ᠪᠦᠬᠦ ᠤᠷᠤᠨ ᠤ ᠪᠤᠯᠪᠠᠰᠤᠨ ᠵᠢᠭᠤᠯᠴᠢᠯᠠᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ  ᠪᠠᠢ ᠢᠤᠢ ᠭᠠᠩ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2017/6/21
      6 ᠳ᠋ᠤᠭᠠᠷ ᠰᠠᠷ᠎ᠠ ᠶᠢᠨ 20 ᠎ ᠤ ᠡᠳᠦᠷ ᠤᠨ ᠦᠳᠡ ᠶᠢᠨ ᠡᠮᠦᠨ᠎ᠠ᠂ ᠪᠦᠬᠦ ᠤᠷᠤᠨ ᠤ ᠪᠤᠯᠪᠠᠰᠤᠨ ᠵᠢᠭᠤᠯᠴᠢᠯᠠᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠦ᠂ 2017 ᠤᠨ ᠤ ᠪᠦᠬᠦ ᠤᠷᠤᠨ ᠤ ᠪᠤᠯᠪᠠᠰᠤᠨ ᠵᠢᠭᠤᠯᠴᠢᠯᠠᠯ ᠤᠨ ᠠᠵᠢᠯ ᠢ ᠪᠤᠳᠠᠳᠠᠢ ᠪᠠᠷ ᠪᠠᠶᠢᠷᠢᠯᠠᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠡᠷᠬᠢᠯᠡᠵᠡᠢ᠃      ᠪᠠᠢ ᠢᠤᠢ ᠭᠠᠩ᠂ ᠪᠤᠯᠪᠠᠰᠤᠨ ᠵᠢᠭᠤᠯᠴᠢᠯᠠᠯ ᠢ ᠠᠬᠢᠭᠤᠯᠬᠤ ᠶᠠᠪᠤᠳᠠᠯ ᠪᠤᠯ ᠮᠠᠨ ᠤ ᠤᠷᠤᠨ ᠤ ᠰᠠᠶᠢᠨ ᠰᠠᠶᠢᠬᠠᠨ ᠲᠦᠷᠢ ᠲᠦᠷᠬᠦ ᠶᠢ ᠱᠤᠭᠤᠬᠤ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ᠂ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠤᠬᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠵᠢᠴᠢ ᠵᠢᠭᠤᠯᠴᠢᠯᠠᠯ ᠤᠨ ᠠᠵᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠ ᠠᠷᠠᠳ ᠤᠯᠠᠨ ᠳᠤ ᠬᠠᠨᠤᠮᠵᠢᠳᠠᠢ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠪᠦᠲᠦᠬᠡᠨ ᠪᠠᠶᠢᠭᠤᠯᠬᠤ᠂ ᠨᠡᠶᠢᠭᠡᠮ ᠵᠢᠷᠤᠮ ᠤᠨ ᠭᠤᠤᠯᠯᠠᠬᠴᠢ ᠦᠷᠲᠡᠭ ᠤᠨ ᠦᠵᠡᠯᠳᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ᠂ ᠭᠠᠵᠠᠷ ᠤᠷᠤᠨ ᠤ ᠪᠤᠯᠪᠠᠰᠤᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠳᠤ ᠴᠢᠬᠤᠯᠠ ᠶᠡᠭᠡ ᠦᠢᠯᠡᠳᠦᠯ ᠲᠠᠢ ᠬᠡᠵᠦ ᠵᠢᠭᠠᠵᠦ ᠭᠠᠷᠭᠠᠪᠠ᠃      ᠪᠠᠢ ᠢᠤᠢ ᠭᠠᠩ᠂ ᠲᠦᠷᠢ ᠲᠦᠷᠬᠦ ᠶᠢ ᠱᠤᠭᠤᠬᠤ ᠶᠢ ᠠᠳᠬᠤᠨ᠂ ︽ᠰᠦᠷᠯᠢᠭ ᠦᠵᠡᠮᠵᠢᠳᠤ ᠦᠪᠦᠷ ᠮᠤᠩᠭᠤᠯ · ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ︾ ᠲᠦᠷᠦᠯ ᠲᠡᠮᠳᠡᠭ ᠡᠬᠦᠳᠬᠦ ᠶᠢ ᠪᠤᠯᠪᠠᠰᠤᠨ ᠵᠢᠭᠤᠯᠴᠢᠯᠠᠯ ᠢ ᠠᠬᠢᠭᠤᠯᠬᠤ ᠲᠡᠷᠢᠬᠦᠨ ᠴᠢᠬᠤᠯᠠ ᠡᠬᠦᠷᠬᠡ ᠪᠤᠯᠭᠠᠵᠦ᠂ ᠨᠢᠬᠡ ᠲᠠᠯ᠎ᠠ ᠪᠠᠷ ᠵᠢᠭᠤᠯᠴᠢᠯᠠᠯ ᠤᠨ ᠲᠦᠷᠢ ᠲᠦᠷᠬᠦ ᠶᠢ ᠲᠡᠭᠡᠳᠤ ᠲᠡᠰ ᠢᠶᠠᠷ ᠤᠬᠠᠭᠠᠯᠠᠨ ᠲᠦᠯᠦᠪᠯᠡᠬᠦ ᠠᠵᠢᠯ ᠢ ᠰᠠᠶᠢᠲᠤᠷ ᠬᠢᠵᠦ᠂ ᠨᠦᠬᠦᠬᠡ ᠲᠠᠯ᠎ᠠ ᠪᠠᠷ᠂ ᠪᠦᠬᠦ ᠲᠠᠯ᠎ᠠ ᠪᠠᠷ ᠬᠠᠮᠵᠢᠯᠴᠠᠨ ᠬᠦᠴᠦᠯᠡᠵᠦ ᠤᠬᠠᠭᠤᠯᠭ᠎ᠠ ᠶᠢᠨ ᠪᠠᠶᠢᠳᠠᠯ ᠢ ᠪᠦᠷᠢᠯᠳᠦᠬᠦᠯᠬᠦ ᠬᠡᠷᠡᠭᠳᠡᠢ᠃ ᠪᠤᠯᠪᠠᠰᠤᠨ ᠤ ᠪᠠᠶᠢᠭᠤᠯᠤᠯᠲᠠ ᠶᠢ ᠠᠳᠬᠤᠨ᠂ ᠤᠯᠠᠨ ᠲᠦᠮᠡᠨ ᠤ ᠪᠤᠯᠪᠠᠰᠤᠨ ᠤ ᠬᠡᠪ ᠴᠢᠨᠠᠷ ᠢ ᠲᠡᠭᠡᠭᠰᠢᠯᠡᠬᠦᠯᠬᠦ ᠶᠢ ᠪᠤᠯᠪᠠᠰᠤᠨ ᠵᠢᠭᠤᠯᠴᠢᠯᠠᠯ ᠢ ᠠᠬᠢᠭᠤᠯᠬᠤ ᠠᠵᠢᠯ ᠤᠨ ᠴᠢᠬᠤᠯᠠ ᠠᠴᠢᠶᠠᠯᠠᠬᠴᠢ ᠪᠤᠯᠭᠠᠵᠦ᠂ ᠨᠢᠬᠡ ᠲᠠᠯ᠎ᠠ ᠪᠠᠷ᠂ ᠪᠤᠯᠪᠠᠰᠤᠨ ᠬᠤᠳᠠ ᠶᠢ ᠡᠬᠦᠳᠬᠦ ᠪᠠᠷ ᠶᠡᠷᠦᠩᠬᠡᠢ ᠭᠠᠷᠳᠠᠴᠠ ᠪᠤᠯᠭᠠᠨ᠂ ᠪᠤᠯᠪᠠᠰᠤᠨ ᠵᠢᠭᠤᠯᠴᠢᠯᠠᠯ ᠤᠨ ᠨᠡᠶᠢᠭᠡᠮ ᠤᠨ ᠰᠠᠭᠤᠷᠢ ᠶᠢ ᠴᠢᠨᠠᠬᠰᠢᠳᠠ ᠪᠠᠭᠢᠵᠢᠬᠦᠯᠵᠦ᠂ ᠨᠦᠬᠦᠬᠡ ᠲᠠᠯ᠎ᠠ ᠪᠠᠷ᠂ ᠠᠵᠢᠯ ᠲᠦᠷᠦᠯ ᠤᠨ ᠪᠤᠯᠪᠠᠰᠤᠨ ᠤ ᠤᠷᠤᠯᠳᠤᠭᠠᠨ ᠮᠦᠷᠦᠶᠢᠴᠡᠭᠡᠨ ᠢᠶᠠᠷ ᠬᠦᠲᠦᠯᠦᠮᠵᠢ ᠪᠤᠯᠭᠠᠨ᠂ ᠵᠢᠭᠤᠯᠴᠢᠯᠠᠯ ᠤᠨ ᠠᠵᠢᠯ ᠲᠦᠷᠦᠯ ᠤᠨ ᠪᠤᠯᠪᠠᠰᠤᠨ ᠤ ᠪᠠᠶᠢᠭᠤᠯᠤᠯᠲᠠ ᠶᠢ ᠡᠬᠦᠳᠬᠦ ᠲᠦᠪᠰᠢᠨ ᠢ ᠴᠢᠨᠠᠬᠰᠢᠳᠠ ᠡᠬᠦᠳᠬᠦ ᠬᠡᠷᠡᠭᠳᠡᠢ᠃ ᠪᠤᠯᠪᠠᠰᠤᠨ ᠤ ᠠᠭᠤᠯᠬᠤᠨ ᠢ ᠪᠤᠶᠢᠵᠢᠭᠤᠯᠬᠤ ᠶᠢ ᠠᠳᠬᠤᠨ᠂ ᠲᠤᠮᠳᠠᠳᠤ ᠶᠢᠨ ᠰᠢᠯᠢᠳᠡᠭ ᠰᠤᠶᠤᠯ ᠢ ᠪᠠᠳᠠᠷᠠᠭᠠᠨ ᠬᠦᠭᠵᠢᠬᠦᠯᠬᠦ ᠶᠢ ᠪᠤᠯᠪᠠᠰᠤᠨ ᠵᠢᠭᠤᠯᠴᠢᠯᠠᠯ ᠤᠨ ᠬᠦᠨ ᠲᠠᠪᠬᠤᠷᠭ᠎ᠠ ᠶᠢᠨ ᠲᠤᠳᠤᠭᠠᠳᠤ ᠴᠦᠮ᠎ᠠ ᠪᠤᠯᠭᠠᠵᠦ᠂ ᠦᠨᠳᠦᠰᠦᠳᠡᠨ ᠤ ᠰᠤᠶᠤᠯ ᠤᠨ ᠡᠬᠢ ᠪᠠᠶᠠᠯᠢᠬ ᠬᠢᠬᠡᠳ ᠵᠢᠭᠤᠯᠴᠢᠯᠠᠯ ᠢ ᠵᠤᠯᠭᠠᠯᠴᠠᠭᠤᠯᠤᠨ ᠠᠭᠤᠰᠤᠯᠴᠠᠭᠤᠯᠬᠤ᠂ ᠰᠤᠶᠤᠯ ᠤᠨ ᠴᠢᠬᠤᠯᠠ ᠶᠡᠭᠡ ᠲᠦᠷᠦᠯ ᠵᠦᠢᠯ ᠬᠢᠬᠡᠳ ᠵᠢᠭᠤᠯᠴᠢᠯᠠᠯ ᠢ ᠵᠤᠯᠭᠠᠯᠴᠠᠭᠤᠯᠤᠨ ᠠᠭᠤᠰᠤᠯᠴᠠᠭᠤᠯᠬᠤ᠂ ᠴᠢᠬᠤᠯᠠ ᠶᠡᠭᠡ ᠰᠤᠶᠤᠯ ᠨᠠᠶᠢᠷ ᠤᠨ ᠪᠡᠯᠭᠡᠯᠡᠬᠦ ᠠᠵᠢᠯᠯᠠᠭ᠎ᠠ ᠬᠢᠬᠡᠳ ᠵᠢᠭᠤᠯᠴᠢᠯᠠᠯ ᠢ ᠵᠤᠯᠭᠠᠯᠴᠠᠭᠤᠯᠤᠨ ᠠᠭᠤᠰᠤᠯᠴᠠᠭᠤᠯᠬᠤ ᠶᠢ ᠰᠠᠶᠢᠲᠤᠷ ᠠᠳᠬᠤᠬᠤ ᠬᠡᠷᠡᠭᠳᠡᠢ᠃ ᠦᠢᠯᠡᠴᠢᠯᠡᠭᠡ ᠬᠠᠩᠭᠠᠬᠤ ᠶᠢ ᠠᠳᠬᠤᠨ᠂ ᠰᠢᠨᠵᠢᠯᠡᠬᠦ ᠤᠬᠠᠭᠠᠨᠴᠢ ᠪᠦᠷᠢᠨ ᠲᠦᠬᠦᠷ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠬᠤ ᠶᠢ ᠪᠤᠯᠪᠠᠰᠤᠨ ᠵᠢᠭᠤᠯᠴᠢᠯᠠᠯ ᠢ ᠠᠬᠢᠭᠤᠯᠬᠤ ᠦᠨᠳᠦᠰᠦᠨ ᠠᠭᠤᠯᠭ᠎ᠠ ᠪᠤᠯᠭᠠᠵᠦ᠂ ᠰᠠᠯᠠᠭ᠎ᠠ ᠮᠦᠴᠢᠷ ᠤᠨ ᠲᠡᠰ ᠲᠠᠪᠬᠤᠷᠭ᠎ᠠ ᠠᠴᠠ᠂ ᠦᠢᠯᠡᠴᠢᠯᠡᠬᠡᠨ ᠤ ᠲᠦᠬᠦᠬᠡᠷᠦᠮᠵᠢ ᠶᠢ ᠪᠦᠷᠢᠨᠰᠢᠬᠦᠯᠬᠦ ᠪᠠᠷ ᠲᠠᠮᠵᠢᠵᠦ ᠪᠤᠯᠪᠠᠰᠤᠨ ᠤᠷᠴᠢᠨ ᠬᠠᠩᠭᠠᠬᠤ ᠬᠡᠷᠡᠭᠳᠡᠢ︔ ᠠᠵᠦ ᠠᠬᠤᠶᠢᠯᠠᠯ ᠤᠨ ᠲᠡᠰ ᠲᠠᠪᠬᠤᠷᠭ᠎ᠠ ᠠᠴᠠ᠂ ᠪᠤᠯᠪᠠᠰᠤᠨ ᠤ ᠦᠢᠯᠡᠴᠢᠯᠡᠭᠡ ᠶᠢᠨ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ︔ ᠨᠡᠶᠢᠭᠡᠮ ᠤᠨ ᠲᠡᠰ ᠲᠠᠪᠬᠤᠷᠭ᠎ᠠ ᠠᠴᠠ᠂ ᠰᠠᠶᠢᠨ ᠲᠤᠷ᠎ᠠ ᠶᠢᠨ ᠦᠢᠯᠡᠴᠢᠯᠡᠭᠡ ᠪᠠᠷ ᠲᠠᠮᠵᠢᠵᠦ ᠵᠢᠭᠤᠯᠴᠢᠯᠠᠯ ᠢ ᠨᠡᠩ ᠪᠤᠯᠪᠠᠰᠤᠨ ᠨᠡᠩ ᠰᠠᠶᠢᠨ ᠪᠤᠯᠭᠠᠬᠤ ᠬᠡᠷᠡᠭᠳᠡᠢ᠃ ᠲᠦᠷᠢᠮᠵᠢᠬᠦᠯᠦᠯᠳᠡ ᠬᠠᠮᠢᠶᠠᠷᠤᠯᠳᠠ ᠶᠢ ᠠᠳᠬᠤᠨ᠂ ᠬᠠᠤᠯᠢ ᠪᠠᠷ ᠵᠢᠭᠤᠯᠴᠢᠯᠠᠯ ᠢ ᠵᠠᠰᠠᠬᠤ ᠶᠢ ᠪᠤᠯᠪᠠᠰᠤᠨ ᠵᠢᠭᠤᠯᠴᠢᠯᠠᠯ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠴᠢᠬᠤᠯᠠ ᠪᠠᠳᠤᠯᠠᠭ᠎ᠠ ᠪᠤᠯᠭᠠᠬᠤ ᠬᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号