ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2017/6/21
     ᠰᠤᠷᠪᠤᠯᠵᠢᠯᠠᠭᠰᠠᠨ ᠴᠠᠭ᠄      2017 ᠤᠨ ᠤ 6 ᠳ᠋ᠤᠭᠠᠷ ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨᠠᠬᠢ 3 ᠴᠠᠭ      ᠰᠤᠷᠪᠤᠯᠵᠢᠯᠠᠭᠰᠠᠨ ᠵᠣᠴᠢᠨ᠄      ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠺᠣᠮᠢᠰ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠶᠣᠤ ᠮᠢᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠡᠨᠡ ᠵᠢᠯ ᠤᠨ ᠲᠥᠪ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠤᠯᠤᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ︽13·5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ ᠠᠵᠢᠯ ᠤᠨ ᠴᠢᠬᠤᠯᠠ ᠠᠭᠤᠯᠭ᠎ᠠ ᠪᠤᠯᠭᠠᠵᠤ᠂ ᠲᠡᠮᠡᠴᠡᠬᠦ ᠬᠠᠷᠠᠯᠲᠠ᠂ ᠭᠤᠣᠯ ᠠᠷᠭ᠎ᠠ ᠵᠠᠮ ᠪᠤᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠤᠲᠤᠷᠬᠠᠶᠢᠯᠠᠭᠰᠠᠨ ᠪᠠᠶᠢᠨ᠎ᠠ᠃ ᠦᠢᠷ᠎ᠠ ᠳᠤ᠂ ᠪᠢᠳᠡ ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠺᠣᠮᠢᠰ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠶᠣᠤ ᠮᠢᠩ ᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ ᠬᠥᠬᠡᠬᠤᠲᠠ ᠶᠢᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯ ᠤᠨ ᠲᠠᠯ᠎ᠠ ᠪᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠰᠤᠯᠢᠯᠴᠠᠭᠤᠯᠬᠤ ᠪᠠᠷ ᠪᠤᠯᠪᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄      ᠬᠥᠲᠥᠯᠥᠭᠴᠢ᠄      ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠺᠣᠮᠢᠰ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠶᠣᠤ ᠮᠢᠩ ᠢ ᠤᠷᠢᠵᠤ᠂ 2016 ᠣᠨ ᠳᠤ ᠬᠥᠬᠡᠬᠤᠲᠠ ᠶᠢᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ 2017 ᠣᠨ ᠤ ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠤᠯᠢᠯᠴᠠᠭᠤᠯᠬᠤ ᠪᠠᠷ ᠪᠤᠯᠪᠠ᠃ ᠵᠠᠩ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠵᠠᠩ ᠰᠢᠶᠣᠤ ᠮᠢᠩ᠄      ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠲᠠᠪᠴᠠᠩ ᠢᠶᠠᠷ ᠳᠠᠮᠵᠢᠭᠤᠯᠤᠨ ᠲᠠ ᠨᠠᠷ ᠲᠠᠢ ᠰᠦᠯᠵᠢᠶᠡᠨ ᠳᠡᠭᠡᠷ᠎ᠡ ᠰᠣᠯᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠤᠨ ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠺᠣᠮᠢᠰ ᠤᠨ ᠡᠯ᠎ᠡ ᠵᠦᠢᠯ ᠤᠨ ᠠᠵᠢᠯ ᠳᠤ ᠰᠡᠳᠬᠢᠯ ᠲᠠᠯᠪᠢᠵᠤ ᠳᠡᠮᠵᠢᠯᠭᠡ ᠦᠵᠡᠭᠦᠯᠦᠭᠰᠡᠨ ᠳᠤ ᠪᠠᠶᠠᠷᠯᠠᠵᠤ ᠪᠠᠶᠢᠨ᠎ᠠ︕      ᠬᠥᠲᠥᠯᠥᠭᠴᠢ᠄      ᠣᠯᠠᠨ ᠤ ᠮᠡᠳᠡᠭᠡᠵᠢ ᠪᠠᠷ᠂ ︽ᠴᠢᠨᠡᠭᠡᠯᠢᠭᠵᠢᠭᠰᠡᠨ ᠡᠰᠡᠬᠦ ᠶᠢᠨ ᠵᠠᠩᠭᠢᠯᠠᠭ᠎ᠠ ᠨᠢ ᠠᠷᠠᠳ ᠤᠨ ᠠᠮᠢᠳᠤᠷᠠᠯ ᠳᠤ ᠪᠤᠢ︾᠃ ︽13·5︾᠎ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠤᠯ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠢᠯ ᠤᠨ ᠴᠢᠬᠤᠯᠠ ᠴᠠᠭ ᠬᠤᠭᠤᠴᠠᠭ᠎ᠠ ᠪᠣᠯᠤᠨ᠎ᠠ᠂ ᠪᠠᠰᠠ ᠴᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠰᠢᠶᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃ ᠲᠠ ᠶᠠᠭᠤᠨ ᠤ ᠡᠮᠦᠨ᠎ᠡ ᠮᠠᠨ ᠤ ᠰᠦᠯᠵᠢᠶᠡᠨ ᠠᠨᠳᠠ ᠨᠠᠷ ᠲᠤ 2016 ᠣᠨ ᠳᠤ ᠬᠥᠬᠡᠬᠤᠲᠠ ᠶᠢᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠠᠶᠢᠳᠠᠯ ᠢᠶᠠᠨ ᠲᠠᠨᠢᠯᠴᠠᠭᠤᠯᠤᠭᠠᠳ ᠦᠭᠭᠦᠨ᠎ᠡ ᠤᠤ︖      ᠵᠠᠩ ᠰᠢᠶᠣᠤ ᠮᠢᠩ᠄      ᠥᠩᠭᠡᠷᠡᠭᠰᠡᠨ ᠨᠢᠭᠡ ᠵᠢᠯ ᠳᠤ᠂ ᠪᠥᠬᠦ ᠬᠤᠲᠠ ᠶᠢᠨ ᠳᠡᠭᠡᠳᠦ ᠲᠤᠤᠷᠠᠳᠤ ᠱᠠᠲᠤ ᠪᠠᠷ ᠢᠶᠠᠨ ᠲᠤᠶᠢᠯ ᠤᠨ ᠤᠨᠤᠪᠴᠢᠲᠠᠢ ᠪᠠᠷ ᠶᠠᠳᠠᠭᠤ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠳᠤ ᠤᠷᠤᠭᠤᠯᠵᠤ᠂ ᠨᠠᠮ ᠤᠨ ᠲᠥᠪ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠪᠠ᠃ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ ᠪᠤᠯᠭᠠᠬᠤ᠂ ᠭᠤᠷᠪᠠ ᠶᠢ ᠪᠠᠲᠤᠯᠠᠬᠤ︾ ︵ᠢᠳᠡᠬᠦ ᠤᠤᠭᠤᠬᠤ ᠳᠤ ᠰᠠᠨᠠᠭ᠎ᠠ ᠵᠣᠪᠠᠭ᠋ᠤ ᠦᠭᠡᠢ᠂ ᠡᠮᠦᠰᠬᠦ ᠵᠡᠬᠦᠬᠦ ᠳᠤ ᠰᠠᠨᠠᠭ᠎ᠠ ᠵᠣᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠤᠯᠤᠨ ᠣᠷᠣᠨ ᠰᠠᠭᠤᠴᠠ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠲᠤᠯᠠᠬᠤ︶ ᠬᠠᠷᠠᠯᠲᠠ ᠪᠤᠯᠤᠨ ︽ᠵᠢᠷᠭᠤᠭᠠᠨ ᠲᠤᠶᠢᠯ ᠤᠨ ᠤᠨᠤᠪᠴᠢᠲᠠᠢ ᠪᠠᠶᠢᠬᠤ︾ ︵ᠶᠠᠳᠠᠭᠤ ᠬᠦᠮᠦᠰ ᠢ ᠲᠤᠶᠢᠯ ᠤᠨ ᠤᠨᠤᠪᠴᠢᠲᠠᠢ ᠲᠤᠭᠲᠠᠭᠠᠬᠤ᠂ ᠲᠦᠷᠦᠯ ᠵᠦᠢᠯ ᠢ ᠲᠤᠶᠢᠯ ᠤᠨ ᠤᠨᠤᠪᠴᠢᠲᠠᠢ ᠲᠤᠬᠢᠷᠠᠭᠤᠯᠬᠤ ᠂ ᠪᠡᠯᠡ ᠮᠥᠩᠭᠦ ᠶᠢ ᠲᠤᠶᠢᠯ ᠤᠨ ᠤᠨᠤᠪᠴᠢᠲᠠᠢ ᠬᠡᠷᠡᠭᠯᠡᠬᠦ᠂ ᠠᠷᠭ᠎ᠠ ᠬᠡᠮᠵᠢᠶ᠎ᠡ ᠶᠢ ᠡᠷᠦᠬᠡ ᠳᠤ ᠲᠤᠶᠢᠯ ᠤᠨ ᠤᠨᠤᠪᠴᠢᠲᠠᠢ ᠨᠠᠶᠢᠳᠠᠪᠤᠷᠢᠵᠢᠭᠤᠯᠬᠤ᠂ ᠲᠣᠰᠬᠤᠨ ᠤ ᠪᠠᠶᠢᠳᠠᠯ ᠳᠤ ᠲᠣᠬᠢᠷᠠᠭᠤᠯᠤᠨ ᠲᠤᠶᠢᠯ ᠤᠨ ᠤᠨᠤᠪᠴᠢᠲᠠᠢ ᠪᠠᠷ ᠬᠦᠮᠦᠨ ᠲᠤᠬᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠲᠤᠶᠢᠯ ᠤᠨ ᠤᠨᠤᠪᠴᠢᠲᠠᠢ ᠪᠠᠶᠢᠯᠭᠠᠬᠤ︶᠂ ︽ᠲᠠᠪᠤᠨ ᠨᠢᠭᠡ ᠪᠦᠯᠦᠭ︾ ︵ᠨᠢᠭᠡ ᠪᠦᠯᠦᠭ ᠢ ᠨᠢ ᠦᠢᠯᠡᠳᠪᠦᠷᠢᠯᠡᠯ ᠢ ᠬᠥᠭᠵᠢᠭᠦᠯᠦᠨ ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠢ ᠨᠢ ᠣᠨᠳᠣᠣ ᠭᠠᠵᠠᠷ ᠨᠡᠭᠦᠯᠭᠡᠵᠦ ᠶᠠᠳᠠᠭᠤ ᠠᠴᠠ ᠲᠡᠳᠭᠦᠨ ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠢ ᠨᠢ ᠠᠮᠢ ᠠᠬᠤᠶ ᠶᠢᠨ ᠨᠥᠬᠦᠪᠥᠷᠢ ᠤᠯᠭᠤᠨ ᠶᠠᠳᠠᠭᠤ ᠠᠴᠠ ᠠᠩᠬᠢᠵᠢᠷᠠᠭᠤᠯᠬᠤ᠂ ᠨᠢᠭᠡ ᠪᠦᠯᠦᠭ ᠢ ᠨᠢ ᠰᠤᠷᠭᠠᠨ ᠬᠥᠮᠦᠵᠢᠯ ᠢ ᠬᠦᠭᠵᠢᠬᠦᠯᠦᠨ ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠢ ᠨᠢ ᠨᠡᠶᠢᠭᠡᠮ ᠤᠨ ᠳᠠᠭᠠᠭᠠᠨ ᠪᠠᠲᠤᠯᠠᠬᠤ ᠪᠠᠷ ᠪᠠᠲᠤᠯᠠᠬᠤ︶ ᠱᠠᠭᠠᠷᠳᠠᠯᠭ᠎ᠠ ᠶᠣᠰᠣᠭᠠᠷ᠂ ᠶᠠᠳᠠᠭᠤ ᠬᠦᠴᠢᠷᠳᠡᠯᠲᠡᠶ ᠡᠷᠥᠭᠡ ᠳᠤ ᠲᠡᠩᠰᠠ ᠳᠠᠩᠰᠠ ᠪᠠᠶᠢᠭᠤᠯᠤᠨ ᠺᠠᠷᠲ ᠬᠢᠵᠤ ᠦᠭᠭᠦ ᠶᠢ ︽ᠡᠷᠭᠢᠵᠦ ᠬᠠᠷᠠᠬᠤ︾ ᠪᠠ ᠬᠢᠨᠠᠨ ᠪᠤᠳᠤᠯᠲᠠ ᠶᠢ ᠴᠡᠭᠴᠡᠯᠡᠨ ᠦᠭᠡᠷᠡᠴᠢᠯᠡᠬᠦ ᠠᠵᠢᠯ ᠢ ᠬᠢᠨᠠᠮᠠᠭᠠᠶ ᠦᠷᠨᠢᠬᠦᠯᠦᠭᠰᠡᠨ ᠪᠠᠶᠢᠨ᠎ᠠ᠃ ᠲᠤᠭ᠎ᠠ ᠪᠠᠷᠢᠮᠲᠠ ᠶᠢ ᠬᠠᠷᠢᠴᠠᠭᠤᠯᠬᠤ᠂ ᠪᠣᠳᠠᠲᠤ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠠᠰᠠᠭᠤᠳᠠᠯ ᠲᠠᠢ ᠲᠤᠭ᠎ᠠ ᠪᠠᠷᠢᠮᠲᠠ ᠳᠤ ᠵᠠᠰᠠᠪᠤᠷᠢ ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ 12235 ᠶᠠᠳᠠᠭᠤ ᠬᠦᠴᠢᠷᠳᠡᠯᠲᠠᠢ ᠡᠷᠦᠬᠡ ᠪᠤᠯᠤᠨ 25362 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠤᠶᠢᠯ ᠤᠨ ᠤᠨᠤᠪᠴᠢᠲᠠᠢ ᠢᠯᠭᠠᠨ ᠲᠤᠳᠤᠯᠠᠪᠠ᠃ ᠪᠦᠬᠦ ᠵᠢᠯ ᠳᠤ᠂ ᠤᠨᠴᠠᠯᠢᠭᠳᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ 1.38 ᠳ᠋ᠦᠩᠰᠢᠭᠤᠷ ᠲᠥᠭᠦᠷᠢᠭ ᠤᠷᠤᠭᠤᠯᠵᠤ᠂ ︽ᠳᠦᠷᠪᠡ ᠶᠢ ᠭᠠᠴᠠᠭ᠎ᠠ ᠳᠤ ᠤᠷᠤᠭᠤᠯᠬᠤ ᠳᠦᠷᠪᠡ ᠶᠢ ᠡᠷᠤᠭᠡ ᠳᠤ ᠬᠦᠷᠭᠡᠬᠦ︾ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠦᠷᠨᠢᠬᠦᠯᠪᠡ᠃ ᠪᠦᠬᠦ ᠵᠢᠯ ᠳᠤ ᠣᠨᠳᠣᠣ ᠭᠠᠵᠠᠷ ᠨᠡᠬᠦᠯᠬᠡᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 1.73 ᠳ᠋ᠦᠡᠭᠰᠢᠭᠤᠷ ᠲᠥᠭᠦᠷᠢᠭ  ᠲᠤᠬᠢᠷᠠᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠢ 66᠂ ᠲᠥᠪᠬᠢᠨᠡᠭᠦᠯᠬᠦ ᠣᠷᠣᠨ ᠰᠠᠭᠤᠴᠠ ᠶᠢ 2551 ᠲᠦᠬᠦᠷ ᠪᠠᠶᠢᠭᠤᠯᠵᠤ᠂ 1439 ᠡᠷᠦᠬᠡ᠂ 2957 ᠬᠦᠮᠦᠨ ᠢ ᠣᠨᠳᠣᠣ ᠭᠠᠵᠠᠷ ᠨᠡᠭᠦᠯᠭᠡᠨ ᠶᠠᠳᠠᠭᠤ ᠠᠴᠠ ᠲᠡᠳᠭᠦᠵᠤ᠂ ᠵᠢᠯ ᠤᠨ ᠡᠬᠢᠨ ᠤ ᠲᠥᠯᠥᠪᠯᠡᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃ ᠪᠦᠬᠦ ᠵᠢᠯ ᠳᠤ ᠡᠦ᠋ᠴᠤᠸᠠᠨ ᠰᠢᠶᠠᠨ᠂ ᠴᠢᠩ ᠱᠦᠢ ᠾᠧ ᠰᠢᠶᠠᠨ ᠳᠤ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ︽ᠲᠠᠷᠢᠶᠠᠴᠢᠳ ᠢ ᠪᠠᠶᠠᠵᠢᠭᠤᠯᠬᠤ ᠵᠢᠭᠡᠯᠡᠯᠭᠡ︾ 1.62 ᠳ᠋ᠦᠡᠭᠰᠢᠭᠤᠷ ᠲᠦᠭᠦᠷᠢᠭ ᠤᠯᠭᠤᠵᠤ᠂ 5090 ᠲᠠᠷᠢᠶᠠᠴᠢᠨ ᠡᠷᠦᠬᠡ ᠎ ᠶᠢ ᠬᠠᠮᠤᠷᠴᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠠᠢ 698 ᠡᠷᠦᠬᠡ ᠎ ᠲᠠᠢ ᠬᠤᠯᠪᠤᠭᠳᠠᠵᠤ᠂ ᠨᠡᠶᠢᠭᠡᠮ ᠤᠨ ᠶᠠᠳᠠᠭᠤ ᠶᠢ ᠲᠡᠳᠬᠦᠬᠦ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ︽ᠨᠢᠭᠡ ᠳᠤ ᠨᠢᠭᠡ ᠶᠢ ᠳᠠᠭᠠᠭᠠᠴᠢᠯᠠᠭᠤᠯᠬᠤ︾ ᠪᠤᠶᠤ ︽ᠤᠯᠠᠭᠤᠯᠠ ᠳᠤ ᠨᠢᠭᠡ ᠶᠢ ᠳᠠᠭᠠᠭᠠᠴᠢᠯᠠᠭᠤᠯᠬᠤ ︾ ᠠᠷᠭ᠎ᠠ ᠪᠠᠷ ᠲᠤᠰᠠᠯᠠᠨ ᠲᠡᠳᠭᠦᠭᠦ ᠠᠵᠢᠯ ᠢ ᠦᠷᠨᠢᠬᠦᠯᠪᠡ᠃ ᠪᠦᠬᠦ ᠵᠢᠯ ᠳᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ 16909 ᠡᠷᠦᠬᠡ ᠶᠢ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠨᠢ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠪᠠᠭᠤᠯᠭᠠᠭᠰᠠᠨ ᠲᠦᠯᠦᠪᠯᠡᠭᠡᠲᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠡᠶᠡᠯᠡᠯᠲᠡ ᠶᠢ ᠰᠠᠶᠢᠨ ᠰᠠᠶᠢᠬᠠᠨ ᠡᠬᠢᠯᠡᠯᠲᠡ ᠲᠠᠢ ᠪᠤᠯᠭᠠᠪᠠ᠃     ᠬᠥᠲᠥᠯᠥᠭᠴᠢ᠄      2016 ᠣᠨ ᠳᠤ ᠬᠥᠬᠡᠬᠤᠲᠠ ᠶᠢᠨ ᠲᠥᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠬᠤ ᠠᠵᠢᠯ ᠢᠯᠡᠷᠬᠡᠶ ᠠᠮᠵᠢᠯᠲᠠ ᠣᠯᠵᠠᠢ᠂ ᠡᠭᠦᠨ ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠤᠢ︖      ᠵᠠᠩ ᠰᠢᠶᠣᠤ ᠮᠢᠩ᠄      ᠮᠠᠨ ᠤ ᠬᠤᠲᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭᠠᠨ ᠲᠥᠢᠯ ᠤᠨ ᠣᠨᠤᠪᠴᠢᠲᠠᠢ︾ ︽ᠲᠠᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠦᠢᠯᠡᠳᠪᠦᠷᠢᠯᠡᠯ ᠢ ᠬᠥᠭᠵᠢᠭᠦᠯᠬᠦ᠂ ᠣᠨᠳᠣᠤ ᠭᠠᠵᠠᠷ ᠲᠤ ᠨᠡᠭᠦᠯᠭᠡᠬᠦ᠂ ᠠᠮᠢ ᠠᠬᠤᠶ ᠶᠢᠨ ᠨᠥᠬᠦᠪᠥᠷᠢ ᠣᠯᠭᠤᠬᠤ᠂ ᠰᠤᠷᠭᠠᠨ ᠬᠥᠮᠦᠵᠢᠯ ᠢ ᠬᠥᠭᠵᠢᠭᠦᠯᠬᠦ᠂ ᠨᠡᠶᠢᠭᠡᠮ ᠤᠨ ᠪᠠᠲᠤᠯᠠᠭ᠎ᠠ ᠪᠠᠷ ᠳᠠᠭᠠᠭᠠᠨ ᠪᠠᠲᠤᠯᠠᠬᠤ︾ ᠲᠠᠪᠤᠨ ᠶᠡᠭᠡ ᠭᠠᠷᠳᠠᠴᠠ ᠶᠢ ᠴᠢᠩᠭ᠎ᠠ ᠠᠳᠬᠤᠵᠤ᠂ ᠲᠦᠢᠯ ᠤᠨ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠦᠢᠯ ᠤᠨ ᠣᠨᠤᠪᠴᠢᠲᠠᠢ ᠪᠠᠷ ᠳᠥᠯᠭᠢᠨ ᠠᠬᠢᠭᠤᠯᠵᠤ᠂ ᠲᠦᠢᠯ ᠤᠨ ᠣᠨᠤᠪᠴᠢᠲᠠᠢ ᠪᠠᠷ ᠪᠣᠳᠠᠲᠠᠶᠢᠵᠢᠭᠤᠯᠪᠠ᠃ ᠨᠢᠭᠡ ᠳᠤ ᠦᠢᠯᠡᠳᠪᠦᠷᠢᠯᠡᠯ ᠢ ᠬᠥᠭᠵᠢᠭᠦᠯᠦᠨ ᠶᠠᠳᠠᠭᠤ ᠶᠢ ᠲᠡᠳᠬᠦᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠦᠭᠡ ᠪᠦᠷᠢ ᠳᠤ ᠣᠷᠣᠯᠭ᠎ᠠ ᠪᠠᠨ ᠨᠡᠮᠡᠭᠳᠡᠭᠦᠯᠬᠦ ᠲᠦᠷᠦᠯ ᠵᠦᠢᠯ ᠲᠠᠢ᠂ ᠬᠥᠮᠦᠨ ᠪᠦᠬᠦᠨ ᠳᠤ ᠶᠠᠳᠠᠭᠤ ᠠᠴᠠ ᠠᠩᠭᠢᠵᠢᠷᠠᠬᠤ ᠠᠷᠭ᠎ᠠ ᠵᠠᠮ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠪᠡ᠃ ᠬᠤᠶᠠᠷ ᠲᠤ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠᠷ ᠴᠢᠬᠤᠯᠠ ᠨᠥᠬᠦᠪᠥᠷᠢ ᠪᠣᠯᠭᠠᠵᠤ᠂ ᠨᠡᠭᠦᠯᠭᠡᠵᠦ ᠭᠠᠷᠭᠠᠬᠤ᠂ ᠲᠣᠭᠲᠠᠭᠤᠨ ᠪᠠᠶᠢᠯᠭᠠᠬᠤ᠂ ᠪᠠᠶᠠᠵᠢᠭᠤᠯᠬᠤ ᠶᠢ ᠦᠨᠡᠨ ᠬᠦ ᠪᠠᠲᠤᠯᠠᠨ᠂ ᠤᠯᠠᠨ ᠲᠦᠮᠡᠨ ᠤ ᠰᠠᠶᠢᠨ ᠳᠤᠷ᠎ᠠ ᠶᠢᠨ ᠰᠠᠭᠤᠷᠢᠨ ᠳᠡᠭᠡᠷ᠎ᠡ᠂ ᠨᠡᠭᠦᠯᠭᠡᠬᠦ ᠠᠷᠠᠳ ᠢᠷᠭᠡᠳ ᠢ ᠲᠦᠢᠯ ᠤᠨ ᠣᠨᠤᠪᠴᠢᠲᠠᠢ ᠪᠠᠷ ᠲᠣᠭᠲᠠᠭᠠᠵᠤ᠂ ᠲᠥᠪᠬᠢᠨᠡᠭᠦᠯᠬᠦ ᠠᠷᠭ᠎ᠠ ᠮᠠᠶ᠋ᠢᠭ ᠢ ᠨᠢ ᠴᠢᠯᠥᠭᠡᠲᠡᠶ ᠰᠣᠩᠭᠤᠭᠤᠯᠦᠨ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠦᠨᠡᠨ ᠬᠦ ᠰᠠᠶᠢᠵᠢᠷᠠᠭᠤᠯᠪᠠ᠃ ᠭᠤᠷᠪᠠ ᠳᠤ ᠠᠮᠢ ᠠᠬᠤᠶ ᠶᠢᠨ ᠨᠥᠬᠦᠪᠥᠷᠢ ᠣᠯᠭᠤᠨ ᠶᠠᠳᠠᠭᠤ ᠶᠢ ᠲᠡᠳᠬᠦᠬᠦ ᠪᠠᠷ ᠬᠠᠮᠲᠤ ᠪᠠᠷ ᠠᠰᠢᠭ ᠭᠥᠷᠳᠡᠬᠦ ᠶᠢᠨ ᠠᠷᠭ᠎ᠠ ᠪᠤᠳᠤᠯᠭ᠎ᠠ ᠪᠣᠯᠭᠠᠨ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠮᠢ ᠠᠬᠤᠶ ᠪᠠᠷ ᠠᠵᠢᠯ ᠣᠯᠭᠤᠵᠣ᠂ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠰᠠᠶᠢᠵᠢᠷᠠᠭᠤᠯᠤᠭᠰᠠᠨ ᠮᠥᠷᠲᠡᠭᠡᠨ ᠪᠠᠰᠠ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠨ ᠣᠷᠣᠯᠭ᠎ᠠ ᠶᠢ ᠨᠢ ᠨᠡᠮᠡᠭᠳᠡᠭᠦᠯᠪᠡ᠃ ᠲᠦᠷᠪᠡ ᠳᠤ ᠰᠤᠷᠭᠠᠨ ᠬᠥᠮᠦᠵᠢᠯ ᠢ ᠬᠥᠭᠵᠢᠭᠦᠯᠦᠨ ᠶᠠᠳᠠᠭᠤ ᠶᠢ ᠲᠡᠳᠬᠦᠬᠦ ᠪᠠᠷ ᠦᠨᠳᠦᠰᠦᠨ ᠪᠣᠳᠤᠯᠭ᠎ᠠ ᠪᠣᠯᠭᠠᠵᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠷ᠎ᠡ ᠬᠡᠦᠬᠡᠳ ᠨᠢ ᠴᠥᠮ ᠰᠠᠶᠢᠨ ᠰᠠᠶᠢᠬᠠᠨ ᠰᠠᠭᠤᠷᠢ ᠰᠤᠷᠭᠠᠨ ᠬᠥᠮᠦᠵᠢᠯ ᠬᠦᠷᠲᠡᠬᠦ ᠶᠢ ᠦᠨᠡᠨ ᠬᠦ ᠪᠠᠲᠤᠯᠠᠨ᠂ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠲᠠᠢ ᠪᠣᠯᠭᠠᠵᠤ᠂ ᠦᠶ᠎ᠡ ᠤᠯᠠᠷᠢᠨ ᠶᠠᠳᠠᠭᠤᠷᠠᠬᠤ ᠶᠢ ᠲᠠᠰᠤᠳᠠᠪᠠ᠃ ᠲᠠᠪᠤ ᠳᠤ ᠨᠡᠶᠢᠭᠡᠮ ᠤᠨ ᠪᠠᠲᠤᠯᠠᠭ᠎ᠠ ᠪᠠᠷ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠥᠮᠦᠨ ᠠᠮᠠ ᠶᠢᠨ ᠦᠨᠳᠦᠰᠦᠨ ᠠᠮᠢᠳᠤᠷᠠᠯ ᠢ ᠳᠠᠭᠠᠭᠠᠨ ᠪᠠᠲᠤᠯᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠂ ᠠᠵᠤ ᠦᠢᠯᠡᠰ ᠢᠶᠠᠷ ᠲᠡᠳᠬᠦᠬᠦ ᠪᠠ ᠠᠵᠢᠯ ᠣᠯᠭᠤᠨ ᠬᠠᠪᠰᠤᠷᠬᠤ ᠳᠤ ᠲᠦᠰᠢᠭᠯᠡᠨ ᠶᠠᠳᠠᠭᠤ ᠠᠴᠠ ᠠᠩᠭᠢᠵᠢᠷᠠᠭᠤᠯᠬᠤ ᠶᠢᠨ ᠠᠷᠭ᠎ᠠ ᠦᠭᠡᠢ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠳᠤ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠲᠤᠯᠠᠭ᠎ᠠ ᠶᠢ ᠬᠡᠷᠡᠭᠵᠢᠭᠦᠯᠪᠡ᠃      ᠬᠥᠲᠥᠯᠥᠭᠴᠢ᠄      ᠬᠥᠳᠡᠭᠡ ᠠᠵᠤ ᠠᠬᠤᠶ ᠶᠢᠨ ᠵᠥᠪᠯᠡᠯ ᠤᠨ ᠡᠭᠦᠷᠭᠡᠯᠡᠵᠦ ᠪᠠᠶᠢᠭ᠎ᠠ ᠨᠦᠭᠦᠭᠡ ᠨᠢᠭᠡ ᠭᠤᠣᠯ ᠠᠵᠢᠯ ᠨᠢ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠪᠣᠯᠣᠨ᠎ᠠ᠂ ᠲᠡᠭᠡᠪᠡᠯ 2016 ᠣᠨ ᠳᠤ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠲᠠᠯ᠎ᠠ ᠪᠠᠷ ᠪᠠᠰᠠ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠤᠢ︖     ᠵᠠᠩ ᠰᠢᠶᠣᠤ ᠮᠢᠩ᠄      ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠲᠠᠯ᠎ᠠ ᠪᠠᠷ᠂ 2016 ᠣᠨ ᠳᠤ ᠪᠥᠬᠦ ᠬᠤᠲᠠ 129.9 ᠳ᠋ᠥᠩᠰᠢᠭᠤᠷ ᠲᠥᠭᠦᠷᠢᠭ ᠤᠨ ᠪᠡᠯᠨ ᠣᠷᠤᠭᠤᠯᠵᠤ᠂ 1400 ᠭᠠᠴᠠᠭ᠎ᠠ ᠶᠢᠨ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ ᠬᠤᠲᠠ ᠶᠢᠨ ᠡᠳ᠋ ᠤᠨ ᠵᠠᠰᠠᠭ 2000 ᠲᠦᠮᠡᠨ ᠲᠥᠭᠦᠷᠢᠭ ᠤᠨ ᠨᠥᠬᠦᠪᠥᠷᠢ ᠮᠦᠩᠭᠦ ᠪᠠᠭᠤᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ 7658 ᠲᠦᠮᠡᠨ ᠲᠥᠭᠦᠷᠢᠭ ᠢᠵᠢ ᠪᠦᠷᠢᠳᠦᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠡᠯ᠎ᠡ ᠭᠠᠵᠠᠷ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠮᠤ ︵ᠪᠠᠯᠭᠠᠰᠤ︶ ᠭᠠᠴᠠᠭ᠎ᠠ ᠶᠢᠨ ᠬᠠᠮᠢᠶᠠᠷᠬᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠬᠤ᠂ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠤᠨ ᠤᠷᠳᠤ ᠬᠤᠭᠤᠴᠠᠭᠠᠨ ᠤ ᠪᠥᠳᠥᠮᠵᠢᠳᠤ ᠬᠠᠮᠢᠶᠠᠷᠤᠯᠲᠠ ᠶᠢᠨ ᠭᠤᠷᠪᠠᠨ ᠵᠦᠢᠯ ᠤᠨ ᠬᠡᠪ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠦᠨᠳᠦᠰᠦᠨ ᠠᠳᠠᠯ ᠠᠬᠤᠶ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠠᠶᠢᠯ ᠲᠣᠰᠬᠤᠨ ᠤ ᠳᠦᠷᠰᠦ ᠪᠠᠶᠢᠳᠠᠯ ᠢ ᠡᠷᠴᠢᠮᠲᠡᠢ ᠰᠠᠶᠢᠵᠢᠷᠠᠭᠤᠯᠵᠦ᠂ ᠨᠡᠶᠢᠭᠡᠮ ᠵᠢᠷᠤᠮᠲᠤ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠴᠢᠩᠭᠠᠳᠬᠠᠪᠠ᠃      ᠬᠥᠲᠥᠯᠥᠭᠴᠢ᠄      2016 ᠣᠨ ᠨᠢᠭᠡᠨᠲᠡ ᠥᠩᠭᠡᠷᠡᠪᠡ᠂ ᠣᠳᠣ ᠲᠠ 2017 ᠣᠨ ᠳᠤ ᠬᠥᠬᠡᠬᠤᠲᠠ ᠶᠢᠨ ᠬᠥᠳᠡᠭᠡ ᠠᠵᠤ ᠠᠬᠤᠶ ᠶᠢᠨ ᠵᠥᠪᠯᠡᠯ ᠪᠠᠰᠠ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠭᠡᠵᠦ ᠪᠠᠶᠢᠭ᠎ᠠ ᠪᠠᠨ ᠲᠠᠨᠢᠯᠴᠠᠭᠤᠯᠤᠭᠠᠳ ᠥᠭᠭᠦᠨ᠎ᠡ ᠤᠤ︖      ᠵᠠᠩ ᠰᠢᠶᠣᠤ ᠮᠢᠩ᠄        2017 ᠣᠨ ᠳᠤ᠂ ᠬᠤᠳᠠ ᠶᠢᠨ ᠬᠥᠳᠡᠭᠡ ᠠᠵᠤ ᠠᠬᠤᠶ ᠶᠢᠨ ᠵᠥᠪᠯᠡᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠤᠲᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦ ᠬᠤᠲᠠ ᠶᠢᠨ ᠬᠥᠳᠡᠭᠡ ᠲᠣᠰᠬᠤᠨ ᠤ ᠠᠵᠢᠯ ᠵᠢᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠤᠭᠠᠷ᠂ ᠭᠤᠣᠯᠳᠠᠭᠤ ᠳᠣᠣᠷᠠᠬᠢ ᠲᠦᠷᠪᠡᠨ ᠲᠠᠯ᠎ᠠ ᠶᠢᠨ ᠠᠵᠢᠯ ᠢ ᠨᠠᠶᠢᠳᠠᠪᠤᠷᠢᠵᠢᠭᠤᠯᠣᠨ᠎ᠠ᠄ ᠨᠢᠭᠡ ᠳᠤ ᠪᠥᠬᠦ ᠬᠤᠲᠠ ᠶᠢᠨ ᠦᠯᠡᠳᠡᠵᠦ ᠪᠠᠶᠢᠭ᠎ᠠ ᠬᠥᠳᠡᠭᠡ ᠲᠣᠰᠬᠤᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ 7994 ᠬᠥᠮᠦᠨ ᠠᠮᠠ ᠶᠢ ᠪᠦᠬᠦᠨ ᠢ ᠶᠠᠳᠠᠭᠤ ᠠᠴᠠ ᠨᠢ ᠠᠩᠭᠢᠵᠢᠷᠠᠭᠤᠯᠵᠤ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠤ ᠶᠠᠳᠠᠭᠤ ᠮᠠᠯᠠᠭᠠᠢ ᠶᠢ ᠎ ᠨᠢ ᠠᠮᠵᠢᠯᠲᠠᠲᠠᠢ ᠪᠠᠷ ᠲᠠᠶᠠᠭᠳᠠᠭᠤᠯᠤᠨ᠎ᠠ︔ ᠬᠤᠶᠠᠷ ᠲᠤ ᠭᠤᠷᠪᠠᠨ ᠵᠢᠯ ᠤᠨ ᠲᠤᠷᠰᠢ ᠬᠡᠷᠡᠭᠵᠢᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢᠨ 2172 ᠢᠨᠵᠧᠨᠧᠷᠢᠩ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠥᠷᠢᠯᠡᠵᠦ᠂ ᠤᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠦᠨ᠎ᠡ︔ 2172 ᠭᠠᠴᠠᠭ᠎ᠠ ᠲᠣᠰᠬᠤᠨ ᠢ ᠬᠠᠮᠢᠶᠠᠷᠴᠤ ᠬᠠᠮᠠᠭᠠᠯᠠᠬᠤ ᠬᠡᠪᠴᠢᠶᠡᠨ ᠳᠤ ᠣᠷᠣᠭᠤᠯᠵᠤ᠂ ︽ᠰᠤᠮᠤ ︵ᠪᠠᠯᠭᠠᠰᠤ︶ ᠭᠠᠴᠠᠭ᠎ᠠ ᠬᠠᠮᠢᠶᠠᠷᠬᠤ︾᠂ ︽ᠬᠤᠳᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠬᠤ︾᠂ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠭᠤᠷᠪᠠᠨ ᠵᠦᠢᠯ ᠤᠨ ᠬᠠᠮᠢᠶᠠᠷᠤᠯᠲᠠ ᠶᠢᠨ ᠵᠠᠭᠪᠤᠷ ᠢ ᠭᠦᠨᠵᠡᠭᠡᠢ ᠲᠥᠯᠬᠢᠨ ᠠᠬᠢᠭᠤᠯᠤᠨ᠎ᠠ︔ ᠭᠤᠷᠪᠠ ᠳᠤ ᠰᠠᠭᠤᠷᠢ ᠲᠠᠢ᠂ ᠥᠪᠡᠷᠮᠢᠴᠡ ᠣᠨᠴᠠᠯᠢᠭ ᠲᠠᠢ᠂ ᠨᠥᠭᠡᠴᠡ ᠬᠦᠴᠦᠨ ᠲᠠᠢ ᠠᠵᠤ ᠦᠢᠯᠡᠰ ᠤᠨ ᠲᠣᠭᠤᠷᠢᠨ ᠳᠤ᠂ ᠵᠢᠱᠢᠶ᠎ᠡ ᠦᠵᠡᠭᠦᠯᠬᠦ ᠰᠢᠨ᠎ᠡ ᠬᠥᠳᠡᠭᠡ ᠲᠣᠰᠬᠤᠨ ᠢ 100 ᠪᠠᠶᠢᠭᠤᠯᠵᠤ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠳᠡᠰ ᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠤᠨ᠎ᠠ︔ ᠲᠦᠷᠪᠡ ᠳᠤ 2016 ᠣᠨ ᠤ ᠠᠷᠠᠳ ᠢ ᠰᠢᠯᠵᠢᠭᠦᠯᠦᠨ ᠨᠡᠭᠦᠯᠭᠡᠭᠰᠡᠨ ᠠᠵᠢᠯ ᠤᠨ ᠰᠠᠭᠤᠷᠢᠨ ᠳᠡᠭᠡᠷ᠎ᠡ᠂ 1124 ᠭᠠᠴᠠᠭ᠎ᠠ ᠲᠤᠰᠬᠤᠨ ᠤ ᠠᠷᠠᠳ ᠢ ᠰᠢᠯᠵᠢᠭᠦᠯᠦᠨ ᠨᠡᠭᠦᠯᠭᠡᠬᠦ ᠡᠭᠦᠷᠭᠡ ᠶᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ 557 ᠭᠠᠴᠠᠭ᠎ᠠ ᠲᠤᠰᠬᠤᠨ 20944 ᠠᠶᠢᠯ ᠡᠷᠦᠬᠡ 56660 ᠬᠥᠮᠦᠨ ᠢ ᠰᠢᠯᠵᠢᠭᠦᠯᠦᠨ ᠨᠡᠭᠦᠯᠭᠡᠬᠦ ᠡᠭᠦᠷᠭᠡ ᠶᠢ ᠪᠡᠶᠡᠯᠡᠭᠦᠯᠵᠦ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠷᠠᠳ ᠢ ᠨᠡᠭᠦᠯᠭᠡᠬᠦ ᠶᠠᠪᠤᠴᠠ ᠳᠤ ᠦᠴᠦᠸᠠᠨ ᠰᠢᠶᠠᠨ ᠤ 45.9 ᠲᠦᠮᠡᠨ ᠮᠦ᠂ ᠴᠢᠩ ᠱᠦᠢ ᠾᠧ ᠰᠢᠶᠠᠨ ᠤ 8.4 ᠲᠦᠮᠡᠨ ᠮᠦ ᠭᠠᠵᠠᠷ ᠰᠢᠷᠣᠶ ᠶᠢ ᠡᠷᠭᠢᠯᠳᠦᠭᠦᠯᠬᠦ ᠠᠵᠢᠯ ᠢ ᠰᠠᠶᠢᠲᠤᠷ ᠬᠢᠨ᠎ᠡ᠃      ᠬᠥᠲᠥᠯᠥᠭᠴᠢ᠄      ︽ᠬᠥᠮᠦᠨ ᠢ ᠶᠠᠳᠠᠭᠤ ᠠᠴᠠ ᠠᠩᠭᠢᠵᠢᠷᠠᠭᠤᠯᠵᠤ ᠬᠤᠰᠢᠭᠤ ᠰᠢᠶᠠᠨ ᠢ ᠶᠠᠳᠠᠭᠤ ᠨᠡᠷ᠎ᠡ ᠠᠴᠠ ᠰᠠᠯᠭᠠᠬᠤ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠶᠠᠮᠠᠷ ᠶᠠᠮᠠᠷ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠠᠪᠬᠤ ᠭᠡᠵᠦ ᠪᠠᠶᠢᠭ᠎ᠠ ᠪᠤᠢ︖     ᠵᠠᠩ ᠰᠢᠶᠣᠤ ᠮᠢᠩ᠄      ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠦᠷᠭᠦᠯᠵᠢᠯᠡᠨ ︽ᠠᠷᠠᠳ ᠤᠨ ᠠᠮᠢᠳᠤᠷᠠᠯ ᠤᠨ ᠲᠦᠷᠦᠭᠦᠦ ᠢᠨᠵᠧᠨᠧᠷᠢᠩ︾ ᠪᠣᠯᠭᠠᠵᠤ ᠂ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ ᠪᠣᠯᠭᠠᠬᠤ᠂ ᠭᠤᠷᠪᠠ ᠶᠢ ᠪᠠᠲᠤᠯᠠᠬᠤ︾ ᠬᠠᠷᠠᠯᠲᠠ ᠪᠣᠯᠤᠨ ︽ᠵᠢᠷᠭᠤᠭᠠᠨ ᠲᠤᠶᠢᠯ ᠤᠨ ᠣᠨᠣᠪᠴᠢᠲᠠᠢ ᠪᠠᠶᠢᠬᠤ︾᠂ ︽ᠲᠠᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠢᠨ ᠲᠣᠭᠤᠷᠢᠨ ᠳᠤ᠂ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠨ ᠤ ᠬᠤᠳᠠ ᠶᠢᠨ 5 ᠬᠤᠰᠢᠭᠤ ᠰᠢᠶᠠᠨ 4008 ᠡᠷᠦᠬᠡ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ 7994 ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠵᠤ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠢ ᠶᠠᠳᠠᠭᠤ ᠨᠡᠷ᠎ᠡ ᠠᠴᠠ ᠨᠢ ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ ᠨᠢᠭᠡ  ᠎ ᠳᠤ ᠬᠡᠪ ᠠᠴᠠ ᠳᠠᠪᠠᠭᠰᠠᠨ ᠬᠥᠮᠥᠨ ᠤ ᠬᠦᠴᠦᠨ ᠢ ᠪᠠᠲᠤᠯᠠᠨ᠎ᠠ᠂ ᠤᠳᠤᠷᠢᠳᠬᠤ ᠬᠥᠮᠥᠰ ︵ᠰᠢᠶᠠᠨ︶ ᠰᠢᠶᠠᠩ ᠪᠠᠯᠭᠠᠰᠤ ᠶᠢ ᠳᠠᠭᠠᠭᠠᠴᠢᠯᠠᠬᠤ᠂ ᠨᠢᠭᠡᠴᠡ ᠨᠦᠭᠦᠳ ᠲᠣᠰᠬᠤᠨ ᠢ ᠬᠠᠪᠰᠤᠷᠬᠤ᠂ ᠡᠮᠨᠡᠯᠭᠡ ᠶᠢᠨ ᠬᠤᠷᠢᠶ᠎ᠠ ᠰᠤᠷᠭᠠᠭᠤᠯᠢ ︽ᠬᠤᠣᠰᠯᠠᠯ ᠪᠣᠯᠬᠤ︾ ᠶᠠᠳᠠᠭᠤ ᠶᠢ ᠬᠠᠪᠰᠤᠷᠤᠨ ᠲᠡᠳᠬᠦᠬᠦ ᠠᠵᠢᠯ ᠢ ᠥᠷᠭᠦᠯᠵᠢᠯᠡᠨ ᠬᠡᠷᠡᠭᠵᠢᠭᠦᠯᠬᠦ ᠰᠠᠭᠤᠷᠢᠨ ᠳᠡᠭᠡᠷ᠎ᠡ᠂ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠨᠢᠭᠡ ᠳᠤ ᠨᠢᠭᠡ  ᠎ ᠳᠤ ᠳᠠᠭᠠᠭᠠᠴᠢᠯᠠᠭᠤᠯᠬᠤ︾ ᠪᠤᠶᠤ ︽ᠣᠯᠠᠭᠤᠯᠠ ᠳᠤ ᠨᠢᠭᠡ ᠶᠢ ᠳᠠᠭᠠᠭᠠᠴᠢᠯᠠᠭᠤᠯᠬᠤ ︾ ᠠᠷᠭ᠎ᠠ ᠪᠠᠷ ᠶᠠᠳᠠᠭᠤ ᠬᠦᠴᠢᠷᠳᠡᠯᠲᠡᠢ 25362 ᠬᠥᠮᠥᠨ ᠠᠮᠠ ᠶᠢ ᠬᠤᠣᠰᠯᠠᠯ ᠪᠣᠯᠵᠤ ᠳᠠᠭᠠᠭᠠᠴᠢᠯᠠᠨ ᠲᠡᠳᠬᠦᠬᠦ ᠰᠠᠭᠤᠷᠢ ᠳᠡᠭᠡᠷ᠎ᠡ᠂  ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠢᠯᠣᠭᠤᠳᠬᠤ ᠭᠠᠵᠠᠷ ᠪᠠᠶᠢᠭᠤᠯᠤᠨ᠂ ᠬᠤᠰᠢᠭᠤ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠵᠢᠯᠣᠭᠤᠳᠬᠤ ᠳᠤᠭᠤᠶᠢᠯᠠᠩ ᠲᠣᠮᠢᠯᠠᠨ ᠰᠠᠭᠤᠯᠭᠠᠵᠤ ᠬᠤᠰᠢᠭᠤ ᠰᠢᠶᠠᠨ ᠤ ᠶᠠᠳᠠᠭᠤ ᠠᠴᠠ ᠨᠢ ᠠᠩᠭᠢᠵᠢᠷᠠᠭᠤᠯᠬᠤ ᠰᠢᠪᠲᠤᠯᠤᠯᠲᠠ ᠶᠢᠨ ᠪᠦᠬᠦ ᠶᠠᠪᠤᠴᠠ ᠳᠤ ᠰᠢᠮᠳᠠᠭᠤᠯᠤᠨ ᠪᠠᠶᠢᠴᠠᠭᠠᠯᠲᠠ ᠬᠢᠯᠭᠡᠬᠦ ᠪᠠ ᠵᠢᠯᠣᠭᠤᠳᠣᠯᠭ᠎ᠠ ᠬᠢᠯᠭᠡᠵᠦ᠂ ᠶᠠᠳᠠᠭᠤ ᠬᠦᠴᠢᠷᠳᠡᠯᠲᠡᠢ191 ᠲᠣᠰᠬᠤᠨ ᠳᠤ 660 ᠺᠠᠳ᠋ᠷ ᠲᠣᠮᠢᠯᠠᠨ ᠰᠠᠭᠤᠯᠭᠠᠵᠤ᠂ ᠺᠠᠳ᠋ᠷᠴᠤᠳ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠡᠯ᠎ᠡ ᠱᠠᠲᠤᠨ ᠤ ᠶᠠᠳᠠᠭᠤ ᠶᠢ ᠲᠡᠳᠬᠦᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠤᠯᠠᠮ ᠴᠢᠩᠭᠠᠳᠬᠠᠨ᠎ᠠ᠃ ᠬᠤᠶᠠᠷ ᠲᠤ ᠬᠡᠪ ᠠᠴᠠ ᠳᠠᠪᠠᠭᠰᠠᠨ ᠰᠢᠨ᠎ᠡ ᠡᠭᠦᠳᠦᠯᠲᠡ ᠶᠢᠨ ᠠᠷᠭ᠎ᠠ ᠬᠡᠮᠵᠢᠶ᠎ᠡ ᠪᠣᠯᠣᠨ᠎ᠠ᠂  ︽ᠶᠠᠳᠠᠭᠤ ᠶᠢ ᠲᠡᠳᠬᠦᠬᠦ ᠡᠭᠦᠯᠡ︾ ᠲᠠᠪᠴᠠᠩ ᠢ ᠪᠦᠲᠦᠭᠡᠨ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠪᠠᠶᠢᠩᠭᠤᠵᠢᠭᠤᠯᠤᠭᠰᠠᠨ᠂ ᠲᠣᠭᠲᠠᠴᠠᠵᠢᠭᠤᠯᠤᠭᠰᠠᠨ᠂ ᠵᠢᠷᠤᠮᠵᠢᠭᠤᠯᠤᠭᠰᠠᠨ᠂ ᠲᠠᠪᠴᠠᠩ ᠳᠤ ᠬᠠᠨᠳᠤᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ︔ ᠠᠵᠤ  ᠦᠢᠯᠡᠰᠵᠢᠭᠦᠯᠦᠭᠰᠡᠨ ᠪᠡᠯᠡ ᠮᠥᠩᠭᠦᠨ ᠤ ᠳᠡᠮᠵᠢᠬᠦ ᠡᠷᠴᠢᠮ ᠢ ᠴᠢᠩᠭᠠᠷᠠᠭᠤᠯᠤᠨ᠎ᠠ︔ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ  ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠲᠤ ᠬᠦᠷᠲᠡᠯ᠎ᠡ ᠥᠷᠭᠡᠵᠢᠭᠦᠯᠦᠨ᠎ᠡ︔  ᠭᠤᠣᠯᠳᠠᠯᠭ᠎ᠠ ᠲᠠᠢ ᠬᠤᠰᠢᠭᠤ ᠰᠢᠶᠠᠨ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠳᠤᠨᠢ ᠳᠡᠮᠵᠢᠯᠭᠡ ᠦᠵᠡᠭᠦᠯᠦᠨ᠎ᠡ︔ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ ᠰᠠᠭᠤᠷᠢ ᠮᠥᠩᠭᠦ ᠶᠢ ᠪᠠᠶᠢᠭᠤᠯᠬᠤ ᠪᠠ ᠳᠠᠭᠠᠳᠬᠠᠯ ᠢᠶᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠤᠨ᠎ᠠ᠃ ᠭᠤᠷᠪᠠ ᠳᠤ ᠬᠡᠪ ᠠᠴᠠ ᠳᠠᠪᠠᠭᠰᠠᠨ ᠲᠡᠭᠦᠯᠳᠡᠷ ᠲᠣᠭᠲᠠᠴᠠ ᠶᠢ ᠪᠠᠶᠢᠭᠤᠯᠤᠨ᠎ᠠ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠥᠳᠡᠯᠦᠩᠭᠦᠶ ᠪᠦᠷᠢᠳᠬᠡᠵᠦ ᠬᠢᠨᠠᠬᠤ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠠᠩᠰᠠᠯᠠᠵᠤ ᠺᠠᠷᠲᠯᠠᠬᠤ ᠠᠵᠢᠯ ᠢ ᠦᠷᠭᠦᠯᠵᠢᠯᠡᠨ ᠪᠦᠷᠢᠨᠰᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠢᠯᠭᠠᠬᠤ ᠲᠤᠲᠤᠯᠠᠬᠤ ᠪᠠ ᠮᠡᠳᠡᠭᠡ ᠵᠠᠩᠭᠢ ᠶᠢᠨ ᠣᠨᠣᠪᠴᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠨ᠎ᠠ᠃ ᠶᠠᠳᠠᠭᠤ  ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠢ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠤᠨ᠂  ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠴᠢᠩᠭ᠎ᠠ ᠵᠢᠷᠤᠮᠵᠢᠭᠤᠨ ᠪᠥᠭᠡᠳ ᠢᠯᠡ ᠲᠣᠳᠣᠷᠬᠠᠶ ᠪᠠᠷᠢᠮᠵᠢᠶ᠎ᠠ᠂ ᠳᠡᠰ ᠳᠠᠷᠠᠭᠠᠯᠠᠯ᠂ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠨ᠎ᠠ ᠃ ᠶᠠᠳᠠᠭᠤ ᠶᠢ ᠲᠡᠳᠬᠦᠬᠦ ᠠᠵᠢᠯ ᠤᠨ ᠠᠮᠵᠢᠯᠲᠠ ᠪᠦᠲᠦᠮᠵᠢ ᠳᠤ ᠨᠡᠶᠢᠭᠡᠮ ᠠᠴᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠤᠯᠠᠨ ᠲᠦᠮᠡᠨ ᠤ ᠶᠠᠳᠠᠭᠤ ᠶᠢ ᠲᠡᠳᠬᠦᠬᠦ ᠠᠵᠢᠯ ᠳᠠᠬᠢ ᠲᠠᠭᠠᠰᠢᠶᠠᠯ ᠤᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠤᠳᠤᠬᠤ ᠪᠠ ᠶᠠᠳᠠᠭᠤ ᠶᠢ  ᠳᠡᠳᠭᠦᠭᠰᠡᠨ ᠦᠷ᠎ᠡ ᠪᠦᠲᠦᠮᠵᠢ ᠶᠢ ᠭᠤᠷᠪᠠᠳᠤᠭᠠᠷ ᠲᠠᠯ᠎ᠠ ᠠᠴᠠ ᠦᠨᠡᠯᠡᠬᠦ ᠲᠣᠭᠲᠠᠴᠠ ᠶᠢ ᠪᠠᠶᠢᠭᠤᠯᠤᠨ᠎ᠠ᠃      ᠶᠡᠷᠦᠩᠬᠡᠶ ᠱᠦᠵᠢ ᠰᠢ ᠶᠢᠨ ᠫᠢᠩ 2017 ᠣᠨ ᠤ ᠰᠢᠨ᠎ᠡ ᠵᠢᠯ ᠤᠨ ᠪᠠᠶᠠᠷ ᠤᠨ ᠦᠭᠡᠨ ᠳᠡᠭᠡᠨ ︽ᠮᠠᠨ ᠤ 13 ᠳ᠋ᠦᠩᠰᠢᠭᠤᠷ ᠭᠠᠷᠤᠶ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠳᠠᠭ ᠶᠤᠮ ᠪᠣᠯ᠂  ᠮᠠᠨ ᠤ ᠨᠠᠮ ᠬᠡᠵᠢᠶ᠎ᠡ ᠡᠭᠦᠷᠢᠳᠡ ᠠᠷᠠᠳ ᠲᠦᠮᠡᠨ ᠤ ᠲᠠᠯ᠎ᠠ ᠳᠤ ᠵᠣᠭᠰᠣᠭᠠᠳ᠂ ᠤᠯᠠᠨ ᠢᠶᠠᠷ ᠢᠶᠠᠨ ᠬᠠᠨᠴᠤᠢ ᠰᠢᠮᠠᠯᠠᠨ ᠴᠢᠷᠮᠠᠶᠢᠨ ᠠᠵᠢᠯᠯᠠᠳᠠᠭ ᠯᠡ ᠶᠤᠮ ᠪᠣᠯ᠂ ᠮᠠᠨ ᠤ ᠡᠨᠡ ᠨᠢᠭᠡ ᠦᠶ᠎ᠡ ᠶᠢᠨ ᠬᠥᠮᠦᠨ ᠤ ᠠᠶᠠᠨ  ᠤ ᠤᠷᠳᠤ ᠵᠠᠮ ᠢ ᠯᠠᠪᠲᠠᠶᠢᠶ᠎ᠠ ᠰᠠᠶᠢᠨ ᠠᠶᠠᠯᠠᠵᠤ ᠴᠢᠳᠠᠨ᠎ᠠ︾ ᠭᠡᠵᠦ ᠵᠢᠭᠠᠵᠤ ᠭᠠᠷᠭᠠᠪᠠ᠂ ᠡᠶᠢᠮᠦ ᠠᠴᠠ᠂ ᠪᠢᠳᠡ ᠦᠨᠡᠨ ᠰᠡᠳᠬᠢᠯ ᠪᠦᠬᠦ ᠬᠦᠴᠦ ᠪᠠᠷ ᠢᠶᠠᠨ᠂ ᠦᠨᠡᠨ ᠪᠤᠳᠠᠲᠠᠢ ᠰᠠᠶᠢᠨ ᠰᠤᠷᠴᠤ ᠰᠠᠶᠢᠨ ᠠᠳᠬᠤᠵᠤ  ᠴᠢᠷᠮᠠᠶᠢᠨ ᠠᠵᠢᠯᠯᠠᠵᠤ᠂ ᠶᠠᠳᠠᠭᠤ ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠪᠠᠳᠠᠷᠠᠭᠤᠯᠬᠤ ᠶᠢ ᠢᠮᠠᠭᠲᠠ ᠲᠤᠤᠱᠯᠠᠭᠤᠯᠵᠤ᠂ ᠤᠯᠠᠨ ᠲᠦᠮᠡᠨ ᠢ ᠦᠵᠡᠰᠬᠦᠯᠡᠩᠲᠦ ᠰᠠᠶᠢᠬᠠᠨ ᠡᠬᠡ ᠨᠤᠲᠤᠭ ᠢᠶᠠᠨ ᠪᠦᠲᠦᠭᠡᠨ ᠪᠠᠶᠢᠭᠤᠯᠬᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠰᠢ ᠤᠷᠤᠭᠰᠢᠯᠠᠬᠤ ᠭᠤᠣᠯ ᠬᠦᠴᠦᠨ ᠪᠣᠯᠭᠠᠵᠤ᠂ ᠪᠦᠬᠦ ᠬᠤᠲᠠ ᠶᠢᠨ ᠡᠯ᠎ᠡ ᠱᠠᠲᠤᠨ ᠤ ᠺᠠᠳ᠋ᠷ ᠤᠯᠠᠨ ᠲᠦᠮᠡᠨ ᠤ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠵᠦ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠬᠥᠬᠡᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠣᠢ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠭᠲᠤᠨ᠂ ᠥᠪᠡᠷᠲᠡᠭᠡᠨ ᠵᠠᠰᠠᠬᠤ ᠣᠷᠣᠨ ᠤ 70 ᠵᠢᠯ ᠤᠨ ᠤᠢ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠭᠠᠷᠳᠠᠭᠤᠯᠤᠨ᠎ᠠ᠃      ᠬᠥᠲᠥᠯᠥᠭᠴᠢ᠄      ᠵᠠ ᠰᠠᠶᠢᠨ ᠪᠣᠯᠣᠯ᠎ᠠ᠂ ᠵᠠᠩ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠨ᠎ᠠ᠃ ᠪᠢᠲᠡ ᠴᠦ ᠬᠥᠬᠡᠬᠤᠲᠠ ᠶᠢᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠵᠦ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ  ᠵᠠᠩᠭᠢᠯᠠᠭ᠎ᠠ ᠶᠢᠨ ᠢᠯᠠᠯᠲᠠ ᠶᠢ ᠣᠯᠵᠤ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠣᠯᠭᠠᠶ᠎ᠠ︕  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ