ᠥᠨᠥᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ︽ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠰᠠᠬᠢᠯᠭ᠎ᠠ | ᠪᠠᠲᠤ ᠬᠡᠷᠡᠭᠵᠢᠭᠦᠯᠤᠯᠲᠠ ᠳᠤ ᠬᠢᠨᠠᠯᠲᠠ ᠲᠠᠯᠪᠢᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶﹀ ᠢ | ᠲᠤᠤᠱᠯᠠᠭᠤᠯᠤᠨ ᠬᠡᠷᠡᠭᠵᠢᠭᠦᠯᠬᠦ ᠠᠷᠭ᠎ᠠ︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ | ᠳᠠᠷᠤᠮᠠᠯᠯᠠᠨ ᠲᠠᠷᠬᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠪᠠᠶᠢᠴᠠᠭᠠᠬᠤ | ᠪᠠᠶᠢᠭᠤᠯᠭ᠎ᠠ ᠰᠠᠬᠢᠯᠭ᠎ᠠ ᠪᠠᠲᠤ ᠬᠡᠷᠡᠭᠵᠢᠭᠦᠯᠤᠯᠲᠠ ᠳᠤ ᠬᠢᠨᠠᠯᠲᠠ ᠲᠠᠯᠪᠢᠬᠤ ᠠᠵᠢᠯ ᠤᠨ ᠲᠦᠷᠢᠮ ︵ᠲᠤᠷᠰᠢᠨ | ᠬᠡᠷᠡᠭᠵᠢᠭᠦᠯᠬᠦ︶︾ ᠤᠨ ᠳᠠᠪᠢᠨ ᠳᠣᠯᠣᠳᠤᠭᠠᠷ ᠵᠦᠢᠯ ᠤᠨ ᠪᠣᠳᠠᠲᠠᠶ ᠵᠦᠢᠯ ᠢ ᠨᠠᠶᠠᠨ ᠳᠣᠯᠣᠳᠤᠭᠠᠷ ᠵᠤᠷᠪᠤᠰ | ᠪᠣᠯᠭᠠᠨ ᠨᠠᠷᠢᠯᠢᠭᠵᠢᠭᠤᠯᠵᠤ᠂ ᠪᠥᠬᠦ ᠣᠷᠣᠨ ᠤ ᠡᠯ᠎ᠡ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠰᠠᠬᠢᠯᠭ᠎ᠠ ᠪᠠᠲᠤ ᠬᠡᠷᠡᠭᠵᠢᠭᠦᠯᠤᠯᠲᠠ ᠳᠤ ᠬᠢᠨᠠᠯᠲᠠ ᠲᠠᠯᠪᠢᠬᠤ ᠠᠵᠢᠯᠯᠠᠭ᠎ᠠ ᠶᠢ ᠤᠯᠠᠮ ᠨᠢᠭᠡ ᠠᠯᠬᠤᠮ | ᠲᠣᠳᠣᠷᠬᠠᠶ ᠵᠢᠷᠤᠮᠵᠢᠭᠤᠯᠵᠠᠶ᠃ | ︽ᠬᠡᠷᠡᠭᠵᠢᠭᠦᠯᠬᠦ ᠠᠷᠭ᠎ᠠ︾ ᠨᠢ ᠵᠢᠷᠤᠮᠯᠠᠬᠤ ᠶᠡᠷᠦᠩᠬᠡᠶ ᠲᠦᠷᠢᠮ᠂ ᠤᠳᠤᠷᠢᠳᠬᠤ ᠪᠠᠶᠢᠭᠤᠯᠤᠯ ᠢ | ᠪᠦᠷᠢᠨᠰᠢᠭᠦᠯᠬᠦ᠂ ᠰᠦᠪᠡᠭᠴᠢ ᠰᠢᠶᠳᠪᠦᠷᠢᠯᠡᠬᠦ ᠶᠢ ᠰᠢᠯᠢᠳᠡᠭᠵᠢᠭᠦᠯᠬᠦ᠂ ᠨᠢᠭᠤᠷᠳᠠᠨ ᠶᠠᠷᠢᠯᠴᠠᠬᠤ ᠵᠠᠬᠢᠳᠠᠯ ᠢᠶᠠᠷ | ᠠᠰᠠᠭᠤᠬᠤ ᠶᠢ ᠵᠢᠷᠤᠮᠵᠢᠭᠤᠯᠬᠤ᠂ ᠠᠩᠬ᠎ᠠ ᠠᠯᠬᠤᠮ ᠤᠨ ᠬᠢᠨᠠᠨ ᠬᠠᠷᠭᠤᠭᠤᠯᠤᠯᠲᠠ ᠶᠢ ᠨᠠᠷᠢᠯᠢᠭᠵᠢᠭᠤᠯᠬᠤ᠂ ᠴᠢᠩᠭ᠎ᠠ | ᠬᠢᠨᠠᠮᠠᠭᠠᠢ ᠪᠠᠷ ᠬᠡᠷᠡᠭ ᠪᠣᠯᠭᠠᠨ ᠳᠡᠩᠰᠡᠯᠡᠵᠦ ᠬᠢᠨᠠᠨ ᠪᠠᠶᠢᠴᠠᠭᠠᠬᠤ᠂ ᠰᠠᠬᠢᠯᠭ᠎ᠠ ᠪᠠᠲᠤ ᠲᠦᠷᠢᠮ ᠲᠣᠭᠲᠠᠭᠠᠯ ᠢᠶᠠᠷ | ᠰᠢᠭᠦᠨ ᠰᠢᠶᠳᠪᠦᠷᠢᠯᠡᠬᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠳᠠᠭᠠᠯᠲᠠ ᠳᠦᠷᠢᠮ ᠢ ᠬᠡᠷᠡᠭᠵᠢᠭᠦᠯᠬᠦ | ᠵᠡᠷᠭᠡ 9 ᠬᠡᠰᠡᠭ ᠢᠶᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ ᠵᠢᠴᠢ ᠠᠵᠤ | ᠠᠬᠤᠶᠢᠯᠠᠯ᠂ ᠠᠯᠪᠠᠨ ᠪᠠᠶᠢᠭᠤᠯᠭ᠎ᠠ᠂ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠤᠰᠤᠳ ᠦᠨᠳᠦᠰᠦᠨ | ᠱᠠᠲᠤᠨ ᠤ ᠨᠢᠭᠡᠴᠡ ᠨᠦᠭᠦᠳ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠦᠯᠢᠶᠡᠨ ᠠᠪᠴᠤ ᠰᠢᠶᠳᠪᠦᠷᠢᠯᠡᠬᠦ | ᠪᠠ ᠬᠢᠨᠠᠨ ᠪᠠᠶᠢᠴᠠᠭᠠᠬᠤ ᠬᠡᠪᠴᠢᠶ᠎ᠡ ᠳᠤ ᠲᠣᠰ ᠲᠤᠰ ᠲᠣᠭᠲᠠᠭᠠᠯ ᠭᠠᠷᠭᠠᠵᠠᠢ᠃ ︽ᠬᠡᠷᠡᠭᠵᠢᠭᠦᠯᠬᠦ ᠠᠷᠭ᠎ᠠ︾ ᠳᠤ | ᠨᠢᠭᠤᠷᠳᠠᠨ ᠶᠠᠷᠢᠯᠴᠠᠬᠤ ᠵᠠᠬᠢᠳᠠᠯ ᠢᠶᠠᠷ ᠠᠰᠠᠭᠤᠬᠤ ᠪᠠᠶᠢᠳᠠᠯ᠂ ᠶᠠᠷᠢᠯᠴᠠᠯᠭ᠎ᠠ ᠶᠢᠨ ᠦᠭᠡ ᠨᠠᠶᠢᠷᠠᠯᠭ᠎ᠠ ᠪᠠ ᠪᠢᠴᠢᠭ | ᠬᠠᠷ᠎ᠠ ᠶᠢᠨ ᠬᠡᠯᠪᠡᠷᠢ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠨᠠᠷᠢᠯᠢᠭᠵᠢᠭᠤᠯᠵᠠᠶ︔ ᠠᠩᠬ᠎ᠠ ᠠᠯᠬᠤᠮ ᠬᠢᠨᠠᠨ | ᠬᠠᠷᠭᠤᠭᠤᠯᠬᠤ ᠪᠠᠶᠢᠳᠠᠯ᠂ ᠬᠡᠷᠡᠴᠢ ᠪᠠᠷᠢᠮᠲᠠ ᠴᠤᠭᠯᠠᠭᠤᠯᠬᠤ ᠠᠷᠭ᠎ᠠ ᠶᠢ ᠵᠢᠷᠤᠮᠵᠢᠭᠤᠯᠵᠠᠶ︔ ᠬᠢᠨᠠᠨ ᠪᠠᠶᠢᠴᠠᠭᠠᠬᠤ᠂ | ᠶᠠᠷᠢᠯᠴᠠᠬᠤ᠂ ᠭᠠᠳᠠᠨ᠎ᠠ ᠪᠠᠶᠢᠴᠠᠭᠠᠬᠤ ᠭᠤᠷᠪᠠᠨ ᠲᠥᠰᠦᠯ ᠤᠨ ᠠᠭᠤᠯᠭ᠎ᠠ ᠶᠢ ᠨᠠᠷᠢᠯᠢᠭᠵᠢᠭᠤᠯᠤᠨ ᠵᠢᠷᠤᠮᠵᠢᠭᠤᠯᠵᠦ᠂ | ᠬᠢᠨᠠᠨ ᠪᠠᠶᠢᠴᠠᠭᠠᠬᠤ ᠳᠤᠭᠤᠶᠢᠯᠠᠩ ᠤᠨ ᠭᠡᠷᠡᠴᠢ ᠪᠠᠷᠢᠮᠲᠠ ᠴᠤᠭᠯᠠᠭᠤᠯᠬᠤ ᠪᠣᠳᠠᠲᠠᠶ ᠠᠷᠭ᠎ᠠ ᠶᠢ ᠲᠣᠭᠲᠠᠭᠠᠵᠠᠶ᠃ | ᠤᠤᠯ ᠳᠦᠷᠢᠮ ᠤᠨ ᠵᠦᠢᠯ ᠵᠤᠷᠪᠤᠰ ᠤᠨ ᠰᠠᠭᠤᠷᠢᠨ ᠳᠡᠭᠡᠷ᠎ᠡ᠂ ᠳᠤᠰ ︽ᠬᠡᠷᠡᠭᠵᠢᠭᠦᠯᠬᠦ ᠠᠷᠭ᠎ᠠ︾ ᠨᠢ ᠪᠠᠰᠠ | ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠳᠡᠭᠡᠳᠦ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ | ᠰᠠᠯᠠᠭ᠎ᠠ ᠮᠥᠴᠢᠷ ᠠᠴᠠ ᠲᠤᠰᠢᠶᠠᠨ ᠰᠢᠶᠳᠪᠦᠷᠢᠯᠡᠭᠦᠯᠬᠦ᠂ ᠰᠢᠯᠵᠢᠭᠦᠯᠦᠨ ᠰᠢᠶᠳᠪᠦᠷᠢᠯᠡᠭᠦᠯᠬᠦ ᠠᠰᠠᠭᠤᠳᠠᠯ ᠤᠨ | ᠰᠦᠪᠡᠭᠴᠢ ᠶᠢ ᠬᠦᠯᠢᠶᠡᠨ ᠠᠪᠴᠤ ᠭᠦᠢᠴᠡᠳᠬᠡᠬᠦ ᠳᠡᠰ ᠳᠠᠷᠠᠭᠠᠯᠠᠯ ᠢ ᠨᠡᠮᠡᠵᠡᠢ︔ ᠬᠡᠷᠡᠭ ᠢ ᠰᠢᠭᠦᠨ ᠰᠢᠶᠳᠪᠦᠷᠢᠯᠡᠬᠦ | ᠬᠡᠯᠪᠡᠷᠢ ᠮᠠᠶ᠋ᠢᠭ ᠂ ᠮᠠᠲ᠋ᠧᠷᠢᠶᠠᠯ ᠤᠨ ᠠᠭᠤᠯᠭ᠎ᠠ ᠂ ᠰᠢᠭᠦᠨ ᠰᠢᠶᠳᠪᠦᠷᠢᠯᠡᠬᠦ ᠡᠭᠦᠷᠭᠡ ᠳᠤ ᠤᠷᠢᠳᠴᠢᠯᠠᠨ ᠣᠷᠣᠯᠴᠠᠬᠤ | ᠵᠢᠴᠢ ᠰᠠᠬᠢᠯᠭ᠎ᠠ ᠪᠠᠲᠤ ᠶᠢ ᠵᠥᠷᠢᠴᠡᠭᠰᠡᠨ ᠪᠣᠳᠠᠲᠤ ᠬᠡᠷᠡᠭ᠂ ᠭᠡᠷᠡᠴᠢ ᠪᠠᠷᠢᠮᠲᠠ᠂ ᠰᠠᠬᠢᠯᠭ᠎ᠠ ᠪᠠᠲᠤ ᠶᠢ ᠵᠥᠷᠢᠴᠡᠭᠰᠡᠨ | ᠰᠢᠨᠵᠢ ᠴᠢᠨᠠᠷ᠂ ᠰᠢᠶᠳᠪᠦᠷᠢᠯᠡᠬᠦ ᠰᠠᠨᠠᠯ᠂ ᠳᠡᠰ ᠳᠠᠷᠠᠭᠠᠯᠠᠯ ᠤᠨ ᠭᠠᠷ ᠭᠦᠢᠴᠡᠳᠬᠡᠯ ᠬᠢᠬᠦ᠂ ᠬᠡᠷᠡᠭ ᠲᠤ | ᠬᠤᠯᠪᠣᠭᠳᠠᠭᠰᠠᠨ ᠡᠳ᠋ ᠮᠥᠩᠭᠦ᠂ ᠬᠡᠷᠡᠭ ᠲᠤ ᠬᠤᠯᠪᠣᠭᠳᠠᠭᠰᠠᠨ ᠬᠥᠮᠦᠨ ᠤ ᠰᠠᠬᠢᠯᠭ᠎ᠠ ᠪᠠᠲᠤ ᠶᠢ ᠵᠥᠷᠢᠴᠡᠵᠦ | ᠬᠠᠤᠯᠢ ᠶᠢ ᠵᠥᠷᠢᠴᠡᠭᠰᠡᠨ ᠬᠡᠷᠡᠭ ᠤᠨ ᠰᠦᠪᠡᠭᠴᠢ ᠶᠢ ᠰᠢᠶᠳᠪᠦᠷᠢᠯᠡᠭᠰᠡᠨ ᠪᠠᠶᠢᠳᠠᠯ ᠢ ᠬᠢᠨᠠᠨ ᠬᠠᠷᠭᠤᠭᠤᠯᠬᠤ ᠵᠡᠷᠭᠡ | ᠴᠢᠬᠤᠯᠠ ᠭᠤᠭᠴᠤᠭ᠎ᠠ ᠶᠢ ᠨᠡᠮᠡᠵᠡᠢ︔ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠨᠢ ᠵᠣᠬᠢᠶᠠᠨ ᠪᠠᠶᠢᠭᠤᠯᠬᠤ | ᠰᠠᠯᠠᠭ᠎ᠠ ᠮᠥᠴᠢᠷ ᠢᠶᠠᠷ ᠲᠦᠷᠦᠭᠦᠯᠡᠭᠰᠡᠨ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ | ᠴᠢᠳᠠᠪᠤᠷᠢᠲᠠᠨ ᠤ ᠬᠥᠮᠥᠷᠭᠡ ᠶᠢ ᠪᠠᠶᠢᠭᠤᠯᠬᠤ ᠪᠠ ᠴᠢᠳᠠᠪᠤᠷᠢᠲᠠᠨ ᠤ ᠬᠥᠮᠥᠷᠭᠡ ᠳᠠᠬᠢ ᠴᠢᠳᠠᠪᠤᠷᠢᠲᠠᠨ ᠢ ᠬᠡᠷᠡᠭᠯᠡᠬᠦ | ᠬᠠᠮᠢᠶᠠᠷᠬᠤ ᠠᠷᠭ᠎ᠠ ᠶᠢ ᠲᠣᠭᠲᠠᠭᠠᠵᠤ᠂ ᠴᠢᠳᠠᠪᠤᠷᠢᠲᠠᠨ ᠢ ᠵᠣᠬᠢᠰᠲᠠᠶ ᠬᠡᠷᠡᠭᠯᠡᠬᠦ ᠶᠢ ᠪᠠᠲᠤᠯᠠᠬᠤ ᠠᠭᠤᠯᠭ᠎ᠠ ᠶᠢ ᠨᠡᠮᠡᠵᠡᠢ᠃ | ︽ᠬᠡᠷᠡᠭᠵᠢᠭᠦᠯᠬᠦ ᠠᠷᠭ᠎ᠠ︾ ᠨᠢ ᠶᠡᠷᠦᠩᠬᠡᠶ ᠵᠠᠬᠢᠷᠬᠤ ᠳᠦᠷᠢᠮ ᠪᠣᠯᠣᠭᠰᠠᠨ ᠤ ᠬᠤᠪᠢ ᠳᠤ ᠰᠠᠬᠢᠯᠭ᠎ᠠ ᠪᠠᠲᠤ | ᠬᠡᠷᠡᠭᠵᠢᠭᠦᠯᠤᠯᠲᠠ ᠳᠤ ᠬᠢᠨᠠᠯᠲᠠ ᠲᠠᠯᠪᠢᠬᠤ ᠠᠵᠢᠯ ᠢ ᠬᠠᠮᠢᠶᠠᠷᠬᠤ ᠵᠠᠷᠴᠢᠮ ᠤᠨ ᠴᠢᠨᠠᠷᠲᠠᠶ ᠲᠣᠭᠲᠠᠭᠠᠯ ᠭᠠᠷᠭᠠᠭᠰᠠᠨ | ᠪᠦᠭᠡᠳ ᠠᠵᠢᠯ ᠤᠨ ᠬᠡᠷᠡᠭᠴᠡᠭᠡ ᠪᠠ ᠪᠣᠳᠠᠲᠠᠶ ᠶᠢ ᠦᠨᠳᠦᠰᠦᠯᠡᠨ᠂ ︽1+N︾ ᠢᠵᠢ ᠪᠦᠷᠢᠳᠦᠭᠦᠯᠦᠭᠰᠡᠨ | ᠲᠦᠷᠢᠮ ᠢ ᠠᠯᠬᠤᠮ ᠠᠯᠬᠤᠮ ᠢᠶᠠᠷ ᠲᠣᠭᠲᠠᠭᠠᠬᠤ ᠪᠣᠯᠣᠨ᠎ᠠ᠃ |