ᠥᠪᠥᠷ ᠮᠣᠩᠭᠤᠯ ᠤᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠲᠤᠮᠤ ᠳ᠋ᠠᠶᠢᠲ᠋ᠠ ᠶᠢᠨ ᠲᠥᠪ ᠠᠵᠢᠯᠯᠠᠵᠤ ᠡᠬᠢᠯᠡᠪᠡ
ᠨᠡᠶᠢᠲᠡᠯᠡᠭᠰᠡᠨ ᠴᠠᠭ᠄
2017/6/22
     6 ᠳ᠋ᠤᠭᠠᠷ ᠰᠠᠷ᠎ᠠ ᠶᠢᠨ 19᠎ ᠤ ᠡᠳᠦᠷ᠂ ᠣᠷᠳᠣᠰ ᠬᠤᠲᠠ ᠶᠢᠨ ᠤᠳᠤᠭ ᠤᠨ ᠡᠮᠦᠨᠡᠲᠦ ᠬᠤᠰᠢᠭᠤ ᠶᠢᠨ ᠲᠤᠮᠤ ᠳ᠋ᠠᠶᠢᠲ᠋ᠠ ᠶᠢᠨ ᠲᠥᠪ ᠤᠨ ᠠᠵᠢᠯᠲᠠᠨ ᠶᠠᠭ ᠨᠠᠷᠢᠨ ᠬᠢᠨᠠᠮᠠᠭᠠᠶ ᠠᠵᠢᠯᠯᠠᠵᠤ ᠪᠣᠢ᠃ ᠤᠳᠤᠭ ᠤᠨ ᠡᠮᠦᠨᠡᠲᠦ ᠬᠤᠰᠢᠭᠤ ᠶᠢᠨ ᠲᠤᠮᠤ ᠳ᠋ᠠᠶᠢᠲ᠋ᠠ ᠶᠢᠨ ᠲᠥᠪ ᠣᠶᠢᠷ᠎ᠠ ᠳᠤ ᠵᠢᠩᠬᠢᠨᠢ ᠪᠠᠷ ᠠᠵᠢᠯᠯᠠᠵᠤ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠬᠤᠰᠢᠭᠤ ᠰᠢᠶᠠᠨ ᠤ ᠱᠠᠲᠤᠨ ᠤ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠲᠠᠪᠴᠠᠩ ᠪᠣᠯᠵᠠᠢ᠃      ᠣᠶᠢᠯᠠᠭᠠᠭᠰᠠᠨ ᠢᠶᠠᠷ᠂ ᠲᠤᠰ ᠲᠥᠪ ᠤᠨ ᠭᠤᠣᠯ ᠶᠡᠷᠦᠩᠬᠡᠶᠢᠯᠡᠨ ᠵᠢᠯᠣᠭᠤᠳᠤᠨ ᠲᠣᠬᠢᠷᠠᠭᠤᠯᠬᠤ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠲᠥᠪ ᠨᠢ ᠪᠦᠭᠦ ᠬᠤᠰᠢᠭᠤ ᠶᠢᠨ ᠡᠯ᠎ᠡ ᠰᠠᠯᠠᠭ᠎ᠠ ᠮᠥᠴᠢᠷ ᠤᠨ 11 ᠬᠠᠷᠠᠭᠠᠨ ᠲᠠᠪᠲᠠᠮᠵᠢ ᠶᠢᠨ ᠵᠥᠭᠯᠡᠭᠦᠷ᠂ 17 ᠲᠠᠪᠴᠠᠩ᠂ 3 ᠰᠦᠯᠵᠢᠶᠡᠨ ᠥᠷᠲᠡᠭᠡ ᠶᠢ ᠡᠮᠬᠢᠯᠡᠨ ᠨᠡᠶᠢᠯᠡᠭᠦᠯᠵᠦ᠂ ᠤᠯᠠᠨ ᠳᠦᠷᠢᠮ ᠢ ᠨᠢᠭᠡᠳᠬᠡᠭᠰᠡᠨ ᠰᠠᠭᠤᠷᠢ ᠳ᠋ᠠᠶᠢᠲ᠋ᠠ ᠬᠥᠮᠥᠷᠭᠡ ᠶᠢ ᠪᠦᠷᠢᠯᠳᠦᠭᠦᠯᠵᠦ᠂ ᠪᠦᠭᠦ ᠬᠤᠰᠢᠭᠤ ᠶᠢᠨ 4 ᠪᠠᠯᠭᠠᠰᠤ ᠲᠤᠭᠤᠷᠢᠭ ᠪᠠ 18 ᠲᠥᠪᠯᠡᠷᠡᠨ ᠰᠠᠭᠤᠷᠢᠰᠢᠭᠰᠠᠨ ᠮᠠᠯᠵᠢᠬᠤ ᠲᠠᠷᠢᠶᠠᠯᠠᠬᠤ ᠨᠡᠶᠢᠭᠡᠮ ᠲᠣᠭᠤᠷᠢᠭ ᠢ ᠬᠠᠮᠤᠷᠴᠤ᠂ ᠳ᠋ᠠᠶᠢᠲ᠋ᠠ ᠶᠢᠨ ᠡᠬᠢ ᠪᠠᠶᠠᠯᠢᠭ ᠢ ᠬᠠᠷᠢᠯᠴᠠᠨ ᠨᠡᠪᠲᠡᠷᠡᠯᠴᠡᠭᠦᠯᠵᠦ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠲᠤᠮᠤ ᠳ᠋ᠠᠶᠢᠲ᠋ᠠ ᠶᠢᠨ ᠬᠡᠷᠡᠭᠯᠡᠭᠡᠨ ᠢᠶᠠᠷ ᠡᠯ᠎ᠡ ᠲᠦᠷᠦᠯ ᠤᠨ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠬᠥᠲᠥᠯᠥᠨ ᠵᠢᠯᠣᠭᠤᠳᠬᠤ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号