ᠬᠥᠬᠡᠬᠤᠲᠠ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ ᠡᠨᠡ ᠵᠢᠯ ᠤᠨ 1 - 5 ᠳ᠋ᠤᠭᠠᠷ ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ 414.9 | ᠳ᠋ᠦᠡᠭᠰᠢᠭᠤᠷ ᠲᠥᠭᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 46.8% ᠨᠡᠮᠡᠭᠳᠡᠪᠡ᠃ ᠡᠬᠦᠨ | ᠳᠤ᠄ ᠭᠠᠳᠠᠭᠠᠳᠤ ᠭᠠᠷᠭᠠᠯᠲᠠ ᠶᠢᠨ ᠬᠢ 146.9 ᠳ᠋ᠦᠡᠭᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 46.1% ᠨᠡᠮᠡᠭᠳᠡᠪᠡ︔ ᠭᠠᠳᠠᠭᠠᠳᠤ ᠤᠷᠤᠭᠤᠯᠤᠯᠲᠠ ᠶᠢᠨ ᠬᠢ 268 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.2% ᠨᠡᠮᠡᠭᠳᠡᠪᠡ᠃ 1 - 5 ᠳ᠋ᠤᠭᠠᠷ | ᠰᠠᠷ᠎ᠠ ᠳᠤ᠂ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠤᠯᠠᠮᠵᠢᠯᠠᠯᠲᠤ | ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠦᠢᠯᠡᠳᠬᠦᠨ ᠢᠶᠠᠷ ᠭᠠᠳᠠᠭᠠᠳᠤ ᠭᠠᠷᠭᠠᠯᠲᠠ ᠶᠢᠨ ᠭᠤᠤᠯ ᠳᠦᠷᠦᠯ ᠵᠦᠢᠯ | ᠪᠤᠯᠭᠠᠵᠤ᠂ ᠭᠤᠷᠪᠠᠨ ᠵᠦᠢᠯ ᠨᠡᠶᠢᠯᠡᠭᠡᠳ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠪᠦᠬᠦ ᠦᠷᠳᠡᠭ ᠤᠨ 48.8% ᠶᠢ ᠡᠵᠡᠯᠡᠪᠡ᠃ ᠭᠠᠳᠠᠭᠠᠳᠤ | ᠤᠷᠤᠭᠤᠯᠤᠯᠲᠠ ᠨᠢ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠣᠯ ᠪᠤᠯᠭᠠᠪᠠ᠂ ᠡᠭᠦᠨ ᠳᠤ᠄ ᠨᠡᠭᠦᠷᠡᠰᠦ᠂ | ᠬᠢᠷᠦᠭᠡᠳᠡᠮᠡᠯ ᠮᠣᠳᠣ᠂ ᠵᠡᠰ ᠬᠦᠳᠡᠷ ᠡᠯᠡᠰᠦ ᠶᠢ ᠭᠠᠳᠠᠭᠠᠳᠤ ᠠᠴᠠ ᠭᠤᠣᠯ ᠤᠷᠤᠭᠤᠯᠵᠤ᠂ ᠭᠤᠷᠪᠠᠨ ᠵᠦᠢᠯ | ᠨᠡᠶᠢᠯᠡᠭᠡᠳ ᠠᠳᠠᠯᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠤᠷᠤᠭᠤᠯᠤᠭᠰᠠᠨ ᠪᠦᠭᠦ ᠦᠷᠳᠡᠭ ᠤᠨ 50.4% ᠶᠢ ᠡᠵᠡᠯᠡᠪᠡ᠃ | ᠤᠶᠢᠯᠠᠭᠠᠭᠰᠠᠨ ᠢᠶᠠᠷ᠂ ᠤᠯᠤᠰ ᠤᠨ ᠳᠣᠲᠣᠭᠠᠳᠤ ᠶᠢᠨ ᠨᠡᠭᠦᠷᠡᠰᠦ᠂ ᠪᠤᠯᠤᠳ ᠲᠡᠮᠦᠷ ᠤᠨ ᠦᠨ᠎ᠡ ᠬᠠᠩᠰᠢ | ᠦᠰᠬᠦ ᠨᠦᠯᠦᠭᠡ ᠪᠠᠷ᠂ ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠵᠡᠷᠭᠡ | ᠭᠠᠳᠠᠭᠠᠳᠤ ᠠᠴᠠ ᠣᠷᠣᠭᠤᠯᠬᠤ ᠭᠤᠣᠯ ᠲᠠᠸᠠᠷ ᠤᠨ ᠬᠡᠮᠵᠢᠶ᠎ᠡ ᠨᠡᠮᠡᠭᠳᠡᠨ ᠦᠨ᠎ᠡ ᠦᠰᠦᠭᠰᠡᠨ ᠢᠶᠠᠷ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠪᠤᠯᠤᠨ ᠭᠠᠷᠭᠠᠯᠲᠠ ᠨᠡᠮᠡᠭᠳᠡᠭᠰᠡᠨ | ᠪᠠᠶᠢᠨ᠎ᠠ᠃ 1 - 5 ᠳ᠋ᠤᠭᠠᠷ ᠰᠠᠷ᠎ᠠ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ | ᠤᠷᠤᠭᠤᠯᠤᠯᠲᠠ ᠪᠠ ᠭᠠᠳᠠᠭᠠᠳᠤ ᠭᠠᠷᠭᠠᠯᠲᠠ ᠨᠢ 315.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠤ 52.2% ᠨᠡᠮᠡᠭᠳᠡᠵᠦ᠂ ᠭᠠᠳᠠᠭᠠᠳᠤ ᠤᠷᠤᠭᠤᠯᠤᠯᠲᠠ ᠪᠠ ᠭᠠᠷᠭᠠᠯᠲᠠ ᠶᠢᠨ ᠭᠤᠣᠯ | ᠬᠦᠴᠦᠨ ᠪᠣᠯᠤᠭᠰᠠᠨ ᠪᠠᠶᠢᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠲᠠ ᠪᠠ | ᠭᠠᠷᠭᠠᠯᠲᠠ ᠨᠢ 68.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.7% | ᠨᠡᠮᠡᠭᠳᠡᠵᠦ᠂ ᠨᠡᠯᠢᠶᠡᠳ ᠶᠡᠭᠡ ᠦᠰᠦᠭᠰᠡᠨ ᠪᠠᠶᠢᠨ᠎ᠠ᠃ ᠮᠣᠩᠭᠤᠯ ᠤᠯᠤᠰ ᠪᠣᠯᠤᠨ ᠣᠷᠣᠰ ᠪᠣᠯ ᠳᠡᠭᠡᠷ᠎ᠡ | ᠳᠤᠷᠠᠳᠤᠭᠰᠠᠨ ᠬᠤᠶᠠᠷ ᠲᠣᠮᠣ ᠠᠷᠠᠯᠵᠢᠶᠠᠨ ᠤ ᠬᠠᠨᠢᠲᠠᠨ ᠮᠥᠨ᠂ ᠮᠣᠩᠭᠤᠯ ᠤᠯᠤᠰ ᠲᠤ ᠤᠷᠤᠭᠤᠯᠤᠭᠰᠠᠨ ᠪᠠ | ᠭᠠᠷᠭᠠᠭᠰᠠᠨ ᠦᠷᠲᠡᠭ 110.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 57.2% ᠨᠡᠮᠡᠭᠳᠡᠪᠡ᠂ ᠣᠷᠣᠰ ᠲᠤ ᠤᠷᠤᠭᠤᠯᠤᠭᠰᠠᠨ ᠪᠠ ᠭᠠᠷᠭᠠᠭᠰᠠᠨ ᠦᠷᠲᠡᠭ 91 ᠳ᠋ᠦᠡᠭᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.1% ᠨᠡᠮᠡᠭᠳᠡᠪᠡ᠃ |