦᠭᠦᠢ ᠨᠢᠬᠡᠴᠡ ᠪᠠ ᠠᠵᠢᠯᠳᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠠ᠃ | | | ︽ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ | ᠲᠤᠬᠠᠢ ᠰᠠᠨᠠᠯ︾ ᠤᠨ ᠬᠡᠷᠡᠭᠵᠢᠬᠦᠯᠬᠦ ᠨᠠᠷᠢᠨ ᠲᠦᠷᠢᠮ ᠢ ᠲᠠᠷᠤᠮᠠᠯᠯᠠᠨ ᠶᠠᠪᠤᠭᠤᠯᠬᠤ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ | | ᠲᠦᠷᠦ ᠠᠯᠪᠠᠨ ᠲᠠᠷᠬᠠᠭᠠᠨᠨᠰᠠᠨ ﹇2016﹈ 80 ᠳ᠋ᠤᠭᠠᠷ ᠲᠤᠭᠠᠳᠤ | 11 ᠳ᠋ᠤᠭᠡᠷ ᠰᠠᠷ᠎ᠠ ᠶᠢᠨ 10 ᠤ ᠡᠳᠦᠷ | | | ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ︽︿ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ﹀ ᠤᠨ | ᠬᠡᠷᠡᠭᠵᠢᠬᠦᠯᠬᠦ ᠨᠠᠷᠢᠨ ᠲᠦᠷᠢᠮ︾ ᠢ ᠨᠢᠬᠡᠨᠳᠡ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠦᠬᠡᠳ᠂ | ᠡᠳᠦᠬᠡ ᠲᠠᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠳᠤᠭᠠᠢ᠃ | | | ︽ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ | ᠠᠬᠢᠭᠤᠯᠬᠤ ᠲᠤᠬᠠᠢ ᠰᠠᠨᠠᠯ︾ ᠤᠨ ᠬᠡᠷᠡᠭᠵᠢᠬᠦᠯᠬᠦ ᠨᠠᠷᠢᠨ ᠲᠦᠷᠢᠮ | | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ | ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠰᠶᠢᠳᠪᠦᠷᠢᠳᠦ ᠪᠤᠳᠤᠯᠭ᠎ᠠ ᠲᠤᠨᠨᠳᠠᠭᠠᠬᠤ᠂ ᠬᠡᠷᠡᠭᠵᠢᠬᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦ᠋ᠶᠢᠩ ᠢ ᠢᠯᠡ | ᠪᠤᠯᠭᠠᠬᠤ ︵ᠲᠤᠷᠤᠨᠨᠰᠢ ︽ᠲᠠᠪᠤ ᠶᠢ ᠢᠯᠡ ᠪᠤᠯᠭᠠᠬᠤ︾ ᠬᠡᠵᠦ ᠨᠢᠬᠡᠳᠬᠡᠨᠠ︶ ᠶᠢ ᠤᠯᠠᠮ ᠨᠢᠬᠡ ᠠᠯᠬᠤᠮ | ᠠᠬᠢᠭᠤᠯᠤᠨ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ᠂ ᠨᠡᠶᠢᠬᠡᠮ ᠤᠨ ᠠᠩᠬᠠᠷᠴᠤ ᠪᠦᠭᠦᠢ | ᠶᠠᠪᠤᠳᠠᠯ ᠳᠤ ᠬᠠᠷᠢᠭᠤ ᠦᠭᠭᠦ᠂ ᠢᠯᠡ ᠪᠤᠯᠭᠠᠬᠤ ᠲᠡᠪᠴᠡᠩ ᠤᠨ ᠪᠠᠶᠢᠭᠤᠯᠤᠯᠳᠠ ᠶᠢ ᠴᠢᠩᠭᠠᠳᠬᠠᠵᠦ᠂ ᠵᠠᠰᠠᠭ ᠢ | ᠴᠤᠮᠬᠠᠳᠬᠠᠨ ᠡᠷᠬᠡ ᠶᠢ ᠲᠤᠷᠤᠨᠨᠰᠢ ᠪᠠᠭᠤᠯᠭᠠᠬᠤ᠂ ᠪᠠᠭᠤᠯᠭᠠᠵᠦ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠬᠡᠨ ᠢ ᠰᠢᠯᠢᠳᠡᠭᠵᠢᠬᠦᠯᠬᠦ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠬᠤ ᠶᠢᠨ ᠲᠤᠰᠠᠳᠠ᠂ ᠲᠤᠰ | ᠬᠡᠷᠡᠭᠵᠢᠬᠦᠯᠬᠦ ᠨᠠᠷᠢᠨ ᠲᠦᠷᠢᠮ ᠢ ᠲᠤᠨᠨᠳᠠᠭᠠᠪᠠ᠃ | ᠨᠢᠬᠡ᠂ ︽ᠲᠠᠪᠤ ᠶᠢ ᠢᠯᠡ ᠪᠤᠯᠭᠠᠬᠤ︾ ᠶᠢ ᠭᠦᠴᠦᠯᠡᠨ ᠠᠬᠢᠭᠤᠯᠤᠨ᠎ᠠ | ︵ᠨᠢᠬᠡ︶ ︽ᠲᠠᠪᠤ ᠶᠢ ᠢᠯᠡ ᠪᠤᠯᠭᠠᠬᠤ︾ ᠱᠠᠭᠠᠷᠳᠠᠯᠭ᠎ᠠ ᠶᠢ ᠠᠯᠪᠠᠨ ᠪᠢᠴᠢᠭ ᠢ ᠭᠦᠢᠴᠡᠳᠬᠡᠬᠦ ᠲᠠᠰ | ᠲᠠᠷᠠᠭᠠᠯᠠᠯ ᠳᠤ ᠨᠠᠶᠢᠳᠠᠪᠤᠷᠢᠵᠢᠭᠤᠯᠬᠤ ᠬᠡᠷᠡᠭᠳᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠯᠪᠠᠨ ᠪᠢᠴᠢᠭ | ᠲᠤᠭᠤᠷᠪᠢᠬᠤ ᠦᠶᠡᠰ᠂ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ᠂ ᠭᠤᠶᠤᠴᠢᠯᠠᠯ ᠶᠤᠰᠤᠭᠠᠷ ᠢᠯᠡ ᠪᠤᠯᠭᠠᠬᠤ᠂ | ᠦᠯᠦ ᠢᠯᠡ ᠪᠤᠯᠭᠠᠬᠤ ᠵᠡᠷᠬᠡ ᠰᠢᠨᠵᠢ ᠴᠢᠨᠠᠷ ᠢ ᠲᠤᠳᠤᠷᠬᠠᠶᠢᠯᠠᠨ᠂ ᠠᠯᠪᠠᠨ ᠪᠢᠴᠢᠭ ᠯᠦᠭᠡ ᠵᠡᠷᠬᠡᠪᠡᠷ ᠮᠡᠳᠡᠬᠦᠯᠦᠨ | ᠵᠦᠪᠰᠢᠶᠡᠷᠡᠬᠦᠯᠵᠦ᠂ ᠦᠯᠦ ᠢᠯᠡ ᠪᠤᠯᠭᠠᠬᠤ ᠪᠠᠷ ᠪᠠᠶᠢᠪᠠᠯ᠂ ᠬᠠᠤᠯᠢ ᠴᠠᠭᠠᠵᠠ ᠬᠠᠤᠯᠢ ᠲᠤᠨᠨᠳᠠᠭᠠᠯ ᠶᠤᠰᠤᠭᠠᠷ | ᠰᠢᠯᠳᠠᠭᠠᠨ ᠢ ᠨᠢ ᠲᠤᠳᠤᠷᠬᠠᠶᠢᠯᠠᠬᠤ ᠬᠡᠷᠡᠭᠳᠡᠢ᠃ ᠦᠯᠦ ᠢᠯᠡ ᠪᠤᠯᠭᠠᠬᠤ ᠪᠠᠷ ᠪᠠᠶᠢᠭ᠎ᠠ ᠲᠦᠷᠦ ᠶᠢᠨ ᠪᠤᠳᠤᠯᠭ᠎ᠠ ᠶᠢᠨ | ᠴᠢᠨᠠᠷᠳᠠᠢ ᠪᠢᠴᠢᠭ ᠮᠠᠲ᠋ᠧᠷᠢᠶᠠᠯ ᠢ ᠮᠡᠳᠡᠬᠦᠯᠦᠨ ᠵᠦᠪᠰᠢᠶᠡᠷᠡᠭᠦᠯᠭᠦ ᠠᠴᠠ ᠡᠮᠤᠨ᠎ᠠ ᠤᠷᠢᠳᠠᠪᠡᠷ ᠲᠤᠰ ᠨᠢᠬᠡᠴᠡ ᠶᠢᠨ | ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠳᠤ ᠭᠦᠷᠬᠡᠵᠦ ᠬᠢᠨᠠᠨ ᠪᠠᠶᠢᠴᠠᠭᠠᠯᠭᠠᠬᠤ ᠬᠡᠷᠡᠭᠳᠡᠢ᠃ | ᠰᠠᠯᠠᠭ᠎ᠠ ᠮᠦᠴᠢᠷ ᠠᠴᠠ ᠵᠠᠰᠠᠭ ᠤᠨ ᠤᠷᠳᠤᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠢ | ᠤᠷᠤᠯᠠᠨ ᠲᠤᠭᠤᠷᠪᠢᠬᠤ ᠦᠶᠡᠰ᠂ ᠢᠯᠡ ᠪᠤᠯᠭᠠᠬᠤ ᠰᠢᠨᠵᠢ ᠴᠢᠨᠠᠷ ᠲᠤ ᠲᠤᠳᠤᠷᠬᠠᠢ ᠰᠠᠨᠠᠭᠤᠯᠭ᠎ᠠ ᠲᠤᠷᠠᠳᠬᠤ ᠶᠢᠨ | ᠬᠠᠮᠳᠤ ᠤᠴᠢᠷ ᠰᠢᠯᠳᠠᠭᠠᠨ ᠢ ᠲᠤᠳᠤᠷᠬᠠᠶᠢᠯᠠᠬᠤ ᠬᠡᠷᠡᠭᠳᠡᠢ︔ ᠰᠠᠯᠠᠭ᠎ᠠ ᠮᠦᠴᠢᠷ ᠤᠨ ᠲᠡᠬᠡᠭᠰᠢ ᠮᠡᠳᠡᠬᠦᠯᠦᠭᠰᠡᠨ | ᠠᠯᠪᠠᠨ ᠪᠢᠴᠢᠭ ᠪᠠᠭᠤᠯᠭᠠᠵᠦ ᠵᠢᠭᠠᠪᠤᠷᠢ ᠠᠪᠬᠤ ᠪᠢᠴᠢᠭ ᠲᠤ ᠢᠯᠡ ᠪᠤᠯᠭᠠᠬᠤ ᠰᠢᠨᠵᠢ ᠴᠢᠨᠠᠷ ᠤᠨ ᠲᠤᠬᠠᠢ | ᠲᠤᠳᠤᠷᠬᠠᠢ ᠰᠠᠨᠠᠭᠤᠯᠭ᠎ᠠ ᠦᠬᠡᠢ ᠪᠤᠶᠤ ᠬᠠᠤᠯᠢ ᠴᠠᠭᠠᠵᠠ ᠬᠠᠤᠯᠢ ᠲᠤᠨᠨᠳᠠᠭᠠᠯ ᠶᠤᠰᠤᠭᠠᠷ ᠦᠯᠦ ᠢᠯᠡ ᠪᠤᠯᠭᠠᠨᠨᠰᠠᠨ | ᠤᠴᠢᠷ ᠰᠢᠯᠳᠠᠭᠠᠨ ᠢᠶᠠᠨ ᠲᠤᠳᠤᠷᠬᠠᠶᠢᠯᠬᠠᠰᠠᠨ ᠦᠬᠡᠢ ᠪᠠᠶᠢᠪᠠᠯ᠂ ᠲᠤᠰ ᠱᠠᠳᠤᠨ ᠤ ᠵᠠᠰᠠᠭ ᠤᠨ ᠤᠷᠳᠤᠨ ᠤ ᠠᠯᠪᠠᠨ | ᠲᠢᠩᠬᠢᠮ ︵ᠬᠡᠷ︶ ᠨᠢ ᠲᠤᠨᠨᠳᠠᠭᠠᠯ ᠶᠤᠰᠤᠭᠠᠷ ᠠᠯᠪᠠᠨ ᠪᠢᠴᠢᠭ ᠢ ᠪᠤᠴᠠᠭᠠᠵᠦ ᠪᠤᠯᠤᠨ᠎ᠠ᠃ | ︵ᠬᠤᠶᠠᠷ︶ ︽ᠲᠠᠪᠤ ᠶᠢ ᠢᠯᠡ ᠪᠤᠯᠭᠠᠬᠤ︾ ᠱᠠᠭᠠᠷᠳᠠᠯᠭ᠎ᠠ ᠶᠢ ᠬᠤᠷᠠᠯ ᠳᠤ ᠭᠦᠢᠴᠡᠳᠬᠡᠬᠦ ᠲᠠᠰ | ᠲᠠᠷᠠᠭᠠᠯᠠᠯ ᠳᠤ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ 2017 | ᠤᠨ ᠤ ᠵᠢᠯ ᠤᠨ ᠰᠡᠬᠦᠯᠴᠢ ᠠᠴᠠ ᠡᠮᠤᠨ᠎ᠠ᠂ ᠠᠰᠢᠭ ᠲᠤᠰᠠ ᠶᠢᠨ ᠬᠠᠮᠢᠶ᠎ᠠ ᠪᠦᠭᠦᠢ ᠲᠠᠯ᠎ᠠ᠂ ᠤᠯᠠᠨ ᠨᠡᠶᠢᠳᠡ ᠶᠢᠨ | ᠲᠦᠯᠦᠬᠡᠯᠡᠭᠴᠢ᠂ ᠲᠤᠰᠬᠠᠢ ᠮᠡᠷᠬᠡᠵᠢᠯᠳᠡᠨ᠂ ᠵᠠᠭᠤᠴᠢᠯᠠᠭᠤᠷ ᠵᠡᠷᠬᠡ ᠶᠢᠨ ᠵᠠᠰᠠᠭ ᠤᠨ ᠤᠷᠳᠤᠨ ᠤ ᠬᠤᠯᠪᠤᠨᠨᠳᠠᠯ | ᠪᠦᠭᠦᠢ ᠬᠤᠷᠠᠯ ᠳᠤ ᠰᠤᠯᠠ ᠤᠷᠤᠯᠴᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠰᠶᠢᠳᠪᠦᠷᠢᠳᠦ ᠪᠤᠳᠤᠯᠭ᠎ᠠ ᠶᠢᠨ | ᠢᠯᠡ ᠪᠤᠯᠭᠠᠬᠤ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ ᠤᠷᠤᠨ ᠨᠤᠳᠤᠭ ᠤᠨ ᠵᠠᠰᠠᠭ ᠤᠨ ᠤᠷᠳᠤᠨ ᠤ | ᠪᠠᠶᠢᠩᠭᠤ ᠶᠢᠨ ᠬᠤᠷᠠᠯ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ ᠤᠨ ᠶᠠᠮᠤᠨ ᠤ ᠶᠠᠪᠤᠳᠠᠯ ᠤᠨ | ᠬᠤᠷᠠᠯ ᠠᠴᠠ ᠬᠢᠨᠠᠨ ᠵᠦᠪᠯᠡᠭᠰᠡᠨ ᠴᠢᠬᠤᠯᠠ ᠦᠬᠡᠷᠡᠴᠢᠯᠡᠯᠳᠡ ᠶᠢᠨ ᠲᠦᠰᠦᠯ ᠪᠠ ᠴᠢᠬᠤᠯᠠ ᠶᠡᠭᠡ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠡᠪᠰᠢᠬᠦᠯᠦᠨ ᠲᠤᠰᠢᠶᠠᠬᠤ ᠳᠠᠭᠠᠨ᠂ ᠬᠠᠤᠯᠢ ᠶᠤᠰᠤᠭᠠᠷ ᠨᠢᠭᠤᠴᠠ ᠶᠢ | ᠬᠠᠮᠠᠭᠠᠯᠠᠬᠤ ᠴᠢᠬᠤᠯᠠᠳᠠᠢ ᠠᠴᠠ ᠪᠤᠰᠤᠳ᠂ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠠᠴᠠ ᠡᠮᠤᠨ᠎ᠠ ᠨᠡᠶᠢᠬᠡᠮ | ᠨᠡᠶᠢᠳᠡ ᠳᠤ ᠰᠶᠢᠳᠪᠦᠷᠢᠳᠦ ᠪᠤᠳᠤᠯᠭ᠎ᠠ ᠶᠢᠨ ᠡᠬᠡ ᠨᠤᠤᠷᠠᠭ᠂ ᠰᠶᠢᠳᠪᠦᠷᠢᠳᠦ ᠪᠤᠳᠤᠯᠭ᠎ᠠ ᠲᠤᠨᠨᠳᠠᠭᠠᠨᠨᠰᠠᠨ ᠦᠨᠳᠦᠰᠦ | ᠪᠠᠷᠢᠮᠳᠠ ᠶᠢ ᠨᠡᠶᠢᠳᠡᠯᠡᠵᠦ᠂ ᠤᠯᠠᠨ ᠨᠡᠶᠢᠳᠡ ᠶᠢᠨ ᠰᠠᠨᠠᠯ ᠢ ᠦᠷᠬᠡᠨ ᠢᠶᠠᠷ ᠭᠦᠯᠢᠶᠡᠨ ᠠᠪᠴᠤ ᠰᠤᠨᠤᠰᠬᠤ ᠬᠡᠷᠡᠭᠳᠡᠢ᠃ | ᠤᠯᠠᠨ ᠨᠡᠶᠢᠳᠡ ᠶᠢᠨ ᠠᠰᠢᠭ ᠲᠤᠰᠠ ᠳᠤ ᠬᠤᠯᠪᠤᠨᠨᠳᠠᠬᠤ᠂ ᠨᠡᠶᠢᠬᠡᠮ ᠳᠤ ᠦᠷᠬᠡᠨ ᠢᠶᠠᠷ ᠮᠡᠳᠡᠷᠡᠬᠦᠯᠬᠦ ᠴᠢᠬᠤᠯᠠᠳᠠᠢ | ᠲᠧᠯᠸᠢᠰ ᠳ᠋ᠢᠶᠠᠩᠬᠤᠸᠠ ᠬᠤᠷᠠᠯ ᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠷᠠᠳᠢᠤ᠋ ᠲᠧᠯᠸᠢᠰ᠂ ᠲᠤᠤᠷ ᠰᠦᠯᠵᠢᠶ᠎ᠡ ᠪᠠ | ᠰᠢᠨ᠎ᠠ ᠵᠠᠭᠤᠴᠢᠯᠠᠭᠤᠷ ᠢᠶᠠᠷ ᠰᠢᠭᠤᠳ ᠨᠡᠪᠳᠡᠷᠡᠬᠦᠯᠬᠦ ᠵᠡᠷᠬᠡ ᠬᠡᠯᠪᠡᠷᠢ ᠮᠠᠶ᠋ᠢᠭ ᠢ ᠢᠳᠡᠪᠬᠢᠳᠡᠢ ᠪᠠᠷ ᠬᠡᠷᠡᠭᠯᠡᠵᠦ ᠨᠡᠶᠢᠬᠡᠮ | ᠨᠡᠶᠢᠳᠡ ᠳᠤ ᠢᠯᠡ ᠪᠤᠯᠭᠠᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠴᠢᠬᠤᠯᠠ ᠶᠡᠭᠡ ᠵᠦᠢᠯᠡᠰ ᠲᠤ | ᠬᠤᠯᠪᠤᠨᠨᠳ᠋ᠬᠠᠰᠠᠨ ᠬᠤᠷᠠᠯ ᠤᠨ ᠵᠦᠪᠯᠡᠬᠦ ᠰᠡᠳᠦᠪ ᠲᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ᠂ | ᠤᠷᠤᠨ ᠨᠤᠳᠤᠭ ᠤᠨ ᠡᠯ᠎ᠡ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠢᠯᠠᠩᠭᠤᠶ᠎ᠠ ᠬᠤᠳᠠ ᠰᠢᠶᠠᠨ ᠬᠤᠶᠠᠷ | ᠱᠠᠳᠤᠨ ᠤ ᠵᠠᠰᠠᠭ ᠤᠨ ᠤᠷᠳᠤᠨ ᠠᠴᠠ ᠬᠤᠷᠠᠯ ᠤᠨ ᠲᠦᠰᠦᠯ ᠢ ᠲᠤᠨᠨᠳᠠᠭᠠᠬᠤ ᠦᠶᠡᠰ᠂ ᠬᠤᠯᠪᠤᠨᠨᠳᠠᠯ ᠪᠦᠭᠦᠢ | ᠲᠠᠯ᠎ᠠ ᠶᠢᠨ ᠠᠵᠢᠯᠳᠠᠨ ᠢ ᠤᠷᠢᠵᠦ ᠬᠤᠷᠠᠯ ᠳᠤ ᠰᠤᠯᠠ ᠤᠷᠤᠯᠴᠠᠭᠤᠯᠬᠤ ᠡᠰᠡᠬᠦ᠂ ᠢᠯᠡ ᠪᠤᠯᠭᠠᠬᠤ ᠡᠰᠡᠬᠦ ᠵᠢᠴᠢ | ᠢᠯᠡ ᠪᠤᠯᠭᠠᠬᠤ ᠠᠷᠭ᠎ᠠ ᠮᠠᠶ᠋ᠢᠭ ᠤᠨ ᠰᠠᠨᠠᠯ ᠢ ᠲᠤᠷᠠᠳᠴᠤ᠂ ᠬᠤᠷᠠᠯ ᠤᠨ ᠲᠦᠰᠦᠯ ᠲᠠᠢ ᠵᠡᠷᠬᠡᠪᠡᠷ ᠮᠡᠳᠡᠬᠦᠯᠦᠨ | ᠵᠦᠪᠰᠢᠶᠡᠷᠡᠬᠦᠯᠬᠦ ᠬᠡᠷᠡᠭᠳᠡᠢ︔ ᠡᠭᠦᠨ ᠠᠴᠠ ᠤᠷᠢᠳ ᠨᠢᠬᠡᠨᠳᠡ ᠢᠯᠡ ᠪᠠᠷ ᠰᠠᠨᠠᠯ ᠬᠤᠷᠢᠶᠬᠠᠰᠠᠨ ᠪᠠᠶᠢᠪᠠᠯ᠂ ᠰᠠᠨᠠᠯ | ᠬᠤᠷᠢᠶᠬᠠᠰᠠᠨ ᠪᠠ ᠬᠡᠷᠡᠭᠯᠡᠭᠰᠡᠨ ᠪᠠᠶᠢᠳᠠᠯ ᠤᠨ ᠲᠤᠳᠤᠷᠬᠠᠶᠢᠯᠠᠯᠳᠠ ᠶᠢ ᠬᠠᠮᠳᠤ ᠳᠤᠨᠢ ᠲᠠᠭᠠᠯᠳᠤᠭᠤᠯᠬᠤ ᠬᠡᠷᠡᠭᠳᠡᠢ᠃ | ︵ᠭᠤᠷᠪᠠ︶ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠭᠠᠷᠴᠬᠠᠯᠠᠯ ᠢ ᠪᠠᠶᠢᠭᠤᠯᠤᠨ ᠪᠦᠷᠢᠨᠰᠢᠬᠦᠯᠬᠦ | ᠬᠡᠷᠡᠭᠳᠡᠢ᠃ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠭᠠᠷᠴᠬᠠᠯᠠᠯ ᠤᠨ ᠰᠢᠰᠲ᠋ᠧᠮᠵᠢ ᠶᠢᠨ ᠪᠠᠶᠢᠭᠤᠯᠤᠯᠳᠠ ᠶᠢ | ᠠᠬᠢᠭᠤᠯᠤᠨ᠂ ᠢᠯᠡ ᠪᠤᠯᠭᠠᠬᠤ ᠶᠢ ᠬᠡᠪ ᠤᠨ ᠪᠠᠶᠢᠳᠠᠯ᠂ ᠦᠯᠦ ᠢᠯᠡ ᠪᠤᠯᠭᠠᠬᠤ ᠶᠢ ᠠᠰ ᠲᠤᠨᠢ ᠦᠵᠡᠬᠦ ᠶᠢ | ᠪᠠᠷᠢᠮᠳᠠᠯᠠᠵᠦ᠂ ᠡᠯ᠎ᠡ ᠭᠦᠷᠢᠶ᠎ᠡ ᠴᠠᠷᠠᠭ᠎ᠠ ᠶᠢᠨ ︽ᠲᠠᠪᠤ ᠶᠢ ᠢᠯᠡ ᠪᠤᠯᠭᠠᠬᠤ︾ ᠶᠢᠨ ᠭᠤᠤᠯ ᠴᠤᠨᠨᠴᠠ᠂ ᠠᠭᠤᠯᠭ᠎ᠠ᠂ | ᠴᠠᠭ ᠤᠨ ᠬᠢᠵᠠᠭᠠᠷ᠂ ᠠᠷᠭ᠎ᠠ ᠮᠠᠶ᠋ᠢᠭ ᠵᠡᠷᠬᠡ ᠶᠢ ᠤᠯᠠᠮ ᠨᠢᠬᠡ ᠠᠯᠬᠤᠮ ᠲᠤᠳᠤᠷᠬᠠᠶᠢᠯᠠᠨ᠎ᠠ᠃ 2017 ᠤᠨ ᠤ | ᠵᠢᠯ ᠤᠨ ᠰᠡᠭᠦᠯᠴᠢ ᠠᠴᠠ ᠡᠮᠤᠨ᠎ᠠ᠂ ᠭᠦᠭᠵᠢᠬᠦᠯᠦᠯᠳᠡ ᠦᠬᠡᠷᠡᠴᠢᠯᠡᠯᠳᠡ᠂ ᠰᠤᠷᠭᠠᠨ ᠭᠦᠮᠦᠵᠢᠯ᠂ ᠠᠵᠦ | ᠦᠢᠯᠡᠳᠪᠦᠷᠢ ᠪᠠ ᠮᠡᠳᠡᠭᠡ ᠵᠠᠩᠬᠢᠵᠢᠯᠳᠠ᠂ ᠲᠤᠳᠤᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠳ᠋ ᠤᠨ ᠵᠠᠰᠠᠭ | ᠂ ᠭᠦᠮᠦᠨ ᠤ ᠭᠦᠴᠦᠨ ᠤ ᠡᠬᠡ ᠪᠠᠶᠠᠯᠢᠭ ᠨᠡᠶᠢᠬᠡᠮ ᠤᠨ ᠪᠠᠳᠤᠯᠠᠭ᠎ᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ | ᠵᠠᠮ ᠬᠠᠷᠢᠯᠴᠠᠭ᠎ᠠ ᠲᠡᠬᠡᠬᠡᠪᠦᠷᠢ᠂ ᠤᠷᠴᠢᠨ ᠲᠤᠭᠤᠷᠢᠨ ᠤ ᠬᠠᠮᠠᠭᠠᠯᠠᠯᠳᠠ᠂ ᠤᠷᠤᠨ ᠰᠠᠭᠤᠴᠠ ᠪᠠ ᠬᠤᠳᠠ | ᠭᠦᠳᠡᠭᠡ ᠶᠢᠨ ᠪᠦᠳᠦᠬᠡᠨ ᠪᠠᠶᠢᠭᠤᠯᠤᠯᠳᠠ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ᠂ ᠪᠤᠭᠤᠮᠳᠠ᠂ ᠭᠠᠶᠢᠯᠢ ᠶᠢᠨ ᠶᠠᠪᠤᠳᠠᠯ᠂ ᠠᠵᠦ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ | ᠮᠡᠷᠬᠡᠵᠢᠯ ᠤᠨ ᠬᠢᠨᠠᠯᠳᠠ ᠲᠠᠯᠪᠢᠬᠤ᠂ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ᠂ ᠢᠳᠡᠬᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠳᠠ᠂ ᠦᠨᠡᠳᠦ ᠲᠡᠮᠳᠡᠭᠳᠦ ᠶᠢᠨ ᠬᠢᠨᠠᠯᠳᠠ ᠬᠠᠮᠢᠶᠠᠷᠤᠯᠳᠠ᠂ ᠶᠠᠳᠠᠭᠤ ᠶᠢ ᠲᠡᠳᠬᠦᠬᠦ | ᠵᠡᠷᠬᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠲᠤᠰ | ᠰᠢᠰᠲ᠋ᠧᠮ ᠤᠨ ᠢᠯᠡ ᠪᠤᠯᠭᠠᠬᠤ ᠵᠤᠬᠢᠰᠳᠠᠢ ᠠᠭᠤᠯᠭ᠎ᠠ ᠶᠢ ᠡᠮᠬᠢᠯᠡᠭᠰᠡᠨ ᠰᠠᠭᠤᠷᠢᠨ ᠲᠡᠬᠡᠷ᠎ᠡ᠂ ᠲᠤᠰ ᠰᠠᠯᠠᠭ᠎ᠠ ᠮᠦᠴᠢᠷ | ᠲᠤᠰ ᠰᠢᠰᠲ᠋ᠧᠮ ᠤᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠦᠨᠳᠦᠰᠦᠨ ᠭᠠᠷᠴᠬᠠᠯᠠᠯ ᠢ ᠲᠤᠨᠨᠳᠠᠭᠠᠬᠤ | ᠬᠡᠷᠡᠭᠳᠡᠢ︔ 2018 ᠤᠨ ᠤ ᠵᠢᠯ ᠤᠨ ᠰᠡᠭᠦᠯᠴᠢ ᠠᠴᠠ ᠡᠮᠤᠨ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ | ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠲᠤᠰ ᠰᠢᠰᠲ᠋ᠧᠮ ᠤᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠦᠨᠳᠦᠰᠦᠨ ᠭᠠᠷᠴᠬᠠᠯᠠᠯ ᠤᠨ ᠤᠷᠤᠨ ᠲᠤᠭᠠᠨ ᠤ ᠠᠵᠢᠯ ᠢ ᠪᠦᠭᠦ ᠲᠠᠯ᠎ᠠ ᠪᠠᠷ ᠪᠡᠶᠡᠯᠡᠬᠦᠯᠬᠦ ᠶᠢᠨ ᠬᠠᠮᠳᠤ | ᠪᠠᠶᠢᠳᠠᠯ ᠢᠶᠠᠨ ᠰᠢᠨᠡᠳᠬᠡᠵᠦ᠂ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠶᠢᠨ ᠪᠠᠷᠢᠮᠵᠢᠶᠠᠵᠢᠭᠤᠯᠬᠤ ᠵᠢᠷᠤᠮᠵᠢᠭᠤᠯᠬᠤ | ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ | ︵ᠲᠦᠷᠪᠡ︶ ᠢᠯᠡ ᠪᠤᠯᠭᠠᠬᠤ ᠠᠭᠤᠯᠭ᠎ᠠ ᠶᠢ ᠭᠦᠳᠡᠯᠦᠩᠭᠦᠢ ᠪᠠᠷ ᠦᠷᠬᠡᠳᠬᠡᠬᠦ ᠪᠠ ᠲᠤᠨᠨᠳᠠᠮᠠᠯ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠵᠢᠯ | ᠪᠦᠷᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠶᠠᠪᠤᠳᠠᠯ ᠢ ᠢᠯᠡ ᠪᠤᠯᠭᠠᠬᠤ | ᠠᠵᠢᠯ ᠤᠨ ᠰᠢᠨ᠎ᠠ ᠱᠠᠭᠠᠷᠳᠠᠯᠭ᠎ᠠ ᠵᠢᠴᠢ ᠤᠯᠠᠨ ᠨᠡᠶᠢᠳᠡ ᠶᠢᠨ ᠠᠩᠬᠠᠷᠴᠤ ᠪᠦᠭᠦᠢ ᠶᠠᠪᠤᠳᠠᠯ ᠢ ᠦᠨᠳᠦᠰᠦᠯᠡᠵᠦ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠤᠨ ᠤ ᠠᠵᠢᠯ ᠤᠨ ᠭᠤᠤᠯᠳᠠᠯᠭ᠎ᠠ ᠶᠢ ᠲᠤᠳᠤᠷᠬᠠᠶᠢᠯᠠᠨ᠂ ᠢᠯᠡ ᠪᠤᠯᠭᠠᠬᠤ | ᠡᠷᠴᠢᠮ ᠪᠠ ᠠᠶᠢᠵᠠᠮ ᠢ ᠰᠠᠶᠢᠳᠤᠷ ᠡᠵᠡᠮᠰᠢᠵᠦ᠂ ︽ᠲᠠᠪᠤ ᠶᠢ ᠢᠯᠡ ᠪᠤᠯᠭᠠᠬᠤ︾ ᠶᠢᠨ ᠬᠡᠪᠴᠢᠶ᠎ᠡ ᠶᠢ ᠯᠠᠪᠳᠠᠭᠤᠨ | ᠡᠮᠬᠢ ᠴᠡᠭᠴᠡ ᠲᠠᠢ ᠪᠠᠷ ᠦᠷᠬᠡᠳᠬᠡᠨ᠂ ᠢᠯᠡ ᠪᠤᠯᠭᠠᠬᠤ ᠠᠭᠤᠯᠭ᠎ᠠ ᠶᠢ ᠨᠠᠷᠢᠯᠢᠨᠨᠵᠢᠭᠤᠯᠬᠤ ᠬᠡᠷᠡᠭᠳᠡᠢ᠃ ᠡᠯ᠎ᠡ | ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠲᠠᠪᠤ ᠶᠢ ᠢᠯᠡ ᠪᠤᠯᠭᠠᠬᠤ︾ ᠶᠢᠨ ᠱᠠᠭᠠᠷᠳᠠᠯᠭ᠎ᠠ ᠲᠠᠢ | ᠬᠠᠷᠢᠴᠠᠭᠤᠯᠵᠦ᠂ ᠵᠢᠯ ᠪᠦᠷᠢ ᠲᠤᠰ ᠪᠠᠶᠢᠭᠤᠯᠭ᠎ᠠ ᠶᠢᠨ ᠢᠯᠡ ᠪᠤᠯᠭᠠᠬᠤ ᠦᠬᠡᠢ ᠮᠡᠳᠡᠭᠡ ᠵᠠᠩᠬᠢ ᠵᠢᠴᠢ ᠭᠤᠶᠤᠴᠢᠯᠠᠯ | ᠶᠤᠰᠤᠭᠠᠷ ᠢᠯᠡ ᠪᠤᠯᠭᠠᠬᠤ ᠨᠡᠯᠢᠶᠡᠳ ᠲᠦᠪᠯᠡᠷᠡᠭᠰᠡᠨ ᠮᠡᠳᠡᠭᠡ ᠵᠠᠩᠬᠢ ᠳᠤ ᠪᠦᠭᠦ ᠲᠠᠯ᠎ᠠ ᠪᠠᠷ ᠦᠪᠡᠰᠦᠪᠠᠨ | ᠪᠠᠶᠢᠴᠠᠭᠠᠯᠳᠠ ᠬᠢᠵᠦ᠂ ᠢᠯᠡ ᠪᠤᠯᠭᠠᠬᠤ ᠶᠤᠰᠤᠳᠠᠢ ᠠᠳᠠᠯ᠎ᠠ ᠦᠯᠦ ᠢᠯᠡ ᠪᠤᠯᠭᠠᠨᠨᠰᠠᠨ ᠮᠡᠳᠡᠭᠡ ᠵᠠᠩᠬᠢ ᠶᠢ | ᠢᠯᠡᠷᠡᠭᠦᠯᠪᠡᠯ ᠢᠯᠡ ᠪᠤᠯᠭᠠᠵᠦ᠂ ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠦ ᠪᠤᠯᠬᠤ ᠶᠢ ᠨᠢ | ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠦ᠂ ᠦᠪᠡᠰᠦᠪᠠᠨ ᠪᠠᠶᠢᠴᠠᠭᠠᠯᠳᠠ ᠬᠢᠵᠦ ᠴᠡᠭᠴᠡᠯᠡᠨ ᠦᠬᠡᠷᠡᠴᠢᠯᠡᠭᠰᠡᠨ | ᠪᠠᠶᠢᠳᠠᠯ ᠢᠶᠠᠨ ᠴᠠᠭ ᠲᠤᠬᠠᠢ ᠳᠤᠨᠢ ᠲᠤᠰ ᠱᠠᠳᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ︵ᠬᠡᠷ︶ ᠲᠤ | ᠮᠡᠳᠡᠬᠦᠯᠦᠨ ᠭᠦᠷᠬᠡᠬᠦ ᠬᠡᠷᠡᠭᠳᠡᠢ᠃ ᠡᠯ᠎ᠡ ᠱᠠᠳᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ︵ᠬᠡᠷ︶ ᠨᠢ | ᠲᠤᠨᠨᠳᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠦ᠂ ᠢᠯᠡ ᠪᠤᠯᠭᠠᠬᠤ ᠶᠤᠰᠤᠳᠠᠢ ᠠᠳᠠᠯ᠎ᠠ ᠦᠯᠦ ᠢᠯᠡ | ᠪᠤᠯᠭᠠᠨᠨᠰᠠᠨ ᠵᠡᠷᠬᠡ ᠠᠰᠠᠭᠤᠳᠠᠯ ᠢ ᠢᠯᠡᠷᠡᠬᠦᠯᠪᠡᠯ ᠴᠠᠭ ᠲᠤᠬᠠᠢ ᠳᠤᠨᠢ ᠰᠢᠮᠳᠠᠭᠤᠯᠵᠦ ᠴᠡᠭᠴᠡᠯᠡᠨ ᠦᠬᠡᠷᠡᠴᠢᠯᠡᠬᠦ | ᠬᠡᠷᠡᠭᠳᠡᠢ᠃ ᠢᠯᠡ ᠪᠤᠯᠭᠠᠬᠤ ᠠᠴᠠ ᠡᠮᠤᠨ᠎ᠠ ᠨᠢᠭᠤᠴᠠ ᠶᠢ ᠬᠠᠮᠠᠭᠠᠯᠠᠵᠦ ᠬᠢᠨᠠᠨ ᠪᠠᠶᠢᠴᠠᠭᠠᠬᠤ ᠲᠤᠨᠨᠳᠠᠴᠠ ᠶᠢ ᠴᠢᠩᠭ᠎ᠠ | ᠨᠠᠶᠢᠳᠠᠪᠤᠷᠢᠵᠢᠭᠤᠯᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠪᠠ ᠤᠯᠤᠰ ᠤᠨ ᠨᠢᠭᠤᠴᠠ ᠶᠢ ᠬᠠᠮᠠᠭᠠᠯᠠᠬᠤ ᠶᠢᠨ | ᠬᠠᠷᠢᠴᠠᠭ᠎ᠠ ᠶᠢ ᠲᠤᠬᠢᠳᠠᠢ ᠰᠶᠢᠳᠪᠦᠷᠢᠯᠡᠬᠦ ᠬᠡᠷᠡᠭᠳᠡᠢ᠃ | ︵ᠲᠠᠪᠤ︶ ᠦᠨᠳᠦᠰᠦᠨ ᠱᠠᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠠᠷᠢᠮᠵᠢᠶᠠᠵᠢᠭᠤᠯᠬᠤ ᠪᠠ | ᠵᠢᠷᠤᠮᠵᠢᠭᠤᠯᠬᠤ ᠶᠢ ᠠᠬᠢᠭᠤᠯᠬᠤ ᠬᠡᠷᠡᠭᠳᠡᠢ᠃ ᠪᠦᠭᠦ ᠤᠯᠤᠰ ᠲᠤ 100 ᠰᠢᠶᠠᠨ ︵ᠬᠤᠳᠠ᠂ ᠲᠤᠭᠤᠷᠢᠭ︶ ᠢ | ᠰᠤᠩᠭᠤᠨ ᠲᠤᠷᠰᠢᠯᠳᠠ ᠶᠢᠨ ᠨᠢᠬᠡᠴᠡ ᠪᠤᠯᠭᠠᠵᠦ᠂ ᠭᠤᠤᠯᠳᠠᠭᠤ ᠦᠨᠳᠦᠰᠦᠨ ᠱᠠᠳᠤᠨ ᠤ ᠭᠠᠵᠠᠷ ᠰᠢᠷᠤᠢ ᠶᠢ | ᠠᠰᠢᠨᠨᠯᠠᠬᠤ ᠶᠡᠷᠦᠩᠬᠡᠢ ᠲᠦᠯᠦᠪᠵᠢᠬᠦᠯᠬᠡ᠂ ᠭᠠᠶᠢᠯᠢ ᠶᠢᠨ ᠵᠠᠷᠤᠳᠠᠯ ᠬᠤᠷᠢᠶᠠᠬᠤ᠂ ᠭᠠᠵᠠᠷ ᠰᠢᠷᠦᠢ ᠲᠠᠳᠠᠪᠤᠷᠢᠯᠠᠵᠦ | ᠨᠦᠭᠦᠪᠦᠷᠢ ᠦᠭᠭᠦ᠂ ᠨᠡᠬᠦᠯᠬᠡᠨ ᠨᠤᠷᠠᠭᠠᠵᠦ ᠲᠦᠪᠬᠢᠨᠡᠬᠦᠯᠬᠦ᠂ ᠤᠷᠴᠢᠨ ᠲᠤᠭᠤᠷᠢᠨ ᠢ ᠵᠠᠰᠠᠬᠤ᠂ ᠤᠯᠠᠨ ᠨᠡᠶᠢᠳᠡ ᠶᠢᠨ | ᠠᠵᠢᠯ ᠦᠢᠯᠡᠰ ᠲᠤ ᠪᠡᠯᠡ ᠤᠷᠤᠭᠤᠯᠬᠤ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ᠂ ᠶᠠᠳᠠᠭᠤ ᠶᠢ | ᠲᠡᠳᠬᠦᠨ ᠭᠠᠮᠰᠢᠭ ᠠᠴᠠ ᠠᠪᠤᠷᠠᠬᠤ ᠵᠡᠷᠬᠡ ᠤᠯᠠᠨ ᠲᠦᠮᠡᠨ ᠤ ᠠᠩᠬᠠᠷᠴᠤ ᠪᠦᠭᠦᠢ ᠮᠡᠳᠡᠭᠡ ᠵᠠᠩᠬᠢ ᠵᠢᠴᠢ | ᠭᠦᠳᠡᠯᠮᠦᠷᠢ ᠠᠵᠢᠯ ᠤᠯᠭᠤᠯᠳᠠ᠂ ᠨᠡᠶᠢᠬᠡᠮ ᠤᠨ ᠲᠠᠭᠠᠳᠬᠠᠯ᠂ ᠨᠡᠶᠢᠬᠡᠮ ᠤᠨ ᠠᠪᠤᠷᠠᠨ ᠲᠤᠰᠠᠯᠠᠯᠳᠠ᠂ ᠨᠡᠶᠢᠬᠡᠮ ᠤᠨ | ᠠᠰᠠᠷᠠᠮᠵᠢ᠂ ᠡᠷᠦᠬᠡ ᠠᠮᠠ ᠶᠢᠨ ᠬᠠᠮᠢᠶᠠᠷᠤᠯᠳᠠ᠂ ᠬᠡᠷ ᠪᠠᠷᠢᠬᠤ ᠭᠠᠵᠠᠷ ᠢ ᠬᠢᠨᠠᠵᠦ ᠵᠦᠪᠰᠢᠶᠡᠷᠡᠬᠦ᠂ ᠲᠠᠷᠢᠶᠠᠯᠠᠩ ᠳᠤ | ᠬᠤᠯᠪᠤᠨᠨᠳᠠᠬᠤ ᠨᠦᠭᠦᠪᠦᠷᠢ᠂ ᠡᠮᠴᠢᠯᠡᠭᠡ ᠡᠷᠡᠬᠦᠯ ᠬᠠᠮᠠᠭᠠᠯᠠᠯ ᠵᠡᠷᠬᠡ ᠲᠠᠯ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠤᠨ ᠲᠤᠭᠤᠷᠢᠨ ᠳᠤ ︽ᠲᠠᠪᠤ ᠶᠢ ᠢᠯᠡ ᠪᠤᠯᠭᠠᠬᠤ︾ ᠶᠢ ᠪᠠᠷᠢᠮᠵᠢᠶᠠᠵᠢᠭᠤᠯᠬᠤ ᠪᠠ | ᠵᠢᠷᠤᠮᠵᠢᠭᠤᠯᠬᠤ ᠲᠤᠷᠰᠢᠯᠳᠠ ᠶᠢᠨ ᠠᠵᠢᠯ ᠢ ᠦᠷᠨᠢᠬᠦᠯᠵᠦ᠂ ᠦᠨᠳᠦᠰᠦᠨ ᠱᠠᠳᠤᠨ ᠤ ᠤᠨᠴᠠᠯᠢᠭ ᠲᠤ ᠲᠤᠬᠢᠷᠠᠬᠤ | ᠢᠯᠡ ᠪᠤᠯᠭᠠᠬᠤ ᠠᠷᠭ᠎ᠠ ᠮᠠᠶ᠋ᠢᠭ ᠢ ᠰᠦᠪᠡᠭᠴᠢᠯᠡᠨ᠂ ᠬᠤᠶᠠᠷ ᠵᠢᠯ ᠤᠨ ᠴᠠᠭ ᠬᠤᠭᠤᠴᠠᠭ᠎ᠠ ᠵᠠᠷᠤᠴᠠᠭᠤᠯᠵᠦ ᠪᠠᠶᠢᠭᠠᠳ | ᠰᠢᠶᠠᠨ ᠰᠢᠶᠠᠩ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠠᠷᠢᠮᠵᠢᠶᠠᠵᠢᠭᠤᠯᠬᠤ ᠪᠠ | ᠵᠢᠷᠤᠮᠵᠢᠭᠤᠯᠵᠦ᠂ ᠲᠡᠯᠬᠡᠷᠡᠭᠦᠯᠵᠦ ᠪᠤᠯᠬᠤ᠂ ᠲᠠᠭᠤᠷᠢᠶᠠᠵᠦ ᠪᠤᠯᠬᠤ ᠲᠤᠷᠰᠢᠯᠭ᠎ᠠ ᠶᠢ ᠳ᠋ᠦᠡᠭᠨᠡᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠡᠨᠬᠦ ᠰᠢᠯᠢᠳᠡᠭᠵᠢᠬᠦᠯᠵᠦ᠂ ᠵᠠᠰᠠᠭ ᠤᠨ ᠤᠷᠳᠤᠨ ᠤ ᠦᠷ᠎ᠡ ᠴᠢᠳᠠᠮᠵᠢ ᠶᠢ | ᠲᠡᠬᠡᠭᠰᠢᠯᠡᠬᠦᠯᠦᠨ᠂ ᠠᠵᠦ ᠠᠬᠤᠶᠢᠯᠠᠯ ᠪᠠ ᠤᠯᠠᠨ ᠲᠦᠮᠡᠨ ᠤ ︽ᠭᠦᠢᠴᠡᠳᠭᠡᠬᠦ ᠦᠨᠡᠮᠯᠡᠯ ᠨᠢ ᠤᠯᠠᠨ᠂ ᠶᠠᠪᠤᠳᠠᠯ | ᠪᠦᠳᠦᠬᠡᠬᠦ ᠳᠤ ᠭᠦᠴᠢᠷᠳᠡᠢ︾ ᠠᠰᠠᠭᠤᠳᠠᠯ ᠢ ᠲᠠᠶᠢᠯᠵᠦ᠂ ᠵᠠᠰᠠᠭ ᠤᠨ ᠤᠷᠳᠤᠨ ᠤ ᠤᠯᠠᠨ ᠲᠦᠮᠡᠨ ᠲᠠᠢ ᠬᠠᠷᠢᠯᠴᠠᠵᠦ | ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠬᠡ ᠺᠢᠯᠤᠮᠧᠲᠷ︾ ᠢ ᠨᠡᠪᠳᠡᠷᠡᠬᠦᠯᠬᠦ ᠬᠡᠷᠡᠭᠳᠡᠢ᠃ | ᠬᠤᠶᠠᠷ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠶᠢ ᠴᠢᠩᠭᠠᠳᠬᠠᠨ᠎ᠠ | ︵ᠨᠢᠬᠡ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠤᠩᠰᠢᠨ | ᠲᠠᠶᠢᠯᠪᠤᠷᠢᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠶᠢᠨ ᠬᠠᠷᠢᠭᠤᠴᠠᠯᠭ᠎ᠠ ᠶᠢᠨ ᠭᠤᠤᠯ ᠴᠤᠨᠨᠴᠠ ᠮᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠬᠠᠤᠯᠢ ᠲᠤᠨᠨᠳᠠᠭᠠᠯ᠂ | ᠲᠦᠯᠦᠪᠵᠢᠬᠦᠯᠬᠡ ᠶᠢᠨ ᠲᠦᠰᠦᠯ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠵᠦᠪᠯᠡᠨ | ᠲᠤᠨᠨᠳ᠋ᠬᠠᠰᠠᠨ ᠵᠦᠢᠯᠡᠰ ᠵᠡᠷᠬᠡ ᠶᠢᠨ ᠲᠤᠭᠤᠷᠢᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠦ ᠶᠢᠨ | ᠪᠤᠳᠤᠯᠭ᠎ᠠ ᠶᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠤ ᠬᠤᠷᠠᠯ᠂ ᠰᠤᠨᠢᠨ ᠮᠡᠳᠡᠭᠡ ᠨᠡᠶᠢᠳᠡᠯᠡᠬᠦ ᠬᠤᠷᠠᠯ᠂ ᠤᠩᠰᠢᠨ | ᠲᠠᠶᠢᠯᠪᠤᠷᠢᠯᠠᠬᠤ ᠵᠤᠬᠢᠶᠠᠯ ᠪᠢᠴᠢᠬᠦ᠂ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠭᠦᠯᠢᠶᠡᠬᠦ ᠪᠠ ᠰᠦᠯᠵᠢᠶᠡᠨ ᠲᠡᠬᠡᠷ᠎ᠡ | ᠰᠤᠷᠪᠤᠯᠵᠢᠯᠠᠬᠤ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠵᠦ ᠪᠠᠶᠢᠭᠠᠳ ᠲᠦᠷᠦ ᠶᠢᠨ ᠪᠤᠳᠤᠯᠭ᠎ᠠ ᠶᠢ ᠤᠩᠰᠢᠨ | ᠲᠠᠶᠢᠯᠪᠤᠷᠢᠯᠠᠵᠦ᠂ ᠲᠦᠷᠦ ᠶᠢᠨ ᠪᠤᠳᠤᠯᠭ᠎ᠠ ᠶᠢᠨ ᠠᠬᠤᠢ ᠪᠠᠶᠢᠳᠠᠯ᠂ ᠭᠤᠤᠯ ᠠᠭᠤᠯᠭ᠎ᠠ᠂ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠵᠢᠴᠢ ᠠᠵᠢᠯ ᠤᠨ ᠠᠬᠢᠴᠠ ᠶᠢ ᠪᠦᠭᠦ ᠲᠠᠯ᠎ᠠ ᠪᠠᠷ ᠭᠦᠨᠵᠡᠬᠡᠢ ᠲᠠᠨᠢᠯᠴᠠᠭᠤᠯᠤᠨ᠂ | ᠰᠠᠨᠠᠭᠠᠴᠢᠯᠠᠭ᠎ᠠ ᠠᠴᠠ ᠪᠠᠨ ᠠᠰᠠᠭᠤᠯᠳᠠ ᠬᠠᠷᠢᠭᠤᠯᠵᠦ ᠮᠠᠳᠠᠭ ᠢ ᠠᠯᠳᠠᠷᠠᠭᠠᠵᠦ᠂ ᠤᠯᠤᠰ ᠤᠨ ᠲᠤᠳᠤᠭᠠᠳᠤ | ᠭᠠᠳᠠᠭᠠᠳᠤ ᠶᠢᠨ ᠶᠠᠷᠢᠶ᠎ᠠ ᠬᠡᠯᠡᠯᠴᠡᠭᠡ ᠶᠢ ᠢᠳᠡᠪᠬᠢᠳᠡᠢ ᠪᠠᠷ ᠭᠦᠳᠦᠯᠦᠨ ᠵᠢᠯᠤᠭᠤᠳᠴᠤ᠂ ᠤᠯᠠᠨ ᠤᠯᠤᠰ ᠤᠨ ᠶᠠᠷᠢᠶ᠎ᠠ | ᠬᠡᠯᠡᠯᠴᠡᠭᠡ ᠶᠢ ᠢᠳᠡᠪᠬᠢᠳᠡᠢ ᠪᠠᠷ ᠨᠦᠯᠦᠬᠡᠯᠡᠨ᠂ ᠨᠡᠶᠢᠬᠡᠮ ᠤᠨ ᠵᠢᠱᠢᠯᠳᠡ ᠶᠢ ᠢᠳᠡᠪᠬᠢᠳᠡᠢ ᠪᠠᠷ ᠬᠠᠮᠢᠶᠠᠷᠬᠤ | ᠬᠡᠷᠡᠭᠳᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠴᠢᠬᠤᠯᠠ ᠶᠡᠭᠡ ᠲᠦᠷᠦ ᠶᠢᠨ ᠪᠤᠳᠤᠯᠭ᠎ᠠ ᠨᠡᠶᠢᠳᠡᠯᠡᠪᠡᠯ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠡᠷᠬᠡ ᠰᠦᠷᠳᠡᠢ ᠪᠠᠷ ᠤᠩᠰᠢᠨ | ᠲᠠᠶᠢᠯᠪᠤᠷᠢᠯᠠᠯᠳᠠ ᠬᠢᠵᠦ᠂ ᠰᠢᠠᠬᠤᠸᠠ ᠬᠤᠷᠢᠶ᠎ᠠ ᠨᠢ ᠡᠷᠬᠡ ᠰᠦᠷᠳᠡᠢ ᠪᠠᠷ ᠨᠡᠶᠢᠳᠡᠯᠡᠵᠦ᠂ ᠲᠦᠪ ᠤᠨ ᠡᠯ᠎ᠡ ᠰᠤᠨᠢᠨ | ᠮᠡᠳᠡᠬᠡᠨ ᠤ ᠵᠠᠭᠤᠴᠢᠯᠠᠭᠤᠷ ᠨᠢ ᠤᠯᠠᠮᠵᠢᠯᠠᠨ ᠨᠡᠶᠢᠳᠡᠯᠡᠬᠦ ᠬᠡᠷᠡᠭᠳᠡᠢ᠃ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ ᠪᠤᠯ ︽ᠨᠢᠬᠡᠳᠦᠬᠡᠷ ᠤᠩᠰᠢᠨ ᠲᠠᠶᠢᠯᠪᠤᠷᠢᠯᠬᠠᠴᠢ ᠪᠠ ᠬᠠᠷᠢᠭᠤᠴᠠᠯᠭᠠᠳᠠᠨ︾ ᠪᠤᠯᠬᠤᠷ | ᠵᠤᠷᠢᠨᠨᠳᠠᠢ ᠪᠠᠷ ᠬᠠᠷᠢᠭᠤᠴᠠᠯᠭ᠎ᠠ ᠡᠭᠦᠷᠬᠡᠯᠡᠨ᠂ ᠶᠠᠷᠢᠶ᠎ᠠ ᠲᠠᠯᠪᠢᠵᠦ᠂ ᠵᠤᠬᠢᠶᠠᠯ ᠪᠢᠴᠢᠬᠦ᠂ ᠰᠤᠷᠪᠤᠯᠵᠢᠯᠠᠯ ᠭᠦᠯᠢᠶᠡᠬᠦ᠂ | ᠰᠤᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠠᠬᠤ ᠵᠡᠷᠬᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠠᠮᠵᠢᠭᠤᠯᠤᠨ᠂ | ᠲᠦᠷᠦ ᠶᠢᠨ ᠪᠤᠳᠤᠯᠭ᠎ᠠ ᠶᠢ ᠲᠦᠷᠦᠭᠦᠯᠡᠨ ᠤᠩᠰᠢᠨ ᠲᠠᠶᠢᠯᠪᠤᠷᠢᠯᠠᠵᠦ᠂ ᠡᠷᠬᠡ ᠰᠦᠷᠳᠡᠢ ᠮᠡᠳᠡᠭᠡ ᠵᠠᠩᠬᠢ | ᠲᠠᠮᠵᠢᠭᠤᠯᠬᠤ ᠬᠡᠷᠡᠭᠳᠡᠢ᠃ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ᠨᠡᠷ᠎ᠡ ᠪᠠᠷ ᠲᠠᠷᠤᠮᠠᠯᠯᠠᠨ ᠶᠠᠪᠤᠭᠤᠯᠬᠤ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠴᠢᠨᠠᠷᠳᠠᠢ | ᠪᠢᠴᠢᠭ ᠮᠠᠲ᠋ᠧᠷᠢᠶᠠᠯ ᠢ ᠲᠤᠭᠤᠷᠪᠢᠬᠰᠠᠨ ᠰᠠᠯᠠᠭ᠎ᠠ ᠮᠦᠴᠢᠷ ᠨᠢ ᠤᠷᠤᠯᠠᠨ ᠨᠤᠤᠷᠬᠠᠯᠬᠠᠰᠠᠨ ᠡᠬᠡ ᠪᠢᠴᠢᠭ ᠢ ᠲᠡᠬᠡᠭᠰᠢ | ᠮᠡᠳᠡᠬᠦᠯᠬᠦ ᠳᠡᠭᠡᠨ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠲᠦᠰᠦᠯ ᠪᠠ ᠤᠩᠰᠢᠨ ᠲᠠᠶᠢᠯᠪᠤᠷᠢᠯᠠᠬᠤ | ᠮᠠᠲ᠋ᠧᠷᠢᠶᠠᠯ ᠢ ᠵᠡᠷᠬᠡᠪᠡᠷ ᠮᠡᠳᠡᠬᠦᠯᠦᠨ ᠭᠦᠷᠬᠡᠬᠦ ᠶᠢᠨ ᠬᠠᠮᠳᠤ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠰᠤᠨᠢᠨ | ᠮᠡᠳᠡᠬᠡᠨ ᠤ ᠡᠬᠡ ᠪᠢᠴᠢᠭ ᠬᠠᠪᠰᠤᠷᠭᠠᠨ ᠨᠡᠶᠢᠳᠡᠯᠡᠬᠦ ᠴᠢᠬᠤᠯᠠᠳᠠᠢ ᠪᠠᠶᠢᠪᠠᠯ᠂ ᠪᠢᠴᠢᠭ ᠮᠠᠲ᠋ᠧᠷᠢᠶᠠᠯ ᠢ ᠲᠦᠷᠦᠭᠦᠯᠡᠨ | ᠲᠤᠭᠤᠷᠪᠢᠬᠰᠠᠨ ᠰᠠᠯᠠᠭ᠎ᠠ ᠮᠦᠴᠢᠷ ᠨᠢ ᠬᠢᠨᠠᠮᠠᠭᠠᠢ ᠰᠠᠶᠢᠨ ᠪᠡᠯᠡᠳᠬᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠤᠨ | ᠰᠠᠨᠠᠯ ᠢ ᠭᠦᠢᠴᠡᠳ ᠬᠤᠷᠢᠶᠠᠵᠦ᠂ ᠲᠤᠰ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠢᠶᠠᠷ ᠬᠢᠨᠠᠭᠤᠯᠵᠦ | ᠭᠠᠷ ᠤᠨ ᠦᠰᠦᠭ ᠵᠢᠷᠤᠭᠤᠯᠤᠨ᠂ ᠲᠡᠰ ᠲᠠᠷᠠᠭᠠᠯᠠᠯ ᠢᠶᠠᠷ ᠮᠡᠳᠡᠬᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ᠂ | ᠲᠦᠪ ᠤᠨ ᠭᠤᠤᠯ ᠵᠠᠭᠤᠴᠢᠯᠠᠭᠤᠷ ᠠᠴᠠ ᠮᠡᠳᠡᠬᠡᠯᠡᠨ ᠨᠡᠶᠢᠳᠡᠯᠡᠬᠦ ᠬᠡᠷᠡᠭᠳᠡᠢ᠃ ᠡᠯ᠎ᠡ ᠰᠠᠯᠠᠭ᠎ᠠ ᠮᠦᠴᠢᠷ ᠤᠨ | ᠲᠦᠷᠦ ᠶᠢᠨ ᠪᠤᠳᠤᠯᠭ᠎ᠠ ᠲᠤᠨᠨᠳᠠᠭᠠᠬᠤ ᠳᠤ ᠤᠷᠤᠯᠴᠬᠠᠴᠢ ᠪᠠ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢ | ᠡᠵᠡᠮᠰᠢᠵᠦ᠂ ᠬᠤᠯᠪᠤᠨᠨᠳᠠᠯ ᠪᠦᠭᠦᠢ ᠭᠦᠷᠢᠶ᠎ᠡ ᠴᠠᠷᠠᠭ᠎ᠠ ᠶᠢᠨ ᠲᠤᠬᠠᠶᠢᠯᠬᠠᠰᠠᠨ ᠠᠵᠢᠯ ᠢ ᠲᠤᠳᠤᠷᠬᠠᠢ ᠤᠶᠢᠯᠠᠭᠠᠬᠤ | ᠡᠷᠳᠡᠮᠳᠡᠨ ᠮᠡᠷᠬᠡᠵᠢᠯᠳᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠤᠨ ᠲᠤᠳᠤᠭᠠᠳᠤ ᠭᠠᠳᠠᠭᠠᠳᠤ ᠶᠢᠨ | ᠶᠠᠷᠢᠶ᠎ᠠ ᠬᠡᠯᠡᠯᠴᠡᠬᠡᠨ ᠤ ᠠᠩᠬᠠᠷᠬᠤᠢ ᠶᠢᠨ ᠲᠤᠭᠤᠷᠢᠨ ᠳᠤ ᠤᠯᠠᠨ ᠬᠠᠷᠠᠭᠠᠰᠤ᠂ ᠤᠯᠠᠨ ᠲᠠᠯ᠎ᠠ ᠠᠴᠠ ᠡᠮᠬᠢ | ᠵᠢᠷᠤᠮ ᠲᠠᠢ ᠦᠷ᠎ᠡ ᠪᠦᠳᠦᠮᠵᠢᠳᠡᠢ ᠪᠠᠷ ᠲᠦᠷᠦ ᠶᠢᠨ ᠪᠤᠳᠤᠯᠭ᠎ᠠ ᠶᠢ ᠲᠤᠳᠤᠷᠬᠠᠶᠢᠯᠠᠨ ᠲᠠᠶᠢᠯᠪᠤᠷᠢᠯᠠᠵᠦ᠂ ᠤᠩᠰᠢᠨ | ᠲᠠᠶᠢᠯᠪᠤᠷᠢᠯᠠᠬᠤ ᠶᠢᠨ ᠡᠷᠬᠡ ᠰᠦᠷᠳᠦ ᠴᠢᠨᠠᠷ ᠪᠠ ᠴᠢᠭᠯᠡᠬᠦᠯᠦᠯᠳᠦ ᠴᠢᠨᠠᠷ ᠢ ᠭᠦᠴᠦᠯᠡᠨ ᠲᠡᠬᠡᠭᠰᠢᠯᠡᠬᠦᠯᠬᠦ ᠬᠡᠷᠡᠭᠳᠡᠢ᠃ | ᠲᠤᠰᠬᠠᠢ ᠠᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠦᠷᠦ ᠶᠢᠨ ᠪᠤᠳᠤᠯᠭ᠎ᠠ ᠨᠤᠭᠤᠳ ᠢ ᠤᠩᠰᠢᠨ | ᠲᠠᠶᠢᠯᠪᠤᠷᠢᠯᠠᠬᠤ ᠳᠠᠭᠠᠨ ᠲᠦᠷᠰᠦᠯᠢᠭ᠂ ᠲᠦᠭᠦᠮ ᠤᠶᠢᠯᠠᠭᠠᠮᠵᠢᠳᠠᠢ ᠪᠠᠶᠢᠯᠭᠠᠵᠦ᠂ ᠢᠯᠡᠬᠦᠦ ᠪᠤᠳᠠᠳᠤ ᠵᠢᠱᠢᠶ᠎ᠡ | ᠲᠠᠳᠠᠵᠦ᠂ ᠢᠯᠡᠬᠦᠦ ᠦᠯᠢᠬᠡᠷᠴᠢᠯᠡᠨ ᠶᠠᠷᠢᠬᠤ ᠬᠡᠷᠡᠭᠳᠡᠢ᠃ | ᠲᠦᠪ ᠤᠨ ᠰᠤᠨᠢᠨ ᠮᠡᠳᠡᠬᠡᠨ ᠤ ᠵᠠᠭᠤᠴᠢᠯᠠᠭᠤᠷ ᠵᠢᠴᠢ ᠬᠠᠷᠢᠶᠠᠳᠤ ᠰᠦᠯᠵᠢᠶᠡᠨ ᠦᠷᠳᠡᠭᠡ᠂ ᠪᠢᠴᠢᠯ ᠪᠦᠷᠬᠡ | ᠸᠢᠴᠠᠲ ᠪᠠ ᠬᠠᠷᠢᠴᠠᠭᠠᠨ ᠤ ᠡᠷᠦᠬᠡ ᠶᠢᠨ ᠦᠵᠦᠭᠦᠷ ᠢ ᠭᠦᠢᠴᠡᠳ ᠠᠰᠢᠨᠨᠯᠠᠨ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠤᠬᠠᠭᠤᠯᠤᠨ ᠤᠩᠰᠢᠨ ᠲᠠᠶᠢᠯᠪᠤᠷᠢᠯᠠᠬᠤ ᠠᠵᠢᠯ ᠢ | ᠰᠠᠶᠢᠳᠤᠷ ᠬᠢᠵᠦ᠂ ᠭᠤᠤᠯ ᠤᠷᠤᠰᠬᠠᠯ ᠵᠠᠭᠤᠴᠢᠯᠠᠭᠤᠷ ᠤᠨ ︽ᠬᠠᠨᠳᠤᠯᠭ᠎ᠠ ᠭᠦᠭ ᠲᠤᠨᠨᠳᠠᠭᠠᠬᠤ︾ ᠦᠢᠯᠡᠳᠦᠯ ᠢ | ᠪᠠᠳᠠᠷᠠᠭᠤᠯᠤᠨ᠂ ᠶᠠᠷᠢᠶ᠎ᠠ ᠬᠡᠯᠡᠯᠴᠡᠭᠡ ᠶᠢ ᠵᠦᠪ ᠢᠶᠠᠷ ᠭᠦᠳᠦᠯᠦᠨ ᠵᠢᠯᠤᠭᠤᠳᠬᠤ ᠬᠡᠷᠡᠭᠳᠡᠢ᠃ ᠬᠤᠳᠠᠯᠳᠤᠭᠠᠨ ᠤ | ᠰᠦᠯᠵᠢᠶᠡᠨ ᠦᠷᠳᠡᠭᠡ ᠵᠢᠴᠢ ᠶᠡᠭᠡ ᠬᠤᠳᠠ ᠶᠢᠨ ᠲᠦᠷᠦᠯ᠂ ᠲᠤᠰᠬᠠᠢ ᠮᠡᠷᠬᠡᠵᠢᠯ ᠤᠨ ᠲᠦᠷᠦᠯ ᠤᠨ ᠵᠠᠭᠤᠴᠢᠯᠠᠭᠤᠷ ᠢ | ᠠᠰᠢᠨᠨᠯᠠᠬᠤ ᠶᠢ ᠠᠩᠬᠠᠷᠴᠤ᠂ ᠤᠯᠠᠨ ᠠᠴᠠ ᠢᠯᠭᠠᠴᠢᠯᠬᠠᠰᠠᠨ ᠠᠬᠤᠶᠢᠴᠢᠯᠬᠠᠰᠠᠨ ᠤᠯᠠᠮᠵᠢᠯᠠᠨ ᠲᠠᠮᠵᠢᠭᠤᠯᠬᠤ ᠶᠢ | ᠰᠠᠶᠢᠳᠤᠷ ᠬᠢᠬᠦ ᠬᠡᠷᠡᠭᠳᠡᠢ᠃ ᠤᠬᠠᠭᠤᠯᠭ᠎ᠠ᠂ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ | ᠵᠠᠩᠬᠢᠵᠢᠯᠳᠠ ᠶᠢᠨ ᠰᠠᠯᠠᠭ᠎ᠠ ᠮᠦᠴᠢᠷ ᠨᠢ ᠵᠢᠭᠠᠨ ᠵᠢᠯᠤᠭᠤᠳᠴᠤ ᠵᠤᠬᠢᠴᠠᠭᠤᠯᠬᠤ ᠶᠢ ᠴᠢᠩᠭᠠᠳᠬᠠᠵᠦ᠂ ᠲᠦᠷᠦ ᠶᠢᠨ | ᠪᠤᠳᠤᠯᠭ᠎ᠠ ᠶᠢ ᠤᠩᠰᠢᠨ ᠲᠠᠶᠢᠯᠪᠤᠷᠢᠯᠠᠵᠦ ᠨᠡᠶᠢᠳᠡᠯᠢᠭ ᠵᠢᠱᠢᠶ᠎ᠡ ᠬᠡᠷᠡᠭ ᠢ ᠵᠠᠳᠠᠯᠬᠤ ᠪᠠ ᠦᠷ᠎ᠡ ᠪᠦᠳᠦᠮᠵᠢ ᠶᠢ | ᠦᠨᠡᠯᠡᠬᠦ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠲᠤᠷᠰᠢᠯᠭ᠎ᠠ ᠠᠷᠭ᠎ᠠ ᠬᠢᠳᠡᠯ ᠢᠶᠠᠨ ᠲᠠᠰᠤᠷᠠᠯᠳᠠ ᠦᠬᠡᠢ | ᠳ᠋ᠦ᠋ᠶᠢᠩᠨᠡᠨ᠂ ᠠᠰᠠᠭᠤᠳᠠᠯ ᠢ ᠴᠡᠭᠴᠡᠯᠡᠨ ᠦᠬᠡᠷᠡᠴᠢᠯᠡᠬᠦ ᠶᠢ ᠰᠢᠮᠳᠠᠭᠤᠯᠵᠦ᠂ ᠲᠦᠷᠦ ᠶᠢᠨ ᠪᠤᠳᠤᠯᠭ᠎ᠠ ᠶᠢ ᠤᠩᠰᠢᠨ | ᠲᠠᠶᠢᠯᠪᠤᠷᠢᠯᠠᠬᠤ ᠶᠢᠨ ᠤᠯᠠᠮᠵᠢᠯᠠᠨ ᠲᠠᠮᠵᠢᠭᠤᠯᠬᠤ ᠭᠦᠴᠦᠨ ᠪᠠ ᠨᠦᠯᠦᠬᠡᠯᠡᠬᠦ ᠭᠦᠴᠦᠨ ᠢ ᠦᠨᠡᠨᠬᠦ ᠴᠢᠩᠭᠠᠳᠬᠠᠬᠤ | ᠬᠡᠷᠡᠭᠳᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠦᠷᠦ ᠶᠢᠨ ᠪᠤᠳᠤᠯᠭ᠎ᠠ ᠶᠢᠨ ᠤᠴᠢᠷ ᠶᠠᠪᠤᠳᠠᠯ ᠮᠡᠳᠡᠭᠳᠡᠬᠦ | ᠵᠤᠷᠰᠢᠯᠳᠦ ᠬᠤᠷᠠᠯ ᠪᠤᠯ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠴᠢᠬᠤᠯᠠ ᠲᠡᠪᠴᠡᠩ | ᠪᠤᠯᠤᠨ᠎ᠠ᠂ ᠡᠯ᠎ᠡ ᠰᠠᠯᠠᠭ᠎ᠠ ᠮᠦᠴᠢᠷ ᠤᠨ ᠬᠢᠨ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠤᠯ | ᠬᠠᠷᠢᠭᠤᠴᠠᠯᠭᠠᠳᠠᠨ ᠢᠳᠡᠪᠬᠢᠳᠡᠢ ᠪᠠᠷ ᠤᠷᠤᠯᠴᠠᠨ᠂ ᠤᠴᠢᠷ ᠶᠠᠪᠤᠳᠠᠯ ᠮᠡᠳᠡᠭᠳᠡᠬᠦ ᠬᠤᠷᠠᠯ ᠤᠨ ᠵᠦᠪᠯᠡᠬᠦ ᠰᠡᠳᠦᠪ ᠤᠨ | ᠲᠤᠭᠤᠷᠢᠨ ᠳᠤ ᠬᠢᠨᠠᠮᠠᠭᠠᠢ ᠰᠠᠶᠢᠨ ᠪᠡᠯᠡᠳᠬᠡᠵᠦ᠂ ᠵᠤᠯᠭᠠᠭᠤᠯᠵᠦ ᠵᠤᠬᠢᠴᠠᠭᠤᠯᠬᠤ ᠶᠢ ᠴᠢᠩᠭᠠᠳᠬᠠᠨ᠂ ᠲᠦᠢᠯ ᠤᠨ | ᠤᠨᠤᠪᠴᠢᠳᠠᠢ ᠪᠠᠷ ᠤᠴᠢᠷ ᠶᠠᠪᠤᠳᠠᠯ ᠮᠡᠳᠡᠭᠳᠡᠬᠦ ᠶᠢ ᠪᠡᠶᠡᠯᠡᠬᠦᠯᠬᠦ ᠬᠡᠷᠡᠭᠳᠡᠢ᠃ ᠤᠯᠠᠨ ᠤᠯᠤᠰ ᠤᠨ ᠶᠠᠷᠢᠶ᠎ᠠ | ᠬᠡᠯᠡᠯᠴᠡᠬᠡᠨ ᠤ ᠴᠢᠬᠤᠯᠠ ᠠᠩᠬᠠᠷᠴᠤ ᠪᠦᠭᠦᠢ ᠵᠦᠢᠯᠡᠰ ᠲᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ ᠨᠢ ᠤᠯᠠᠨ ᠤᠯᠤᠰ ᠤᠨ ᠭᠤᠤᠯ ᠤᠷᠤᠰᠬᠠᠯ ᠵᠠᠭᠤᠴᠢᠯᠠᠭᠤᠷ ᠲᠤ ᠬᠠᠨᠳᠤᠭᠤᠯᠤᠨ᠂ ᠬᠠᠮᠳᠤ ᠪᠠᠷ | ᠰᠤᠷᠪᠤᠯᠵᠢᠯᠠᠬᠤ᠂ ᠭᠠᠭᠴᠠᠭᠠᠷ ᠰᠤᠷᠪᠤᠯᠵᠢᠯᠠᠯ ᠬᠢᠬᠦ ᠵᠡᠷᠬᠡ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠲᠠᠮᠵᠢᠭᠤᠯᠵᠦ᠂ | ᠭᠦᠨᠵᠡᠬᠡᠢ ᠲᠤᠳᠤᠷᠬᠠᠶᠢᠯᠠᠨ ᠲᠠᠶᠢᠯᠪᠤᠷᠢᠯᠠᠵᠦ ᠬᠠᠷᠢᠭᠤ ᠦᠭᠴᠤ᠂ ᠤᠴᠢᠷ ᠶᠠᠪᠤᠳᠠᠯ ᠮᠡᠳᠡᠭᠳᠡᠬᠦ ᠬᠤᠷᠠᠯ ᠤᠨ ᠪᠤᠳᠠᠳᠤ | ᠦᠷ᠎ᠡ ᠠᠰᠢᠭ ᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠬᠡᠷᠡᠭᠳᠡᠢ᠃ ᠴᠢᠬᠤᠯᠠ ᠶᠡᠭᠡ ᠬᠡᠨᠡᠳᠳᠡ ᠶᠢᠨ ᠬᠡᠷᠡᠭ ᠪᠠ | ᠨᠡᠶᠢᠬᠡᠮ ᠤᠨ ᠴᠢᠬᠤᠯᠠ ᠠᠩᠬᠠᠷᠴᠤ ᠪᠦᠭᠦᠢ ᠶᠠᠪᠤᠳᠠᠯ ᠲᠤᠬᠢᠶᠠᠯᠳᠤᠪᠠᠯ᠂ ᠬᠠᠮᠢᠶ᠎ᠠ ᠪᠦᠭᠦᠢ ᠰᠠᠯᠠᠭ᠎ᠠ ᠮᠦᠴᠢᠷ ᠤᠨ | ᠭᠤᠤᠯ ᠬᠠᠷᠢᠭᠤᠴᠠᠯᠭᠠᠳᠠᠨ ᠠᠴᠠ ᠤᠴᠢᠷ ᠶᠠᠪᠤᠳᠠᠯ ᠮᠡᠳᠡᠭᠳᠡᠬᠦ ᠬᠤᠷᠠᠯ ᠳᠤ ᠴᠠᠭ ᠲᠤᠬᠠᠢ ᠳᠤᠨᠢ | ᠰᠠᠨᠠᠭᠠᠴᠢᠯᠠᠭ᠎ᠠ ᠠᠴᠠ ᠪᠠᠨ ᠤᠷᠤᠯᠴᠠᠵᠦ᠂ ᠵᠤᠨᠨᠰᠤᠯᠳᠠ ᠤᠪᠤᠷ ᠢᠶᠠᠨ ᠲᠤᠳᠤᠷᠬᠠᠶᠢᠯᠠᠨ᠂ ᠡᠷᠬᠡ ᠰᠦᠷᠳᠦ ᠲᠠᠭᠤᠨ | ᠬᠤᠭᠤᠯᠠᠢ ᠭᠠᠷᠭᠠᠬᠤ ᠬᠡᠷᠡᠭᠳᠡᠢ᠃ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠲᠦᠷᠦ ᠶᠢᠨ ᠪᠤᠳᠤᠯᠭ᠎ᠠ ᠶᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠦ ᠬᠤᠷᠠᠯ ᠳᠤ | ᠤᠷᠤᠯᠴᠬᠠᠰᠠᠨ ᠪᠠᠶᠢᠳᠠᠯ ᠢ ᠲᠤᠨᠨᠳᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ ᠮᠡᠳᠡᠭᠦᠯᠬᠦ ᠬᠡᠷᠡᠭᠳᠡᠢ᠃ | ︵ᠬᠤᠶᠠᠷ︶ ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠨᠢ ᠲᠦᠷᠦ ᠶᠢᠨ ᠪᠤᠳᠤᠯᠭ᠎ᠠ ᠶᠢ ᠤᠩᠰᠢᠨ | ᠲᠠᠶᠢᠯᠪᠤᠷᠢᠯᠠᠬᠤ ᠠᠵᠢᠯ ᠢ ᠴᠢᠩᠭᠠᠳᠬᠠᠬᠤ ᠬᠡᠷᠡᠭᠳᠡᠢ᠃ | ᠡᠯ᠎ᠡ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠨᠢ ︽ᠬᠡᠨ ᠲᠤᠭᠤᠷᠪᠢᠪᠠᠯ᠂ ᠲᠡᠷᠡ ᠤᠩᠰᠢᠨ | ᠲᠠᠶᠢᠯᠪᠤᠷᠢᠯᠠᠬᠤ︾ ᠵᠠᠷᠴᠢᠮ ᠶᠤᠰᠤᠭᠠᠷ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠳᠤᠷ | ᠬᠢᠬᠦ ᠬᠡᠷᠡᠭᠳᠡᠢ᠃ ᠰᠠᠯᠠᠭ᠎ᠠ ᠮᠦᠴᠢᠷ ᠤᠨ ᠨᠡᠷ᠎ᠡ ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠶᠢᠨ ᠪᠤᠳᠤᠯᠭ᠎ᠠ ᠶᠢᠨ | ᠴᠢᠨᠠᠷᠳᠠᠢ ᠪᠢᠴᠢᠭ ᠮᠠᠲ᠋ᠧᠷᠢᠶᠠᠯ ᠢ ᠲᠤᠨᠨᠳᠠᠭᠠᠵᠦ ᠶᠠᠪᠤᠭᠤᠯᠬᠤ ᠰᠠᠯᠠᠭ᠎ᠠ ᠮᠦᠴᠢᠷ ᠨᠢ ᠤᠩᠰᠢᠨ ᠲᠠᠶᠢᠯᠪᠤᠷᠢᠯᠠᠬᠤ | ᠠᠵᠢᠯ ᠢ ᠬᠠᠷᠢᠭᠤᠴᠠᠨ ᠰᠠᠶᠢᠳᠤᠷ ᠬᠢᠨ᠎ᠠ︔ ᠰᠠᠯᠠᠭ᠎ᠠ ᠮᠦᠴᠢᠷ ᠬᠠᠮᠳᠤᠷᠠᠨ ᠪᠢᠴᠢᠭ ᠮᠠᠲ᠋ᠧᠷᠢᠶᠠᠯ ᠶᠠᠪᠤᠭᠤᠯᠤᠨᠨᠰᠠᠨ | ᠪᠠᠶᠢᠪᠠᠯ᠂ ᠲᠦᠷᠦᠭᠦᠯᠡᠨ ᠬᠢᠬᠦ ᠰᠠᠯᠠᠭ᠎ᠠ ᠮᠦᠴᠢᠷ ᠨᠢ ᠤᠩᠰᠢᠨ ᠲᠠᠶᠢᠯᠪᠤᠷᠢᠯᠠᠬᠤ ᠠᠵᠢᠯ ᠢ ᠬᠠᠷᠢᠭᠤᠴᠠᠨ ᠰᠠᠶᠢᠳᠤᠷ | ᠬᠢᠵᠦ᠂ ᠪᠢᠴᠢᠭ ᠮᠠᠲ᠋ᠧᠷᠢᠶᠠᠯ ᠬᠠᠮᠳᠤᠷᠠᠨ ᠶᠠᠪᠤᠭᠤᠯᠤᠨᠨᠰᠠᠨ ᠪᠤᠰᠤᠳ ᠰᠠᠯᠠᠭ᠎ᠠ ᠮᠦᠴᠢᠷ ᠨᠢ ᠬᠠᠮᠵᠢᠯᠴᠠᠬᠤ ᠬᠡᠷᠡᠭᠳᠡᠢ᠃ | ᠵᠠᠰᠠᠭ ᠤᠨ ᠤᠷᠳᠤᠨ ᠤ ᠨᠡᠷ᠎ᠡ ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ | ᠮᠠᠲ᠋ᠧᠷᠢᠶᠠᠯ ᠢ ᠲᠤᠭᠤᠷᠪᠢᠨᠨᠰᠠᠨ ᠰᠠᠯᠠᠭ᠎ᠠ ᠮᠦᠴᠢᠷ ᠨᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ | ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠦᠶᠡᠰ᠂ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢᠨ ᠠᠬᠤᠢ ᠪᠠᠶᠢᠳᠠᠯ ᠤᠨ ᠦᠨᠳᠦᠰᠦ ᠪᠠᠷᠢᠮᠳᠠ᠂ ᠬᠠᠷᠠᠯᠳᠠᠳᠤ ᠡᠭᠦᠷᠬᠡ᠂ ᠭᠤᠤᠯ ᠠᠭᠤᠯᠭ᠎ᠠ᠂ | ᠬᠤᠯᠪᠤᠨᠨᠳᠠᠬᠤ ᠭᠦᠷᠢᠶ᠎ᠡ ᠬᠡᠪᠴᠢᠶ᠎ᠡ᠂ ᠬᠡᠷᠡᠭᠵᠢᠬᠦᠯᠬᠦ ᠪᠠᠷᠢᠮᠵᠢᠶ᠎ᠠ᠂ ᠵᠢᠴᠢ ᠠᠩᠬᠠᠷᠬᠤ ᠵᠦᠢᠯ᠂ ᠵᠠᠩᠬᠢᠯᠠᠭ᠎ᠠ ᠦᠬᠡᠰ ᠢ | ᠲᠠᠶᠢᠯᠪᠤᠷᠢᠯᠠᠬᠤ᠂ ᠠᠷᠠᠳ ᠢ ᠬᠠᠷᠠᠭᠠᠯᠵᠠᠵᠦ ᠠᠷᠠᠳ ᠲᠤ ᠠᠰᠢᠭ ᠭᠦᠷᠳᠡᠬᠡᠬᠦ ᠠᠷᠭ᠎ᠠ ᠪᠠᠷᠢᠯ᠂ ᠰᠢᠨ᠎ᠠ ᠬᠠᠭᠤᠴᠢᠨ | ᠲᠦᠷᠦ ᠶᠢᠨ ᠪᠤᠳᠤᠯᠭ᠎ᠠ ᠶᠢᠨ ᠵᠦᠷᠢᠶ᠎ᠡ ᠢᠯᠭᠠᠯ ᠵᠡᠷᠬᠡ ᠶᠢ ᠭᠤᠤᠯᠳᠠᠯᠭ᠎ᠠ ᠲᠠᠢ ᠤᠩᠰᠢᠨ ᠲᠠᠶᠢᠯᠪᠤᠷᠢᠯᠠᠵᠦ᠂ | ᠲᠦᠷᠦ ᠶᠢᠨ ᠪᠤᠳᠤᠯᠭ᠎ᠠ ᠶᠢᠨ ᠠᠭᠤᠯᠤᠨᠨᠳᠠᠬᠤᠨ ᠢ ᠢᠯᠡ ᠲᠤᠳᠤ ᠪᠤᠯᠭᠠᠨ᠂ ᠲᠠᠶᠢᠯᠤᠮᠵᠢ ᠶᠢᠨ ᠲᠠᠯ᠎ᠠ ᠪᠠᠷ ᠠᠳᠡᠬᠦᠦ | ᠪᠤᠷᠤᠭᠤ ᠭᠠᠷᠬᠤ ᠠᠴᠠ ᠵᠠᠶᠢᠯᠠᠰᠬᠢᠬᠦ ᠬᠡᠷᠡᠭᠳᠡᠢ᠃ | ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠬᠢᠬᠡᠳ ᠤᠩᠰᠢᠨ ᠲᠠᠶᠢᠯᠪᠤᠷᠢᠯᠠᠬᠤ ᠲᠦᠰᠦᠯ᠂ | ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠵᠡᠷᠬᠡᠪᠡᠷ ᠵᠤᠬᠢᠶᠠᠨ ᠪᠠᠶᠢᠭᠤᠯᠵᠦ᠂ ᠢᠵᠢᠯ ᠠᠯᠬᠤᠮ ᠢᠶᠠᠷ ᠬᠢᠨᠠᠵᠦ ᠭᠠᠷ ᠤᠨ | ᠦᠰᠦᠭ ᠵᠢᠷᠤᠵᠦ᠂ ᠵᠡᠷᠭᠡᠪᠡᠷ ᠪᠠᠶᠢᠷᠢᠯᠠᠭᠤᠯᠬᠤ ᠶᠢ ᠪᠠᠷᠢᠮᠳᠠᠯᠠᠬᠤ ᠬᠡᠷᠡᠭᠳᠡᠢ᠃ ᠰᠠᠯᠠᠭ᠎ᠠ ᠮᠦᠴᠢᠷ ᠤᠨ ᠨᠡᠷ᠎ᠡ ᠪᠠᠷ | ᠲᠠᠷᠤᠮᠠᠯᠯᠠᠨ ᠶᠠᠪᠤᠭᠤᠯᠤᠨᠨᠰᠠᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠢ ᠮᠡᠳᠡᠬᠦᠯᠦᠨ | ᠵᠦᠪᠰᠢᠶᠡᠷᠡᠭᠦᠯᠬᠦ ᠦᠶᠡᠰ ᠤᠩᠰᠢᠨ ᠲᠠᠶᠢᠯᠪᠤᠷᠢᠯᠠᠬᠤ ᠲᠦᠰᠦᠯ᠂ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ | ᠬᠠᠮᠲᠦ ᠳᠤᠨᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ᠮᠡᠳᠡᠬᠦᠯᠦᠨ ᠬᠢᠨᠠᠭᠤᠯᠵᠦ ᠭᠠᠷ ᠤᠨ ᠦᠰᠦᠭ | ᠵᠢᠷᠤᠭᠤᠯᠬᠤ ᠬᠡᠷᠡᠭᠳᠡᠢ᠃ ᠵᠠᠰᠠᠭ ᠤᠨ ᠤᠷᠳᠤᠨ ᠤ ᠨᠡᠷ᠎ᠡ ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠶᠢᠨ | ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠢ ᠲᠦᠷᠦᠭᠦᠯᠡᠨ ᠲᠤᠭᠤᠷᠪᠢᠨᠨᠰᠠᠨ ᠰᠠᠯᠠᠭ᠎ᠠ ᠮᠦᠴᠢᠷ ᠨᠢ ᠤᠷᠤᠯᠠᠨ | ᠨᠤᠤᠷᠬᠠᠯᠬᠠᠰᠠᠨ ᠡᠬᠡ ᠪᠢᠴᠢᠭ ᠢ ᠲᠡᠬᠡᠭᠰᠢ ᠮᠡᠳᠡᠬᠦᠯᠬᠦ ᠦᠶᠡᠰ ᠲᠤᠰ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠨ ᠤ ᠬᠢᠨᠠᠨ ᠲᠤᠨᠨᠳ᠋ᠬᠠᠰᠠᠨ ᠤᠩᠰᠢᠨ ᠲᠠᠶᠢᠯᠪᠤᠷᠢᠯᠠᠬᠤ ᠲᠦᠰᠦᠯ ᠪᠠ ᠤᠩᠰᠢᠨ ᠲᠠᠶᠢᠯᠪᠤᠷᠢᠯᠠᠬᠤ | ᠮᠠᠲ᠋ᠧᠷᠢᠶᠠᠯ ᠢ ᠬᠠᠮᠳᠤ ᠳᠤᠨᠢ ᠮᠡᠳᠡᠬᠦᠯᠦᠨ ᠭᠦᠷᠬᠡᠵᠦ᠂ ᠮᠡᠳᠡᠬᠦᠯᠦᠨ ᠭᠦᠷᠬᠡᠭᠰᠡᠨ ᠮᠠᠲ᠋ᠧᠷᠢᠶᠠᠯ ᠨᠢ ᠪᠦᠷᠢᠨ ᠪᠤᠰᠤ | ᠪᠠᠶᠢᠪᠠᠯ᠂ ᠵᠠᠰᠠᠭ ᠤᠨ ᠤᠷᠳᠤᠨ ᠤ ᠠᠯᠪᠠᠨ ᠲᠢᠩᠬᠢᠮ ︵ᠬᠡᠷ︶ ᠠᠴᠠ ᠲᠤᠨᠨᠳᠠᠭᠠᠯ ᠶᠤᠰᠤᠭᠠᠷ ᠠᠯᠪᠠᠨ ᠪᠢᠴᠢᠭ ᠢ | ᠪᠤᠴᠠᠭᠠᠬᠤ ᠬᠡᠷᠡᠭᠳᠡᠢ᠃ ᠠᠯᠪᠠᠨ ᠪᠢᠴᠢᠭ ᠢ ᠨᠡᠶᠢᠳᠡᠯᠡᠬᠦ ᠠᠴᠠ ᠡᠮᠤᠨ᠎ᠠ᠂ ᠲᠦᠷᠦ ᠶᠢᠨ ᠪᠤᠳᠤᠯᠭ᠎ᠠ ᠶᠢᠨ ᠤᠴᠢᠷ | ᠶᠠᠪᠤᠳᠠᠯ ᠢ ᠮᠡᠳᠡᠭᠳᠡᠵᠦ ᠤᠩᠰᠢᠨ ᠲᠠᠶᠢᠯᠪᠤᠷᠢᠯᠠᠬᠤ ᠪᠠ ᠵᠢᠱᠢᠯᠳᠡ ᠶᠢ ᠭᠦᠳᠦᠯᠦᠨ ᠵᠢᠯᠤᠭᠤᠳᠬᠤ ᠶᠢ ᠰᠠᠶᠢᠳᠤᠷ ᠬᠢᠬᠦ | ᠬᠡᠷᠡᠭᠳᠡᠢ︔ ᠠᠯᠪᠠᠨ ᠪᠢᠴᠢᠭ ᠢ ᠨᠡᠶᠢᠳᠡᠯᠡᠬᠦ ᠦᠶᠡᠰ᠂ ᠬᠠᠮᠢᠶ᠎ᠠ ᠪᠦᠭᠦᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ | ᠠᠯᠪᠠᠨ ᠪᠢᠴᠢᠭ ᠲᠠᠢ ᠵᠡᠷᠬᠡᠪᠡᠷ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠪᠠ ᠵᠠᠭᠤᠴᠢᠯᠠᠭᠤᠷ ᠲᠤ ᠨᠡᠶᠢᠳᠡᠯᠡᠬᠦ | ᠬᠡᠷᠡᠭᠳᠡᠢ︔ ᠪᠢᠴᠢᠭ ᠮᠠᠲ᠋ᠧᠷᠢᠶᠠᠯ ᠢ ᠬᠡᠷᠡᠭᠵᠢᠬᠦᠯᠬᠦ ᠶᠠᠪᠤᠴᠠ ᠳᠤ ᠶᠠᠷᠢᠶ᠎ᠠ ᠬᠡᠯᠡᠯᠴᠡᠬᠡᠨ ᠤ ᠪᠠᠶᠢᠳᠠᠯ ᠢ ᠨᠢᠨᠨᠳᠠ | ᠮᠦᠷᠳᠡᠵᠦ᠂ ᠤᠩᠰᠢᠨ ᠲᠠᠶᠢᠯᠪᠤᠷᠢᠯᠠᠬᠤ ᠶᠢ ᠬᠡᠰᠡᠭ ᠬᠤᠪᠢᠶᠠᠨ᠂ ᠤᠯᠠᠨ ᠤᠳᠠᠭ᠎ᠠ᠂ ᠦᠷᠭᠦᠯᠵᠢᠯᠡᠨ ᠦᠷᠨᠢᠬᠦᠯᠵᠦ᠂ | ᠴᠠᠭ ᠲᠤᠬᠠᠢ ᠳᠤᠨᠢ ᠠᠰᠠᠭᠤᠯᠳᠠ ᠶᠢ ᠬᠠᠷᠢᠭᠤᠯᠵᠦ ᠮᠠᠳᠠᠭ ᠢ ᠠᠯᠳᠠᠷᠠᠭᠠᠵᠦ᠂ ᠰᠠᠨᠠᠭᠠᠴᠢᠯᠠᠭᠠᠳᠤ ᠴᠢᠨᠠᠷ᠂ | ᠬᠠᠨᠳᠤᠯᠭᠠᠳᠤ ᠴᠢᠨᠠᠷ ᠪᠠ ᠬᠤᠭᠤᠴᠠᠭᠠᠳᠤ ᠴᠢᠨᠠᠷ ᠢ ᠲᠠᠰᠤᠷᠠᠯᠳᠠ ᠦᠬᠡᠢ ᠴᠢᠩᠭᠠᠳᠬᠠᠬᠤ ᠬᠡᠷᠡᠭᠳᠡᠢ᠃ | ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠤᠨᠨᠳᠠᠬᠤ᠂ ᠵᠠᠬ᠎ᠠ ᠲᠡᠯᠬᠡᠭᠦᠷ ᠤᠨ | ᠵᠢᠱᠢᠯᠳᠡ ᠶᠢ ᠨᠦᠯᠦᠬᠡᠯᠡᠬᠦ ᠵᠡᠷᠬᠡ ᠴᠢᠬᠤᠯᠠ ᠲᠦᠷᠦ ᠶᠢᠨ ᠪᠤᠳᠤᠯᠭ᠎ᠠ ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ | ᠮᠦᠴᠢᠷ ᠨᠢ ᠵᠠᠭᠤᠴᠢᠯᠠᠭᠤᠷ ᠢ ᠴᠢᠳᠠᠮᠠᠭᠠᠢ ᠬᠡᠷᠡᠭᠯᠡᠵᠦ᠂ ᠦᠨᠡᠨ ᠠᠴᠠ ᠵᠦᠪ ᠢ ᠡᠷᠢᠵᠦ᠂ ᠬᠠᠷᠠᠯᠳᠠ ᠲᠠᠢ ᠪᠠᠷ | ᠲᠦᠷᠦ ᠶᠢᠨ ᠪᠤᠳᠤᠯᠭ᠎ᠠ ᠶᠢᠨ ᠤᠩᠰᠢᠨ ᠲᠠᠶᠢᠯᠪᠤᠷᠢᠯᠠᠯᠳᠠ ᠬᠢᠬᠦ ᠶᠢ ᠦᠷᠨᠢᠬᠦᠯᠵᠦ᠂ ᠵᠠᠰᠠᠭ ᠤᠨ ᠤᠷᠳᠤᠨ ᠬᠢᠬᠡᠳ | ᠵᠠᠬ᠎ᠠ ᠲᠡᠯᠬᠡᠭᠦᠷ᠂ ᠨᠡᠶᠢᠬᠡᠮ ᠯᠦᠭᠡ ᠨᠡᠪᠳᠡᠷᠡᠯᠴᠡᠬᠦ ᠠᠵᠢᠯ ᠢ ᠰᠠᠶᠢᠳᠤᠷ ᠬᠢᠵᠦ᠂ ᠲᠦᠷᠦ ᠶᠢᠨ ᠪᠤᠳᠤᠯᠭ᠎ᠠ ᠶᠢᠨ ᠰᠠᠨᠠᠭ᠎ᠠ | ᠵᠤᠷᠢᠯᠭ᠎ᠠ ᠶᠢ ᠴᠠᠭ ᠲᠤᠬᠠᠢ ᠳᠤᠨᠢ ᠤᠨᠤᠪᠴᠢᠳᠠᠢ ᠲᠠᠮᠵᠢᠭᠤᠯᠬᠤ ᠬᠡᠷᠡᠭᠳᠡᠢ᠃ ᠬᠠᠷᠢᠭᠤ ᠲᠤᠰᠬᠠᠯ ᠤᠨ ᠮᠡᠳᠡᠭᠡ | ᠵᠠᠩᠬᠢ ᠶᠢ ᠴᠤᠨᠨᠯᠠᠭᠤᠯᠬᠤ ᠶᠢ ᠴᠢᠬᠤᠯᠠᠴᠢᠯᠠᠵᠦ᠂ ᠵᠠᠬ᠎ᠠ ᠲᠡᠯᠬᠡᠭᠦᠷ ᠪᠠ ᠨᠡᠶᠢᠬᠡᠮ ᠤᠨ ᠠᠩᠬᠠᠷᠴᠤ ᠪᠦᠭᠦᠢ | ᠵᠦᠢᠯᠡᠰ ᠲᠤ ᠴᠢᠭᠯᠡᠬᠦᠯᠦᠨ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠶᠢ ᠨᠡᠩ ᠨᠠᠷᠢᠯᠢᠬ ᠭᠦᠢᠴᠡᠳ᠂ | ᠨᠡᠩ ᠴᠠᠭ ᠲᠤᠬᠠᠢ ᠳᠤᠨᠢ ᠰᠠᠶᠢᠳᠤᠷ ᠬᠢᠵᠦ᠂ ᠠᠳᠡᠬᠦᠦ ᠪᠤᠷᠤᠭᠤ ᠦᠢᠯᠠᠭᠠᠯᠳᠠ ᠶᠢ ᠪᠠᠭᠠᠰᠬᠠᠨ᠂ ᠵᠢᠱᠢᠭᠰᠡᠨ | ᠬᠤᠭᠤᠴᠠᠭ᠎ᠠ ᠶᠢ ᠲᠤᠨᠨᠳᠠᠪᠦᠷᠢᠲᠠᠢ ᠪᠠᠶᠢᠯᠭᠠᠬᠤ ᠬᠡᠷᠡᠭᠳᠡᠢ᠃ | ᠭᠤᠷᠪᠠ᠂ ᠠᠩᠬᠠᠷᠴᠤ ᠪᠦᠭᠦᠢ ᠵᠦᠢᠯ ᠳᠤ ᠢᠳᠡᠪᠬᠢᠳᠡᠢ ᠪᠠᠷ ᠬᠠᠷᠢᠭᠤ ᠦᠭᠭᠦᠨ᠎ᠠ | ︵ᠨᠢᠬᠡ︶ ᠬᠠᠷᠢᠭᠤ ᠦᠭᠭᠦ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠳᠡᠢ᠃ ᠬᠠᠷᠢᠶᠠᠳᠤ ᠤᠷᠤᠨ ᠢᠶᠠᠨ | ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠵᠠᠷᠴᠢᠮ | ᠶᠤᠰᠤᠭᠠᠷ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠬᠡᠨ ᠤ ᠪᠠᠶᠢᠳᠠᠯ ᠳᠤ ᠬᠠᠷᠢᠭᠤ ᠦᠭᠭᠦ ᠠᠵᠢᠯ ᠢ ᠰᠠᠶᠢᠳᠤᠷ | ᠬᠢᠵᠦ᠂ ᠤᠴᠢᠷ ᠶᠠᠪᠤᠳᠠᠯ ᠳᠤ ᠬᠤᠯᠪᠤᠨᠨᠳᠠᠬᠤ ᠬᠠᠷᠢᠭᠤᠴᠠᠯᠭᠠᠳᠤ ᠰᠠᠯᠠᠭ᠎ᠠ ᠮᠦᠴᠢᠷ ᠨᠢ ᠨᠢᠬᠡᠳᠦᠬᠡᠷ | ᠬᠠᠷᠢᠭᠤᠴᠠᠯᠭ᠎ᠠ ᠶᠢᠨ ᠭᠤᠤᠯ ᠴᠤᠨᠨᠴᠠ ᠮᠦᠨ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ | ᠲᠦᠷᠦ ᠶᠢᠨ ᠪᠤᠳᠤᠯᠭ᠎ᠠ᠂ ᠴᠢᠬᠤᠯᠠ ᠠᠵᠢᠯ ᠤᠨ ᠪᠠᠶᠢᠷᠢᠯᠠᠭᠤᠯᠤᠯᠳᠠ ᠳᠤ ᠬᠤᠯᠪᠤᠨᠨᠳᠠᠬᠤ ᠵᠠᠰᠠᠭ ᠤᠨ ᠶᠠᠪᠤᠳᠠᠯ ᠤᠨ | ᠶᠠᠷᠢᠶ᠎ᠠ ᠬᠡᠯᠡᠯᠴᠡᠬᠡᠨ ᠤ ᠪᠠᠶᠢᠳᠠᠯ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠭᠦᠢ ᠰᠠᠯᠠᠭ᠎ᠠ ᠮᠦᠴᠢᠷ ᠨᠢ | ᠬᠠᠷᠢᠭᠤ ᠦᠭᠭᠦ ᠭᠤᠤᠯ ᠴᠤᠨᠨᠴᠠ ᠪᠤᠯᠤᠨ᠎ᠠ︔ ᠤᠷᠤᠨ ᠨᠤᠳᠤᠭ ᠲᠤ ᠬᠤᠯᠪᠤᠨᠨᠳᠠᠬᠤ ᠵᠠᠰᠠᠭ ᠤᠨ ᠶᠠᠪᠤᠳᠠᠯ ᠤᠨ | ᠶᠠᠷᠢᠶ᠎ᠠ ᠬᠡᠯᠡᠯᠴᠡᠬᠡᠨ ᠤ ᠪᠠᠶᠢᠳᠠᠯ ᠳᠤ᠂ ᠬᠠᠷᠢᠶᠠᠳᠤ ᠤᠷᠤᠨ ᠤ ᠤᠴᠢᠷ ᠶᠠᠪᠤᠳᠠᠯ ᠳᠤ ᠬᠤᠯᠪᠤᠨᠨᠳᠠᠬᠤ ᠬᠠᠷᠢᠭᠤᠴᠠᠯᠭᠠᠳᠤ | ᠰᠠᠯᠠᠭ᠎ᠠ ᠮᠦᠴᠢᠷ ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ︔ ᠤᠯᠠᠨ ᠤᠷᠤᠨ ᠨᠤᠳᠤᠭ ᠤᠨ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠬᠡᠨ ᠤ ᠪᠠᠶᠢᠳᠠᠯ ᠳᠤ ᠬᠤᠯᠪᠤᠨᠨᠳᠠᠪᠠᠯ᠂ ᠲᠡᠬᠡᠳᠦ ᠱᠠᠳᠤᠨ ᠤ ᠵᠠᠰᠠᠭ ᠤᠨ ᠤᠷᠳᠤᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ᠃ ᠵᠠᠰᠠᠭ ᠤᠨ | ᠤᠷᠳᠤᠨ ᠤ ᠠᠯᠪᠠᠨ ᠲᠢᠩᠬᠢᠮ ︵ᠬᠡᠷ︶ ᠨᠢ ᠤᠬᠠᠭᠤᠯᠭ᠎ᠠ ᠶᠢᠨ ᠰᠠᠯᠠᠭ᠎ᠠ ᠮᠦᠴᠢᠷ ᠯᠦᠭᠡ ᠬᠠᠮᠳᠤ ᠪᠠᠷ ᠵᠤᠬᠢᠶᠠᠨ | ᠪᠠᠶᠢᠭᠤᠯᠵᠦ ᠵᠤᠬᠢᠴᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠡᠢ᠃ | ︵ᠬᠤᠶᠠᠷ︶ ᠶᠠᠷᠢᠶ᠎ᠠ ᠬᠡᠯᠡᠯᠴᠡᠬᠡᠨ ᠤ ᠪᠠᠶᠢᠳᠠᠯ ᠢ ᠴᠤᠨᠨᠯᠠᠭᠤᠯᠬᠤ ᠶᠢᠨ ᠭᠤᠤᠯᠳᠠᠯᠭ᠎ᠠ ᠶᠢ ᠲᠤᠪᠤᠶᠢᠯᠭᠠᠬᠤ | ᠬᠡᠷᠡᠭᠳᠡᠢ᠃ ᠭᠤᠤᠯᠳᠠᠭᠤ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ | ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ᠂ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠪᠠ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ ᠤᠨ ᠶᠠᠮᠤᠨ ᠤ ᠶᠠᠪᠤᠳᠠᠯ ᠤᠨ ᠬᠤᠷᠠᠯ ᠳᠤ ᠵᠦᠪᠳᠡᠨ | ᠲᠤᠨᠨᠳ᠋ᠬᠠᠰᠠᠨ ᠵᠦᠢᠯᠡᠰ ᠲᠤ ᠬᠤᠯᠪᠤᠨᠨᠳᠠᠬᠤ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠬᠡᠨ ᠤ ᠪᠠᠶᠢᠳᠠᠯ ᠤᠨ ᠮᠡᠳᠡᠭᠡ | ᠵᠠᠩᠬᠢ︔ ᠤᠯᠠᠨ ᠨᠡᠶᠢᠳᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠨᠨᠳᠠᠬᠤ ᠮᠦᠷᠳᠡᠬᠡᠨ ᠨᠡᠯᠢᠶᠡᠳ ᠶᠡᠭᠡ | ᠨᠦᠯᠦᠬᠡ ᠦᠵᠡᠬᠦᠯᠵᠦ ᠮᠡᠳᠡᠬᠦ ᠵᠠᠭᠤᠴᠢᠯᠠᠭᠤᠷ ᠤᠨ ᠮᠡᠳᠡᠬᠡᠯᠡᠯ︔ ᠵᠠᠭᠤᠴᠢᠯᠠᠭᠤᠷ ᠪᠠ ᠤᠯᠠᠨ ᠨᠡᠶᠢᠳᠡ ᠶᠢᠨ | ᠠᠩᠬᠠᠷᠤᠯ ᠢ ᠲᠠᠳᠠᠬᠤ᠂ ᠵᠠᠰᠠᠭ ᠤᠨ ᠤᠷᠳᠤᠨ ᠤ ᠲᠦᠷᠢ ᠲᠦᠷᠬᠦ ᠪᠠ ᠤᠯᠠᠨ ᠨᠡᠶᠢᠳᠡ ᠶᠢ ᠢᠳᠡᠬᠡᠬᠦᠯᠬᠦ ᠭᠦᠴᠦᠨ ᠢ | ᠨᠦᠯᠦᠬᠡᠯᠡᠵᠦ ᠮᠡᠳᠡᠬᠦ ᠶᠠᠷᠢᠶ᠎ᠠ ᠬᠡᠯᠡᠯᠴᠡᠬᠡᠨ ᠤ ᠪᠠᠶᠢᠳᠠᠯ ᠤᠨ ᠮᠡᠳᠡᠭᠡ ᠵᠠᠩᠬᠢ︔ ᠴᠢᠬᠤᠯᠠ ᠶᠡᠭᠡ ᠬᠡᠨᠡᠳᠳᠡ ᠶᠢᠨ | ᠬᠡᠷᠡᠭ ᠢ ᠰᠶᠢᠳᠪᠦᠷᠢᠯᠡᠬᠦ ᠪᠠ ᠪᠠᠶᠢᠭᠠᠯᠢ ᠶᠢᠨ ᠭᠠᠮᠰᠢᠭ ᠢ ᠠᠷᠭᠠᠴᠠᠬᠤ ᠳᠤ ᠬᠤᠯᠪᠤᠨᠨᠳᠠᠬᠤ ᠤᠯᠠᠨ ᠤ ᠪᠠᠶᠢᠳᠠᠯ ᠤᠨ | ᠮᠡᠳᠡᠭᠡ ᠵᠠᠩᠬᠢ︔ ᠨᠡᠶᠢᠬᠡᠮ ᠤᠨ ᠶᠤᠰᠤ ᠰᠤᠷᠳᠠᠬᠤᠨ ᠤ ᠬᠢᠵᠠᠭᠠᠷ ᠱᠤᠭᠤᠮ ᠳᠤ ᠭᠦᠨᠳᠦ ᠨᠤᠴᠢᠳᠠᠢ ᠲᠠᠭᠠᠷᠢᠯᠳᠠ | ᠦᠵᠡᠬᠦᠯᠬᠦ ᠠᠷᠠᠳ ᠤᠨ ᠠᠮᠢᠳᠤᠷᠠᠯ ᠤᠨ ᠲᠤᠬᠠᠢ ᠶᠠᠷᠢᠶ᠎ᠠ ᠬᠡᠯᠡᠯᠴᠡᠬᠡᠨ ᠤ ᠪᠠᠶᠢᠳᠠᠯ ᠤᠨ ᠮᠡᠳᠡᠭᠡ ᠵᠠᠩᠬᠢ︔ | ᠨᠡᠶᠢᠬᠡᠮ ᠤᠨ ᠡᠮᠬᠢ ᠲᠢᠭᠯᠢᠮ ᠪᠠ ᠤᠯᠤᠰ ᠤᠨ ᠠᠰᠢᠭ ᠲᠤᠰᠠ ᠶᠢ ᠭᠦᠨᠳᠦ ᠨᠤᠴᠢᠳᠠᠢ ᠬᠤᠬᠢᠷᠠᠭᠤᠯᠬᠤ ᠤᠷᠤ ᠦᠬᠡᠢ | ᠮᠡᠳᠡᠭᠡ ᠵᠠᠩᠬᠢ ᠵᠡᠷᠬᠡ ᠶᠢ ᠤᠶᠢᠯᠠᠭᠠᠬᠤ ᠬᠡᠷᠡᠭᠳᠡᠢ᠃ | ︵ᠭᠤᠷᠪᠠ︶ ᠰᠤᠳᠤᠯᠤᠨ ᠮᠠᠭᠠᠳᠯᠠᠵᠦ ᠰᠶᠢᠳᠪᠦᠷᠢᠯᠡᠬᠦ ᠶᠢ ᠰᠠᠶᠢᠳᠤᠷ ᠬᠢᠬᠦ ᠬᠡᠷᠡᠭᠳᠡᠢ᠃ ᠵᠠᠰᠠᠭ ᠤᠨ | ᠶᠠᠪᠤᠳᠠᠯ ᠤᠨ ᠶᠠᠷᠢᠶ᠎ᠠ ᠬᠡᠯᠡᠯᠴᠡᠬᠡᠨ ᠤ ᠪᠠᠶᠢᠳᠠᠯ ᠢ ᠴᠤᠨᠨᠯᠠᠭᠤᠯᠵᠦ᠂ ᠵᠦᠪᠳᠡᠯᠴᠡᠬᠦ᠂ ᠰᠤᠳᠤᠯᠤᠨ ᠮᠠᠭᠠᠳᠯᠠᠬᠤ᠂ | ᠬᠠᠷᠢᠭᠤ ᠦᠭᠭᠦ᠂ ᠦᠨᠡᠯᠡᠨ ᠵᠢᠱᠢᠬᠦ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠴᠤᠨᠨᠯᠠᠭᠤᠯᠤᠨᠨᠰᠠᠨ ᠶᠠᠷᠢᠶ᠎ᠠ | ᠬᠡᠯᠡᠯᠴᠡᠬᠡᠨ ᠤ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠳᠠᠯᠢ ᠪᠤᠰᠤ ᠪᠠᠶᠢᠳᠠᠯ ᠢ ᠢᠯᠭᠠᠵᠦ᠂ | ᠲᠦᠷᠦᠯ ᠬᠤᠪᠢᠶᠠᠨ ᠰᠶᠢᠳᠪᠦᠷᠢᠯᠡᠬᠦ ᠬᠡᠷᠡᠭᠳᠡᠢ᠃ ᠪᠦᠳᠦᠬᠡᠯᠴᠢ ᠴᠢᠨᠠᠷᠳᠠᠢ ᠰᠠᠨᠠᠯ ᠰᠠᠨᠠᠭᠤᠯᠭ᠎ᠠ ᠶᠢ ᠭᠦᠯᠢᠶᠡᠨ ᠠᠪᠴᠤ | ᠬᠡᠷᠡᠭᠯᠡᠭᠰᠡᠨ ᠪᠠᠶᠢᠳᠠᠯ ᠢ ᠭᠠᠳ᠋ᠬᠠᠰᠢ ᠢᠯᠡ ᠪᠤᠯᠭᠠᠬᠤ ᠬᠡᠷᠡᠭᠳᠡᠢ᠃ ᠤᠯᠠᠨ ᠲᠦᠮᠡᠨ ᠤ ᠲᠤᠰᠬᠠᠨᠨᠰᠠᠨ ᠪᠤᠳᠠᠳᠠᠢ | ᠭᠦᠴᠢᠷᠳᠡᠯ ᠢ ᠰᠤᠳᠤᠯᠵᠦ ᠰᠶᠢᠳᠪᠦᠷᠢᠯᠡᠭᠰᠡᠨ ᠪᠠᠶᠢᠳᠠᠯ ᠢ ᠭᠠᠳ᠋ᠬᠠᠰᠢ ᠨᠡᠶᠢᠳᠡᠯᠡᠬᠦ ᠬᠡᠷᠡᠭᠳᠡᠢ᠃ ᠤᠯᠠᠨ ᠲᠦᠮᠡᠨ ᠤ | ᠲᠤᠰᠬᠠᠨᠨᠰᠠᠨ ᠴᠢᠬᠤᠯᠠ ᠶᠡᠭᠡ ᠠᠰᠠᠭᠤᠳᠠᠯ ᠢ ᠪᠠᠶᠢᠴᠠᠭᠠᠵᠦ ᠰᠶᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ | ᠨᠡᠶᠢᠳᠡᠯᠡᠬᠦ ᠬᠡᠷᠡᠭᠳᠡᠢ᠃ ᠤᠯᠠᠨ ᠲᠦᠮᠡᠨ ᠤ ᠤᠶᠢᠯᠠᠭᠠᠬᠤ ᠦᠬᠡᠢ ᠪᠠᠶᠢᠬᠤ ᠪᠠᠶᠢᠳᠠᠯ᠂ ᠪᠠᠯᠠᠷᠬᠠᠢ ᠲᠠᠨᠢᠯᠳᠠ ᠤᠷᠤᠰᠢᠵᠦ | ᠪᠠᠶᠢᠪᠠᠯ ᠰᠠᠨᠠᠭᠠᠴᠢᠯᠠᠭ᠎ᠠ ᠠᠴᠠ ᠪᠠᠨ ᠡᠷᠬᠡ ᠰᠦᠷᠳᠡᠢ ᠮᠡᠳᠡᠭᠡ ᠵᠠᠩᠬᠢ ᠨᠡᠶᠢᠳᠡᠯᠡᠵᠦ᠂ ᠠᠰᠠᠭᠤᠯᠳᠠ ᠶᠢ ᠬᠠᠷᠢᠭᠤᠯᠵᠦ | ᠮᠠᠳᠠᠭ ᠢ ᠠᠯᠳᠠᠷᠠᠭᠠᠨ᠂ ᠪᠤᠳᠠᠳᠤ ᠪᠠᠶᠢᠳᠠᠯ ᠢ ᠲᠤᠳᠤᠷᠬᠠᠶᠢᠯᠠᠬᠤ ᠬᠡᠷᠡᠭᠳᠡᠢ᠃ ᠪᠤᠷᠤᠭᠤ ᠦᠵᠡᠯᠳᠡ ᠪᠤᠳᠤᠯ ᠪᠠᠶᠢᠪᠠᠯ | ᠲᠠᠷᠦ᠋ᠢᠬᠠᠨ ᠮᠡᠳᠡᠭᠡ ᠵᠠᠩᠬᠢ ᠨᠡᠶᠢᠳᠡᠯᠡᠵᠦ ᠪᠠᠶᠢᠭᠠᠳ ᠭᠦᠳᠦᠯᠦᠨ ᠵᠢᠯᠤᠭᠤᠳᠬᠤ ᠪᠠ ᠵᠠᠰᠠᠨ ᠵᠠᠯᠠᠷᠠᠭᠤᠯᠬᠤ ᠬᠡᠷᠡᠭᠳᠡᠢ᠃ | ᠬᠤᠳᠠᠯ ᠬᠠᠭᠤᠷᠮᠠᠭ ᠪᠠ ᠤᠷᠤ ᠦᠬᠡᠢ ᠮᠡᠳᠡᠭᠡ ᠵᠠᠩᠬᠢ ᠪᠠᠶᠢᠪᠠᠯ᠂ ᠴᠠᠭ ᠲᠤᠬᠠᠢ ᠳᠤᠨᠢ ᠬᠠᠷᠢᠭᠤ ᠦᠭᠭᠦ ᠶᠢᠨ ᠬᠠᠮᠳᠤ | ᠬᠠᠤᠯᠢ ᠠᠴᠠ ᠵᠦᠷᠢᠴᠡᠭᠰᠡᠨ ᠳᠤ ᠬᠤᠯᠪᠤᠨᠨᠳᠠᠬᠤ ᠬᠤᠯᠪᠤᠨᠨᠳᠠᠯ ᠪᠦᠭᠦᠢ ᠪᠠᠶᠢᠳᠠᠯ ᠪᠠ ᠰᠦᠪᠡᠭᠴᠢ ᠶᠢ ᠲᠤᠳᠤᠭᠠᠳᠤ ᠶᠢ | ᠬᠠᠮᠠᠭᠠᠯᠠᠬᠤ ᠪᠠᠶᠢᠭᠤᠯᠭ᠎ᠠ᠂ ᠲᠤᠤᠷ ᠰᠦᠯᠵᠢᠶ᠎ᠡ ᠶᠢ ᠬᠢᠨᠠᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠬᠦᠯᠦᠨ | ᠲᠤᠰᠢᠶᠠᠵᠦ ᠪᠠᠶᠢᠭᠠᠳ ᠬᠠᠤᠯᠢ ᠲᠤᠨᠨᠳᠠᠭᠠᠯ ᠶᠤᠰᠤᠭᠠᠷ ᠪᠠᠶᠢᠴᠠᠭᠠᠨ ᠰᠶᠢᠳᠪᠦᠷᠢᠯᠡᠬᠦ ᠬᠡᠷᠡᠭᠳᠡᠢ᠃ ᠬᠠᠷᠢᠭᠤ ᠦᠭᠴᠦ | ᠭᠦᠳᠦᠯᠦᠨ ᠵᠢᠯᠤᠭᠤᠳᠬᠤ ᠲᠤᠰᠬᠠᠢ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠵᠦ᠂ ᠭᠤᠤᠯᠳᠠᠭᠤ ︽ᠬᠤᠶᠠᠷ | ᠬᠤᠷᠠᠯ︾᠂ ᠠᠵᠦ ᠠᠬᠤᠢ ᠶᠢᠨ ᠲᠤᠭ᠎ᠠ ᠪᠠᠷᠢᠮᠳᠠ ᠶᠢ ᠨᠡᠶᠢᠳᠡᠯᠡᠬᠦ ᠪᠠ ᠠᠵᠦ ᠠᠬᠤᠢ ᠶᠢᠨ ᠴᠠᠭ ᠤᠨ ᠪᠠᠶᠢᠳᠠᠯ᠂ | ᠴᠢᠬᠤᠯᠠ ᠶᠡᠭᠡ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ᠂ | ᠴᠢᠬᠤᠯᠠ ᠶᠡᠭᠡ ᠬᠡᠨᠡᠳᠳᠡ ᠶᠢᠨ ᠬᠡᠷᠡᠭ ᠵᠡᠷᠬᠡ ᠶᠢᠨ ᠲᠤᠭᠤᠷᠢᠨ ᠳᠤ ᠶᠠᠷᠢᠶ᠎ᠠ ᠬᠡᠯᠡᠯᠴᠡᠬᠡᠨ ᠤ ᠪᠠᠶᠢᠳᠠᠯ ᠢ ᠴᠤᠨᠨᠯᠠᠭᠤᠯᠵᠦ | ᠂ ᠰᠤᠳᠤᠯᠤᠨ ᠮᠠᠭᠠᠳᠯᠠᠬᠤ ᠪᠠ ᠬᠠᠷᠢᠭᠤ ᠦᠭᠭᠦ ᠠᠵᠢᠯ ᠢ ᠰᠠᠶᠢᠳᠤᠷ ᠬᠢᠬᠦ ᠬᠡᠷᠡᠭᠳᠡᠢ᠃ | ︵ᠲᠦᠷᠪᠡ︶ ᠬᠠᠷᠢᠭᠤ ᠦᠭᠭᠦ ᠦᠷ᠎ᠡ ᠪᠦᠳᠦᠮᠵᠢ ᠶᠢ ᠲᠡᠬᠡᠭᠰᠢᠯᠡᠬᠦᠯᠬᠦ ᠬᠡᠷᠡᠭᠳᠡᠢ᠃ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ᠂ ᠵᠠᠬ᠎ᠠ ᠲᠡᠯᠬᠡᠭᠦᠷ ᠤᠨ ᠵᠢᠱᠢᠭᠰᠡᠨ ᠬᠤᠭᠤᠴᠠᠭ᠎ᠠ ᠶᠢ ᠨᠦᠯᠦᠬᠡᠯᠡᠬᠦ ᠪᠠ ᠤᠯᠠᠨ | ᠨᠡᠶᠢᠳᠡ ᠶᠢᠨ ᠬᠡᠨᠡᠳᠳᠡ ᠶᠢᠨ ᠬᠡᠷᠡᠭ ᠵᠡᠷᠬᠡ ᠳᠤ ᠬᠤᠯᠪᠤᠨᠨᠳᠠᠬᠤ ᠭᠤᠤᠯᠳᠠᠯᠭ᠎ᠠ ᠲᠠᠢ ᠵᠦᠢᠯᠡᠰ ᠲᠤ ᠴᠠᠭ ᠲᠤᠬᠠᠢ ᠳᠤᠨᠢ | ᠮᠡᠳᠡᠭᠡ ᠵᠠᠩᠬᠢ ᠨᠡᠶᠢᠳᠡᠯᠡᠬᠦ ᠬᠡᠷᠡᠭᠳᠡᠢ᠃ ᠤᠨᠴᠠ ᠴᠢᠬᠤᠯᠠ ᠶᠡᠭᠡ᠂ ᠴᠢᠬᠤᠯᠠ ᠶᠡᠭᠡ ᠬᠡᠨᠡᠳᠳᠡ ᠶᠢᠨ ᠬᠡᠷᠡᠭ ᠲᠤ | ᠬᠤᠯᠪᠤᠨᠨᠳᠠᠬᠤ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠬᠡᠨ ᠤ ᠪᠠᠶᠢᠳᠠᠯ ᠢ ᠲᠦᠷᠬᠡᠨ ᠢᠶᠠᠷ ᠬᠠᠷᠢᠭᠤ ᠲᠤᠰᠬᠠᠵᠦ᠂ | ᠬᠠᠮᠤᠭ ᠤᠷᠤᠢ ᠳᠠᠭᠠᠨ 5 ᠴᠠᠭ ᠤᠨ ᠲᠤᠳᠤᠷ᠎ᠠ ᠡᠷᠬᠡ ᠰᠦᠷᠳᠡᠢ ᠮᠡᠳᠡᠭᠡ ᠵᠠᠩᠬᠢ ᠨᠡᠶᠢᠳᠡᠯᠡᠨ᠂ 24 ᠴᠠᠭ ᠤᠨ | ᠲᠤᠳᠤᠷ᠎ᠠ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠬᠤ ᠶᠢᠨ ᠬᠠᠮᠳᠤ ᠠᠵᠢᠯ ᠤᠨ ᠠᠬᠢᠴᠠ ᠶᠢᠨ ᠪᠠᠶᠢᠳᠠᠯ ᠢ | ᠦᠨᠳᠦᠰᠦᠯᠡᠵᠦ᠂ ᠡᠷᠬᠡ ᠰᠦᠷᠳᠡᠢ ᠮᠡᠳᠡᠭᠡ ᠵᠠᠩᠬᠢ ᠶᠢ ᠦᠷᠬᠦᠯᠵᠢᠯᠡᠨ ᠨᠡᠶᠢᠳᠡᠯᠡᠵᠦ᠂ ᠬᠤᠯᠪᠤᠨᠨᠳᠠᠯ ᠪᠦᠭᠦᠢ ᠤᠷᠤᠨ | ᠨᠤᠳᠤᠭ ᠪᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠠᠷ ᠲᠦᠷᠦᠭᠦᠯᠡᠨ ᠰᠠᠨᠠᠭᠠᠴᠢᠯᠠᠭ᠎ᠠ ᠠᠴᠠ ᠪᠠᠨ | ᠲᠤᠤᠭᠠᠷᠬᠤ ᠬᠡᠷᠡᠭᠳᠡᠢ᠃ ᠵᠠᠰᠠᠭ ᠤᠨ ᠶᠠᠪᠤᠳᠠᠯ ᠤᠨ ᠴᠢᠬᠤᠯᠠ ᠶᠡᠭᠡ ᠶᠠᠷᠢᠶ᠎ᠠ ᠬᠡᠯᠡᠯᠴᠡᠬᠡᠨ ᠤ ᠪᠠᠶᠢᠳᠠᠯ ᠳᠤ | ᠴᠢᠭᠯᠡᠬᠦᠯᠦᠨ᠂ ᠤᠬᠠᠭᠤᠯᠭ᠎ᠠ᠂ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠡᠷᠬᠡ ᠰᠠᠯᠠᠭ᠎ᠠ | ᠮᠦᠴᠢᠷ ᠯᠤᠭ᠎ᠠ ᠲᠦᠷᠬᠡᠨ ᠬᠠᠷᠢᠭᠤ ᠲᠤᠰᠬᠠᠬᠤ ᠪᠠ ᠵᠤᠬᠢᠴᠠᠭᠤᠯᠵᠦ ᠬᠠᠮᠳᠤᠷᠠᠨ ᠭᠦᠳᠡᠯᠦᠯᠴᠡᠬᠦ ᠲᠤᠨᠨᠳᠠᠴᠠ ᠶᠢ | ᠪᠠᠶᠢᠭᠤᠯᠵᠦ᠂ ᠬᠤᠯᠪᠤᠨᠨᠳᠠᠯ ᠪᠦᠭᠦᠢ ᠰᠤᠨᠢᠨ ᠮᠡᠳᠡᠬᠡᠨ ᠤ ᠵᠠᠭᠤᠴᠢᠯᠠᠭᠤᠷ ᠪᠠ ᠰᠦᠯᠵᠢᠶᠡᠨ ᠦᠷᠳᠡᠭᠡ ᠲᠠᠢ | ᠨᠡᠪᠳᠡᠷᠡᠯᠴᠡᠨ ᠬᠠᠷᠢᠯᠴᠠᠬᠤ ᠪᠠᠨ ᠴᠢᠩᠭᠠᠳᠬᠠᠨ᠂ ᠬᠠᠷᠢᠭᠤ ᠦᠭᠭᠦ ᠶᠢᠨ ᠴᠠᠭ ᠲᠤᠬᠠᠶᠢᠳᠤ ᠴᠢᠨᠠᠷ᠂ ᠴᠢᠭᠯᠡᠬᠦᠯᠦᠯᠳᠦ | ᠴᠢᠨᠠᠷ᠂ ᠪᠦᠳᠦᠮᠵᠢᠳᠦ ᠴᠢᠨᠠᠷ ᠢ ᠭᠦᠴᠦᠯᠡᠨ ᠲᠡᠬᠡᠭᠰᠢᠯᠡᠬᠦᠯᠬᠦ ᠬᠡᠷᠡᠭᠳᠡᠢ᠃ ᠦᠢᠯᠡᠴᠢᠯᠡᠭᠡ ᠬᠤᠳᠠᠯᠳᠤᠨ ᠠᠪᠬᠤ᠂ | ᠲᠤᠮᠤ ᠳ᠋ᠠᠶᠢᠲ᠋ᠠ ᠶᠢᠨ ᠮᠡᠷᠬᠡᠵᠢᠯ ᠤᠨ ᠲᠤᠯᠭᠠᠭᠤᠷᠢᠯᠠᠯ ᠢ ᠲᠡᠭᠦᠯᠳᠡᠷᠵᠢᠬᠦᠯᠬᠦ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠵᠦ᠂ | ᠲᠤᠰᠬᠠᠢ ᠮᠡᠷᠬᠡᠵᠢᠯ ᠤᠨ ᠭᠦᠴᠦᠨ ᠴᠢᠳᠠᠯ ᠢ ᠰᠠᠶᠢᠳᠤᠷ ᠬᠡᠷᠡᠭᠯᠡᠨ᠂ ᠶᠠᠷᠢᠶ᠎ᠠ ᠬᠡᠯᠡᠯᠴᠡᠬᠡᠨ ᠤ ᠪᠠᠶᠢᠳᠠᠯ ᠢ ᠵᠠᠳᠠᠯᠵᠦ | ᠰᠶᠢᠳᠪᠦᠷᠢᠯᠡᠬᠦ ᠮᠡᠳᠡᠭᠡ ᠵᠠᠩᠬᠢᠵᠢᠯᠳᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠳᠡᠢ᠃ | ᠲᠦᠷᠪᠡ᠂ ᠲᠡᠪᠴᠡᠩ ᠤᠨ ᠪᠠᠶᠢᠭᠤᠯᠤᠯᠳᠠ ᠶᠢ ᠴᠢᠩᠭᠠᠳᠬᠠᠨ᠎ᠠ | ︵ᠨᠢᠬᠡ︶ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢ ᠪᠠᠶᠢᠭᠤᠯᠬᠤ ᠪᠠ ᠬᠠᠮᠢᠶᠠᠷᠬᠤ ᠪᠠᠨ | ᠴᠢᠩᠭᠠᠷᠠᠭᠤᠯᠬᠤ ᠬᠡᠷᠡᠭᠳᠡᠢ᠃ ᠡᠯ᠎ᠡ ᠱᠠᠳᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ︵ᠬᠡᠷ︶ ᠨᠢ ᠲᠤᠰ | ᠱᠠᠳᠤᠨ ᠤ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢ ᠪᠠᠶᠢᠭᠤᠯᠵᠦ ᠬᠠᠮᠢᠶᠠᠷᠬᠤ ᠲᠡᠷᠢᠬᠦᠨ ᠤ | ᠬᠠᠷᠢᠭᠤᠴᠠᠯᠭ᠎ᠠ ᠶᠢᠨ ᠭᠤᠤᠯ ᠴᠤᠨᠨᠴᠠ ᠮᠦᠨ᠂ ᠲᠤᠰ ᠱᠠᠳᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶᠡᠨ | ᠦᠷᠳᠡᠭᠡ ᠶᠢ ᠪᠠᠶᠢᠭᠤᠯᠬᠤ ᠵᠢᠴᠢ ᠲᠤᠰ ᠭᠠᠵᠠᠷ ᠤᠷᠤᠨ ᠤ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢᠨ | ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠬᠤ ᠬᠡᠷᠡᠭᠳᠡᠢ︔ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ | ᠮᠡᠳᠡᠭᠡ ᠵᠠᠩᠬᠢᠵᠢᠯᠳᠠ᠂ ᠤᠷᠤᠨ ᠲᠤᠭ᠎ᠠ᠂ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ᠂ ᠲᠤᠳᠤᠭᠠᠳᠤ ᠶᠢ | ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ ᠵᠡᠷᠬᠡ ᠰᠠᠯᠠᠭ᠎ᠠ ᠮᠦᠴᠢᠷ ᠯᠦᠭᠡ ᠬᠠᠮᠵᠢᠯᠴᠠᠬᠤ ᠪᠠᠨ ᠴᠢᠩᠭᠠᠳᠬᠠᠵᠦ᠂ | ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢ ᠡᠷᠬᠢᠯᠡᠨ ᠨᠡᠬᠡᠬᠡᠬᠦ᠂ ᠪᠠᠶᠢᠭᠤᠯᠬᠤ᠂ ᠲᠡᠰ ᠲᠤᠨᠨᠳᠠᠭᠠᠬᠤ᠂ | ᠲᠠᠩᠰᠠᠨ ᠳᠤ ᠲᠡᠮᠳᠡᠭᠯᠡᠬᠦ᠂ ᠠᠵᠢᠯᠯᠠᠭᠤᠯᠵᠦ ᠬᠠᠮᠠᠭᠠᠯᠠᠬᠤ᠂ ᠲᠡᠰ ᠵᠡᠷᠬᠡ ᠶᠢ ᠬᠠᠮᠠᠭᠠᠯᠠᠵᠦ ᠰᠢᠯᠭᠠᠨ ᠦᠨᠡᠯᠡᠬᠦ᠂ | ᠦᠢᠯᠡᠴᠢᠯᠡᠭᠡ᠂ ᠬᠠᠷᠢᠯᠴᠠᠨ ᠭᠦᠳᠡᠯᠦᠯᠴᠡᠬᠦ᠂ ᠠᠮᠤᠷ ᠲᠦᠪᠰᠢᠨ ᠪᠠ ᠬᠠᠭᠠᠵᠦ ᠵᠤᠨᠨᠰᠤᠭᠠᠬᠤ ᠵᠡᠷᠬᠡ ᠳᠤ ᠬᠢᠨᠠᠯᠳᠠ | ᠬᠠᠮᠢᠶᠠᠷᠤᠯᠳᠠ ᠬᠢᠬᠦ ᠬᠡᠷᠡᠭᠳᠡᠢ᠃ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢᠨ ᠡᠳᠦᠷ ᠲᠤᠳᠤᠮ ᠤᠨ | ᠰᠢᠯᠭᠠᠨ ᠬᠢᠨᠠᠬᠤ ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠰ ᠭᠠᠵᠠᠷ ᠤᠷᠤᠨ᠂ ᠲᠤᠰ ᠰᠢᠰᠲ᠋ᠧᠮ ᠤᠨ | ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠳᠤ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠴᠠᠭ | ᠲᠤᠬᠠᠢ ᠳᠤᠨᠢ ᠢᠯᠡᠷᠡᠬᠦᠯᠵᠦ ᠰᠶᠢᠳᠪᠦᠷᠢᠯᠡᠬᠦ ᠬᠡᠷᠡᠭᠳᠡᠢ᠃ ᠰᠦᠯᠵᠢᠶᠡᠨ ᠦᠷᠳᠡᠭᠡ ᠶᠢ ᠡᠷᠴᠢᠮᠵᠢᠬᠦᠯᠤᠨ | ᠪᠠᠶᠢᠭᠤᠯᠬᠤ ᠶᠢ ᠠᠬᠢᠭᠤᠯᠵᠦ᠂ ᠭᠦᠮᠦᠨ ᠤ ᠭᠦᠴᠦᠨ᠂ ᠡᠳ᠋ ᠤᠨ ᠭᠦᠴᠦᠨ ᠤ ᠪᠠᠳᠤᠯᠠᠭ᠎ᠠ ᠦᠬᠡᠢ ᠦᠨᠳᠦᠰᠦᠨ | ᠱᠠᠳᠤᠨ ᠤ ᠰᠦᠯᠵᠢᠶᠡᠨ ᠦᠷᠳᠡᠭᠡ ᠶᠢ ᠲᠡᠬᠡᠳᠦ ᠱᠠᠳᠤᠨ ᠤ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢᠨ | ᠮᠡᠷᠬᠡᠵᠢᠯ ᠤᠨ ᠲᠡᠪᠴᠡᠩ ᠳᠤ ᠰᠢᠯᠵᠢᠬᠦᠯᠦᠨ ᠨᠡᠬᠦᠯᠬᠡᠵᠦ ᠪᠠᠶᠢᠭᠠᠳ ᠨᠢᠬᠡᠳᠦᠯᠳᠡᠢ ᠠᠵᠢᠯᠯᠠᠭᠤᠯᠤᠨ ᠡᠵᠡᠩᠨᠡᠬᠦ ᠪᠤᠶᠤ | ᠠᠮᠤᠷ ᠲᠦᠪᠰᠢᠨ ᠡᠵᠡᠮᠳᠡᠵᠦ ᠪᠤᠯᠬᠤ ᠡᠭᠦᠯᠡᠨ ᠦᠢᠯᠡᠴᠢᠯᠡᠬᠡᠨ ᠤ ᠲᠡᠪᠴᠡᠩ ᠳᠤ ᠰᠢᠯᠵᠢᠬᠦᠯᠦᠨ ᠨᠡᠬᠦᠯᠬᠡᠬᠦ ᠬᠡᠷᠡᠭᠳᠡᠢ᠃ | ᠪᠦᠭᠦ ᠤᠯᠤᠰ ᠤᠨ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢ ᠭᠦᠭᠵᠢᠬᠦᠯᠬᠦ ᠵᠦᠭᠯᠡᠬᠦᠷ ᠢ ᠲᠦᠷᠬᠡᠳᠬᠡᠨ | ᠨᠡᠶᠢᠳᠡᠯᠡᠵᠦ᠂ ᠰᠦᠯᠵᠢᠶᠡᠨ ᠦᠷᠳᠡᠭᠡ ᠶᠢᠨ ᠡᠭᠦᠷᠬᠡ ᠴᠢᠳᠠᠮᠵᠢ ᠪᠠᠶᠢᠷᠢ ᠲᠤᠨᠨᠳᠠᠭᠠᠯᠳᠠ ᠵᠢᠴᠢ ᠬᠠᠮᠢᠶ᠎ᠠ ᠪᠦᠭᠦᠢ | ᠪᠠᠷᠢᠮᠵᠢᠶ᠎ᠠ ᠪᠠ ᠱᠠᠭᠠᠷᠳᠠᠯᠭ᠎ᠠ ᠶᠢ ᠲᠤᠳᠤᠷᠬᠠᠶᠢᠯᠠᠨ᠂ ᠤᠷᠤᠨ ᠪᠦᠰᠡ ᠲᠡᠰ ᠲᠠᠪᠬᠤᠷᠭ᠎ᠠ ᠲᠦᠷᠦᠯ ᠢᠯᠠᠭᠠᠯ | ᠬᠤᠪᠢᠶᠠᠵᠦ ᠪᠠᠶᠢᠭᠠᠳ ᠰᠦᠯᠵᠢᠶᠡᠨ ᠦᠷᠳᠡᠭᠡ ᠶᠢ ᠡᠷᠬᠢᠯᠡᠨ ᠨᠡᠬᠡᠬᠡᠭᠰᠡᠨ ᠠᠴᠠ ᠬᠠᠭᠠᠵᠦ ᠵᠤᠨᠨᠰᠤᠭᠠᠬᠤ ᠭᠦᠷᠳᠡᠯᠡᠬᠢ | ᠪᠦᠭᠦ ᠠᠮᠢ ᠨᠠᠰᠤᠨ ᠤ ᠦᠶᠡᠯᠡᠯ ᠢ ᠵᠢᠷᠤᠮᠵᠢᠭᠤᠯᠬᠤ ᠬᠡᠷᠡᠭᠳᠡᠢ᠃ | ︵ᠬᠤᠶᠠᠷ︶ ᠰᠦᠯᠵᠢᠶᠡᠨ ᠦᠷᠳᠡᠭᠡ ᠶᠢᠨ ᠬᠤᠭᠤᠷᠤᠨᠳᠤᠬᠢ ᠬᠠᠮᠵᠢᠯᠴᠠᠨ ᠬᠤᠯᠪᠤᠭᠠᠯᠠᠨ ᠭᠦᠳᠡᠯᠦᠯᠴᠡᠬᠦ ᠶᠢ | ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠵᠠᠰᠠᠭ ᠤᠨ ᠤᠷᠳᠤᠨ ᠤ ᠰᠦᠯᠵᠢᠶᠡᠨ | ᠦᠷᠳᠡᠭᠡ ᠶᠢ ᠴᠢᠯᠦᠬᠡᠳᠡᠢ ᠨᠡᠪᠳᠡᠷᠡᠬᠦᠯᠵᠦ᠂ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠪᠠ ᠨᠡᠬᠡᠬᠡᠯᠳᠡ ᠬᠢᠵᠦ | ᠬᠠᠮᠳᠤ ᠪᠠᠷ ᠬᠦᠷᠲᠡᠬᠦ ᠶᠢ ᠴᠢᠩᠭᠠᠳᠬᠠᠨ᠂ ᠰᠦᠯᠵᠢᠶᠡᠨ ᠦᠷᠳᠡᠭᠡ ᠶᠢᠨ ᠪᠦᠬᠡᠮᠨᠡᠷᠡᠯ ᠤᠨ ᠦᠷ᠎ᠡ ᠨᠦᠯᠦᠬᠡ ᠶᠢ | ᠲᠡᠬᠡᠭᠰᠢᠯᠡᠬᠦᠯᠵᠦ᠂ ᠨᠢᠬᠡ ᠴᠤᠨᠨᠴᠠᠵᠢᠭᠤᠯᠤᠨᠨᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠤᠷ ᠰᠦᠯᠵᠢᠶ᠎ᠡ ᠶᠢ | ᠪᠦᠷᠢᠯᠳᠦᠬᠦᠯᠬᠦ ᠬᠡᠷᠡᠭᠳᠡᠢ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠤᠮᠳᠠᠳᠤ ᠤᠯᠤᠰ ᠤᠨ ᠵᠠᠰᠠᠭ ᠤᠨ | ᠤᠷᠳᠤᠨ ᠤ ᠰᠦᠯᠵᠢᠶ᠎ᠡ ᠪᠠᠷ ᠲᠠᠮᠵᠢᠭᠤᠯᠤᠨ ᠨᠡᠶᠢᠳᠡᠯᠡᠭᠰᠡᠨ ᠪᠦᠭᠦ ᠲᠠᠯ᠎ᠠ ᠶᠢᠨ ᠠᠵᠢᠯ ᠳᠤ ᠵᠢᠯᠤᠭᠤᠳᠬᠤ ᠠᠴᠢ | ᠬᠤᠯᠪᠤᠨᠨᠳᠠᠯ ᠲᠠᠢ᠂ ᠨᠡᠶᠢᠬᠡᠮ ᠠᠴᠠ ᠦᠷᠬᠡᠨ ᠢᠶᠠᠷ ᠮᠡᠳᠡᠷᠡᠬᠦ ᠴᠢᠬᠤᠯᠠᠳᠠᠢ ᠴᠢᠬᠤᠯᠠ ᠲᠦᠷᠦ ᠶᠢᠨ ᠪᠤᠳᠤᠯᠭ᠎ᠠ ᠶᠢᠨ | ᠮᠡᠳᠡᠭᠡ ᠵᠠᠩᠬᠢ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠰᠠᠯᠠᠭ᠎ᠠ ᠮᠦᠴᠢᠷ ᠪᠤᠯᠤᠨ ᠤᠷᠤᠨ ᠨᠤᠳᠤᠭ ᠤᠨ | ᠡᠯ᠎ᠡ ᠱᠠᠳᠤᠨ ᠤ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠴᠠᠭ ᠲᠤᠬᠠᠢ ᠳᠤᠨᠢ ᠭᠦᠢᠴᠡᠳ ᠰᠢᠯᠵᠢᠬᠦᠯᠦᠨ | ᠪᠠᠭᠤᠯᠭᠠᠵᠦ ᠠᠪᠬᠤ ᠬᠡᠷᠡᠭᠳᠡᠢ︔ ᠶᠠᠮᠠᠷ ᠨᠢᠬᠡᠨ ᠠᠵᠢᠯ ᠲᠦᠷᠦᠯ ᠪᠤᠶᠤ ᠭᠠᠵᠠᠷ ᠤᠷᠤᠨ ᠤ ᠲᠦᠷᠦ ᠶᠢᠨ | ᠪᠤᠳᠤᠯᠭ᠎ᠠ ᠶᠢᠨ ᠮᠡᠳᠡᠭᠡ ᠵᠠᠩᠬᠢ ᠳᠤ ᠬᠤᠯᠪᠤᠨᠨᠳᠠᠪᠠᠯ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠤᠷᠤᠨ | ᠨᠤᠳᠤᠭ ᠤᠨ ᠰᠦᠯᠵᠢᠶᠡᠨ ᠦᠷᠳᠡᠭᠡ ᠨᠢ ᠴᠠᠭ ᠲᠤᠬᠠᠢ ᠳᠤᠨᠢ ᠰᠢᠯᠵᠢᠬᠦᠯᠦᠨ ᠪᠠᠭᠤᠯᠭᠠᠵᠦ ᠠᠪᠬᠤ ᠬᠡᠷᠡᠭᠳᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠨᠢ ᠲᠤᠨᠨᠳᠠᠮᠠᠯ ᠬᠤᠭᠤᠴᠠᠭ᠎ᠠ ᠲᠠᠢ ᠪᠠᠷ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ᠂ ᠮᠤᠵᠢ ᠶᠢᠨ ᠱᠠᠳᠤᠨ ᠤ ᠵᠠᠰᠠᠭ ᠤᠨ ᠤᠷᠳᠤᠨ᠂ ᠬᠤᠳᠠ ᠰᠢᠶᠠᠨ ᠤ | ᠵᠠᠰᠠᠭ ᠤᠨ ᠤᠷᠳᠤᠨ ᠤ ᠫᠤᠷᠲ᠋ᠧᠯ ᠰᠦᠯᠵᠢᠶᠡᠨ ᠦᠷᠳᠡᠭᠡ ᠶᠢᠨ ᠰᠢᠯᠵᠢᠭᠦᠯᠦᠨ ᠪᠠᠭᠤᠯᠭᠠᠵᠦ ᠠᠪᠤᠨᠨᠰᠠᠨ ᠪᠠᠶᠢᠳᠠᠯ ᠢ | ᠲᠤᠰᠬᠠᠶᠢᠯᠠᠨ ᠪᠠᠶᠢᠴᠠᠭᠠᠬᠤ ᠬᠡᠷᠡᠭᠳᠡᠢ᠃ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠬᠢᠬᠡᠳ ᠭᠤᠤᠯ ᠪᠤᠯᠬᠤ | ᠰᠤᠨᠢᠨ ᠮᠡᠳᠡᠬᠡᠨ ᠤ ᠵᠠᠭᠤᠴᠢᠯᠠᠭᠤᠷ᠂ ᠰᠤᠨᠢᠨ ᠮᠡᠳᠡᠬᠡᠨ ᠤ ᠰᠦᠯᠵᠢᠶᠡᠨ ᠦᠷᠳᠡᠭᠡ᠂ ᠬᠤᠳᠠᠯᠳᠤᠭᠠᠨ ᠤ ᠰᠦᠯᠵᠢᠶᠡᠨ | ᠦᠷᠳᠡᠭᠡ ᠲᠠᠢ ᠬᠤᠯᠪᠤᠭᠠᠯᠠᠨ ᠭᠦᠳᠡᠯᠦᠯᠴᠡᠬᠦ ᠪᠠᠨ ᠴᠢᠩᠭᠠᠳᠬᠠᠵᠦ᠂ ᠲᠤᠰᠬᠠᠢ ᠪᠤᠯᠤᠩ ᠲᠤᠰᠬᠠᠢ ᠬᠡᠪᠯᠡᠯ ᠬᠠᠮᠳᠤᠷᠠᠨ | ᠡᠷᠬᠢᠯᠡᠬᠦ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠰᠦᠯᠵᠢᠶᠡᠨ ᠦᠷᠳᠡᠭᠡ ᠶᠢᠨ ᠪᠦᠬᠡᠮᠨᠡᠷᠡᠯ ᠪᠠ ᠦᠷᠬᠡᠳᠬᠡᠨ | ᠲᠠᠷᠬᠠᠭᠠᠬᠤ ᠦᠷ᠎ᠡ ᠨᠦᠯᠦᠬᠡ ᠶᠢ ᠲᠡᠬᠡᠭᠰᠢᠯᠡᠬᠦᠯᠵᠦ᠂ ᠲᠠᠮᠵᠢᠭᠤᠯᠭ᠎ᠠ ᠶᠢᠨ ᠬᠠᠮᠳᠤᠷᠠᠯ ᠤᠨ ᠭᠦᠴᠦᠨ ᠢ | ᠪᠦᠷᠢᠯᠳᠦᠬᠦᠯᠦᠨ᠂ ᠲᠠᠮᠵᠢᠭᠤᠯᠭ᠎ᠠ ᠶᠢᠨ ᠦᠷ᠎ᠡ ᠪᠦᠳᠦᠮᠵᠢ ᠶᠢ ᠲᠡᠬᠡᠭᠰᠢᠯᠡᠬᠦᠯᠬᠦ ᠬᠡᠷᠡᠭᠳᠡᠢ᠃ | ︵ᠭᠤᠷᠪᠠ︶ ᠰᠤᠨᠢᠨ ᠮᠡᠳᠡᠬᠡᠨ ᠤ ᠵᠠᠭᠤᠴᠢᠯᠠᠭᠤᠷ ᠤᠨ ᠲᠡᠪᠴᠡᠩ ᠢ ᠭᠦᠢᠴᠡᠳ ᠠᠰᠢᠨᠨᠯᠠᠬᠤ ᠬᠡᠷᠡᠭᠳᠡᠢ᠃ | ᠰᠤᠨᠢᠨ ᠮᠡᠳᠡᠬᠡᠨ ᠤ ᠵᠠᠭᠤᠴᠢᠯᠠᠭᠤᠷ ᠪᠤᠯ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠴᠢᠬᠤᠯᠠ ᠲᠡᠪᠴᠡᠩ ᠪᠤᠯᠤᠨ᠎ᠠ | ᠃ ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠨᠢ ᠵᠠᠰᠠᠭ ᠤᠨ ᠤᠷᠳᠤᠨ ᠤ ᠰᠦᠯᠵᠢᠶᠡᠨ | ᠦᠷᠳᠡᠭᠡ᠂ ᠵᠠᠰᠠᠭ ᠤᠨ ᠶᠠᠪᠤᠳᠠᠯ ᠤᠨ ᠪᠢᠴᠢᠯ ᠪᠦᠷᠬᠡ ᠸᠢᠴᠠᠲ᠂ ᠵᠠᠰᠠᠭ ᠤᠨ ᠶᠠᠪᠤᠳᠠᠯ ᠤᠨ ᠬᠠᠷᠢᠴᠠᠭᠠᠨ ᠤ | ᠡᠷᠦᠬᠡ ᠶᠢᠨ ᠦᠵᠦᠭᠦᠷ ᠵᠡᠷᠬᠡ ᠵᠠᠰᠠᠭ ᠤᠨ ᠶᠠᠪᠤᠳᠠᠯ ᠢ ᠢᠯᠡ ᠪᠤᠯᠭᠠᠬᠤ ᠦᠪᠡᠷ ᠤᠨ ᠲᠡᠪᠴᠡᠩ ᠳᠤ ᠰᠠᠭᠤᠷᠢᠯᠬᠠᠰᠠᠨ | ᠰᠠᠭᠤᠷᠢᠨ ᠲᠡᠬᠡᠷ᠎ᠡ᠂ ᠤᠬᠠᠭᠤᠯᠭ᠎ᠠ᠂ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ | ᠰᠠᠯᠠᠭ᠎ᠠ ᠮᠦᠴᠢᠷ ᠵᠢᠴᠢ ᠰᠤᠨᠢᠨ ᠮᠡᠳᠡᠬᠡᠨ ᠤ ᠵᠠᠭᠤᠴᠢᠯᠠᠭᠤᠷ ᠲᠠᠢ ᠨᠡᠪᠳᠡᠷᠡᠯᠴᠡᠵᠦ ᠬᠠᠷᠢᠯᠴᠠᠬᠤ ᠪᠠᠨ ᠴᠢᠩᠭᠠᠳᠬᠠᠨ᠂ | ᠰᠤᠨᠢᠨ ᠮᠡᠳᠡᠬᠡᠨ ᠤ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠵᠠᠰᠠᠭ ᠤᠨ ᠶᠠᠪᠤᠳᠠᠯ ᠢ ᠢᠯᠡ | ᠪᠤᠯᠭᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠵᠠᠭᠤᠴᠢᠯᠠᠭᠤᠷ ᠲᠤ ᠰᠠᠨᠠᠭᠠᠴᠢᠯᠠᠭ᠎ᠠ ᠠᠴᠠ ᠪᠠᠨ ᠪᠤᠷᠤ ᠮᠠᠲ᠋ᠧᠷᠢᠶᠠᠯ | ᠬᠠᠩᠭᠠᠬᠤ ᠪᠠᠷ ᠲᠠᠮᠵᠢᠭᠤᠯᠤᠨ᠂ ᠵᠠᠭᠤᠴᠢᠯᠠᠭᠤᠷ ᠤᠨ ᠪᠠᠶᠢᠳᠠᠯ ᠢᠶᠠᠨ ᠮᠡᠳᠡᠯᠴᠡᠬᠦ ᠬᠤᠷᠠᠯ ᠬᠤᠷᠠᠯᠳᠤᠭᠤᠯᠵᠦ᠂ ᠬᠠᠮᠢᠶ᠎ᠠ | ᠪᠦᠭᠦᠢ ᠲᠦᠷᠦ ᠶᠢᠨ ᠪᠤᠳᠤᠯᠭ᠎ᠠ ᠶᠢ ᠡᠵᠡᠮᠰᠢᠨ᠂ ᠬᠠᠮᠢᠶ᠎ᠠ ᠪᠦᠭᠦᠢ ᠭᠦᠷᠢᠶ᠎ᠡ ᠴᠠᠷᠠᠭ᠎ᠠ ᠶᠢᠨ ᠲᠤᠬᠠᠶᠢᠯᠬᠠᠰᠠᠨ ᠠᠵᠢᠯ ᠢ | ᠲᠤᠳᠤᠷᠬᠠᠢ ᠤᠶᠢᠯᠠᠭᠠᠬᠤ ᠡᠷᠳᠡᠮᠳᠡᠨ ᠮᠡᠷᠬᠡᠵᠢᠯᠳᠡᠨ ᠢ ᠲᠠᠨᠢᠯᠴᠠᠭᠤᠯᠵᠦ ᠪᠠᠶᠢᠭᠠᠳ ᠵᠠᠭᠤᠴᠢᠯᠠᠭᠤᠷ ᠤᠨ ᠰᠤᠷᠪᠤᠯᠵᠢᠯᠠᠯ | ᠭᠦᠯᠢᠶᠡᠯᠬᠡᠬᠦ ᠵᠡᠷᠬᠡ ᠠᠷᠭ᠎ᠠ ᠮᠠᠶ᠋ᠢᠭ ᠢᠶᠠᠷ ᠵᠠᠭᠤᠴᠢᠯᠠᠭᠤᠷ ᠤᠨ ᠰᠤᠷᠪᠤᠯᠵᠢᠯᠠᠬᠤ ᠵᠠᠮ ᠮᠦᠷ ᠢ ᠰᠢᠯᠦᠭᠤᠳᠬᠠᠵᠦ᠂ | ᠰᠤᠨᠢᠨ ᠮᠡᠳᠡᠬᠡᠨ ᠤ ᠵᠠᠭᠤᠴᠢᠯᠠᠭᠤᠷ ᠤᠨ ᠢᠯᠡ ᠪᠤᠯᠭᠠᠬᠤ ᠲᠡᠪᠴᠡᠩ ᠤᠨ ᠦᠢᠯᠡᠳᠦᠯ ᠢ ᠨᠡᠩ ᠰᠠᠶᠢᠨ ᠪᠠᠳᠠᠷᠠᠭᠤᠯᠬᠤ | ᠬᠡᠷᠡᠭᠳᠡᠢ᠃ ᠲᠦᠪ ᠪᠠ ᠤᠷᠤᠨ ᠨᠤᠳᠤᠭ ᠤᠨ ᠭᠤᠤᠯ ᠤᠷᠤᠰᠬᠠᠯ ᠵᠠᠭᠤᠴᠢᠯᠠᠭᠤᠷ ᠵᠢᠴᠢ ᠰᠢᠨ᠎ᠠ ᠵᠠᠭᠤᠴᠢᠯᠠᠭᠤᠷ ᠤᠨ | ᠬᠠᠷᠢᠭᠤᠴᠠᠯᠭᠠᠳᠠᠨ ᠢ ᠬᠤᠯᠪᠤᠨᠨᠳᠠᠯ ᠪᠦᠭᠦᠢ ᠬᠤᠷᠠᠯ ᠳᠤ ᠰᠤᠯᠠ ᠤᠷᠤᠯᠴᠠᠭᠤᠯᠬᠤ ᠶᠢ ᠢᠳᠡᠪᠬᠢᠳᠡᠢ ᠲᠤᠬᠢᠷᠠᠭᠤᠯᠵᠦ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠬᠠᠮᠤᠷᠬᠤ ᠬᠡᠪᠴᠢᠶ᠎ᠡ ᠪᠠ ᠨᠦᠯᠦᠬᠡᠯᠡᠬᠦ ᠭᠦᠴᠦᠨ ᠢ ᠤᠯᠠᠮ ᠨᠢᠬᠡ | ᠠᠯᠬᠤᠮ ᠦᠷᠬᠡᠳᠬᠡᠬᠦ ᠬᠡᠷᠡᠭᠳᠡᠢ᠃ | ︵ᠲᠦᠷᠪᠡ︶ ᠵᠠᠰᠠᠭ ᠤᠨ ᠤᠷᠳᠤᠨ ᠤ ᠠᠯᠪᠠᠨ ᠮᠡᠳᠡᠭᠡ ᠶᠢᠨ ᠪᠠᠷᠢᠮᠵᠢᠶᠠᠳᠤ ᠪᠢᠴᠢᠭ ᠰᠡᠯᠳᠡ ᠶᠢᠨ | ᠦᠢᠯᠡᠳᠦᠯ ᠢ ᠰᠠᠶᠢᠳᠤᠷ ᠪᠠᠳᠠᠷᠠᠭᠤᠯᠬᠤ ᠬᠡᠷᠡᠭᠳᠡᠢ᠃ ᠵᠠᠰᠠᠭ ᠤᠨ ᠤᠷᠳᠤᠨ ᠤ ᠠᠯᠪᠠᠨ ᠮᠡᠳᠡᠭᠡ ᠨᠢ ᠲᠤᠰ ᠱᠠᠳᠤᠨ ᠤ | ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠨᠡᠶᠢᠳᠡᠯᠡᠭᠰᠡᠨ ᠲᠦᠷᠢᠮ ᠲᠤᠨᠨᠳᠠᠭᠠᠯ ᠪᠠ ᠵᠢᠷᠤᠮᠵᠢᠨᠨᠰᠠᠨ ᠪᠢᠴᠢᠭ | ᠮᠠᠲ᠋ᠧᠷᠢᠶᠠᠯ ᠢ ᠴᠠᠭ ᠲᠤᠬᠠᠢ ᠳᠤᠨᠢ ᠤᠨᠤᠪᠴᠢᠳᠠᠢ ᠨᠡᠶᠢᠳᠡᠯᠡᠵᠦ᠂ ᠨᠠᠶᠢᠳᠠᠯᠠᠪᠠᠰᠤ ᠵᠤᠬᠢᠬᠤ ᠶᠢ ᠨᠢ ᠤᠷᠬᠢᠬᠳᠠᠯ | ᠦᠬᠡᠢ ᠪᠠᠷ ᠨᠡᠶᠢᠳᠡᠯᠡᠨ᠂ ᠤᠯᠠᠨ ᠨᠡᠶᠢᠳᠡ ᠶᠢᠨ ᠡᠷᠢᠵᠦ ᠦᠵᠡᠬᠦ᠂ ᠬᠠᠤᠯᠢ ᠬᠡᠷᠡᠭᠵᠢᠬᠦᠯᠵᠦ ᠰᠢᠬᠦᠨ ᠲᠠᠰᠤᠯᠬᠤ | ᠵᠡᠷᠬᠡ ᠳᠤ ᠪᠦᠳᠦᠮᠵᠢᠳᠡᠢ ᠪᠠᠷᠢᠮᠵᠢᠶᠠᠳᠤ ᠪᠢᠴᠢᠭ ᠰᠡᠯᠳᠡ ᠬᠠᠩᠭᠠᠬᠤ ᠬᠡᠷᠡᠭᠳᠡᠢ᠃ ᠡᠯ᠎ᠡ ᠱᠠᠳᠤᠨ ᠤ ᠵᠠᠰᠠᠭ ᠤᠨ | ᠤᠷᠳᠤᠨ ᠨᠢ ᠦᠩᠬᠡᠷᠡᠭᠰᠡᠨ ᠤ ᠠᠯᠪᠠᠨ ᠮᠡᠳᠡᠭᠡ ᠶᠢ ᠲᠤᠭᠠᠵᠢᠭᠤᠯᠬᠤ ᠠᠵᠢᠯ ᠢ ᠠᠬᠢᠭᠤᠯᠵᠦ᠂ ︽13 · 5︾ ᠶᠢᠨ | ᠬᠤᠭᠤᠴᠠᠭᠠᠨ ᠤ ᠰᠡᠭᠦᠯᠴᠢ ᠪᠤᠯᠳᠠᠯ᠎ᠠ᠂ ᠬᠡᠪᠯᠡᠯ ᠡᠬᠢᠯᠡᠭᠰᠡᠨ ᠠᠴᠠ ᠨᠠᠰᠢᠬᠢ ᠲᠤᠰ ᠱᠠᠳᠤᠨ ᠤ ᠵᠠᠰᠠᠭ ᠤᠨ ᠤᠷᠳᠤᠨ ᠤ | ᠠᠯᠪᠠᠨ ᠮᠡᠳᠡᠭᠡ ᠳᠤ ᠨᠡᠶᠢᠳᠡᠯᠡᠭᠰᠡᠨ ᠠᠭᠤᠯᠭ᠎ᠠ ᠶᠢᠨ ᠳ᠋ᠠᠶᠢᠲ᠋ᠠ ᠭᠦᠮᠦᠷᠬᠡ ᠶᠢ ᠪᠠᠶᠢᠭᠤᠯᠵᠦ᠂ ᠲᠤᠰ ᠱᠠᠳᠤᠨ ᠤ | ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠵᠡᠷᠬᠡ ᠳᠤ ᠰᠦᠯᠵᠢᠶᠡᠨ ᠲᠡᠬᠡᠷᠡᠬᠢ ᠦᠢᠯᠡᠴᠢᠯᠡᠭᠡ ᠬᠠᠩᠭᠠᠵᠦ᠂ | ᠤᠯᠠᠨ ᠨᠡᠶᠢᠳᠡ ᠶᠢᠨ ᠡᠷᠢᠵᠦ ᠦᠵᠡᠬᠦ ᠳᠤ ᠲᠦᠭᠦᠮ ᠦᠵᠡᠬᠦᠯᠦᠨ᠎ᠠ᠃ | ᠲᠠᠪᠤ᠂ ᠤᠯᠠᠨ ᠨᠡᠶᠢᠳᠡ ᠶᠢᠨ ᠤᠷᠤᠯᠴᠠᠯᠭ᠎ᠠ ᠶᠢ ᠦᠷᠬᠡᠳᠬᠡᠨ᠎ᠠ | ︵ᠨᠢᠬᠡ︶ ᠤᠯᠠᠨ ᠨᠡᠶᠢᠳᠡ ᠶᠢᠨ ᠤᠷᠤᠯᠴᠠᠯᠭ᠎ᠠ ᠶᠢᠨ ᠵᠦᠢᠯᠡᠰ ᠤᠨ ᠬᠡᠪᠴᠢᠶ᠎ᠡ ᠶᠢ ᠲᠤᠳᠤᠷᠬᠠᠶᠢᠯᠠᠬᠤ ᠬᠡᠷᠡᠭᠳᠡᠢ | ᠃ ᠵᠠᠰᠠᠭ ᠤᠨ ᠤᠷᠳᠤᠨ ᠤ ᠭᠤᠤᠯᠯᠠᠬᠤ ᠠᠵᠢᠯ ᠤᠨ ᠲᠤᠭᠤᠷᠢᠨ ᠳᠤ ᠤᠯᠠᠨ ᠨᠡᠶᠢᠳᠡ ᠶᠢᠨ ᠤᠷᠤᠯᠴᠠᠯᠭ᠎ᠠ ᠶᠢᠨ | ᠵᠦᠢᠯᠡᠰ ᠤᠨ ᠬᠡᠪᠴᠢᠶ᠎ᠡ ᠶᠢ ᠨᠠᠷᠢᠯᠢᠨᠨᠵᠢᠭᠤᠯᠵᠦ᠂ ᠤᠯᠠᠨ ᠨᠡᠶᠢᠳᠡ ᠶᠢ ᠲᠦᠷᠦ ᠶᠢᠨ ᠪᠤᠳᠤᠯᠭ᠎ᠠ ᠲᠤᠨᠨᠳᠠᠭᠠᠬᠤ᠂ | ᠬᠡᠷᠡᠭᠵᠢᠬᠦᠯᠬᠦ ᠪᠠ ᠬᠢᠨᠠᠯᠳᠠ ᠲᠠᠯᠪᠢᠬᠤ ᠳᠤ ᠨᠡᠩ ᠶᠡᠭᠡ ᠬᠡᠮᠵᠢᠶ᠎ᠡ ᠪᠠᠷ ᠤᠷᠤᠯᠴᠠᠭᠤᠯᠬᠤ ᠬᠡᠷᠡᠭᠳᠡᠢ᠃ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠦᠴᠢᠷ ᠨᠢ ᠭᠤᠤᠯᠳᠠᠭᠤ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ | ᠭᠦᠭᠵᠢᠯᠳᠡ ᠶᠢᠨ ᠲᠦᠯᠦᠪᠯᠡᠭᠡ᠂ ᠴᠢᠬᠤᠯᠠ ᠶᠡᠭᠡ ᠲᠦᠯᠦᠪᠵᠢᠬᠦᠯᠬᠡ᠂ ᠤᠯᠤᠰ ᠪᠠ ᠨᠡᠶᠢᠬᠡᠮ ᠤᠨ ᠬᠠᠮᠢᠶᠠᠷᠤᠯᠳᠠ ᠶᠢᠨ | ᠴᠢᠬᠤᠯᠠ ᠬᠡᠷᠡᠭ ᠶᠠᠪᠤᠳᠠᠯ᠂ ᠬᠠᠤᠯᠢ ᠴᠠᠭᠠᠵᠠ ᠶᠢᠨ ᠵᠦᠪᠯᠡᠬᠦ ᠵᠦᠢᠯ ᠪᠠ ᠵᠠᠰᠠᠭ ᠵᠠᠬᠢᠷᠭᠠᠨ ᠤ ᠬᠠᠤᠯᠢ ᠲᠤᠨᠨᠳᠠᠭᠠᠯ | ᠡᠬᠡ ᠲᠦᠰᠦᠯ ᠵᠡᠷᠬᠡ ᠶᠢᠨ ᠲᠤᠭᠤᠷᠢᠨ ᠳᠤ᠂ ᠱᠠᠭᠠᠷᠳᠠᠯᠭ᠎ᠠ ᠪᠠᠨ ᠦᠨᠳᠦᠰᠦᠯᠡᠨ ᠡᠯ᠎ᠡ ᠲᠦᠷᠦᠯ ᠤᠨ ᠠᠷᠭ᠎ᠠ | ᠮᠠᠶ᠋ᠢᠭ ᠢᠶᠠᠷ ᠲᠠᠮᠵᠢᠭᠤᠯᠵᠦ ᠤᠯᠠᠨ ᠨᠡᠶᠢᠳᠡ ᠶᠢᠨ ᠤᠷᠤᠯᠴᠠᠯᠭ᠎ᠠ ᠶᠢ ᠦᠷᠬᠡᠳᠬᠡᠬᠦ ᠬᠡᠷᠡᠭᠳᠡᠢ᠃ ᠮᠤᠵᠢ ᠶᠢᠨ ᠱᠠᠳᠤᠨ ᠤ | ᠵᠠᠰᠠᠭ ᠤᠨ ᠤᠷᠳᠤᠨ ᠨᠢ ᠭᠤᠤᠯᠳᠠᠭᠤ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ ᠭᠦᠭᠵᠢᠯᠳᠡ ᠶᠢᠨ | ᠲᠦᠯᠦᠪᠵᠢᠬᠦᠯᠬᠡ᠂ ᠤᠨ ᠤ ᠲᠦᠯᠦᠪᠯᠡᠭᠡ ᠶᠢᠨ ᠲᠤᠭᠤᠷᠢᠨ ᠳᠤ ᠮᠤᠵᠢ ᠶᠢᠨ ᠱᠠᠳᠤᠨ ᠤ ᠨᠡᠶᠢᠬᠡᠮ ᠤᠨ | ᠬᠠᠮᠢᠶᠠᠷᠤᠯᠳᠠ ᠶᠢᠨ ᠬᠡᠷᠡᠭ ᠶᠠᠪᠤᠳᠠᠯ᠂ ᠵᠠᠰᠠᠭ ᠤᠨ ᠤᠷᠳᠤᠨ ᠤ ᠲᠦᠷᠢᠮ ᠲᠤᠨᠨᠳᠠᠭᠠᠯ ᠪᠠ ᠴᠢᠬᠤᠯᠠ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠵᠡᠷᠬᠡ | ᠴᠢᠬᠤᠯᠠ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠵᠦᠢᠯᠡᠰ ᠤᠨ ᠲᠤᠭᠤᠷᠢᠨ ᠳᠤ ᠤᠯᠠᠨ ᠨᠡᠶᠢᠳᠡ ᠶᠢᠨ | ᠤᠷᠤᠯᠴᠠᠯᠭ᠎ᠠ ᠶᠢᠨ ᠠᠵᠢᠯ ᠢ ᠰᠠᠶᠢᠳᠤᠷ ᠭᠦᠴᠦᠯᠡᠨ ᠬᠢᠬᠦ ᠬᠡᠷᠡᠭᠳᠡᠢ᠃ ᠬᠤᠳᠠ ᠰᠢᠶᠠᠨ ᠤ ᠱᠠᠳᠤᠨ ᠤ ᠵᠠᠰᠠᠭ ᠤᠨ | ᠤᠷᠳᠤᠨ ᠨᠢ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ᠂ ᠠᠵᠦ ᠠᠬᠤᠢ ᠨᠡᠶᠢᠬᠡᠮ ᠤᠨ ᠭᠦᠭᠵᠢᠯᠳᠡ ᠪᠠ | ᠠᠷᠠᠳ ᠲᠤ ᠠᠰᠢᠭ ᠭᠦᠷᠳᠡᠬᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠡᠷᠡᠭᠵᠢᠬᠦᠯᠵᠦ ᠪᠤᠳᠠᠳᠠᠶᠢᠵᠢᠭᠤᠯᠬᠤ | ᠲᠤᠭᠤᠷᠢᠨ ᠳᠤ ᠡᠷᠬᠡ ᠠᠰᠢᠭ ᠤᠨ ᠬᠠᠮᠢᠶ᠎ᠠ ᠪᠦᠭᠦᠢ ᠲᠠᠯ᠎ᠠ ᠪᠠ ᠨᠡᠶᠢᠬᠡᠮ ᠤᠨ ᠤᠯᠠᠨ ᠨᠡᠶᠢᠳᠡ ᠶᠢᠨ ᠤᠷᠤᠯᠴᠠᠯᠭ᠎ᠠ ᠶᠢ | ᠭᠦᠴᠦᠯᠡᠨ ᠴᠢᠩᠭᠠᠳᠬᠠᠬᠤ ᠬᠡᠷᠡᠭᠳᠡᠢ᠃ | ︵ᠬᠤᠶᠠᠷ︶ ᠤᠯᠠᠨ ᠨᠡᠶᠢᠳᠡ ᠶᠢᠨ ᠤᠷᠤᠯᠴᠠᠯᠭ᠎ᠠ ᠶᠢᠨ ᠠᠷᠭ᠎ᠠ ᠮᠠᠶ᠋ᠢᠭ ᠢ ᠵᠢᠷᠤᠮᠵᠢᠭᠤᠯᠬᠤ ᠬᠡᠷᠡᠭᠳᠡᠢ᠃ | ᠠᠷᠠᠳ ᠤᠨ ᠰᠠᠨᠠᠯ ᠢ ᠬᠤᠷᠢᠶᠠᠨ ᠴᠤᠨᠨᠯᠠᠭᠤᠯᠬᠤ ᠲᠤᠨᠨᠳᠠᠴᠠ ᠶᠢ ᠲᠡᠭᠦᠯᠳᠡᠷᠵᠢᠬᠦᠯᠵᠦ᠂ ᠤᠯᠠᠨ ᠨᠡᠶᠢᠳᠡ ᠶᠢᠨ | ᠤᠷᠤᠯᠴᠠᠯᠭ᠎ᠠ ᠶᠢᠨ ᠢᠳᠡᠪᠬᠢᠵᠢᠯ ᠢ ᠭᠦᠭᠵᠢᠬᠡᠬᠦ ᠬᠡᠷᠡᠭᠳᠡᠢ᠃ ᠤᠯᠠᠨ ᠨᠡᠶᠢᠳᠡ ᠶᠢᠨ ᠴᠢᠬᠤᠯᠠ ᠶᠡᠭᠡ ᠠᠰᠢᠭ ᠲᠤᠰᠠ | ᠪᠠ ᠤᠯᠠᠨ ᠨᠡᠶᠢᠳᠡ ᠶᠢᠨ ᠡᠷᠬᠡ ᠠᠰᠢᠭ ᠤᠨ ᠴᠢᠬᠤᠯᠠ ᠰᠶᠢᠳᠪᠦᠷᠢᠳᠦ ᠪᠤᠳᠤᠯᠭ᠎ᠠ ᠲᠤᠨᠨᠳᠠᠬᠤ ᠳᠤ ᠬᠤᠯᠪᠤᠨᠨᠳᠠᠬᠤ᠂ | ᠬᠠᠤᠯᠢ ᠶᠤᠰᠤᠭᠠᠷ ᠨᠢᠭᠤᠴᠠ ᠶᠢ ᠬᠠᠮᠠᠭᠠᠯᠠᠬᠤ ᠠᠴᠠ ᠭᠠᠳᠠᠨ᠎ᠠ᠂ ᠡᠷᠬᠡᠪᠰᠢ ᠰᠠᠨᠠᠯ ᠬᠤᠷᠢᠶᠠᠬᠤ᠂ ᠬᠡᠷᠡᠴᠢᠯᠡᠭᠡ | ᠰᠤᠨᠤᠰᠬᠤ ᠰᠠᠭᠤᠳᠠᠯ ᠤᠨ ᠬᠤᠷᠠᠯ᠂ ᠠᠰᠠᠭᠤᠨ ᠯᠠᠪᠯᠠᠵᠦ ᠵᠦᠪᠳᠡᠯᠴᠡᠬᠦ᠂ ᠬᠤᠷᠠᠯ ᠳᠤ ᠰᠤᠯᠠ ᠤᠷᠤᠯᠴᠠᠬᠤ᠂ | ᠵᠠᠭᠤᠴᠢᠯᠠᠭᠤᠷ ᠢᠶᠠᠷ ᠤᠴᠢᠷ ᠶᠠᠪᠤᠳᠠᠯ ᠮᠡᠳᠡᠭᠳᠡᠬᠦ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ ᠤᠯᠠᠨ ᠨᠡᠶᠢᠳᠡ ᠶᠢᠨ | ᠤᠷᠤᠯᠴᠠᠯᠭ᠎ᠠ ᠶᠢ ᠦᠷᠬᠡᠳᠬᠡᠬᠦ ᠬᠡᠷᠡᠭᠳᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠴᠠᠭᠠᠵᠠ ᠬᠠᠤᠯᠢ | ᠲᠤᠨᠨᠳᠠᠭᠠᠯ ᠳᠤ ᠲᠤᠨᠨᠳᠠᠭᠠᠨᠨᠰᠠᠨ ᠬᠡᠷᠡᠴᠢᠯᠡᠭᠡ ᠰᠤᠨᠤᠰᠬᠤ ᠲᠡᠰ ᠲᠠᠷᠠᠭᠠᠯᠠᠯ ᠢ ᠨᠠᠶᠢᠳᠠᠪᠤᠷᠢᠵᠢᠭᠤᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠢᠯᠡ ᠪᠤᠯᠭᠠᠬᠤ ᠬᠡᠮᠵᠢᠶ᠎ᠡ ᠪᠠ ᠮᠡᠳᠡᠷᠡᠬᠦ ᠬᠡᠮᠵᠢᠶ᠎ᠡ ᠶᠢ ᠲᠡᠬᠡᠭᠰᠢᠯᠡᠬᠦᠯᠬᠦ | ᠬᠡᠷᠡᠭᠳᠡᠢ᠃ ᠠᠷᠠᠳ ᠤᠨ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠨ᠂ ᠠᠷᠠᠳᠴᠢᠯᠬᠠᠰᠠᠨ ᠨᠠᠮ | ᠪᠦᠯᠦᠭ᠂ ᠠᠷᠠᠳ ᠤᠨ ᠪᠦᠯᠭᠦᠮ᠂ ᠨᠡᠶᠢᠬᠡᠮ ᠤᠨ ᠤᠯᠠᠨ ᠨᠡᠶᠢᠳᠡ᠂ ᠰᠤᠨᠢᠨ ᠮᠡᠳᠡᠭᠡ ᠵᠠᠭᠤᠴᠢᠯᠠᠭᠤᠷ ᠤᠨ ᠬᠢᠨᠠᠯᠳᠠ | ᠲᠠᠯᠪᠢᠬᠤ ᠦᠢᠯᠡᠳᠦᠯ ᠢ ᠰᠠᠶᠢᠳᠤᠷ ᠪᠠᠳᠠᠷᠠᠭᠤᠯᠵᠦ᠂ ᠭᠤᠷᠪᠠᠳᠠᠬᠢ ᠡᠳᠡᠬᠡᠳ ᠤᠨ ᠦᠨᠡᠯᠡᠨ ᠵᠢᠱᠢᠬᠦ ᠵᠡᠷᠬᠡ ᠠᠷᠭ᠎ᠠ | ᠮᠠᠶ᠋ᠢᠭ ᠢ ᠢᠳᠡᠪᠬᠢᠳᠡᠢ ᠬᠡᠷᠡᠭᠯᠡᠨ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠬᠦᠯᠦᠭᠰᠡᠨ ᠪᠠᠶᠢᠳᠠᠯ ᠢ | ᠦᠨᠡᠯᠡᠨ ᠵᠢᠱᠢᠬᠦ ᠪᠠ ᠬᠢᠨᠠᠯᠳᠠ ᠲᠠᠯᠪᠢᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠬᠤᠷᠢᠶᠠᠭᠰᠠᠨ ᠰᠠᠨᠠᠯ ᠢ ᠬᠡᠷᠡᠭᠯᠡᠭᠰᠡᠨ | ᠪᠠᠶᠢᠳᠠᠯ ᠢ ᠨᠡᠶᠢᠳᠡᠯᠡᠵᠦ᠂ ᠲᠦᠪᠯᠡᠷᠡᠩᠭᠦᠢ ᠰᠢᠭ ᠰᠠᠨᠠᠯ ᠰᠠᠨᠠᠭᠤᠯᠭ᠎ᠠ ᠶᠢ ᠬᠡᠷᠡᠭᠯᠡᠭᠰᠡᠨ ᠦᠬᠡᠢ ᠪᠠᠶᠢᠪᠠᠯ᠂ ᠨᠡᠶᠢᠳᠡᠯᠡᠬᠦ | ᠦᠶᠡᠰ ᠲᠡᠭᠡᠨ ᠤᠴᠢᠷ ᠰᠢᠯᠳᠠᠭᠠᠨ ᠢ ᠨᠢ ᠲᠤᠳᠤᠷᠬᠠᠶᠢᠯᠠᠬᠤ ᠬᠡᠷᠡᠭᠳᠡᠢ᠃ | ︵ᠭᠤᠷᠪᠠ︶ ᠤᠯᠠᠨ ᠨᠡᠶᠢᠳᠡ ᠶᠢᠨ ᠤᠷᠤᠯᠴᠠᠯᠭ᠎ᠠ ᠶᠢᠨ ᠵᠠᠮ ᠮᠦᠷ ᠢ ᠲᠡᠭᠦᠯᠳᠡᠷᠵᠢᠬᠦᠯᠬᠦ ᠬᠡᠷᠡᠭᠳᠡᠢ᠃ ᠤᠯᠠᠨ | ᠨᠡᠶᠢᠳᠡ ᠶᠢᠨ ᠤᠷᠤᠯᠴᠠᠯᠭ᠎ᠠ ᠶᠢᠨ ᠰᠢᠨ᠎ᠠ ᠵᠬᠠᠪᠤᠷ ᠢ ᠢᠳᠡᠪᠬᠢᠳᠡᠢ ᠰᠦᠪᠡᠭᠴᠢᠯᠡᠵᠦ᠂ ᠵᠠᠰᠠᠭ ᠤᠨ ᠤᠷᠳᠤᠨ ᠤ | ᠰᠦᠯᠵᠢᠶᠡᠨ ᠦᠷᠳᠡᠭᠡ ᠶᠢᠨ ᠠᠷᠠᠳ ᠤᠨ ᠰᠠᠨᠠᠯ ᠢ ᠬᠤᠷᠢᠶᠠᠨ ᠴᠤᠨᠨᠯᠠᠭᠤᠯᠬᠤ᠂ ᠰᠦᠯᠵᠢᠶᠡᠴᠢᠳ ᠤᠨ ᠦᠯᠡᠳᠡᠬᠡᠭᠰᠡᠨ | ᠦᠬᠡ ᠶᠢ ᠰᠶᠢᠳᠪᠦᠷᠢᠯᠡᠨ ᠭᠦᠢᠴᠡᠳᠬᠡᠬᠦ ᠵᠡᠷᠬᠡ ᠬᠠᠷᠢᠯᠴᠠᠨ ᠭᠦᠳᠡᠯᠦᠯᠴᠡᠬᠦ ᠴᠢᠳᠠᠮᠵᠢ ᠶᠢ ᠲᠠᠰᠤᠷᠠᠯᠳᠠ ᠦᠬᠡᠢ | ᠦᠷᠬᠡᠳᠬᠡᠨ᠂ ᠰᠢᠨ᠎ᠠ ᠵᠠᠭᠤᠴᠢᠯᠠᠭᠤᠷ ᠢ ᠢᠳᠡᠪᠬᠢᠳᠡᠢ ᠠᠰᠢᠨᠨᠯᠠᠵᠦ ᠪᠠᠶᠢᠭᠠᠳ ᠤᠯᠠᠨ ᠨᠡᠶᠢᠳᠡ ᠶᠢᠨ | ᠤᠷᠤᠯᠴᠠᠯᠭ᠎ᠠ ᠶᠢᠨ ᠰᠢᠨ᠎ᠠ ᠲᠡᠪᠴᠡᠩ ᠢ ᠴᠤᠨᠨᠴᠠᠯᠠᠨ ᠪᠠᠶᠢᠭᠤᠯᠵᠦ᠂ ᠵᠠᠰᠠᠭ ᠤᠨ ᠤᠷᠳᠤᠨ ᠤ ᠬᠠᠯᠠᠮᠰᠢᠯ ᠤᠳᠠᠰᠤ᠂ | ᠷᠠᠳᠢᠤ᠋ ᠲᠧᠯᠸᠢᠰ ᠢᠶᠠᠷ ᠵᠠᠰᠠᠭ ᠤᠨ ᠶᠠᠪᠤᠳᠠᠯ ᠬᠡᠯᠡᠯᠴᠡᠬᠦ᠂ ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ᠂ | ᠵᠠᠰᠠᠭ ᠤᠨ ᠤᠷᠳᠤᠨ ᠤ ᠨᠡᠬᠡᠬᠡᠯᠳᠡ ᠶᠢᠨ ᠡᠳᠦᠷ ᠵᠡᠷᠬᠡ ᠲᠡᠪᠴᠡᠩ ᠤᠨ ᠪᠠᠶᠢᠭᠤᠯᠤᠯᠳᠠ ᠶᠢ ᠴᠢᠩᠭᠠᠳᠬᠠᠵᠦ᠂ | ᠵᠠᠰᠠᠭ ᠤᠨ ᠤᠷᠳᠤᠨ ᠤ ᠤᠯᠠᠨ ᠨᠡᠶᠢᠳᠡ ᠶᠢᠨ ᠲᠦᠷᠦ ᠶᠢᠨ ᠪᠤᠳᠤᠯᠭ᠎ᠠ ᠶᠢᠨ ᠲᠤᠨᠨᠳᠠᠭᠠᠯᠳᠠ᠂ ᠤᠯᠠᠨ ᠨᠡᠶᠢᠳᠡ ᠶᠢᠨ | ᠬᠠᠮᠢᠶᠠᠷᠤᠯᠳᠠ᠂ ᠤᠯᠠᠨ ᠨᠡᠶᠢᠳᠡ ᠶᠢᠨ ᠦᠢᠯᠡᠴᠢᠯᠡᠭᠡ ᠶᠢᠨ ᠴᠤᠤᠷᠢᠶᠠᠳᠤᠬᠤ ᠬᠤᠷᠳᠤᠴᠠ ᠶᠢ ᠲᠡᠬᠡᠭᠰᠢᠯᠡᠬᠦᠯᠦᠨ᠂ | ᠤᠯᠠᠨ ᠨᠡᠶᠢᠳᠡ ᠶᠢᠨ ᠵᠠᠰᠠᠭ ᠤᠨ ᠤᠷᠳᠤᠨ ᠤ ᠠᠵᠢᠯ ᠢ ᠮᠡᠳᠡᠷᠡᠵᠦ ᠲᠡᠮᠵᠢᠬᠦ ᠶᠢ ᠨᠡᠮᠡᠭᠳᠡᠬᠦᠯᠦᠨ᠎ᠠ᠃ | ᠵᠢᠷᠭᠤᠭ᠎ᠠ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ︵ᠨᠢᠬᠡ︶ ᠤᠷᠤᠨ ᠨᠤᠳᠤᠭ ᠤᠨ ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠳᠡᠢ᠃ | ᠤᠷᠤᠨ ᠨᠤᠳᠤᠭ ᠤᠨ ᠡᠯ᠎ᠡ ᠱᠠᠳᠤᠨ ᠤ ᠵᠠᠰᠠᠭ ᠤᠨ ᠤᠷᠳᠤᠨ ᠨᠢ ᠢᠨᠲ᠋ᠧᠷ ᠰᠦᠯᠵᠢᠶ᠎ᠡ ᠶᠢᠨ ᠤᠷᠴᠢᠨ ᠨᠦᠭᠦᠴᠡᠯ | ᠲᠤᠤᠷ᠎ᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠰᠠᠶᠢᠳᠤᠷ ᠬᠢᠬᠦ ᠴᠢᠬᠤᠯᠠ ᠶᠡᠭᠡ ᠠᠴᠢ ᠬᠤᠯᠪᠤᠨᠨᠳᠠᠯ ᠢ | ᠭᠦᠢᠴᠡᠳ ᠲᠠᠨᠢᠵᠦ᠂ ᠤᠨᠤᠯᠵᠢᠬᠤᠨ ᠢᠶᠠᠨ ᠬᠤᠪᠢᠷᠠᠭᠤᠯᠵᠦ᠂ ᠲᠠᠨᠢᠯᠳᠠ ᠪᠠᠨ ᠲᠡᠬᠡᠭᠰᠢᠯᠡᠬᠦᠯᠦᠨ᠂ ᠵᠠᠰᠠᠭ ᠤᠨ | ᠶᠠᠪᠤᠳᠠᠯ ᠢ ᠢᠯᠡ ᠪᠤᠯᠭᠠᠬᠤ ᠶᠢ ᠡᠳᠦᠷ ᠲᠤᠳᠤᠮ ᠤᠨ ᠴᠢᠬᠤᠯᠠ ᠬᠡᠷᠡᠭ ᠵᠦᠪᠯᠡᠬᠦ ᠵᠦᠢᠯ ᠳᠡᠭᠡᠨ ᠤᠷᠤᠭᠤᠯᠵᠦ᠂ | ᠭᠤᠤᠯ ᠬᠠᠷᠢᠭᠤᠴᠠᠯᠭᠠᠳᠠᠨ ᠪᠡᠶ᠎ᠡ ᠪᠠᠷ ᠢᠶᠠᠨ ᠠᠳᠬᠤᠵᠦ᠂ ᠬᠤᠪᠢᠳᠠᠨ ᠬᠠᠮᠢᠶᠠᠷᠴᠤ ᠪᠦᠭᠦᠢ ᠨᠢᠬᠡ | ᠬᠠᠷᠢᠭᠤᠴᠠᠯᠭᠠᠳᠠᠨ ᠤ ᠪᠤᠳᠠᠳᠠᠢ ᠠᠳᠬᠤᠬᠤ ᠶᠢ ᠲᠤᠳᠤᠷᠬᠠᠶᠢᠯᠠᠨ᠂ ᠲᠤᠰ ᠭᠠᠵᠠᠷ ᠤᠷᠤᠨ ᠤ ᠡᠯ᠎ᠡ ᠱᠠᠳᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠮᠡᠳᠡᠭᠡ ᠵᠠᠩᠬᠢ ᠪᠠᠨ ᠢᠯᠡ ᠪᠤᠯᠭᠠᠬᠠᠤ᠂ ᠲᠦᠷᠦ ᠶᠢᠨ ᠪᠤᠳᠤᠯᠭ᠎ᠠ ᠶᠢ ᠤᠩᠰᠢᠨ | ᠲᠠᠶᠢᠯᠪᠤᠷᠢᠯᠠᠬᠤ᠂ ᠠᠩᠬᠠᠷᠴᠤ ᠪᠦᠭᠦᠢ ᠶᠠᠪᠤᠳᠠᠯ ᠳᠤ ᠬᠠᠷᠢᠭᠤ ᠦᠭᠭᠦ ᠵᠡᠷᠬᠡ ᠠᠵᠢᠯ ᠢ ᠰᠠᠶᠢᠳᠤᠷ ᠬᠢᠬᠦ ᠶᠢ ᠠᠬᠢᠭᠤᠯᠬᠤ | ᠬᠡᠷᠡᠭᠳᠡᠢ᠃ ᠭᠤᠤᠯ ᠬᠠᠷᠢᠭᠤᠴᠠᠯᠭᠠᠳᠠᠨ ᠨᠢ ᠵᠢᠯ ᠪᠦᠷᠢ ᠨᠠᠭᠠᠳᠤ ᠵᠠᠬ᠎ᠠ ᠳᠠᠭᠠᠨ ᠵᠠᠰᠠᠭ ᠤᠨ ᠶᠠᠪᠤᠳᠠᠯ ᠢ ᠢᠯᠡ | ᠪᠤᠯᠭᠠᠬᠤ ᠠᠵᠢᠯ ᠤᠨ ᠮᠡᠳᠡᠬᠦᠯᠦᠯᠳᠡ ᠶᠢ ᠨᠢᠬᠡ ᠤᠳᠠᠭ᠎ᠠ ᠰᠤᠨᠤᠰᠴᠤ᠂ ᠠᠵᠢᠯ ᠠᠬᠢᠭᠤᠯᠬᠤ ᠶᠢ ᠰᠤᠳᠤᠯᠤᠨ᠂ | ᠬᠤᠯᠪᠤᠨᠨᠳᠠᠯ ᠪᠦᠭᠦᠢ ᠪᠠᠶᠢᠳᠠᠯ ᠪᠠ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠤ ᠠᠵᠢᠯ ᠤᠨ ᠬᠤᠪᠢᠶᠠᠷᠢᠯᠠᠯ ᠢ | ᠭᠠᠳ᠋ᠬᠠᠰᠢ ᠨᠡᠶᠢᠳᠡᠯᠡᠬᠦ ᠬᠡᠷᠡᠭᠳᠡᠢ᠃ ᠦᠨᠳᠦᠰᠦᠨ ᠱᠠᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ | ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠳᠠ ᠶᠢᠨ ᠴᠢᠬ ᠤᠨ ᠠᠵᠢᠯ ᠢ ᠰᠠᠶᠢᠳᠤᠷ ᠵᠤᠬᠢᠶᠠᠨ ᠪᠠᠶᠢᠭᠤᠯᠤᠨ | ᠬᠡᠷᠡᠭᠵᠢᠬᠦᠯᠵᠦ᠂ ᠵᠠᠰᠠᠭ ᠤᠨ ᠤᠷᠳᠤᠨ ᠤ ᠵᠠᠰᠠᠭ ᠶᠠᠪᠤᠭᠤᠯᠬᠤ ᠶᠢ ᠤᠯᠠᠮ ᠢᠯᠡ ᠲᠤᠳᠤ ᠦᠨᠳᠦᠷ ᠦᠷ᠎ᠡ | ᠪᠦᠳᠦᠮᠵᠢᠳᠡᠢ ᠪᠤᠯᠭᠠᠵᠦ᠂ ᠠᠵᠦ ᠠᠬᠤᠶᠢᠯᠠᠯ ᠪᠠ ᠤᠯᠠᠨ ᠲᠦᠮᠡᠨ ᠤ ᠬᠡᠷᠡᠭ ᠡᠷᠬᠢᠯᠡᠵᠦ ᠠᠳᠠᠯ ᠦᠢᠯᠡᠰ | ᠴᠤᠨᠨᠴᠠᠯᠠᠬᠤ ᠳᠤ ᠲᠦᠭᠦᠮ ᠦᠵᠡᠬᠦᠯᠬᠦ ᠬᠡᠷᠡᠭᠳᠡᠢ᠃ | ︵ᠬᠤᠶᠠᠷ︶ ᠵᠠᠰᠠᠭ ᠤᠨ ᠶᠠᠪᠤᠳᠠᠯ ᠢ ᠢᠯᠡ ᠪᠤᠯᠭᠠᠬᠤ ᠤᠳᠤᠷᠢᠳᠬᠤ ᠲᠤᠨᠨᠳᠠᠴᠠ ᠶᠢ ᠪᠠᠶᠢᠭᠤᠯᠤᠨ | ᠪᠦᠷᠢᠨᠰᠢᠬᠦᠯᠬᠦ ᠬᠡᠷᠡᠭᠳᠡᠢ᠃ ᠪᠦᠭᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠤᠳᠤᠷᠢᠳᠬᠤ | ᠲᠤᠭᠤᠶᠢᠯᠠᠩ ᠳᠤ ᠲᠤᠬᠢᠷᠠᠭᠤᠯᠤᠯᠲᠠ ᠬᠢᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠦᠵᠦ ᠲᠦᠯᠦᠪᠯᠡᠭᠡ ᠪᠠ | ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠶᠢᠳᠪᠦᠷᠢᠯᠡᠵᠦ᠂ ᠠᠵᠢᠯ ᠠᠬᠢᠭᠤᠯᠬᠤ ᠶᠢ ᠪᠠᠶᠢᠷᠢᠯᠠᠭᠤᠯᠤᠨ᠎ᠠ᠃ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠵᠤᠬᠢᠴᠠᠭᠤᠯᠬᠤ | ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠢ | ᠢᠯᠡ ᠪᠤᠯᠭᠠᠬᠤ ᠶᠢ ᠵᠤᠬᠢᠴᠠᠭᠤᠯᠬᠤ ᠲᠤᠨᠨᠳᠠᠴᠠ ᠶᠢᠨ ᠪᠦᠷᠢᠯᠳᠦᠬᠦᠨ ᠨᠢᠬᠡᠴᠡ ᠨᠢ ᠵᠠᠰᠠᠭ ᠤᠨ ᠤᠷᠳᠤᠨ ᠤ | ᠬᠤᠯᠪᠤᠨᠨᠳᠠᠯ ᠪᠦᠭᠦᠢ ᠰᠠᠯᠠᠭ᠎ᠠ ᠮᠦᠴᠢᠷ᠂ ᠤᠬᠠᠭᠤᠯᠭ᠎ᠠ ᠶᠢᠨ ᠰᠠᠯᠠᠭ᠎ᠠ ᠮᠦᠴᠢᠷ᠂ ᠲᠤᠤᠷ ᠰᠦᠯᠵᠢᠶ᠎ᠡ ᠶᠢᠨ ᠠᠮᠤᠷ | ᠲᠦᠪᠰᠢᠨ ᠪᠠ ᠮᠡᠳᠡᠭᠡ ᠵᠠᠩᠬᠢᠵᠢᠯᠳᠠ ᠶᠢᠨ ᠰᠠᠯᠠᠭ᠎ᠠ ᠮᠦᠴᠢᠷ ᠵᠡᠷᠬᠡ ᠪᠠᠷ ᠪᠦᠷᠢᠯᠳᠦᠨ᠎ᠠ᠃ | ︵ᠭᠤᠷᠪᠠ︶ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠲᠤᠨᠨᠳᠠᠴᠠ ᠶᠢ ᠲᠡᠬᠦᠯᠳᠡᠷᠵᠢᠬᠦᠯᠬᠦ | ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠭᠦᠴᠦᠨ ᠴᠢᠳᠠᠯ ᠢᠶᠠᠨ ᠡᠮᠬᠢᠯᠡᠨ ᠨᠡᠶᠢᠯᠡᠬᠦᠯᠵᠦ᠂ | ᠲᠤᠨᠨᠳᠠᠴᠠ ᠶᠢ ᠰᠢᠯᠤᠭᠤᠳᠬᠠᠨ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠲᠠᠭᠠᠭᠠᠴᠢᠯᠠᠨ ᠡᠭᠦᠷᠬᠡᠯᠡᠬᠦ | ᠪᠠᠶᠢᠭᠤᠯᠤᠮᠵᠢ ᠶᠢ ᠲᠤᠳᠤᠷᠬᠠᠶᠢᠯᠠᠵᠦ᠂ ᠠᠵᠢᠯᠳᠠᠨ ᠢ ᠭᠦᠢᠴᠡᠳ ᠲᠤᠬᠢᠷᠠᠭᠤᠯᠵᠦ ᠰᠢᠯᠢᠳᠡᠭ ᠢ ᠨᠢ ᠲᠤᠬᠢᠷᠠᠭᠤᠯᠤᠨ᠎ᠠ᠃ | ᠵᠠᠰᠠᠭ ᠤᠨ ᠶᠠᠪᠤᠳᠠᠯ ᠢ ᠢᠯᠡ ᠪᠤᠯᠭᠠᠬᠤ ᠪᠠᠶᠢᠭᠤᠯᠤᠮᠵᠢ ᠨᠢ ᠲᠤᠰ ᠭᠠᠵᠠᠷ ᠤᠷᠤᠨ ᠲᠤᠰ ᠰᠢᠰᠲ᠋ᠧᠮ ᠤᠨ ᠵᠠᠰᠠᠭ ᠤᠨ | ᠶᠠᠪᠤᠳᠠᠯ ᠢ ᠢᠯᠡ ᠪᠤᠯᠭᠠᠬᠤ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠬᠤ᠂ ᠵᠢᠭᠠᠨ ᠵᠢᠯᠤᠭᠤᠳᠴᠤ ᠠᠬᠢᠭᠤᠯᠬᠤ᠂ | ᠬᠢᠨᠠᠯᠳᠠ ᠲᠠᠯᠪᠢᠵᠦ ᠪᠠᠶᠢᠴᠠᠭᠠᠬᠤ ᠶᠢ ᠬᠠᠷᠢᠭᠤᠴᠠᠵᠦ᠂ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠮᠡᠳᠡᠭᠡ | ᠵᠠᠩᠬᠢ ᠶᠢ ᠢᠯᠡ ᠪᠤᠯᠭᠠᠬᠤ᠂ ᠵᠠᠰᠠᠭ ᠤᠨ ᠤᠷᠳᠤᠨ ᠤ ᠰᠦᠯᠵᠢᠶᠡᠨ ᠦᠷᠳᠡᠭᠡ᠂ ᠵᠠᠰᠠᠭ ᠤᠨ ᠤᠷᠳᠤᠨ ᠤ ᠠᠯᠪᠠᠨ | ᠮᠡᠳᠡᠭᠡ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ᠂ ᠠᠩᠬᠠᠷᠴᠤ ᠪᠦᠭᠦᠢ ᠶᠠᠪᠤᠳᠠᠯ ᠳᠤ ᠬᠠᠷᠢᠭᠤ ᠦᠭᠭᠦ | ᠂ ᠤᠯᠠᠨ ᠨᠡᠶᠢᠳᠡ ᠶᠢᠨ ᠤᠷᠤᠯᠴᠠᠯᠭ᠎ᠠ ᠵᠡᠷᠬᠡ ᠠᠵᠢᠯ ᠢ ᠰᠠᠶᠢᠳᠤᠷ ᠬᠢᠨ᠎ᠠ᠃ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢᠨ ᠵᠤᠬᠢᠴᠠᠭᠤᠯᠬᠤ ᠲᠤᠨᠨᠳᠠᠴᠠ ᠲᠤᠤᠷ᠎ᠠ᠂ ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠰᠠᠯᠠᠭ᠎ᠠ | ᠮᠦᠴᠢᠷ ᠨᠢ ᠤᠬᠠᠭᠤᠯᠭ᠎ᠠ ᠶᠢᠨ ᠰᠠᠯᠠᠭ᠎ᠠ ᠮᠦᠴᠢᠷ᠂ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ | ᠵᠠᠩᠬᠢᠵᠢᠯᠳᠠ ᠶᠢᠨ ᠰᠠᠯᠠᠭ᠎ᠠ ᠮᠦᠴᠢᠷ ᠯᠦᠭᠡ ᠨᠢᠨᠨᠳᠡ ᠬᠠᠮᠵᠢᠯᠴᠠᠵᠦ᠂ ᠭᠤᠤᠯ ᠵᠠᠭᠤᠴᠢᠯᠠᠭᠤᠷ᠂ ᠰᠤᠨᠢᠨ ᠮᠡᠳᠡᠬᠡᠨ ᠤ | ᠭᠤᠤᠯᠳᠠᠯᠭ᠎ᠠ ᠲᠠᠢ ᠰᠦᠯᠵᠢᠶᠡᠨ ᠦᠷᠳᠡᠭᠡ ᠪᠠ ᠬᠤᠳᠠᠯᠳᠤᠭᠠᠨ ᠤ ᠭᠤᠤᠯ ᠰᠦᠯᠵᠢᠶᠡᠨ ᠦᠷᠳᠡᠭᠡ ᠶᠢ ᠵᠢᠭᠠᠨ | ᠵᠢᠯᠤᠭᠤᠳᠴᠤ ᠵᠤᠬᠢᠴᠠᠭᠤᠯᠤᠨ᠂ ᠡᠯ᠎ᠡ ᠵᠠᠭᠤᠴᠢᠯᠠᠭᠤᠷ ᠤᠨ ᠲᠡᠪᠴᠡᠩ ᠢ ᠭᠦᠢᠴᠡᠳ ᠠᠰᠢᠨᠨᠯᠠᠵᠦ᠂ ᠬᠠᠮ | ᠵᠠᠭᠤᠴᠢᠯᠠᠭᠤᠷ ᠤᠨ ᠠᠷᠭ᠎ᠠ ᠠᠪᠴᠠᠯ ᠢ ᠬᠡᠷᠡᠭᠯᠡᠵᠦ ᠪᠠᠶᠢᠭᠠᠳ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ | ᠰᠠᠶᠢᠳᠤᠷ ᠬᠢᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠮᠡᠳᠡᠭᠡ ᠵᠠᠩᠬᠢ ᠨᠡᠶᠢᠳᠡᠯᠡᠬᠦ ᠶᠢᠨ | ᠵᠤᠬᠢᠴᠠᠭᠤᠯᠬᠤ ᠲᠤᠨᠨᠳᠠᠴᠠ ᠶᠢ ᠲᠡᠭᠦᠯᠳᠡᠷᠵᠢᠬᠦᠯᠵᠦ᠂ ᠪᠤᠰᠤᠳ ᠤᠷᠤᠨ ᠨᠤᠳᠤᠭ᠂ ᠰᠠᠯᠠᠭ᠎ᠠ ᠮᠦᠴᠢᠷ ᠲᠤ | ᠬᠤᠯᠪᠤᠨᠨᠳᠠᠬᠤ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠬᠤᠯᠪᠤᠨᠨᠳᠠᠯ ᠪᠦᠭᠦᠢ ᠨᠢᠬᠡᠴᠡ ᠯᠦᠭᠡ ᠨᠡᠪᠳᠡᠷᠡᠯᠴᠡᠵᠦ | ᠲᠤᠨᠨᠳᠠᠭᠠᠨ᠂ ᠨᠡᠶᠢᠳᠡᠯᠡᠭᠰᠡᠨ ᠮᠡᠳᠡᠭᠡ ᠵᠠᠩᠬᠢ ᠶᠢᠨ ᠤᠨᠤᠪᠴᠢᠳᠠᠢ ᠨᠢᠬᠡᠳᠦᠯᠳᠡᠢ ᠪᠠᠶᠢᠬᠤ ᠶᠢ ᠦᠨᠡᠨᠬᠦ ᠪᠠᠳᠤᠯᠠᠬᠤ | ᠬᠡᠷᠡᠭᠳᠡᠢ᠃ | ︵ᠲᠦᠷᠪᠡ︶ ᠦᠷ᠎ᠡ ᠪᠦᠳᠦᠮᠵᠢ ᠶᠢ ᠦᠨᠡᠯᠡᠨ ᠵᠢᠱᠢᠬᠦ ᠲᠤᠨᠨᠳᠠᠴᠠ ᠶᠢ ᠪᠠᠶᠢᠭᠤᠯᠬᠤ ᠬᠡᠷᠡᠭᠳᠡᠢ᠃ ᠵᠠᠰᠠᠭ ᠤᠨ | ᠤᠷᠳᠤᠨ ᠤ ᠠᠯᠪᠠᠨ ᠲᠢᠩᠬᠢᠮ ︵ᠬᠡᠷ︶ ᠨᠢ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ᠂ ᠦᠷ᠎ᠡ ᠪᠦᠳᠦᠮᠵᠢᠳᠡᠢ | ᠪᠤᠳᠠᠳᠠᠶᠢᠵᠢᠭᠤᠯᠤᠨ ᠦᠨᠡᠯᠡᠨ ᠵᠢᠱᠢᠬᠦ ᠭᠦᠢᠴᠡᠳᠬᠡᠯ ᠲᠤᠭᠠᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ | ᠴᠠᠭ ᠲᠤᠨᠢ ᠲᠤᠬᠢᠷᠠᠭᠤᠯᠤᠨ ᠭᠤᠷᠪᠠᠳᠠᠬᠢ ᠡᠳᠡᠬᠡᠳ ᠠᠴᠠ ᠦᠨᠡᠯᠡᠨ ᠵᠢᠱᠢᠬᠦ᠂ ᠠᠷᠠᠳ ᠤᠨ ᠰᠠᠨᠠᠯ ᠢ ᠪᠠᠶᠢᠴᠠᠭᠠᠬᠤ | ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠮᠡᠳᠡᠭᠡ ᠵᠠᠩᠬᠢ ᠶᠢ ᠢᠯᠡ ᠪᠤᠯᠭᠠᠬᠤ᠂ ᠲᠦᠷᠦ ᠶᠢᠨ ᠪᠤᠳᠤᠯᠭ᠎ᠠ ᠶᠢ | ᠤᠩᠰᠢᠨ ᠲᠠᠶᠢᠯᠪᠤᠷᠢᠯᠠᠬᠤ᠂ ᠠᠩᠬᠠᠷᠴᠤ ᠪᠦᠭᠦᠢ ᠶᠠᠪᠤᠳᠠᠯ ᠳᠤ ᠬᠠᠷᠢᠭᠤ ᠦᠭᠭᠦ᠂ ᠵᠠᠭᠤᠴᠢᠯᠠᠭᠤᠷ ᠤᠷᠤᠯᠴᠠᠬᠤ ᠵᠡᠷᠬᠡ | ᠲᠠᠯ᠎ᠠ ᠳᠤ ᠦᠨᠡᠯᠡᠨ ᠵᠢᠱᠢᠬᠦ ᠪᠠᠨ ᠴᠢᠩᠭᠠᠳᠬᠠᠬᠤ ᠶᠢᠨ ᠬᠠᠮᠳᠤ ᠦᠨᠡᠯᠡᠨ ᠵᠢᠱᠢᠭᠰᠡᠨ ᠦᠷ᠎ᠡ ᠳ᠋ᠦ᠋ᠶᠢᠩ ᠢ ᠦᠨᠳᠦᠰᠦᠯᠡᠨ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠠᠷᠭ᠎ᠠ ᠮᠠᠶ᠋ᠢᠭ ᠠᠷᠭ᠎ᠠ ᠪᠠᠷᠢᠯ ᠢ ᠲᠠᠰᠤᠷᠠᠯᠳᠠ ᠦᠬᠡᠢ ᠲᠤᠬᠢᠷᠠᠭᠤᠯᠤᠨ | ᠰᠢᠯᠢᠳᠡᠭᠵᠢᠬᠦᠯᠬᠦ ᠬᠡᠷᠡᠭᠳᠡᠢ᠃ ᠦᠨᠡᠯᠡᠨ ᠵᠢᠱᠢᠭᠰᠡᠨ ᠦᠷ᠎ᠡ ᠳ᠋ᠦᠡᠭ ᠢ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ | ᠠᠵᠢᠯ ᠤᠨ ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠴᠢᠬᠤᠯᠠ ᠯᠠᠪᠯᠠᠯᠳᠠ ᠪᠤᠯᠭᠠᠬᠤ ᠬᠡᠷᠡᠭᠳᠡᠢ᠃ | ︵ᠲᠠᠪᠤ︶ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠭᠦᠮᠦᠵᠢᠯ ᠪᠤᠯᠪᠠᠰᠤᠷᠠᠭᠤᠯᠤᠯ ᠢ ᠴᠢᠩᠭᠠᠳᠬᠠᠬᠤ | ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ | ᠲᠤᠰᠬᠠᠢ ᠲᠦᠷᠦᠯ ᠤᠨ ᠲᠤᠬᠠᠶᠢᠯᠬᠠᠰᠠᠨ ᠠᠵᠢᠯ ᠤᠨ ᠪᠤᠯᠪᠠᠰᠤᠷᠠᠭᠤᠯᠤᠯ ᠤᠨ ᠲᠦᠯᠦᠪᠯᠡᠭᠡ ᠲᠤᠨᠨᠳᠠᠭᠠᠵᠦ᠂ | ᠲᠤᠬᠠᠶᠢᠯᠬᠠᠰᠠᠨ ᠠᠵᠢᠯ ᠤᠨ ᠪᠤᠯᠪᠠᠰᠤᠷᠠᠭᠤᠯᠤᠯ ᠪᠠ ᠰᠤᠳᠤᠯᠤᠨ ᠶᠠᠷᠢᠯᠴᠠᠬᠤ ᠰᠤᠯᠢᠯᠴᠠᠬᠤ ᠶᠢ ᠵᠤᠬᠢᠶᠠᠨ ᠪᠠᠶᠢᠭᠤᠯᠤᠨ | ᠦᠷᠨᠢᠬᠦᠯᠵᠦ᠂ 2018 ᠤᠨ ᠤ ᠵᠢᠯ ᠤᠨ ᠰᠡᠭᠦᠯᠴᠢ ᠠᠴᠠ ᠡᠮᠤᠨ᠎ᠠ ᠵᠠᠰᠠᠭ ᠤᠨ ᠶᠠᠪᠤᠳᠠᠯ ᠢ ᠢᠯᠡ ᠪᠤᠯᠭᠠᠬᠤ | ᠠᠵᠢᠯᠳᠠᠨ ᠢ ᠨᠢᠬᠡ ᠤᠳᠠᠭ᠎ᠠ ᠨᠡᠶᠢᠳᠡᠮ ᠡᠬᠡᠯᠵᠢᠯᠡᠨ ᠪᠤᠯᠪᠠᠰᠤᠷᠠᠭᠤᠯᠤᠨ᠎ᠠ᠃ ᠡᠯ᠎ᠡ ᠱᠠᠳᠤᠨ ᠤ ᠵᠠᠰᠠᠭ ᠵᠠᠬᠢᠷᠭᠠᠨ ᠤ | ᠲᠡᠬᠡᠳᠦ ᠰᠤᠷᠭᠠᠭᠤᠯᠢ ᠵᠡᠷᠬᠡ ᠺᠠᠳ᠋ᠷ ᠪᠤᠯᠪᠠᠰᠤᠷᠠᠭᠤᠯᠬᠤ ᠭᠦᠷᠢᠶᠡᠯᠡᠩ ᠰᠤᠷᠭᠠᠭᠤᠯᠢ ᠨᠢ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢ ᠺᠠᠳ᠋ᠷ ᠢ ᠪᠤᠯᠪᠠᠰᠤᠷᠠᠭᠤᠯᠬᠤ ᠬᠢᠴᠢᠶᠡᠯᠯᠡᠭᠡ ᠳᠤ ᠤᠷᠤᠭᠤᠯᠵᠦ᠂ ᠡᠯ᠎ᠡ ᠱᠠᠳᠤᠨ ᠤ ᠤᠳᠤᠷᠢᠳᠬᠤ | ᠺᠠᠳ᠋ᠷ ᠤᠨ ᠢᠨᠲ᠋ᠧᠷ ᠰᠦᠯᠵᠢᠶᠡᠨ ᠤ ᠤᠷᠴᠢᠨ ᠨᠦᠭᠦᠴᠡᠯ ᠲᠤᠤᠷᠠᠬᠢ ᠵᠠᠰᠠᠭ ᠤᠨ ᠶᠠᠪᠤᠳᠠᠯ ᠢ ᠢᠯᠡ ᠪᠤᠯᠭᠠᠬᠤ | ᠤᠨᠤᠯᠵᠢᠬᠤᠨ ᠢ ᠭᠦᠴᠦᠯᠡᠨ ᠴᠢᠩᠭᠠᠷᠠᠭᠤᠯᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠴᠢᠳᠠᠪᠤᠷᠢ ᠪᠠ | ᠬᠢᠷᠢ ᠬᠡᠮᠵᠢᠶ᠎ᠡ ᠶᠢ ᠵᠢᠭᠠᠨ ᠵᠢᠯᠤᠭᠤᠳᠴᠤ ᠠᠬᠢᠭᠤᠯᠬᠤ ᠶᠢ ᠲᠡᠬᠡᠭᠰᠢᠯᠡᠬᠦᠯᠬᠦ ᠬᠡᠷᠡᠭᠳᠡᠢ᠃ ᠵᠠᠰᠠᠭ ᠤᠨ ᠶᠠᠪᠤᠳᠠᠯ ᠢ ᠢᠯᠡ | ᠪᠤᠯᠭᠠᠬᠤ ᠠᠵᠢᠯᠳᠠᠨ ᠨᠢ ᠲᠦᠷᠦ ᠶᠢᠨ ᠪᠤᠳᠤᠯᠭ᠎ᠠ ᠤᠨᠤᠯ ᠰᠤᠷᠤᠯᠴᠠᠯᠭ᠎ᠠ ᠪᠠ ᠲᠤᠬᠠᠶᠢᠯᠬᠠᠰᠠᠨ ᠠᠵᠢᠯ ᠤᠨ | ᠰᠤᠳᠤᠯᠭᠠᠨ ᠢᠶᠠᠨ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢᠨ ᠵᠤᠷᠢᠭ ᠰᠠᠨᠠᠭ᠎ᠠ ᠶᠢ ᠤᠨᠤᠪᠴᠢᠳᠠᠢ ᠡᠵᠡᠮᠰᠢᠵᠦ᠂ | ᠲᠤᠰᠬᠠᠢ ᠮᠡᠷᠬᠡᠵᠢᠯ ᠤᠨ ᠬᠡᠪ ᠴᠢᠨᠠᠷ ᠢᠶᠠᠨ ᠴᠢᠩᠭᠠᠳᠬᠠᠬᠤ ᠬᠡᠷᠡᠭᠳᠡᠢ᠃ | ︵ᠵᠢᠷᠭᠤᠭ᠎ᠠ︶ ᠰᠢᠯᠭᠠᠨ ᠬᠢᠨᠠᠵᠦ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠶᠢ ᠴᠢᠩᠭᠠᠷᠠᠭᠤᠯᠬᠤ ᠬᠡᠷᠡᠭᠳᠡᠢ᠃ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠮᠡᠳᠡᠭᠡ ᠵᠠᠩᠬᠢ ᠶᠢ ᠢᠯᠡ ᠪᠤᠯᠭᠠᠬᠤ᠂ ᠲᠦᠷᠦ ᠶᠢᠨ ᠪᠤᠳᠤᠯᠭ᠎ᠠ ᠶᠢ | ᠤᠩᠰᠢᠨ ᠲᠠᠶᠢᠯᠪᠤᠷᠢᠯᠠᠬᠤ᠂ ᠠᠩᠬᠠᠷᠴᠤ ᠪᠦᠭᠦᠢ ᠶᠠᠪᠤᠳᠠᠯ ᠳᠤ ᠬᠠᠷᠢᠭᠤ ᠦᠭᠭᠦ᠂ ᠵᠠᠭᠤᠴᠢᠯᠠᠭᠤᠷ ᠤᠷᠤᠯᠴᠠᠬᠤ ᠵᠡᠷᠬᠡ | ᠲᠠᠯ᠎ᠠ ᠶᠢᠨ ᠪᠠᠶᠢᠳᠠᠯ ᠢ ᠵᠠᠰᠠᠭ ᠤᠨ ᠶᠠᠪᠤᠳᠠᠯ ᠢ ᠢᠯᠡ ᠪᠤᠯᠭᠠᠬᠤ ᠶᠢᠨ ᠴᠢᠬᠤᠯᠠ ᠠᠭᠤᠯᠭ᠎ᠠ ᠪᠤᠯᠭᠠᠵᠦ ᠠᠵᠢᠯ ᠤᠨ | ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠤᠷᠤᠭᠤᠯᠤᠨ᠂ ᠵᠠᠰᠠᠭ ᠤᠨ ᠶᠠᠪᠤᠳᠠᠯ ᠢ ᠢᠯᠡ ᠪᠤᠯᠭᠠᠬᠤ | ᠠᠵᠢᠯ ᠤᠨ ᠨᠤᠨᠨᠳᠠᠬᠤ ᠦᠷᠳᠡᠭ ᠤᠨ ᠬᠠᠷᠢᠴᠠᠯ ᠢ 4% ᠠᠴᠠ ᠲᠤᠤᠷ᠎ᠠ ᠪᠠᠶᠢᠯᠭᠠᠵᠦ ᠪᠤᠯᠬᠤ ᠦᠬᠡᠢ᠃ ᠵᠠᠰᠠᠭ ᠤᠨ | ᠶᠠᠪᠤᠳᠠᠯ ᠢ ᠢᠯᠡ ᠪᠤᠯᠭᠠᠬᠤ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠦ᠂ ᠲᠤᠨᠨᠳᠠᠮᠠᠯ | ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠳᠤ | ᠰᠢᠮᠳᠠᠭᠤᠯᠤᠨ ᠪᠠᠶᠢᠴᠠᠭᠠᠯᠳᠠ ᠬᠢᠵᠦ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠠᠬᠢᠭᠤᠯᠤᠨᠨᠰᠠᠨ ᠨᠢ | ᠭᠦᠴᠦᠳᠡᠢ᠂ ᠢᠳᠡᠪᠬᠢᠳᠡᠢ ᠤᠷᠤᠯᠴᠬᠠᠰᠠᠨ ᠨᠢᠬᠡᠴᠡ ᠪᠠ ᠬᠤᠪᠢ ᠭᠦᠮᠦᠨ ᠢ ᠬᠤᠯᠪᠤᠨᠨᠳᠠᠯ ᠪᠦᠭᠦᠢ ᠲᠤᠨᠨᠳᠠᠭᠠᠯ | ᠶᠤᠰᠤᠭᠠᠷ ᠰᠠᠶᠢᠰᠢᠶᠠᠨ ᠭᠦᠬᠢᠬᠦᠯᠬᠦ ᠬᠡᠷᠡᠭᠳᠡᠢ︔ ᠴᠢᠬᠤᠯᠡ ᠮᠡᠳᠡᠭᠡ ᠵᠠᠩᠬᠢ ᠶᠢ ᠦᠯᠦ ᠨᠡᠶᠢᠳᠡᠯᠡᠬᠦ᠂ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠦᠬᠡᠢ᠂ ᠬᠠᠯᠠᠮᠰᠢᠯ ᠠᠰᠠᠭᠤᠳᠠᠯ ᠳᠤ ᠴᠠᠭ ᠲᠤᠬᠠᠢ ᠳᠤᠨᠢ | ᠬᠠᠷᠢᠭᠤ ᠦᠭᠭᠦᠭᠰᠡᠨ ᠦᠬᠡᠢ ᠪᠠᠶᠢᠪᠠᠯ ᠴᠢᠩᠭ᠎ᠠ ᠰᠢᠭᠦᠮᠵᠢᠯᠡᠵᠦ᠂ ᠢᠯᠡ ᠪᠠᠷ ᠨᠡᠪᠲᠡᠷᠡᠭᠦᠯᠦᠨ ᠮᠡᠳᠡᠭᠦᠯᠬᠦ ᠬᠡᠷᠡᠭᠳᠡᠢ᠃ | ᠬᠤᠳᠠᠯ ᠬᠠᠭᠤᠷᠮᠠᠭ ᠶᠠᠭᠤᠮ᠎ᠠ ᠵᠤᠬᠢᠶᠠᠬᠤ᠂ ᠪᠤᠳᠠᠳᠠᠢ ᠪᠠᠶᠢᠳᠠᠯ ᠢ ᠨᠢᠭᠤᠨ ᠲᠠᠯᠳᠠᠯᠠᠬᠤ᠂ ᠤᠯᠠᠨ ᠨᠡᠶᠢᠳᠡ ᠶᠢ | ᠬᠠᠭᠤᠷᠤᠨ ᠮᠡᠬᠡᠯᠡᠵᠦ᠂ ᠨᠡᠶᠢᠬᠡᠮ ᠨᠡᠶᠢᠳᠡ ᠳᠤ ᠭᠦᠨᠳᠦ ᠨᠤᠴᠢᠳᠠᠢ ᠨᠦᠯᠦᠬᠡ ᠤᠴᠠᠷᠠᠭᠤᠯᠤᠨᠨᠰᠠᠨ ᠪᠠᠶᠢᠪᠠᠯ᠂ | ᠰᠠᠬᠢᠯᠭ᠎ᠠ ᠪᠠᠳᠤ ᠬᠠᠤᠯᠢ ᠴᠠᠭᠠᠵᠠ ᠶᠤᠰᠤᠭᠠᠷ ᠬᠠᠮᠢᠶ᠎ᠠ ᠪᠦᠭᠦᠢ ᠨᠢᠬᠡᠴᠡ ᠪᠠ ᠬᠤᠪᠢ ᠭᠦᠮᠦᠨ ᠠᠴᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠳᠡᠢ᠃ | ᠵᠠᠰᠠᠭ ᠤᠨ ᠶᠠᠪᠤᠳᠠᠯ ᠢ ᠢᠯᠡ ᠪᠤᠯᠭᠠᠬᠤ ᠪᠤᠯ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠶᠢᠳᠪᠦᠷᠢᠳᠦ | ᠪᠤᠳᠤᠯᠭ᠎ᠠ ᠲᠤᠨᠨᠳᠠᠭᠠᠬᠤ᠂ ᠬᠡᠷᠡᠭᠵᠢᠬᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦ᠋ᠶᠢᠩ ᠢ ᠪᠦᠭᠦ ᠶᠠᠪᠤᠴᠠ ᠳᠤ | ᠢᠯᠡ ᠪᠤᠯᠭᠠᠬᠤ ᠶᠢ ᠪᠦᠭᠦ ᠲᠠᠯ᠎ᠠ ᠪᠠᠷ ᠠᠬᠢᠭᠤᠯᠵᠦ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ᠂ | ᠠᠩᠬᠠᠷᠴᠤ ᠪᠦᠭᠦᠢ ᠶᠠᠪᠤᠳᠠᠯ ᠳᠤ ᠬᠠᠷᠢᠭᠤ ᠦᠭᠭᠦ᠂ ᠲᠡᠪᠴᠡᠩ ᠤᠨ ᠪᠠᠶᠢᠭᠤᠯᠤᠯᠳᠠ᠂ ᠲᠤᠭ᠎ᠠ ᠪᠠᠷᠢᠮᠳᠠ ᠶᠢ | ᠴᠢᠯᠦᠬᠡᠳᠡᠢ ᠪᠠᠶᠢᠯᠭᠠᠬᠤ ᠶᠢ ᠴᠢᠩᠭᠠᠳᠬᠠᠨ᠂ ᠤᠯᠠᠨ ᠨᠡᠶᠢᠳᠡ ᠶᠢᠨ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ᠂ | ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠶᠢ ᠪᠠᠳᠤᠯᠠᠵᠦ᠂ ᠵᠠᠰᠠᠭ ᠤᠨ ᠤᠷᠳᠤᠨ ᠤ ᠤᠯᠠᠨ ᠨᠡᠶᠢᠳᠡ ᠶᠢ | ᠢᠳᠡᠬᠡᠬᠦᠯᠬᠦ ᠭᠦᠴᠦᠨ ᠪᠠ ᠬᠡᠷᠡᠭᠵᠢᠬᠦᠯᠬᠦ ᠭᠦᠴᠦᠨ ᠢ ᠴᠢᠩᠭᠠᠷᠠᠭᠤᠯᠤᠨ᠂ ᠵᠠᠰᠠᠭ ᠤᠨ ᠤᠷᠳᠤᠨ ᠤ ᠵᠠᠰᠠᠯᠳᠠ ᠶᠢᠨ | ᠴᠢᠳᠠᠪᠤᠷᠢ ᠶᠢ ᠲᠡᠬᠡᠭᠰᠢᠯᠡᠬᠦᠯᠬᠦ ᠶᠢᠨ ᠲᠦᠷᠢᠮ ᠤᠨ ᠲᠤᠬᠢᠷᠠᠭᠤᠯᠤᠯᠳᠠ ᠪᠤᠯᠤᠨ᠎ᠠ᠃ ᠡᠯ᠎ᠡ ᠱᠠᠳᠤᠨ ᠤ ᠵᠠᠰᠠᠭ | ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ ᠬᠠᠤᠯᠢ ᠲᠤᠨᠨᠳᠠᠭᠠᠯ ᠠᠴᠠ ᠡᠷᠬᠡ ᠤᠯᠭᠤᠨᠨᠰᠠᠨ ᠤᠯᠠᠨ ᠨᠡᠶᠢᠳᠡ ᠶᠢᠨ | ᠬᠡᠷᠡᠭ ᠶᠠᠪᠤᠳᠠᠯ ᠢ ᠬᠠᠮᠢᠶᠠᠷᠬᠤ ᠡᠭᠦᠷᠬᠡ ᠴᠢᠳᠠᠪᠤᠷᠢ ᠲᠠᠢ ᠵᠤᠬᠢᠶᠠᠨ ᠪᠠᠶᠢᠭᠤᠯᠤᠯᠳᠠ ᠪᠤᠯ ︽ᠵᠠᠰᠠᠭ ᠤᠨ ᠶᠠᠪᠤᠳᠠᠯ ᠢ | ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠳᠤ ᠲᠤᠬᠢᠷᠠᠬᠤ ᠭᠤᠤᠯ ᠴᠤᠨᠨᠴᠠ | ᠪᠤᠯᠤᠨ᠎ᠠ᠂ ᠤᠯᠠᠨ ᠨᠡᠶᠢᠳᠡ ᠶᠢᠨ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ ᠨᠢ ᠯᠠᠪᠯᠠᠯᠳᠠ ᠪᠤᠯᠭᠠᠨ | ᠬᠡᠷᠡᠭᠵᠢᠬᠦᠯᠬᠦ ᠬᠡᠷᠡᠭᠳᠡᠢ᠃ ᠠᠷᠠᠳ ᠢᠷᠬᠡᠳ᠂ ᠬᠠᠤᠯᠢ ᠶᠢᠨ ᠡᠷᠬᠡᠲᠡᠨ ᠪᠠ ᠪᠤᠰᠤᠳ ᠵᠤᠬᠢᠶᠠᠨ | ᠪᠠᠶᠢᠭᠤᠯᠤᠯᠳᠠ ᠨᠤᠭᠤᠳ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠤᠷᠳᠤᠨ ᠤ ᠬᠠᠮᠢᠶ᠎ᠠ ᠪᠦᠭᠦᠢ ᠮᠡᠳᠡᠭᠡ | ᠵᠠᠩᠬᠢ ᠶᠢ ᠤᠯᠬᠤ ᠪᠠᠷ ᠭᠤᠶᠤᠴᠢᠯᠠᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠲᠦᠷᠢᠮ︾ ᠤᠨ ᠲᠤᠨᠨᠳᠠᠭᠠᠯ | ᠶᠤᠰᠤᠭᠠᠷ ᠲᠤᠬᠢᠳᠠᠢ ᠰᠶᠢᠳᠪᠦᠷᠢᠯᠡᠬᠦ ᠬᠡᠷᠡᠭᠳᠡᠢ᠃ | |