| ᠰᠤᠷᠪᠤᠯᠵᠢᠯᠠᠭᠰᠠᠨ ᠴᠠᠭ᠄ | 2017 ᠤᠨ ᠤ 6 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨᠠᠬᠢ 3 ᠴᠠᠭ | ᠰᠤᠷᠪᠤᠯᠵᠢᠯᠠᠭᠰᠠᠨ ᠵᠣᠴᠢᠨ᠄ | ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠺᠣᠮᠢᠰ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠵᠠᠩ ᠰᠢᠶᠣᠤ ᠮᠢᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠡᠨᠡ ᠵᠢᠯ ᠤᠨ ᠲᠥᠪ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠪᠤᠯᠤᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ︽ | 13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ ᠤ | ᠠᠵᠢᠯ ᠤᠨ ᠴᠢᠬᠤᠯᠠ ᠠᠭᠤᠯᠭ᠎ᠠ ᠪᠤᠯᠭᠠᠵᠤ᠂ ᠲᠡᠮᠡᠴᠡᠬᠦ ᠬᠠᠷᠠᠯᠲᠠ᠂ ᠭᠤᠣᠯ ᠠᠷᠭ᠎ᠠ ᠵᠠᠮ ᠪᠤᠯᠤᠨ ᠴᠢᠬᠤᠯᠠ ᠶᠡᠭᠡ | ᠠᠷᠭ᠎ᠠ ᠬᠡᠮᠵᠢᠶ᠎ᠡ ᠶᠢ ᠲᠤᠲᠤᠷᠬᠠᠶᠢᠯᠠᠭᠰᠠᠨ ᠪᠠᠶᠢᠨ᠎ᠠ᠃ ᠦᠢᠷ᠎ᠠ ᠳᠤ᠂ ᠪᠢᠳᠡ ᠬᠥᠬᠡᠬᠤᠲᠠ ᠶᠢᠨ ᠬᠥᠳᠡᠭᠡ ᠲᠣᠰᠬᠤᠨ ᠤ | ᠠᠵᠢᠯ ᠤᠨ ᠺᠣᠮᠢᠰ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠶᠣᠤ ᠮᠢᠩ ᠢ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ ᠬᠥᠬᠡᠬᠤᠲᠠ ᠶᠢᠨ ᠲᠤᠶᠢᠯ ᠤᠨ | ᠤᠨᠤᠪᠴᠢᠲᠠᠢ ᠪᠠᠷ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ | ᠪᠦᠳᠦᠭᠡᠨ ᠪᠠᠶᠢᠭᠤᠯᠬᠤ ᠠᠵᠢᠯ ᠤᠨ ᠲᠠᠯ᠎ᠠ ᠪᠠᠷ ᠲᠠ ᠪᠦᠬᠦᠨ ᠲᠠᠢ ᠰᠦᠯᠵᠢᠶᠡᠨ ᠳᠡᠭᠡᠷ᠎ᠡ ᠰᠤᠯᠢᠯᠴᠠᠭᠤᠯᠬᠤ ᠪᠠᠷ | ᠪᠤᠯᠪᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | ᠬᠥᠲᠥᠯᠥᠭᠴᠢ᠄ | ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠲᠣᠰ ᠬᠤᠭᠤᠴᠠᠭᠠᠨ ᠤ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠬᠥᠬᠡᠬᠤᠲᠠ ᠶᠢᠨ ᠬᠥᠳᠡᠭᠡ ᠲᠣᠰᠬᠤᠨ ᠤ | ᠠᠵᠢᠯ ᠤᠨ ᠺᠣᠮᠢᠰ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠢᠶᠣᠤ ᠮᠢᠩ ᠢ | ᠤᠷᠢᠵᠤ᠂ 2016 ᠣᠨ ᠳᠤ ᠬᠥᠬᠡᠬᠤᠲᠠ ᠶᠢᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠨ | ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯ ᠢ | ᠪᠡᠶᠡᠯᠡᠭᠦᠯᠦᠭᠰᠡᠨ ᠪᠠᠶᠢᠳᠠᠯ ᠵᠢᠴᠢ 2017 ᠣᠨ ᠤ ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠥᠷᠭᠡᠨ ᠣᠯᠠᠨ | ᠰᠦᠯᠵᠢᠶᠡᠨ ᠠᠨᠳᠠ ᠨᠠᠷ ᠲᠠᠢ ᠰᠠᠨᠠᠯ ᠢᠶᠠᠨ ᠰᠤᠯᠢᠯᠴᠠᠭᠤᠯᠬᠤ ᠪᠠᠷ ᠪᠤᠯᠪᠠ᠃ ᠵᠠᠩ ᠡᠷᠬᠢᠯᠡᠭᠴᠢ ᠡ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠵᠠᠩ ᠰᠢᠶᠣᠤ ᠮᠢᠩ᠄ | ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠲᠠᠪᠴᠠᠩ ᠢᠶᠠᠷ ᠳᠠᠮᠵᠢᠭᠤᠯᠤᠨ ᠲᠠ ᠨᠠᠷ ᠲᠠᠢ | ᠰᠦᠯᠵᠢᠶᠡᠨ ᠳᠡᠭᠡᠷ᠎ᠡ ᠰᠣᠯᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃ ᠥᠷᠭᠡᠨ ᠣᠯᠠᠨ | ᠰᠦᠯᠵᠢᠶᠡᠨ ᠠᠨᠳᠠ ᠨᠠᠷ ᠤᠨ ᠬᠥᠬᠡᠬᠤᠲᠠ ᠶᠢᠨ ᠬᠥᠳᠡᠭᠡ ᠲᠣᠰᠬᠤᠨ ᠤ ᠠᠵᠢᠯ ᠤᠨ ᠺᠣᠮᠢᠰ ᠤᠨ ᠡᠯ᠎ᠡ ᠵᠦᠢᠯ ᠤᠨ | ᠠᠵᠢᠯ ᠳᠤ ᠰᠡᠳᠬᠢᠯ ᠲᠠᠯᠪᠢᠵᠤ ᠳᠡᠮᠵᠢᠯᠭᠡ ᠦᠵᠡᠭᠦᠯᠦᠭᠰᠡᠨ ᠳᠤ ᠪᠠᠶᠠᠷᠯᠠᠵᠤ ᠪᠠᠶᠢᠨ᠎ᠠ︕ | ᠬᠥᠲᠥᠯᠥᠭᠴᠢ᠄ | ᠣᠯᠠᠨ ᠤ ᠮᠡᠳᠡᠭᠡᠵᠢ ᠪᠠᠷ᠂ ︽ᠴᠢᠨᠡᠭᠡᠯᠢᠭᠵᠢᠭᠰᠡᠨ ᠡᠰᠡᠬᠦ ᠶᠢᠨ ᠵᠠᠩᠭᠢᠯᠠᠭ᠎ᠠ ᠨᠢ ᠠᠷᠠᠳ ᠤᠨ ᠠᠮᠢᠳᠤᠷᠠᠯ ᠳᠤ | ᠪᠤᠢ︾᠃ ︽13·5︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠤᠯ ᠮᠠᠨ ᠤ ᠤᠯᠤᠰ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠲᠦᠢᠯ ᠤᠨ ᠴᠢᠬᠤᠯᠠ ᠴᠠᠭ ᠬᠤᠭᠤᠴᠠᠭ᠎ᠠ ᠪᠣᠯᠤᠨ᠎ᠠ᠂ ᠪᠠᠰᠠ ᠴᠤ ᠶᠠᠳᠠᠭᠤ ᠶᠢ | ᠲᠡᠳᠬᠦᠬᠦ ᠰᠢᠪᠲᠤᠯᠤᠯᠲᠠ ᠶᠢᠨ ᠰᠢᠶᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠤᠯᠤᠨ᠎ᠠ᠃ | ᠲᠠ ᠶᠠᠭᠤᠨ ᠤ ᠡᠮᠦᠨ᠎ᠡ ᠮᠠᠨ ᠤ ᠰᠦᠯᠵᠢᠶᠡᠨ ᠠᠨᠳᠠ ᠨᠠᠷ ᠲᠤ 2016 ᠣᠨ ᠳᠤ ᠬᠥᠬᠡᠬᠤᠲᠠ ᠶᠢᠨ ᠲᠤᠶᠢᠯ ᠤᠨ | ᠤᠨᠤᠪᠴᠢᠲᠠᠢ ᠪᠠᠷ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠠᠶᠢᠳᠠᠯ ᠢᠶᠠᠨ | ᠲᠠᠨᠢᠯᠴᠠᠭᠤᠯᠤᠭᠠᠳ ᠦᠭᠭᠦᠨ᠎ᠡ ᠤᠤ︖ | ᠵᠠᠩ ᠰᠢᠶᠣᠤ ᠮᠢᠩ᠄ | ᠥᠩᠭᠡᠷᠡᠭᠰᠡᠨ ᠨᠢᠭᠡ ᠵᠢᠯ ᠳᠤ᠂ ᠪᠥᠬᠦ ᠬᠤᠲᠠ ᠶᠢᠨ ᠳᠡᠭᠡᠳᠦ ᠲᠤᠤᠷᠠᠳᠤ ᠱᠠᠲᠤ ᠪᠠᠷ ᠢᠶᠠᠨ ᠲᠤᠶᠢᠯ ᠤᠨ | ᠤᠨᠤᠪᠴᠢᠲᠠᠢ ᠪᠠᠷ ᠶᠠᠳᠠᠭᠤ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠠᠵᠢᠯ ᠢ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠳᠤ ᠤᠷᠤᠭᠤᠯᠵᠤ᠂ ᠨᠠᠮ ᠤᠨ ᠲᠥᠪ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠪᠠ᠃ ︽ | ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ ᠪᠤᠯᠭᠠᠬᠤ᠂ ᠭᠤᠷᠪᠠ ᠶᠢ ᠪᠠᠲᠤᠯᠠᠬᠤ︾ ︵ᠢᠳᠡᠬᠦ ᠤᠤᠭᠤᠬᠤ ᠳᠤ | ᠰᠠᠨᠠᠭ᠎ᠠ ᠵᠣᠪᠠᠭ᠋ᠤ ᠦᠭᠡᠢ᠂ ᠡᠮᠦᠰᠬᠦ ᠵᠡᠬᠦᠬᠦ ᠳᠤ ᠰᠠᠨᠠᠭ᠎ᠠ ᠵᠣᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ | ᠬᠥᠮᠦᠵᠢᠯ᠂ ᠦᠨᠳᠦᠰᠦᠨ ᠡᠮ ᠡᠮᠨᠡᠯᠭᠡ ᠪᠤᠯᠤᠨ ᠣᠷᠣᠨ ᠰᠠᠭᠤᠴᠠ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠪᠠᠲᠤᠯᠠᠬᠤ︶ ᠬᠠᠷᠠᠯᠲᠠ ᠪᠤᠯᠤᠨ ︽ᠵᠢᠷᠭᠤᠭᠠᠨ ᠲᠤᠶᠢᠯ ᠤᠨ ᠤᠨᠤᠪᠴᠢᠲᠠᠢ ᠪᠠᠶᠢᠬᠤ︾ ︵ᠶᠠᠳᠠᠭᠤ | ᠬᠦᠮᠦᠰ ᠢ ᠲᠤᠶᠢᠯ ᠤᠨ ᠤᠨᠤᠪᠴᠢᠲᠠᠢ ᠲᠤᠭᠲᠠᠭᠠᠬᠤ᠂ ᠲᠦᠷᠦᠯ ᠵᠦᠢᠯ ᠢ ᠲᠤᠶᠢᠯ ᠤᠨ ᠤᠨᠤᠪᠴᠢᠲᠠᠢ ᠲᠤᠬᠢᠷᠠᠭᠤᠯᠬᠤ | ᠂ ᠪᠡᠯᠡ ᠮᠥᠩᠭᠦ ᠶᠢ ᠲᠤᠶᠢᠯ ᠤᠨ ᠤᠨᠤᠪᠴᠢᠲᠠᠢ ᠬᠡᠷᠡᠭᠯᠡᠬᠦ᠂ ᠠᠷᠭ᠎ᠠ ᠬᠡᠮᠵᠢᠶ᠎ᠡ ᠶᠢ ᠡᠷᠦᠬᠡ ᠳᠤ ᠲᠤᠶᠢᠯ ᠤᠨ | ᠤᠨᠤᠪᠴᠢᠲᠠᠢ ᠨᠠᠶᠢᠳᠠᠪᠤᠷᠢᠵᠢᠭᠤᠯᠬᠤ᠂ ᠲᠣᠰᠬᠤᠨ ᠤ ᠪᠠᠶᠢᠳᠠᠯ ᠳᠤ ᠲᠣᠬᠢᠷᠠᠭᠤᠯᠤᠨ ᠲᠤᠶᠢᠯ ᠤᠨ ᠤᠨᠤᠪᠴᠢᠲᠠᠢ ᠪᠠᠷ | ᠬᠦᠮᠦᠨ ᠲᠤᠬᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠲᠤᠶᠢᠯ ᠤᠨ ᠤᠨᠤᠪᠴᠢᠲᠠᠢ | ᠪᠠᠶᠢᠯᠭᠠᠬᠤ︶᠂ ︽ᠲᠠᠪᠤᠨ ᠨᠢᠭᠡ ᠪᠦᠯᠦᠭ︾ ︵ᠨᠢᠭᠡ ᠪᠦᠯᠦᠭ ᠢ ᠨᠢ ᠦᠢᠯᠡᠳᠪᠦᠷᠢᠯᠡᠯ ᠢ ᠬᠥᠭᠵᠢᠭᠦᠯᠦᠨ | ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠢ ᠨᠢ ᠣᠨᠳᠣᠣ ᠭᠠᠵᠠᠷ ᠨᠡᠭᠦᠯᠭᠡᠵᠦ ᠶᠠᠳᠠᠭᠤ ᠠᠴᠠ ᠲᠡᠳᠭᠦᠨ | ᠶᠠᠳᠠᠭᠤ ᠠᠴᠠ ᠠᠩᠭᠢᠵᠢᠷᠠᠭᠤᠯᠬᠤ᠂ ᠨᠢᠭᠡ ᠪᠦᠯᠦᠭ ᠢ ᠨᠢ ᠠᠮᠢ ᠠᠬᠤᠶ ᠶᠢᠨ ᠨᠥᠬᠦᠪᠥᠷᠢ ᠤᠯᠭᠤᠨ ᠶᠠᠳᠠᠭᠤ ᠠᠴᠠ | ᠠᠩᠬᠢᠵᠢᠷᠠᠭᠤᠯᠬᠤ᠂ ᠨᠢᠭᠡ ᠪᠦᠯᠦᠭ ᠢ ᠨᠢ ᠰᠤᠷᠭᠠᠨ ᠬᠥᠮᠦᠵᠢᠯ ᠢ ᠬᠦᠭᠵᠢᠬᠦᠯᠦᠨ ᠶᠠᠳᠠᠭᠤ ᠠᠴᠠ ᠠᠩᠭᠢᠵᠢᠷᠠᠭᠤᠯᠬᠤ᠂ | ᠨᠢᠭᠡ ᠪᠦᠯᠦᠭ ᠢ ᠨᠢ ᠨᠡᠶᠢᠭᠡᠮ ᠤᠨ ᠳᠠᠭᠠᠭᠠᠨ ᠪᠠᠲᠤᠯᠠᠬᠤ ᠪᠠᠷ ᠪᠠᠲᠤᠯᠠᠬᠤ︶ ᠱᠠᠭᠠᠷᠳᠠᠯᠭ᠎ᠠ ᠶᠣᠰᠣᠭᠠᠷ᠂ ᠶᠠᠳᠠᠭᠤ | ᠬᠦᠴᠢᠷᠳᠡᠯᠲᠡᠶ ᠡᠷᠥᠭᠡ ᠳᠤ ᠲᠡᠩᠰᠠ ᠳᠠᠩᠰᠠ ᠪᠠᠶᠢᠭᠤᠯᠤᠨ ᠺᠠᠷᠲ ᠬᠢᠵᠤ ᠦᠭᠭᠦ ᠶᠢ ︽ᠡᠷᠭᠢᠵᠦ ᠬᠠᠷᠠᠬᠤ︾ ᠪᠠ | ᠬᠢᠨᠠᠨ ᠪᠤᠳᠤᠯᠲᠠ ᠶᠢ ᠴᠡᠭᠴᠡᠯᠡᠨ ᠦᠭᠡᠷᠡᠴᠢᠯᠡᠬᠦ ᠠᠵᠢᠯ ᠢ ᠬᠢᠨᠠᠮᠠᠭᠠᠶ ᠦᠷᠨᠢᠬᠦᠯᠦᠭᠰᠡᠨ ᠪᠠᠶᠢᠨ᠎ᠠ᠃ ᠲᠤᠭ᠎ᠠ | ᠪᠠᠷᠢᠮᠲᠠ ᠶᠢ ᠬᠠᠷᠢᠴᠠᠭᠤᠯᠬᠤ᠂ ᠪᠣᠳᠠᠲᠤ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠠᠰᠠᠭᠤᠳᠠᠯ ᠲᠠᠢ ᠲᠤᠭ᠎ᠠ | ᠪᠠᠷᠢᠮᠲᠠ ᠳᠤ ᠵᠠᠰᠠᠪᠤᠷᠢ ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ 12235 ᠶᠠᠳᠠᠭᠤ | ᠬᠦᠴᠢᠷᠳᠡᠯᠲᠠᠢ ᠡᠷᠦᠬᠡ ᠪᠤᠯᠤᠨ 25362 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠤᠶᠢᠯ ᠤᠨ ᠤᠨᠤᠪᠴᠢᠲᠠᠢ | ᠢᠯᠭᠠᠨ ᠲᠤᠳᠤᠯᠠᠪᠠ᠃ ᠪᠦᠬᠦ ᠵᠢᠯ ᠳᠤ᠂ ᠤᠨᠴᠠᠯᠢᠭᠳᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ 1.38 | ᠳ᠋ᠦᠩᠰᠢᠭᠤᠷ ᠲᠥᠭᠦᠷᠢᠭ ᠤᠷᠤᠭᠤᠯᠵᠤ᠂ ︽ᠳᠦᠷᠪᠡ ᠶᠢ ᠭᠠᠴᠠᠭ᠎ᠠ ᠳᠤ ᠤᠷᠤᠭᠤᠯᠬᠤ ᠳᠦᠷᠪᠡ ᠶᠢ ᠡᠷᠤᠭᠡ ᠳᠤ | ᠬᠦᠷᠭᠡᠬᠦ︾ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠦᠷᠨᠢᠬᠦᠯᠪᠡ᠃ ᠪᠦᠬᠦ ᠵᠢᠯ ᠳᠤ | ᠣᠨᠳᠣᠣ ᠭᠠᠵᠠᠷ ᠨᠡᠬᠦᠯᠬᠡᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 1.73 ᠳ᠋ᠦᠡᠭᠰᠢᠭᠤᠷ ᠲᠥᠭᠦᠷᠢᠭ | ᠲᠤᠬᠢᠷᠠᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠢ 66᠂ ᠲᠥᠪᠬᠢᠨᠡᠭᠦᠯᠬᠦ ᠣᠷᠣᠨ ᠰᠠᠭᠤᠴᠠ ᠶᠢ 2551 | ᠲᠦᠬᠦᠷ ᠪᠠᠶᠢᠭᠤᠯᠵᠤ᠂ 1439 ᠡᠷᠦᠬᠡ᠂ 2957 ᠬᠦᠮᠦᠨ ᠢ ᠣᠨᠳᠣᠣ ᠭᠠᠵᠠᠷ ᠨᠡᠭᠦᠯᠭᠡᠨ ᠶᠠᠳᠠᠭᠤ ᠠᠴᠠ | ᠲᠡᠳᠭᠦᠵᠤ᠂ ᠵᠢᠯ ᠤᠨ ᠡᠬᠢᠨ ᠤ ᠲᠥᠯᠥᠪᠯᠡᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠡᠶ᠃ ᠪᠦᠬᠦ ᠵᠢᠯ ᠳᠤ | ᠡᠦ᠋ᠴᠤᠸᠠᠨ ᠰᠢᠶᠠᠨ᠂ ᠴᠢᠩ ᠱᠦᠢ ᠾᠧ ᠰᠢᠶᠠᠨ ᠳᠤ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ︽ | ᠲᠠᠷᠢᠶᠠᠴᠢᠳ ᠢ ᠪᠠᠶᠠᠵᠢᠭᠤᠯᠬᠤ ᠵᠢᠭᠡᠯᠡᠯᠭᠡ︾ 1.62 ᠳ᠋ᠦᠡᠭᠰᠢᠭᠤᠷ ᠲᠦᠭᠦᠷᠢᠭ ᠤᠯᠭᠤᠵᠤ᠂ 5090 ᠲᠠᠷᠢᠶᠠᠴᠢᠨ | ᠡᠷᠦᠬᠡ ᠶᠢ ᠬᠠᠮᠤᠷᠴᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠠᠢ 698 ᠡᠷᠦᠬᠡ | ᠲᠠᠢ ᠬᠤᠯᠪᠤᠭᠳᠠᠵᠤ᠂ ᠨᠡᠶᠢᠭᠡᠮ ᠤᠨ ᠶᠠᠳᠠᠭᠤ ᠶᠢ ᠲᠡᠳᠬᠦᠬᠦ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠶᠢ ᠤᠯᠠᠮ | ᠨᠢᠭᠡ ᠠᠯᠬᠤᠮ ᠦᠷᠭᠡᠳᠭᠡᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠵᠣᠬᠢᠶᠠᠨ | ᠪᠠᠶᠢᠭᠤᠯᠤᠨ ︽ᠨᠢᠭᠡ ᠳᠤ ᠨᠢᠭᠡ ᠶᠢ ᠳᠠᠭᠠᠭᠠᠴᠢᠯᠠᠭᠤᠯᠬᠤ︾ ᠪᠤᠶᠤ ︽ᠤᠯᠠᠭᠤᠯᠠ ᠳᠤ ᠨᠢᠭᠡ ᠶᠢ ᠳᠠᠭᠠᠭᠠᠴᠢᠯᠠᠭᠤᠯᠬᠤ | ︾ ᠠᠷᠭ᠎ᠠ ᠪᠠᠷ ᠲᠤᠰᠠᠯᠠᠨ ᠲᠡᠳᠭᠦᠭᠦ ᠠᠵᠢᠯ ᠢ ᠦᠷᠨᠢᠬᠦᠯᠪᠡ᠃ ᠪᠦᠬᠦ ᠵᠢᠯ ᠳᠤ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ 16909 ᠡᠷᠦᠬᠡ ᠶᠢ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠨᠢ | ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠪᠠᠭᠤᠯᠭᠠᠭᠰᠠᠨ ᠲᠦᠯᠦᠪᠯᠡᠭᠡᠲᠦ | ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠡᠶᠡᠯᠡᠯᠲᠡ ᠶᠢ | ᠰᠠᠶᠢᠨ ᠰᠠᠶᠢᠬᠠᠨ ᠡᠬᠢᠯᠡᠯᠲᠡ ᠲᠠᠢ ᠪᠤᠯᠭᠠᠪᠠ᠃ | ᠬᠥᠲᠥᠯᠥᠭᠴᠢ᠄ | 2016 ᠣᠨ ᠳᠤ ᠬᠥᠬᠡᠬᠤᠲᠠ ᠶᠢᠨ ᠲᠥᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠪᠠ | ᠶᠠᠳᠠᠭᠤ ᠠᠴᠠ ᠠᠩᠭᠢᠵᠢᠷᠠᠭᠤᠯᠬᠤ ᠠᠵᠢᠯ ᠢᠯᠡᠷᠬᠡᠶ ᠠᠮᠵᠢᠯᠲᠠ ᠣᠯᠵᠠᠢ᠂ ᠡᠭᠦᠨ ᠳᠤ ᠶᠠᠮᠠᠷ ᠶᠠᠮᠠᠷ ᠪᠣᠳᠠᠲᠠᠶ ᠠᠷᠭ᠎ᠠ | ᠬᠡᠮᠵᠢᠶ᠎ᠡ ᠠᠪᠤᠭᠰᠠᠨ ᠪᠤᠢ︖ | ᠵᠠᠩ ᠰᠢᠶᠣᠤ ᠮᠢᠩ᠄ | ᠮᠠᠨ ᠤ ᠬᠤᠲᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭᠠᠨ ᠲᠥᠢᠯ ᠤᠨ ᠣᠨᠤᠪᠴᠢᠲᠠᠢ︾ ︽ᠲᠠᠪᠤᠨ ᠨᠢᠭᠡ ᠪᠦᠯᠦᠭ︾ ᠤᠨ | ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠶ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠦᠢᠯᠡᠳᠪᠦᠷᠢᠯᠡᠯ ᠢ ᠬᠥᠭᠵᠢᠭᠦᠯᠬᠦ᠂ ᠣᠨᠳᠣᠤ ᠭᠠᠵᠠᠷ ᠲᠤ | ᠨᠡᠭᠦᠯᠭᠡᠬᠦ᠂ ᠠᠮᠢ ᠠᠬᠤᠶ ᠶᠢᠨ ᠨᠥᠬᠦᠪᠥᠷᠢ ᠣᠯᠭᠤᠬᠤ᠂ ᠰᠤᠷᠭᠠᠨ ᠬᠥᠮᠦᠵᠢᠯ ᠢ ᠬᠥᠭᠵᠢᠭᠦᠯᠬᠦ᠂ ᠨᠡᠶᠢᠭᠡᠮ ᠤᠨ | ᠪᠠᠲᠤᠯᠠᠭ᠎ᠠ ᠪᠠᠷ ᠳᠠᠭᠠᠭᠠᠨ ᠪᠠᠲᠤᠯᠠᠬᠤ︾ ᠲᠠᠪᠤᠨ ᠶᠡᠭᠡ ᠭᠠᠷᠳᠠᠴᠠ ᠶᠢ ᠴᠢᠩᠭ᠎ᠠ ᠠᠳᠬᠤᠵᠤ᠂ ᠲᠦᠢᠯ ᠤᠨ | ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠦᠢᠯ ᠤᠨ ᠣᠨᠤᠪᠴᠢᠲᠠᠢ ᠪᠠᠷ ᠳᠥᠯᠭᠢᠨ ᠠᠬᠢᠭᠤᠯᠵᠤ᠂ | ᠲᠦᠢᠯ ᠤᠨ ᠣᠨᠤᠪᠴᠢᠲᠠᠢ ᠪᠠᠷ ᠪᠣᠳᠠᠲᠠᠶᠢᠵᠢᠭᠤᠯᠪᠠ᠃ ᠨᠢᠭᠡ ᠳᠤ ᠦᠢᠯᠡᠳᠪᠦᠷᠢᠯᠡᠯ ᠢ ᠬᠥᠭᠵᠢᠭᠦᠯᠦᠨ ᠶᠠᠳᠠᠭᠤ ᠶᠢ | ᠲᠡᠳᠬᠦᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠦᠭᠡ ᠪᠦᠷᠢ ᠳᠤ ᠣᠷᠣᠯᠭ᠎ᠠ ᠪᠠᠨ ᠨᠡᠮᠡᠭᠳᠡᠭᠦᠯᠬᠦ | ᠲᠦᠷᠦᠯ ᠵᠦᠢᠯ ᠲᠠᠢ᠂ ᠬᠥᠮᠦᠨ ᠪᠦᠬᠦᠨ ᠳᠤ ᠶᠠᠳᠠᠭᠤ ᠠᠴᠠ ᠠᠩᠭᠢᠵᠢᠷᠠᠬᠤ ᠠᠷᠭ᠎ᠠ ᠵᠠᠮ ᠲᠠᠢ ᠪᠠᠶᠢᠬᠤ ᠶᠢ ᠴᠢᠷᠮᠠᠶᠢᠨ | ᠪᠡᠶᠡᠯᠡᠭᠦᠯᠪᠡ᠃ ᠬᠤᠶᠠᠷ ᠲᠤ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠠᠷ ᠴᠢᠬᠤᠯᠠ ᠨᠥᠬᠦᠪᠥᠷᠢ | ᠪᠣᠯᠭᠠᠵᠤ᠂ ᠨᠡᠭᠦᠯᠭᠡᠵᠦ ᠭᠠᠷᠭᠠᠬᠤ᠂ ᠲᠣᠭᠲᠠᠭᠤᠨ ᠪᠠᠶᠢᠯᠭᠠᠬᠤ᠂ ᠪᠠᠶᠠᠵᠢᠭᠤᠯᠬᠤ ᠶᠢ ᠦᠨᠡᠨ ᠬᠦ ᠪᠠᠲᠤᠯᠠᠨ᠂ ᠤᠯᠠᠨ | ᠲᠦᠮᠡᠨ ᠤ ᠰᠠᠶᠢᠨ ᠳᠤᠷ᠎ᠠ ᠶᠢᠨ ᠰᠠᠭᠤᠷᠢᠨ ᠳᠡᠭᠡᠷ᠎ᠡ᠂ ᠨᠡᠭᠦᠯᠭᠡᠬᠦ ᠠᠷᠠᠳ ᠢᠷᠭᠡᠳ ᠢ ᠲᠦᠢᠯ ᠤᠨ ᠣᠨᠤᠪᠴᠢᠲᠠᠢ ᠪᠠᠷ | ᠲᠣᠭᠲᠠᠭᠠᠵᠤ᠂ ᠲᠥᠪᠬᠢᠨᠡᠭᠦᠯᠬᠦ ᠠᠷᠭ᠎ᠠ ᠮᠠᠶ᠋ᠢᠭ ᠢ ᠨᠢ ᠴᠢᠯᠥᠭᠡᠲᠡᠶ ᠰᠣᠩᠭᠤᠭᠤᠯᠦᠨ᠂ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ | ᠦᠨᠡᠨ ᠬᠦ ᠰᠠᠶᠢᠵᠢᠷᠠᠭᠤᠯᠪᠠ᠃ ᠭᠤᠷᠪᠠ ᠳᠤ ᠠᠮᠢ ᠠᠬᠤᠶ ᠶᠢᠨ ᠨᠥᠬᠦᠪᠥᠷᠢ ᠣᠯᠭᠤᠨ ᠶᠠᠳᠠᠭᠤ ᠶᠢ ᠲᠡᠳᠬᠦᠬᠦ ᠪᠠᠷ | ᠬᠠᠮᠲᠤ ᠪᠠᠷ ᠠᠰᠢᠭ ᠭᠥᠷᠳᠡᠬᠦ ᠶᠢᠨ ᠠᠷᠭ᠎ᠠ ᠪᠤᠳᠤᠯᠭ᠎ᠠ ᠪᠣᠯᠭᠠᠨ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ | ᠬᠦᠴᠢᠷᠳᠡᠯᠲᠡᠶ ᠬᠥᠮᠦᠨ ᠠᠮᠠ ᠳᠤ ᠠᠮᠢ ᠠᠬᠤᠶ ᠪᠠᠷ ᠠᠵᠢᠯ ᠣᠯᠭᠤᠵᠣ᠂ ᠠᠮᠢ ᠠᠬᠤᠶ ᠶᠢᠨ ᠣᠷᠴᠢᠨ ᠲᠣᠭᠤᠷᠢᠨ ᠤ | ᠪᠠᠶᠢᠭᠤᠯᠤᠯᠲᠠ ᠶᠢ ᠰᠠᠶᠢᠵᠢᠷᠠᠭᠤᠯᠤᠭᠰᠠᠨ ᠮᠥᠷᠲᠡᠭᠡᠨ ᠪᠠᠰᠠ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ | ᠣᠯᠭᠤᠨ ᠣᠷᠣᠯᠭ᠎ᠠ ᠶᠢ ᠨᠢ ᠨᠡᠮᠡᠭᠳᠡᠭᠦᠯᠪᠡ᠃ ᠲᠦᠷᠪᠡ ᠳᠤ ᠰᠤᠷᠭᠠᠨ ᠬᠥᠮᠦᠵᠢᠯ ᠢ ᠬᠥᠭᠵᠢᠭᠦᠯᠦᠨ ᠶᠠᠳᠠᠭᠤ ᠶᠢ | ᠲᠡᠳᠬᠦᠬᠦ ᠪᠠᠷ ᠦᠨᠳᠦᠰᠦᠨ ᠪᠣᠳᠤᠯᠭ᠎ᠠ ᠪᠣᠯᠭᠠᠵᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠷ᠎ᠡ | ᠬᠡᠦᠬᠡᠳ ᠨᠢ ᠴᠥᠮ ᠰᠠᠶᠢᠨ ᠰᠠᠶᠢᠬᠠᠨ ᠰᠠᠭᠤᠷᠢ ᠰᠤᠷᠭᠠᠨ ᠬᠥᠮᠦᠵᠢᠯ ᠬᠦᠷᠲᠡᠬᠦ ᠶᠢ ᠦᠨᠡᠨ ᠬᠦ ᠪᠠᠲᠤᠯᠠᠨ᠂ ᠠᠵᠢᠯ | ᠣᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠲᠠᠢ ᠪᠣᠯᠭᠠᠵᠤ᠂ ᠦᠶ᠎ᠡ ᠤᠯᠠᠷᠢᠨ ᠶᠠᠳᠠᠭᠤᠷᠠᠬᠤ ᠶᠢ | ᠲᠠᠰᠤᠳᠠᠪᠠ᠃ ᠲᠠᠪᠤ ᠳᠤ ᠨᠡᠶᠢᠭᠡᠮ ᠤᠨ ᠪᠠᠲᠤᠯᠠᠭ᠎ᠠ ᠪᠠᠷ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠥᠮᠦᠨ | ᠠᠮᠠ ᠶᠢᠨ ᠦᠨᠳᠦᠰᠦᠨ ᠠᠮᠢᠳᠤᠷᠠᠯ ᠢ ᠳᠠᠭᠠᠭᠠᠨ ᠪᠠᠲᠤᠯᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠂ ᠠᠵᠤ ᠦᠢᠯᠡᠰ ᠢᠶᠠᠷ ᠲᠡᠳᠬᠦᠬᠦ ᠪᠠ ᠠᠵᠢᠯ ᠣᠯᠭᠤᠨ | ᠬᠠᠪᠰᠤᠷᠬᠤ ᠳᠤ ᠲᠦᠰᠢᠭᠯᠡᠨ ᠶᠠᠳᠠᠭᠤ ᠠᠴᠠ ᠠᠩᠭᠢᠵᠢᠷᠠᠭᠤᠯᠬᠤ ᠶᠢᠨ ᠠᠷᠭ᠎ᠠ ᠦᠭᠡᠢ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠳᠤ ᠲᠦᠷᠦ ᠶᠢᠨ ᠪᠤᠳᠤᠯᠭ᠎ᠠ ᠶᠢᠨ ᠴᠢᠨᠠᠷᠲᠠᠶ ᠪᠠᠲᠤᠯᠠᠭ᠎ᠠ ᠶᠢ | ᠬᠡᠷᠡᠭᠵᠢᠭᠦᠯᠪᠡ᠃ | ᠬᠥᠲᠥᠯᠥᠭᠴᠢ᠄ | ᠬᠥᠳᠡᠭᠡ ᠠᠵᠤ ᠠᠬᠤᠶ ᠶᠢᠨ ᠵᠥᠪᠯᠡᠯ ᠤᠨ ᠡᠭᠦᠷᠭᠡᠯᠡᠵᠦ ᠪᠠᠶᠢᠭ᠎ᠠ ᠨᠦᠭᠦᠭᠡ ᠨᠢᠭᠡ ᠭᠤᠣᠯ ᠠᠵᠢᠯ ᠨᠢ ᠰᠢᠨ᠎ᠡ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠪᠣᠯᠣᠨ᠎ᠠ᠂ ᠲᠡᠭᠡᠪᠡᠯ 2016 ᠣᠨ ᠳᠤ ᠰᠢᠨ᠎ᠡ ᠬᠥᠳᠡᠭᠡ | ᠲᠣᠰᠬᠤᠨ ᠢ ᠪᠦᠳᠦᠭᠡᠨ ᠪᠠᠶᠢᠭᠤᠯᠬᠤ ᠲᠠᠯ᠎ᠠ ᠪᠠᠷ ᠪᠠᠰᠠ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠤᠢ︖ | ᠵᠠᠩ ᠰᠢᠶᠣᠤ ᠮᠢᠩ᠄ | ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠲᠠᠯ᠎ᠠ ᠪᠠᠷ᠂ 2016 ᠣᠨ ᠳᠤ ᠪᠥᠬᠦ ᠬᠤᠲᠠ | 129.9 ᠳ᠋ᠥᠩᠰᠢᠭᠤᠷ ᠲᠥᠭᠦᠷᠢᠭ ᠤᠨ ᠪᠡᠯᠨ ᠣᠷᠤᠭᠤᠯᠵᠤ᠂ 1400 ᠭᠠᠴᠠᠭ᠎ᠠ ᠶᠢᠨ ᠬᠥᠳᠡᠭᠡ ᠲᠣᠰᠬᠤᠨ ᠤ | ᠰᠠᠭᠤᠷᠢ ᠪᠡᠯᠡᠳᠬᠡᠮᠵᠢ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠭᠦᠯᠪᠡ᠃ ᠬᠤᠲᠠ ᠶᠢᠨ ᠡᠳ᠋ ᠤᠨ ᠵᠠᠰᠠᠭ 2000 ᠲᠦᠮᠡᠨ ᠲᠥᠭᠦᠷᠢᠭ ᠤᠨ ᠨᠥᠬᠦᠪᠥᠷᠢ ᠮᠦᠩᠭᠦ | ᠪᠠᠭᠤᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ 7658 ᠲᠦᠮᠡᠨ ᠲᠥᠭᠦᠷᠢᠭ ᠢᠵᠢ ᠪᠦᠷᠢᠳᠦᠭᠦᠯᠵᠦ᠂ ᠬᠥᠳᠡᠭᠡ | ᠲᠣᠰᠬᠤᠨ ᠤ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭ᠎ᠠ ᠠᠳᠬᠤᠵᠤ᠂ ᠡᠯ᠎ᠡ ᠭᠠᠵᠠᠷ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠮᠤ ︵ᠪᠠᠯᠭᠠᠰᠤ︶ ᠭᠠᠴᠠᠭ᠎ᠠ ᠶᠢᠨ | ᠬᠠᠮᠢᠶᠠᠷᠬᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠡᠷᠡᠭᠦᠯ ᠬᠠᠮᠠᠭᠠᠯᠠᠯ ᠢ ᠨᠢᠭᠡ | ᠴᠣᠭᠴᠠᠵᠢᠭᠤᠯᠬᠤ᠂ ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠤᠨ ᠤᠷᠳᠤ ᠬᠤᠭᠤᠴᠠᠭᠠᠨ ᠤ ᠪᠥᠳᠥᠮᠵᠢᠳᠤ | ᠬᠠᠮᠢᠶᠠᠷᠤᠯᠲᠠ ᠶᠢᠨ ᠭᠤᠷᠪᠠᠨ ᠵᠦᠢᠯ ᠤᠨ ᠬᠡᠪ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠦᠨᠳᠦᠰᠦᠨ ᠠᠳᠠᠯ | ᠠᠬᠤᠶ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠠᠶᠢᠯ ᠲᠣᠰᠬᠤᠨ ᠤ ᠳᠦᠷᠰᠦ ᠪᠠᠶᠢᠳᠠᠯ ᠢ ᠡᠷᠴᠢᠮᠲᠡᠢ | ᠰᠠᠶᠢᠵᠢᠷᠠᠭᠤᠯᠵᠦ᠂ ᠨᠡᠶᠢᠭᠡᠮ ᠵᠢᠷᠤᠮᠲᠤ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠴᠢᠩᠭᠠᠳᠬᠠᠪᠠ᠃ | ᠬᠥᠲᠥᠯᠥᠭᠴᠢ᠄ | 2016 ᠣᠨ ᠨᠢᠭᠡᠨᠲᠡ ᠥᠩᠭᠡᠷᠡᠪᠡ᠂ ᠣᠳᠣ ᠲᠠ 2017 ᠣᠨ ᠳᠤ ᠬᠥᠬᠡᠬᠤᠲᠠ ᠶᠢᠨ ᠬᠥᠳᠡᠭᠡ ᠠᠵᠤ | ᠠᠬᠤᠶ ᠶᠢᠨ ᠵᠥᠪᠯᠡᠯ ᠪᠠᠰᠠ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠭᠡᠵᠦ ᠪᠠᠶᠢᠭ᠎ᠠ ᠪᠠᠨ | ᠲᠠᠨᠢᠯᠴᠠᠭᠤᠯᠤᠭᠠᠳ ᠥᠭᠭᠦᠨ᠎ᠡ ᠤᠤ︖ | ᠵᠠᠩ ᠰᠢᠶᠣᠤ ᠮᠢᠩ᠄ | 2017 ᠣᠨ ᠳᠤ᠂ ᠬᠤᠳᠠ ᠶᠢᠨ ᠬᠥᠳᠡᠭᠡ ᠠᠵᠤ ᠠᠬᠤᠶ ᠶᠢᠨ ᠵᠥᠪᠯᠡᠯ ᠨᠢ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ | ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠬᠤᠲᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ | ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠪᠣᠯᠤᠨ ᠪᠥᠬᠦ ᠬᠤᠲᠠ ᠶᠢᠨ ᠬᠥᠳᠡᠭᠡ ᠲᠣᠰᠬᠤᠨ ᠤ ᠠᠵᠢᠯ ᠵᠢᠴᠢ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠤᠭᠠᠷ᠂ ᠭᠤᠣᠯᠳᠠᠭᠤ ᠳᠣᠣᠷᠠᠬᠢ ᠲᠦᠷᠪᠡᠨ ᠲᠠᠯ᠎ᠠ ᠶᠢᠨ | ᠠᠵᠢᠯ ᠢ ᠨᠠᠶᠢᠳᠠᠪᠤᠷᠢᠵᠢᠭᠤᠯᠣᠨ᠎ᠠ᠄ ᠨᠢᠭᠡ ᠳᠤ ᠪᠥᠬᠦ ᠬᠤᠲᠠ ᠶᠢᠨ ᠦᠯᠡᠳᠡᠵᠦ ᠪᠠᠶᠢᠭ᠎ᠠ ᠬᠥᠳᠡᠭᠡ ᠲᠣᠰᠬᠤᠨ ᠤ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ 7994 ᠬᠥᠮᠦᠨ ᠠᠮᠠ ᠶᠢ ᠪᠦᠬᠦᠨ ᠢ | ᠶᠠᠳᠠᠭᠤ ᠠᠴᠠ ᠨᠢ ᠠᠩᠭᠢᠵᠢᠷᠠᠭᠤᠯᠵᠤ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠤ ᠶᠠᠳᠠᠭᠤ ᠮᠠᠯᠠᠭᠠᠢ ᠶᠢ | ᠨᠢ ᠠᠮᠵᠢᠯᠲᠠᠲᠠᠢ ᠪᠠᠷ ᠲᠠᠶᠠᠭᠳᠠᠭᠤᠯᠤᠨ᠎ᠠ︔ ᠬᠤᠶᠠᠷ ᠲᠤ ᠭᠤᠷᠪᠠᠨ ᠵᠢᠯ ᠤᠨ ᠲᠤᠷᠰᠢ ᠬᠡᠷᠡᠭᠵᠢᠭᠦᠯᠦᠭᠰᠡᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ | ᠪᠠᠶᠢᠭᠤᠯᠤᠯᠲᠠ ᠶᠢᠨ 2172 ᠢᠨᠵᠧᠨᠧᠷᠢᠩ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠥᠷᠢᠯᠡᠵᠦ᠂ ᠤᠯᠠᠨ | ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠦᠨ᠎ᠡ︔ 2172 ᠭᠠᠴᠠᠭ᠎ᠠ ᠲᠣᠰᠬᠤᠨ ᠢ ᠬᠠᠮᠢᠶᠠᠷᠴᠤ | ᠬᠠᠮᠠᠭᠠᠯᠠᠬᠤ ᠬᠡᠪᠴᠢᠶᠡᠨ ᠳᠤ ᠣᠷᠣᠭᠤᠯᠵᠤ᠂ ︽ᠰᠤᠮᠤ ︵ᠪᠠᠯᠭᠠᠰᠤ︶ ᠭᠠᠴᠠᠭ᠎ᠠ ᠬᠠᠮᠢᠶᠠᠷᠬᠤ︾᠂ ︽ᠬᠤᠳᠠ | ᠬᠥᠳᠡᠭᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠡᠷᠡᠭᠦᠯ ᠬᠠᠮᠠᠭᠠᠯᠠᠯ ᠢ ᠨᠢᠭᠡ ᠴᠣᠭᠴᠠᠵᠢᠭᠤᠯᠬᠤ︾᠂ | ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠭᠤᠷᠪᠠᠨ ᠵᠦᠢᠯ ᠤᠨ | ᠬᠠᠮᠢᠶᠠᠷᠤᠯᠲᠠ ᠶᠢᠨ ᠵᠠᠭᠪᠤᠷ ᠢ ᠭᠦᠨᠵᠡᠭᠡᠢ ᠲᠥᠯᠬᠢᠨ ᠠᠬᠢᠭᠤᠯᠤᠨ᠎ᠠ︔ ᠭᠤᠷᠪᠠ ᠳᠤ ᠰᠠᠭᠤᠷᠢ ᠲᠠᠢ᠂ ᠥᠪᠡᠷᠮᠢᠴᠡ | ᠣᠨᠴᠠᠯᠢᠭ ᠲᠠᠢ᠂ ᠨᠥᠭᠡᠴᠡ ᠬᠦᠴᠦᠨ ᠲᠠᠢ ᠠᠵᠤ ᠦᠢᠯᠡᠰ ᠤᠨ ᠲᠣᠭᠤᠷᠢᠨ ᠳᠤ᠂ ᠵᠢᠱᠢᠶ᠎ᠡ ᠦᠵᠡᠭᠦᠯᠬᠦ ᠰᠢᠨ᠎ᠡ | ᠬᠥᠳᠡᠭᠡ ᠲᠣᠰᠬᠤᠨ ᠢ 100 ᠪᠠᠶᠢᠭᠤᠯᠵᠤ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠬᠤᠷᠳᠤᠴᠠ ᠳᠡᠰ ᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠤᠨ᠎ᠠ︔ ᠲᠦᠷᠪᠡ ᠳᠤ 2016 ᠣᠨ ᠤ ᠠᠷᠠᠳ ᠢ | ᠰᠢᠯᠵᠢᠭᠦᠯᠦᠨ ᠨᠡᠭᠦᠯᠭᠡᠭᠰᠡᠨ ᠠᠵᠢᠯ ᠤᠨ ᠰᠠᠭᠤᠷᠢᠨ ᠳᠡᠭᠡᠷ᠎ᠡ᠂ 1124 ᠭᠠᠴᠠᠭ᠎ᠠ ᠲᠤᠰᠬᠤᠨ ᠤ ᠠᠷᠠᠳ ᠢ | ᠰᠢᠯᠵᠢᠭᠦᠯᠦᠨ ᠨᠡᠭᠦᠯᠭᠡᠬᠦ ᠡᠭᠦᠷᠭᠡ ᠶᠢ ᠦᠷᠭᠦᠯᠵᠢᠯᠡᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠵᠢᠯ ᠤᠨ | ᠳᠣᠲᠣᠷ᠎ᠠ 557 ᠭᠠᠴᠠᠭ᠎ᠠ ᠲᠤᠰᠬᠤᠨ 20944 ᠠᠶᠢᠯ ᠡᠷᠦᠬᠡ 56660 ᠬᠥᠮᠦᠨ ᠢ ᠰᠢᠯᠵᠢᠭᠦᠯᠦᠨ ᠨᠡᠭᠦᠯᠭᠡᠬᠦ | ᠡᠭᠦᠷᠭᠡ ᠶᠢ ᠪᠡᠶᠡᠯᠡᠭᠦᠯᠵᠦ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠷᠠᠳ ᠢ ᠨᠡᠭᠦᠯᠭᠡᠬᠦ | ᠶᠠᠪᠤᠴᠠ ᠳᠤ ᠦᠴᠦᠸᠠᠨ ᠰᠢᠶᠠᠨ ᠤ 45.9 ᠲᠦᠮᠡᠨ ᠮᠦ᠂ ᠴᠢᠩ ᠱᠦᠢ ᠾᠧ ᠰᠢᠶᠠᠨ ᠤ 8.4 ᠲᠦᠮᠡᠨ ᠮᠦ | ᠭᠠᠵᠠᠷ ᠰᠢᠷᠣᠶ ᠶᠢ ᠡᠷᠭᠢᠯᠳᠦᠭᠦᠯᠬᠦ ᠠᠵᠢᠯ ᠢ ᠰᠠᠶᠢᠲᠤᠷ ᠬᠢᠨ᠎ᠡ᠃ | ᠬᠥᠲᠥᠯᠥᠭᠴᠢ᠄ | ︽ᠬᠥᠮᠦᠨ ᠢ ᠶᠠᠳᠠᠭᠤ ᠠᠴᠠ ᠠᠩᠭᠢᠵᠢᠷᠠᠭᠤᠯᠵᠤ ᠬᠤᠰᠢᠭᠤ ᠰᠢᠶᠠᠨ ᠢ ᠶᠠᠳᠠᠭᠤ ᠨᠡᠷ᠎ᠡ ᠠᠴᠠ ᠰᠠᠯᠭᠠᠬᠤ︾ | ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠶᠠᠮᠠᠷ ᠶᠠᠮᠠᠷ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠠᠪᠬᠤ | ᠭᠡᠵᠦ ᠪᠠᠶᠢᠭ᠎ᠠ ᠪᠤᠢ︖ | ᠵᠠᠩ ᠰᠢᠶᠣᠤ ᠮᠢᠩ᠄ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠯ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠢ ᠦᠷᠭᠦᠯᠵᠢᠯᠡᠨ ︽ᠠᠷᠠᠳ ᠤᠨ ᠠᠮᠢᠳᠤᠷᠠᠯ ᠤᠨ ᠲᠦᠷᠦᠭᠦᠦ ᠢᠨᠵᠧᠨᠧᠷᠢᠩ︾ ᠪᠣᠯᠭᠠᠵᠤ | ᠂ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ ᠪᠣᠯᠭᠠᠬᠤ᠂ ᠭᠤᠷᠪᠠ ᠶᠢ ᠪᠠᠲᠤᠯᠠᠬᠤ︾ ᠬᠠᠷᠠᠯᠲᠠ ᠪᠣᠯᠤᠨ ︽ | ᠵᠢᠷᠭᠤᠭᠠᠨ ᠲᠤᠶᠢᠯ ᠤᠨ ᠣᠨᠣᠪᠴᠢᠲᠠᠢ ᠪᠠᠶᠢᠬᠤ︾᠂ ︽ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠶᠢᠨ | ᠲᠣᠭᠤᠷᠢᠨ ᠳᠤ᠂ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠨ ᠤ ᠬᠤᠳᠠ ᠶᠢᠨ 5 ᠬᠤᠰᠢᠭᠤ | ᠰᠢᠶᠠᠨ 4008 ᠡᠷᠦᠬᠡ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ 7994 | ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠵᠤ᠂ ᠴᠢᠩ ᠱᠦᠢ ᠾᠧ ᠰᠢᠶᠠᠨ᠂ ᠦᠴᠦᠸᠠᠨ | ᠰᠢᠶᠠᠨ ᠢ ᠶᠠᠳᠠᠭᠤ ᠨᠡᠷ᠎ᠡ ᠠᠴᠠ ᠨᠢ ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ ᠨᠢᠭᠡ ᠳᠤ ᠬᠡᠪ ᠠᠴᠠ ᠳᠠᠪᠠᠭᠰᠠᠨ | ᠬᠥᠮᠥᠨ ᠤ ᠬᠦᠴᠦᠨ ᠢ ᠪᠠᠲᠤᠯᠠᠨ᠎ᠠ᠂ ᠤᠳᠤᠷᠢᠳᠬᠤ ᠬᠥᠮᠥᠰ ︵ᠰᠢᠶᠠᠨ︶ ᠰᠢᠶᠠᠩ ᠪᠠᠯᠭᠠᠰᠤ ᠶᠢ ᠳᠠᠭᠠᠭᠠᠴᠢᠯᠠᠬᠤ᠂ | ᠨᠢᠭᠡᠴᠡ ᠨᠦᠭᠦᠳ ᠲᠣᠰᠬᠤᠨ ᠢ ᠬᠠᠪᠰᠤᠷᠬᠤ᠂ ᠡᠮᠨᠡᠯᠭᠡ ᠶᠢᠨ ᠬᠤᠷᠢᠶ᠎ᠠ ᠰᠤᠷᠭᠠᠭᠤᠯᠢ ︽ᠬᠤᠣᠰᠯᠠᠯ ᠪᠣᠯᠬᠤ︾ | ᠶᠠᠳᠠᠭᠤ ᠶᠢ ᠬᠠᠪᠰᠤᠷᠤᠨ ᠲᠡᠳᠬᠦᠬᠦ ᠠᠵᠢᠯ ᠢ ᠥᠷᠭᠦᠯᠵᠢᠯᠡᠨ ᠬᠡᠷᠡᠭᠵᠢᠭᠦᠯᠬᠦ ᠰᠠᠭᠤᠷᠢᠨ ᠳᠡᠭᠡᠷ᠎ᠡ᠂ ᠬᠠᠪᠰᠤᠷᠤᠨ | ᠲᠡᠳᠬᠦᠬᠦ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠪᠦᠬᠦ ᠬᠤᠲᠠ ᠶᠢᠨ ᠡᠯ᠎ᠡ ᠱᠠᠲᠤᠨ ᠤ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠨᠢᠭᠡ ᠳᠤ ᠨᠢᠭᠡ ᠳᠤ ᠳᠠᠭᠠᠭᠠᠴᠢᠯᠠᠭᠤᠯᠬᠤ︾ ᠪᠤᠶᠤ ︽ | ᠣᠯᠠᠭᠤᠯᠠ ᠳᠤ ᠨᠢᠭᠡ ᠶᠢ ᠳᠠᠭᠠᠭᠠᠴᠢᠯᠠᠭᠤᠯᠬᠤ ︾ ᠠᠷᠭ᠎ᠠ ᠪᠠᠷ ᠶᠠᠳᠠᠭᠤ ᠬᠦᠴᠢᠷᠳᠡᠯᠲᠡᠢ 25362 ᠬᠥᠮᠥᠨ ᠠᠮᠠ ᠶᠢ | ᠬᠤᠣᠰᠯᠠᠯ ᠪᠣᠯᠵᠤ ᠳᠠᠭᠠᠭᠠᠴᠢᠯᠠᠨ ᠲᠡᠳᠬᠦᠬᠦ ᠰᠠᠭᠤᠷᠢ ᠳᠡᠭᠡᠷ᠎ᠡ᠂ ᠪᠦᠬᠦ ᠬᠤᠲᠠ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠵᠢᠯᠣᠭᠤᠳᠬᠤ ᠭᠠᠵᠠᠷ ᠪᠠᠶᠢᠭᠤᠯᠤᠨ᠂ ᠬᠤᠰᠢᠭᠤ ᠰᠢᠶᠠᠨ ᠳᠤ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠵᠢᠯᠣᠭᠤᠳᠬᠤ ᠳᠤᠭᠤᠶᠢᠯᠠᠩ ᠲᠣᠮᠢᠯᠠᠨ ᠰᠠᠭᠤᠯᠭᠠᠵᠤ ᠬᠤᠰᠢᠭᠤ | ᠰᠢᠶᠠᠨ ᠤ ᠶᠠᠳᠠᠭᠤ ᠠᠴᠠ ᠨᠢ ᠠᠩᠭᠢᠵᠢᠷᠠᠭᠤᠯᠬᠤ ᠰᠢᠪᠲᠤᠯᠤᠯᠲᠠ ᠶᠢᠨ ᠪᠦᠬᠦ ᠶᠠᠪᠤᠴᠠ ᠳᠤ ᠰᠢᠮᠳᠠᠭᠤᠯᠤᠨ | ᠪᠠᠶᠢᠴᠠᠭᠠᠯᠲᠠ ᠬᠢᠯᠭᠡᠬᠦ ᠪᠠ ᠵᠢᠯᠣᠭᠤᠳᠣᠯᠭ᠎ᠠ ᠬᠢᠯᠭᠡᠵᠦ᠂ ᠶᠠᠳᠠᠭᠤ ᠬᠦᠴᠢᠷᠳᠡᠯᠲᠡᠢ191 ᠲᠣᠰᠬᠤᠨ ᠳᠤ 660 ᠺᠠᠳ᠋ᠷ | ᠲᠣᠮᠢᠯᠠᠨ ᠰᠠᠭᠤᠯᠭᠠᠵᠤ᠂ ᠺᠠᠳ᠋ᠷᠴᠤᠳ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠡᠷᠴᠢᠮ ᠢ | ᠴᠢᠩᠭᠠᠷᠠᠭᠤᠯᠤᠨ᠎ᠠ᠃ ᠡᠯ᠎ᠡ ᠱᠠᠲᠤᠨ ᠤ ᠶᠠᠳᠠᠭᠤ ᠶᠢ ᠲᠡᠳᠬᠦᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠤᠯᠠᠮ ᠴᠢᠩᠭᠠᠳᠬᠠᠨ᠎ᠠ᠃ ᠬᠤᠶᠠᠷ ᠲᠤ | ᠬᠡᠪ ᠠᠴᠠ ᠳᠠᠪᠠᠭᠰᠠᠨ ᠰᠢᠨ᠎ᠡ ᠡᠭᠦᠳᠦᠯᠲᠡ ᠶᠢᠨ ᠠᠷᠭ᠎ᠠ ᠬᠡᠮᠵᠢᠶ᠎ᠡ ᠪᠣᠯᠣᠨ᠎ᠠ᠂ ︽ᠶᠠᠳᠠᠭᠤ ᠶᠢ ᠲᠡᠳᠬᠦᠬᠦ ᠡᠭᠦᠯᠡ︾ | ᠲᠠᠪᠴᠠᠩ ᠢ ᠪᠦᠲᠦᠭᠡᠨ ᠪᠠᠶᠢᠭᠤᠯᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ | ᠡᠷᠦᠬᠡ ᠶᠢᠨ ᠪᠠᠶᠢᠩᠭᠤᠵᠢᠭᠤᠯᠤᠭᠰᠠᠨ᠂ ᠲᠣᠭᠲᠠᠴᠠᠵᠢᠭᠤᠯᠤᠭᠰᠠᠨ᠂ ᠵᠢᠷᠤᠮᠵᠢᠭᠤᠯᠤᠭᠰᠠᠨ᠂ ᠲᠠᠪᠴᠠᠩ ᠳᠤ | ᠬᠠᠨᠳᠤᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ︔ ᠠᠵᠤ ᠦᠢᠯᠡᠰᠵᠢᠭᠦᠯᠦᠭᠰᠡᠨ ᠪᠡᠯᠡ ᠮᠥᠩᠭᠦᠨ ᠤ ᠳᠡᠮᠵᠢᠬᠦ | ᠡᠷᠴᠢᠮ ᠢ ᠴᠢᠩᠭᠠᠷᠠᠭᠤᠯᠤᠨ᠎ᠠ︔ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ | ᠢᠨᠵᠧᠨᠧᠷᠢᠩ ᠢ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠲᠤ ᠬᠦᠷᠲᠡᠯ᠎ᠡ ᠥᠷᠭᠡᠵᠢᠭᠦᠯᠦᠨ᠎ᠡ︔ | ᠭᠤᠣᠯᠳᠠᠯᠭ᠎ᠠ ᠲᠠᠢ ᠬᠤᠰᠢᠭᠤ ᠰᠢᠶᠠᠨ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠲᠠᠷᠢᠶᠠᠯᠠᠩ ᠳᠤ | ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠳᠤᠨᠢ ᠳᠡᠮᠵᠢᠯᠭᠡ ᠦᠵᠡᠭᠦᠯᠦᠨ᠎ᠡ︔ | ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ ᠰᠠᠭᠤᠷᠢ ᠮᠥᠩᠭᠦ ᠶᠢ ᠪᠠᠶᠢᠭᠤᠯᠬᠤ ᠪᠠ ᠳᠠᠭᠠᠳᠬᠠᠯ ᠢᠶᠠᠷ ᠶᠠᠳᠠᠭᠤ ᠶᠢ | ᠲᠡᠳᠬᠦᠬᠦ ᠠᠵᠢᠯ ᠢ ᠠᠬᠢᠭᠤᠯᠤᠨ᠎ᠠ᠃ ᠭᠤᠷᠪᠠ ᠳᠤ ᠬᠡᠪ ᠠᠴᠠ ᠳᠠᠪᠠᠭᠰᠠᠨ ᠲᠡᠭᠦᠯᠳᠡᠷ ᠲᠣᠭᠲᠠᠴᠠ ᠶᠢ ᠪᠠᠶᠢᠭᠤᠯᠤᠨ᠎ᠠ᠂ | ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠥᠳᠡᠯᠦᠩᠭᠦᠶ ᠪᠦᠷᠢᠳᠬᠡᠵᠦ ᠬᠢᠨᠠᠬᠤ ᠶᠢ | ᠴᠢᠩᠭᠠᠳᠬᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠠᠩᠰᠠᠯᠠᠵᠤ ᠺᠠᠷᠲᠯᠠᠬᠤ ᠠᠵᠢᠯ ᠢ ᠦᠷᠭᠦᠯᠵᠢᠯᠡᠨ | ᠪᠦᠷᠢᠨᠰᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠢᠯᠭᠠᠬᠤ | ᠲᠤᠲᠤᠯᠠᠬᠤ ᠪᠠ ᠮᠡᠳᠡᠭᠡ ᠵᠠᠩᠭᠢ ᠶᠢᠨ ᠣᠨᠣᠪᠴᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠨ᠎ᠠ᠃ | ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠢ ᠮᠠᠭᠠᠳᠯᠠᠨ ᠲᠣᠭᠲᠠᠭᠠᠬᠤ ᠲᠣᠭᠲᠠᠴᠠ ᠶᠢ | ᠪᠠᠶᠢᠭᠤᠯᠤᠨ᠂ ᠶᠠᠳᠠᠭᠤ ᠬᠦᠴᠢᠷᠳᠡᠯᠲᠡᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠴᠢᠩᠭ᠎ᠠ ᠵᠢᠷᠤᠮᠵᠢᠭᠤᠨ | ᠪᠥᠭᠡᠳ ᠢᠯᠡ ᠲᠣᠳᠣᠷᠬᠠᠶ ᠪᠠᠷᠢᠮᠵᠢᠶ᠎ᠠ᠂ ᠳᠡᠰ ᠳᠠᠷᠠᠭᠠᠯᠠᠯ᠂ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠨ᠎ᠠ | ᠃ ᠶᠠᠳᠠᠭᠤ ᠶᠢ ᠲᠡᠳᠬᠦᠬᠦ ᠠᠵᠢᠯ ᠤᠨ ᠠᠮᠵᠢᠯᠲᠠ ᠪᠦᠲᠦᠮᠵᠢ ᠳᠤ ᠨᠡᠶᠢᠭᠡᠮ ᠠᠴᠠ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠤᠯᠠᠨ ᠲᠦᠮᠡᠨ ᠤ ᠶᠠᠳᠠᠭᠤ ᠶᠢ ᠲᠡᠳᠬᠦᠬᠦ ᠠᠵᠢᠯ ᠳᠠᠬᠢ | ᠲᠠᠭᠠᠰᠢᠶᠠᠯ ᠤᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠤᠳᠤᠬᠤ ᠪᠠ ᠶᠠᠳᠠᠭᠤ ᠶᠢ ᠳᠡᠳᠭᠦᠭᠰᠡᠨ ᠦᠷ᠎ᠡ | ᠪᠦᠲᠦᠮᠵᠢ ᠶᠢ ᠭᠤᠷᠪᠠᠳᠤᠭᠠᠷ ᠲᠠᠯ᠎ᠠ ᠠᠴᠠ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ | ᠶᠡᠷᠦᠩᠬᠡᠶ ᠱᠦᠵᠢ ᠰᠢ ᠶᠢᠨ ᠫᠢᠩ 2017 ᠣᠨ ᠤ ᠰᠢᠨ᠎ᠡ ᠵᠢᠯ ᠤᠨ ᠪᠠᠶᠠᠷ ᠤᠨ ᠦᠭᠡᠨ ᠳᠡᠭᠡᠨ ︽ᠮᠠᠨ ᠤ | 13 ᠳ᠋ᠦᠩᠰᠢᠭᠤᠷ ᠭᠠᠷᠤᠶ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠳᠠᠭ ᠶᠤᠮ ᠪᠣᠯ᠂ ᠮᠠᠨ ᠤ | ᠨᠠᠮ ᠬᠡᠵᠢᠶ᠎ᠡ ᠡᠭᠦᠷᠢᠳᠡ ᠠᠷᠠᠳ ᠲᠦᠮᠡᠨ ᠤ ᠲᠠᠯ᠎ᠠ ᠳᠤ ᠵᠣᠭᠰᠣᠭᠠᠳ᠂ ᠤᠯᠠᠨ ᠢᠶᠠᠷ ᠢᠶᠠᠨ ᠬᠠᠨᠴᠤᠢ ᠰᠢᠮᠠᠯᠠᠨ | ᠴᠢᠷᠮᠠᠶᠢᠨ ᠠᠵᠢᠯᠯᠠᠳᠠᠭ ᠯᠡ ᠶᠤᠮ ᠪᠣᠯ᠂ ᠮᠠᠨ ᠤ ᠡᠨᠡ ᠨᠢᠭᠡ ᠦᠶ᠎ᠡ ᠶᠢᠨ ᠬᠥᠮᠦᠨ ᠤ ᠠᠶᠠᠨ ᠤ ᠤᠷᠳᠤ ᠵᠠᠮ ᠢ | ᠯᠠᠪᠲᠠᠶᠢᠶ᠎ᠠ ᠰᠠᠶᠢᠨ ᠠᠶᠠᠯᠠᠵᠤ ᠴᠢᠳᠠᠨ᠎ᠠ︾ ᠭᠡᠵᠦ ᠵᠢᠭᠠᠵᠤ ᠭᠠᠷᠭᠠᠪᠠ᠂ ᠡᠶᠢᠮᠦ ᠠᠴᠠ᠂ ᠪᠢᠳᠡ ᠦᠨᠡᠨ ᠰᠡᠳᠬᠢᠯ | ᠪᠦᠬᠦ ᠬᠦᠴᠦ ᠪᠠᠷ ᠢᠶᠠᠨ᠂ ᠦᠨᠡᠨ ᠪᠤᠳᠠᠲᠠᠢ ᠰᠠᠶᠢᠨ ᠰᠤᠷᠴᠤ ᠰᠠᠶᠢᠨ ᠠᠳᠬᠤᠵᠤ ᠴᠢᠷᠮᠠᠶᠢᠨ ᠠᠵᠢᠯᠯᠠᠵᠤ᠂ ᠶᠠᠳᠠᠭᠤ | ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠪᠠᠳᠠᠷᠠᠭᠤᠯᠬᠤ ᠶᠢ ᠢᠮᠠᠭᠲᠠ ᠲᠤᠤᠱᠯᠠᠭᠤᠯᠵᠤ᠂ ᠤᠯᠠᠨ | ᠲᠦᠮᠡᠨ ᠢ ᠦᠵᠡᠰᠬᠦᠯᠡᠩᠲᠦ ᠰᠠᠶᠢᠬᠠᠨ ᠡᠬᠡ ᠨᠤᠲᠤᠭ ᠢᠶᠠᠨ ᠪᠦᠲᠦᠭᠡᠨ ᠪᠠᠶᠢᠭᠤᠯᠬᠤ᠂ ᠪᠦᠬᠦ ᠲᠠᠯ᠎ᠠ ᠪᠠᠷ | ᠴᠢᠨᠡᠭᠡᠯᠢᠭᠵᠢᠬᠦ ᠲᠡᠰᠢ ᠤᠷᠤᠭᠰᠢᠯᠠᠬᠤ ᠭᠤᠣᠯ ᠬᠦᠴᠦᠨ ᠪᠣᠯᠭᠠᠵᠤ᠂ ᠪᠦᠬᠦ ᠬᠤᠲᠠ ᠶᠢᠨ ᠡᠯ᠎ᠡ ᠱᠠᠲᠤᠨ ᠤ ᠺᠠᠳ᠋ᠷ | ᠤᠯᠠᠨ ᠲᠦᠮᠡᠨ ᠤ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠤᠶᠢᠯ ᠤᠨ ᠣᠨᠣᠪᠴᠢᠲᠠᠢ ᠪᠠᠷ | ᠶᠠᠳᠠᠭᠤ ᠶᠢ ᠳᠡᠳᠬᠦᠵᠦ ᠶᠠᠳᠠᠭᠤ ᠠᠴᠠ ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ | ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠬᠥᠬᠡᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ | ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠣᠢ ᠪᠣᠯᠭᠠᠵᠤ᠂ | ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠤᠭᠲᠤᠨ᠂ ᠥᠪᠡᠷᠲᠡᠭᠡᠨ | ᠵᠠᠰᠠᠬᠤ ᠣᠷᠣᠨ ᠤ 70 ᠵᠢᠯ ᠤᠨ ᠤᠢ ᠳᠤ ᠨᠢᠭᠡ ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ | ᠭᠠᠷᠳᠠᠭᠤᠯᠤᠨ᠎ᠠ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠵᠠᠩ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠲᠠᠯᠠᠷᠬᠠᠵᠤ | ᠪᠠᠶᠢᠨ᠎ᠠ᠃ ᠪᠢᠲᠡ ᠴᠦ ᠬᠥᠬᠡᠬᠤᠲᠠ ᠶᠢᠨ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠵᠦ ᠶᠠᠳᠠᠭᠤ ᠠᠴᠠ | ᠠᠩᠭᠢᠵᠢᠷᠠᠭᠤᠯᠬᠤ ᠪᠠ ᠰᠢᠨ᠎ᠡ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠠᠩᠭᠢᠯᠠᠭ᠎ᠠ ᠶᠢᠨ | ᠢᠯᠠᠯᠲᠠ ᠶᠢ ᠣᠯᠵᠤ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠤᠢ | ᠪᠣᠯᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠭᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ | ᠲᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠣᠯᠭᠠᠶ᠎ᠠ︕ |