ᠦᠪᠦᠷ ᠮᠤᠩᠭᠤᠯ 12 ᠠᠶᠢᠮᠠᠭ ᠬᠤᠲᠠ ᠳᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠶᠡᠬᠡᠪᠠᠷ ᠪᠠᠶᠢᠴᠠᠭᠠᠬᠤ ᠠᠵᠢᠯᠯᠠᠭ᠎ᠠ ᠦᠷᠨᠢᠭᠦᠯᠵᠦ ᠡᠬᠢᠯᠡᠯ᠎ᠡ
ᠨᠡᠶᠢᠲᠡᠯᠡᠭᠰᠡᠨ ᠴᠠᠭ᠄
2017/6/22
      ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠬᠢᠨᠠᠠ ᠪᠠᠶᠢᠴᠠᠭᠠᠬᠤ ᠬᠠᠷᠢᠭᠤ ᠲᠤᠰᠬᠠᠭᠰᠠᠠ ᠰᠠᠨᠠᠯ ᠢ ᠴᠡᠭᠴᠡᠯᠡᠡ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠦᠨᠵᠡᠭᠡᠢ ᠠᠬᠢᠭᠤᠯᠵᠦ᠂ ᠪᠦᠬᠦ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠶᠢᠨ ᠲᠦᠯᠦᠭᠡ᠂ ᠲᠦᠷᠦᠭᠦᠭᠡᠡ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠪᠦᠬᠦ ᠤᠷᠤᠨ ᠳᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢ ᠶᠡᠬᠡᠪᠠᠷ ᠪᠠᠶᠢᠴᠠᠭᠠᠬᠤ ᠠᠵᠢᠯ ᠢ ᠵᠤᠬᠢᠶᠠᠠ ᠪᠠᠶᠢᠭᠤᠯᠵᠤ ᠦᠷᠨᠢᠬᠦᠯᠵᠤ ᠡᠬᠢᠯᠡᠯ᠎ᠡ᠃ ᠲᠤᠰ ᠤᠲᠠᠭ᠎ᠠ ᠶᠢᠨ ᠶᠡᠭᠡ ᠪᠠᠶᠢᠴᠠᠭᠠᠯᠲᠠ ᠳᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠭᠤᠤᠯᠲᠠᠯᠭ᠎ᠠ ᠲᠠᠢ ᠠᠵᠦ ᠠᠬᠤᠶᠢᠯᠠᠯ ᠤᠨ ᠦᠪᠡᠷ ᠢ ᠪᠠᠨ ᠪᠠᠶᠢᠴᠠᠭᠠᠵᠤ ᠦᠪᠡᠷ ᠢ ᠪᠠᠨ ᠵᠠᠯᠠᠷᠠᠭᠤᠯᠬᠤ᠂ ᠠᠶᠢᠢᠮᠠᠭ ᠬᠤᠲᠠ᠂ ᠬᠤᠰᠢᠭᠤ ᠰᠢᠶᠠᠠ ᠪᠦᠬᠦ ᠲᠠᠯ᠎ᠠ ᠪᠠᠷ ᠪᠠᠶᠢᠴᠠᠭᠠᠬᠤ᠂ ᠦᠪᠡᠷᠲᠡᠭᠡᠡ ᠵᠠᠰᠬᠠᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠠᠵᠢᠯ ᠲᠦᠷᠦᠯ ᠢᠶᠠᠷ ᠨᠢ ᠲᠤᠰᠬᠠᠢ ᠪᠠᠶᠢᠴᠠᠭᠠᠬᠤ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠠᠴᠠ ᠶᠡᠷᠦᠩᠭᠡᠢ ᠳᠤᠨᠢ ᠬᠢᠨᠠᠠ ᠪᠠᠶᠢᠴᠠᠭᠠᠬᠤ ᠵᠡᠷᠭᠡ ᠠᠷᠭ᠎ᠠ ᠶᠢ ᠠᠪᠴᠠᠢ᠃ ᠪᠠᠶᠢᠴᠠᠭᠠᠬᠤ ᠬᠦᠷᠢᠶ᠎ᠠ ᠬᠡᠪᠴᠢᠶ᠎ᠠ ᠨᠢ ᠪᠦᠬᠦ ᠤᠷᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠭᠤᠤᠯᠲᠠᠯᠭ᠎ᠠ ᠲᠠᠢ ᠠᠵᠦ ᠠᠬᠤᠶᠢᠯᠠᠯ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠦᠷᠢᠮ ᠢ ᠵᠢᠷᠤᠮᠯᠠᠠ ᠰᠠᠬᠢᠭᠰᠠᠠ ᠪᠠᠶᠢᠳᠠᠯ︔ ᠡᠯ᠎ᠠ ᠠᠶᠢᠮᠠᠭ ᠬᠤᠲᠠ᠂ ᠬᠤᠰᠢᠭᠤ ᠰᠢᠶᠠᠠ ︵ᠬᠤᠳᠠ᠂ ᠳᠤᠭᠤᠷᠢᠬ︶᠎ ᠤ ᠨᠠᠮ ᠤᠨ ᠬᠤᠷᠢᠶ᠎ᠠ ᠵᠠᠰᠠᠬ ᠤᠨ ᠤᠷᠳᠦᠡ ᠳᠦᠪ ᠤᠨ᠂ ᠦᠪᠡᠷᠳᠡᠬᠡᠡ ᠵᠠᠰᠠᠬᠤ ᠤᠷᠦᠠ ᠤ ᠠᠮᠢ ᠠᠬᠤᠢ ᠶᠢᠨ ᠤᠷᠴᠢᠠ ᠳᠤᠭᠤᠷᠢᠠ ᠤ ᠬᠠᠮᠠᠭᠠᠯᠠᠯᠳᠠ ᠶᠢᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠳᠤᠤᠱᠯᠠᠭᠤᠯᠤᠬᠰᠠᠠ ᠵᠢᠴᠢ ︽ᠨᠠᠮ ᠵᠠᠰᠠᠬ ᠬᠠᠮᠳᠦ ᠬᠠᠷᠢᠭᠤᠴᠠᠯᠭ᠎ᠠ ᠡᠬᠦᠷᠬᠡᠯᠡᠬᠦ᠂ ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠬᠡᠯᠡᠬᠦ︾᠎ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠦᠪᠡᠷᠳᠡᠬᠡᠡ ᠵᠠᠰᠠᠬᠤ ᠤᠷᠦᠠ ᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ︽ᠨᠠᠮ ᠤᠨ ᠬᠤᠷᠢᠶ᠎ᠠ ᠵᠠᠰᠠᠬ ᠤᠨ ᠤᠷᠳᠦᠡ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠷᠴᠢᠠ ᠳᠤᠭᠤᠷᠢᠠ ᠤ ᠬᠠᠮᠠᠭᠠᠯᠠᠯᠳᠠ ᠶᠢᠨ ᠠᠵᠢᠯ ᠤᠨ ᠳᠤᠰᠢᠶᠠᠯ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠤᠷᠴᠢᠠ ᠳᠤᠭᠤᠷᠢᠠ ᠤ ᠬᠠᠮᠠᠭᠠᠯᠠᠯᠳᠠ ᠶᠢᠨ ᠡᠬᠦᠷᠬᠡ ᠴᠢᠳᠠᠪᠬᠢ ᠳᠤᠰᠢᠶᠠᠯ ᠬᠠᠷᠢᠭᠤᠴᠠᠯᠭ᠎ᠠ ᠪᠠᠨ ᠬᠦᠢᠴᠠᠳᠬᠡᠭᠰᠠᠠ ᠪᠠᠶᠢᠳᠠᠯ ᠵᠡᠷᠬᠡ᠃ ᠪᠠᠶᠢᠴᠠᠭᠠᠯᠲᠠ ᠶᠢᠨ ᠠᠭᠤᠯᠭ᠎ᠠ ᠳᠤ ᠳᠦᠪ ᠤᠨ ᠠᠮᠢ ᠠᠬᠤᠢ ᠶᠢᠨ ᠪᠤᠯᠪᠠᠰᠦᠡ ᠤ ᠪᠠᠶᠢᠭᠤᠯᠤᠯᠲᠠ ᠶᠢᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠳᠤᠤᠱᠯᠠᠭᠤᠯᠤᠠ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠢ ᠠᠬᠤᠢ ᠶᠢᠨ ᠪᠠᠶᠢᠭᠤᠯᠤᠯᠲᠠ ᠶᠢᠨ ᠳᠤᠬᠠᠢ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ ᠵᠠᠰᠠᠬ ᠤᠨ ᠤᠷᠳᠦᠡ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠳᠤᠤᠱᠯᠠᠭᠤᠯᠤᠠ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠦᠪ ᠤᠨ ᠤᠷᠴᠢᠠ ᠳᠤᠭᠤᠷᠢᠠ ᠤ ᠬᠠᠮᠠᠭᠠᠯᠠᠯᠳᠠ ᠶᠢ ᠬᠢᠨᠠᠠ ᠪᠠᠶᠢᠴᠠᠭᠠᠭᠠᠳ ᠬᠠᠷᠢᠭᠤ ᠲᠤᠰᠬᠠᠭᠰᠠᠨ ᠰᠠᠨᠠᠯ ᠢ ᠬᠠᠯᠠᠠ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠦᠠ ᠤ ᠬᠠᠮᠢᠶᠠᠷᠦᠯᠳᠠ ᠵᠡᠷᠬᠡ 9 ᠵᠦᠢᠯ ᠤᠨ ᠠᠭᠤᠯᠭ᠎ᠠ ᠪᠤᠢ᠃      ᠤᠶᠢᠯᠠᠭᠠᠭᠰᠠᠨ ᠢᠶᠠᠷ᠂ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ᠂ ᠵᠠᠰᠠᠬ ᠤᠨ ᠤᠷᠳᠦᠡ 12 ᠬᠢᠨᠠᠠ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 6 ᠳ᠋ᠤᠭᠠᠷ ᠰᠠᠷ᠎ᠠ ᠶᠢᠨ 21᠎ ᠤ ᠡᠳᠦᠷ ᠠᠴᠠ ᠡᠬᠢᠯᠡᠡ ᠡᠯ᠎ᠠ ᠠᠶᠢᠮᠠᠭ ᠬᠤᠳᠠ ᠳᠤ ᠰᠢᠮᠳᠠᠭᠤᠯᠤᠨ ᠪᠠᠶᠢᠴᠠᠭᠠᠬᠤ ᠠᠵᠢᠯ ᠦᠷᠨᠢᠬᠦᠯᠤᠨ᠎ᠠ᠃ ᠬᠢᠨᠠᠠ ᠪᠠᠶᠢᠴᠠᠭᠠᠬᠤ ᠠᠵᠢᠯ ᠨᠢ ᠭᠤᠤᠯᠳᠠᠭᠤ ᠠᠵᠢᠯ ᠤᠨ ᠬᠠᠷᠢᠭᠤ ᠮᠠᠳᠠᠬᠦᠯᠤᠯᠳᠡ ᠶᠢᠨ ᠬᠤᠷᠠᠯ ᠬᠤᠷᠠᠯᠳᠤᠭᠤᠯᠬᠤ᠂ ᠤᠠᠴᠠ ᠵᠠᠷᠢᠮ ᠬᠦᠮᠦᠠ ᠲᠠᠢ ᠶᠠᠷᠢᠯᠴᠠᠬᠤ᠂ ᠪᠢᠴᠢᠭ ᠮᠠᠲ᠋ᠧᠷᠢᠶᠠᠯ ᠢ ᠬᠢᠨᠠᠠ ᠦᠵᠡᠬᠦ᠂ ᠳᠤᠷᠦᠬᠰᠢ ᠪᠠᠭᠤᠵᠦ ᠰᠢᠮᠳᠠᠭᠤᠯᠤᠨ ᠪᠠᠶᠢᠴᠠᠭᠠᠬᠤ᠂ ᠤᠳᠠᠰᠦ ᠪᠠᠷ ᠢᠯᠠᠴᠢᠯᠡᠬᠦ ᠶᠢ ᠬᠦᠯᠢᠶᠠᠠ ᠠᠪᠬᠤ᠂ ᠪᠤᠴᠠᠭᠠᠠ ᠢᠷᠡᠬᠦᠯᠦᠭᠰᠡᠡ ᠰᠠᠨᠠᠯ ᠢ ᠬᠢᠨᠠᠠ ᠪᠠᠶᠢᠴᠠᠭᠠᠬᠤ ᠵᠡᠷᠬᠡ ᠳᠡᠰ ᠳᠠᠷᠠᠭᠠᠯᠠᠯ ᠢᠶᠠᠷ ᠶᠠᠪᠤᠬᠳᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号