ᠥᠪᠥᠷ ᠵᠠᠰᠠᠭ ᠲᠠᠷᠬᠠᠭᠠᠭᠰᠠᠨ ﹇2017﹈ 22 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 16 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠳᠤᠮᠳᠠᠲᠤ ᠤᠯᠤᠰ ᠤᠨ ᠠᠷᠠᠳ ᠤᠨ ᠪᠠᠩᠬᠢ ᠵᠡᠷᠭᠡ ᠳᠣᠯᠣᠭᠠᠨ ᠶᠠᠮᠤᠨ ᠵᠦᠪᠯᠡᠯ ᠤᠨ ︽ᠵᠦᠢ ᠶᠤᠰᠤᠨ ᠤ | ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠲᠤᠬᠠᠢ ᠵᠢᠯᠣᠭᠤᠳᠬᠤ ᠰᠠᠨᠠᠯ︾ ︵ᠪᠠᠩᠬᠢ | ᠲᠠᠷᠬᠠᠭᠠᠭᠰᠠᠨ ﹇2016﹈ 228 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ | ᠤᠳᠠᠭᠠᠨ ᠤ ᠨᠠᠮ ᠤᠨ ᠲᠥᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠴᠡᠪᠡᠷ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠢᠳᠡᠪᠬᠢᠲᠡᠢ | ᠴᠣᠭᠴᠠᠯᠠᠨ ᠪᠠᠶᠢᠭᠤᠯᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠴᠦ᠂ | ᠪᠣᠬᠢᠷᠳᠦᠯ ᠦᠭᠡᠢ ᠠᠵᠤ ᠦᠢᠯᠡᠰ ᠤᠨ ᠬᠦᠭᠵᠢᠯᠲᠡ ᠶᠢ ᠳᠡᠮᠵᠢᠵᠦ᠂ ᠪᠣᠬᠢᠷᠳᠦᠯ ᠦᠭᠡᠢ ᠠᠮᠢ ᠠᠬᠤᠢ ᠶᠢᠨ | ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠴᠢᠬᠤᠯᠠ ᠠᠴᠢ ᠬᠤᠯᠪᠣᠭᠳᠠᠯ᠂ ᠵᠢᠯᠣᠭᠤᠳᠬᠤ ᠦᠵᠡᠯ ᠰᠠᠨᠠᠭ᠎ᠠ ᠪᠠ ᠬᠦᠭᠵᠢᠯᠲᠡ ᠶᠢᠨ ᠬᠠᠷᠠᠯᠲᠠ | ︵ᠨᠢᠭᠡ︶ ᠴᠢᠬᠤᠯᠠ ᠠᠴᠢ ᠬᠤᠯᠪᠣᠭᠳᠠᠯ᠃ ᠵᠦᠢ ᠶᠤᠰᠤᠨ ᠤ ᠮᠦᠩᠭᠦᠨ ᠭᠦᠢᠯᠭᠡᠭᠡᠨ ᠪᠣᠯ ᠣᠷᠴᠢᠨ | ᠲᠣᠭᠤᠷᠢᠨ ᠢ ᠰᠠᠶᠢᠵᠢᠷᠠᠭᠤᠯᠬᠤ ᠶᠢ ᠳᠡᠮᠵᠢᠬᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠡᠬᠢ | ᠪᠠᠶᠠᠯᠢᠭ ᠢ ᠭᠠᠮᠨᠠᠨ ᠠᠷᠪᠢᠯᠠᠵᠤ ᠦᠨᠳᠦᠷ ᠪᠦᠲᠦᠮᠵᠢᠲᠡᠢ ᠪᠠᠷ ᠠᠰᠢᠭᠯᠠᠬᠤ ᠠᠵᠤ ᠠᠬᠤᠢ ᠶᠢᠨ ᠠᠵᠢᠯᠯᠠᠭ᠎ᠠ ᠳᠤ | ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠢ᠃ ᠣᠳᠣᠬᠠᠨ ᠳᠤ᠂ ᠥᠪᠡᠷᠲᠡᠭᠡᠨ ᠵᠠᠰᠠᠬᠤ | ᠣᠷᠣᠨ ᠶᠠᠭ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠪᠠ ᠬᠦᠭᠵᠢᠯᠲᠡ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠬᠤ ᠶᠢᠨ ᠵᠠᠩᠭᠢᠯᠠᠭ᠎ᠠ ᠶᠢᠨ ᠴᠠᠭ ᠬᠤᠭᠤᠴᠠᠭᠠᠨ ᠳᠤ ᠪᠠᠶᠢᠵᠤ᠂ ᠪᠣᠬᠢᠷᠳᠦᠯ ᠦᠭᠡᠢ ᠠᠵᠤ ᠦᠢᠯᠡᠰ ᠤᠨ | ᠬᠦᠭᠵᠢᠯᠲᠡ ᠪᠠ ᠤᠯᠠᠮᠵᠢᠯᠠᠯᠲᠤ ᠠᠵᠤ ᠦᠢᠯᠡᠰ ᠤᠨ ᠪᠣᠬᠢᠷᠳᠦᠯ ᠦᠭᠡᠢ ᠥᠭᠡᠷᠡᠴᠢᠯᠠᠨ ᠰᠠᠶᠢᠵᠢᠷᠠᠭᠤᠯᠬᠤ ᠨᠢ | ᠮᠦᠩᠭᠦᠨ ᠭᠦᠢᠯᠭᠡᠭᠡᠨ ᠳᠠᠬᠢ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠴᠢᠩᠭᠠᠷᠠᠵᠤ ᠪᠠᠶᠢᠨ᠎ᠠ᠃ ᠵᠦᠢ ᠶᠤᠰᠤᠨ ᠤ | ᠮᠦᠩᠭᠦᠨ ᠭᠦᠢᠯᠭᠡᠭᠡᠨ ᠢ ᠬᠦᠭᠵᠢᠭᠦᠯᠬᠦ ᠪᠣᠯ ᠬᠦᠴᠦᠨ ᠵᠦᠢᠯ ᠤᠨ ᠡᠬᠢ ᠪᠠᠶᠠᠯᠢᠭ ᠢ ᠪᠦᠲᠦᠮᠵᠢᠲᠡᠢ ᠬᠦᠲᠦᠯᠦᠨ | ᠵᠢᠯᠣᠭᠤᠳᠴᠦ ᠪᠠᠶᠢᠭᠠᠳ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠲᠡᠰᠢ ᠵᠦᠢ | ᠵᠣᠬᠢᠰᠲᠠᠢ ᠪᠠᠷ ᠲᠣᠬᠢᠷᠠᠭᠤᠯᠬᠤ ᠪᠠ ᠡᠷᠴᠢᠮᠵᠢᠭᠦᠯᠦᠨ ᠬᠡᠷᠡᠭᠯᠡᠬᠦ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠶᠢ ᠠᠬᠢᠭᠤᠯᠬᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠥᠪᠡᠷᠲᠡᠭᠡᠨ ᠵᠠᠰᠠᠬᠤ | ᠣᠷᠣᠨ ᠤ ᠪᠣᠬᠢᠷᠳᠤᠯ ᠦᠭᠡᠢ ᠦᠷᠭᠦᠯᠵᠢᠯᠡᠨ ᠬᠦᠭᠵᠢᠬᠦ ᠶᠢ ᠪᠡᠶᠡᠯᠡᠭᠦᠯᠬᠦ ᠶᠢᠨ ᠪᠠᠶᠢᠯᠳᠤᠬᠤ ᠪᠣᠳᠣᠯᠭ᠎ᠠ ᠶᠢᠨ | ᠱᠠᠭᠠᠷᠳᠠᠯᠭ᠎ᠠ ᠪᠣᠯᠣᠨ᠎ᠠ᠂ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢ ᠬᠦᠲᠦᠯᠦᠨ ᠵᠢᠯᠣᠭᠤᠳᠬᠤ ᠰᠢᠨ᠎ᠡ | ᠬᠠᠨᠳᠤᠰᠢ᠂ ᠰᠢᠨ᠎ᠡ ᠴᠠᠭ ᠦᠶ᠎ᠡ ᠶᠢᠨ ᠪᠦᠲᠦᠮᠵᠢᠲᠠᠢ ᠠᠷᠭ᠎ᠠ ᠵᠠᠮ ᠪᠣᠯᠣᠨ᠎ᠠ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠬᠦ᠂ ᠲᠦᠭᠰᠢᠭᠦᠷᠢ ᠶᠢ ᠰᠡᠷᠭᠡᠶᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ᠂ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ | ᠰᠤᠩᠭᠤᠯᠲᠠ ᠪᠣᠯᠣᠨ᠎ᠠ᠃ | ︵ᠬᠤᠶᠠᠷ︶ ᠵᠢᠯᠣᠭᠤᠳᠬᠤ ᠦᠵᠡᠯ ᠰᠠᠨᠠᠭ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ | ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ | ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠣᠣᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠳᠦᠯ ᠦᠭᠡᠢ ᠬᠦᠭᠵᠢᠭᠦᠯᠬᠦ ᠣᠨᠣᠯᠵᠢᠬᠤᠨ ᠪᠠ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠶᠢ ᠡᠩ ᠲᠡᠷᠢᠭᠦᠨ ᠳᠤ ᠪᠠᠶᠢᠯᠭᠠᠬᠤ ᠣᠨᠣᠯᠵᠢᠬᠤᠨ ᠢ ᠪᠠᠲᠤ ᠪᠣᠬᠢ ᠪᠣᠢ ᠪᠣᠯᠭᠠᠬᠤ | ᠪᠠ ᠢᠳᠡᠪᠬᠢᠲᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ | ᠪᠦᠲᠦᠭᠡᠨ ᠪᠠᠶᠢᠭᠤᠯᠤᠯᠲᠠ ᠪᠠ ᠪᠣᠬᠢᠷᠳᠦᠯ ᠦᠭᠡᠢ ᠬᠦᠭᠵᠢᠭᠦᠯᠬᠦ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ | ᠵᠦᠢ ᠶᠤᠰᠤᠨ ᠤ ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ᠂ ᠬᠠᠷᠠᠯᠲᠠ ᠪᠠ ᠭᠦᠢᠴᠡᠳᠭᠡᠯ ᠲᠣᠭᠠᠨ ᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠭᠦ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠣᠨᠴᠠᠯᠢᠭ ᠢ ᠳᠣᠪᠤᠶᠢᠯᠭᠠᠭᠰᠠᠨ ᠴᠡᠪᠡᠷ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠬᠡᠷᠡᠭᠲᠡᠢ᠃ | ᠵᠦᠢ ᠶᠤᠰᠤᠨ ᠤ ᠮᠦᠩᠭᠦᠨ ᠭᠦᠢᠯᠭᠡᠭᠡᠨ ᠢ ᠬᠦᠭᠵᠢᠭᠦᠯᠬᠦ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠬᠦᠭᠵᠢᠯᠲᠡ ᠶᠢ ᠳᠡᠮᠵᠢᠬᠦ᠂ ᠵᠢᠯᠣᠭᠤᠳᠬᠤ᠂ ᠠᠬᠢᠭᠤᠯᠬᠤ ᠪᠠ ᠦᠢᠯᠡᠴᠢᠯᠡᠵᠦ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢ ᠪᠣᠬᠢᠷᠳᠦᠯ ᠦᠭᠡᠢ ᠲᠡᠰᠢ ᠲᠦᠷᠭᠡᠬᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ | ᠬᠢᠵᠠᠭᠠᠷ ᠤᠨ ᠡᠨᠡᠬᠦ ᠦᠵᠡᠮᠵᠢ ᠶᠢᠨ ᠣᠷᠣᠨ ᠢ ᠨᠡᠩ ᠦᠵᠡᠰᠬᠦᠯᠡᠩ ᠲᠠᠢ ᠪᠣᠯᠭᠠᠬᠤ ᠬᠡᠷᠡᠭᠲᠡᠢ᠃ | ︵ᠭᠤᠷᠪᠠ︶ ᠬᠦᠭᠵᠢᠯᠲᠡ ᠶᠢᠨ ᠬᠠᠷᠠᠯᠲᠠ᠃ ᠮᠦᠩᠭᠦᠨ ᠭᠦᠢᠯᠭᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ | ᠮᠦᠩᠭᠦᠨ ᠭᠦᠢᠯᠭᠡᠭᠡᠨ᠂ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠦᠷᠥ ᠶᠢᠨ ᠪᠣᠳᠣᠯᠭ᠎ᠠ | ᠪᠠ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠤᠨ ᠲᠦᠬᠦᠷ ᠳᠡᠮᠵᠢᠯᠭᠡ ᠪᠠᠷ ᠳᠠᠮᠵᠢᠨ᠂ ᠵᠦᠢ ᠶᠤᠰᠤᠨ ᠤ | ᠢᠲᠡᠭᠡᠮᠵᠢᠲᠦ ᠵᠢᠭᠡᠯᠡᠯᠭᠡ᠂ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠤᠰᠤᠨ ᠤ ᠬᠦᠭᠵᠢᠭᠦᠯᠦᠯᠲᠡ ᠶᠢᠨ | ᠰᠠᠭᠤᠷᠢ ᠮᠦᠩᠭᠦ᠂ ᠵᠦᠢ ᠶᠤᠰᠤᠨ ᠤ ᠳᠠᠭᠠᠳᠬᠠᠯ᠂ ᠵᠦᠢ ᠶᠤᠰᠤᠨ ᠤ ᠮᠦᠩᠭᠦᠨ ᠭᠦᠢᠯᠭᠡᠭᠡᠨ ᠵᠡᠷᠭᠡ ᠣᠯᠠᠨ ᠡᠰᠢᠲᠦ | ᠦᠢᠯᠡᠴᠢᠯᠡᠭᠡ᠂ ᠬᠠᠷᠢᠯᠴᠠᠨ ᠨᠦᠬᠦᠪᠦᠷᠢᠯᠡᠭᠰᠡᠨ ᠴᠡᠪᠡᠷ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ | ᠴᠣᠭᠴᠠᠯᠠᠨ ᠪᠠᠶᠢᠭᠤᠯᠵᠤ᠂ ᠨᠡᠶᠢᠭᠡᠮ ᠤᠨ ᠬᠦᠷᠦᠩᠭᠡ ᠶᠢ ᠢᠳᠡᠪᠬᠢᠲᠡᠢ ᠳᠠᠶᠢᠴᠢᠯᠠᠬᠤ ᠪᠠ ᠤᠷᠮᠠᠰᠢᠭᠤᠯᠤᠨ | ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠵᠤ ᠦᠢᠯᠡᠰ ᠲᠤ ᠣᠷᠤᠯᠴᠠᠭᠤᠯᠵᠤ᠂ ᠡᠨᠧᠷᠬᠢ ᠠᠷᠪᠢᠯᠠᠵᠤ | ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠳᠦᠯ ᠢ | ᠴᠡᠪᠡᠷᠯᠡᠨ ᠵᠠᠰᠠᠬᠤ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ ᠶᠢᠨ ᠵᠣᠬᠢᠴᠠᠩᠭᠤᠢ | ᠬᠦᠭᠵᠢᠯᠲᠡ ᠶᠢ ᠠᠬᠢᠭᠤᠯᠬᠤ ᠬᠡᠷᠡᠭᠲᠡᠢ᠃ | ᠪᠦᠬᠦ ᠣᠷᠣᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠶᠤᠰᠤᠨ ᠤ ᠢᠲᠡᠭᠡᠮᠵᠢᠲᠦ | ᠵᠢᠭᠡᠯᠡᠯᠭᠡ ᠶᠢᠨ ᠦᠯᠡᠳᠡᠪᠦᠷᠢ ᠶᠢᠨ ᠨᠡᠮᠡᠭᠳᠡᠯ ᠤᠨ ᠬᠤᠷᠳᠤᠴᠠ ᠡᠯ᠎ᠡ ᠲᠥᠷᠥᠯ ᠤᠨ ᠵᠢᠭᠡᠯᠡᠯᠭᠡ ᠶᠢᠨ ᠦᠯᠡᠳᠡᠪᠦᠷᠢ ᠶᠢᠨ | ᠳᠤᠮᠳᠠᠴᠢ ᠨᠡᠮᠡᠭᠳᠡᠯ ᠤᠨ ᠬᠤᠷᠳᠤᠴᠠ ᠠᠴᠠ ᠦᠨᠳᠦᠷ ᠪᠠᠶᠢᠬᠤ ᠮᠦᠷᠲᠡᠭᠡᠨ ᠳᠡᠭᠡᠷ᠎ᠡ ᠵᠢᠯ ᠤᠨ ᠵᠦᠢ ᠶᠤᠰᠤᠨ ᠤ | ᠢᠳᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠠᠶᠢᠯᠭᠠᠬᠤ ᠬᠡᠷᠡᠭᠲᠡᠢ᠃ | ᠵᠦᠢ ᠶᠤᠰᠤᠨ ᠤ ᠮᠦᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡᠨ ᠤ ᠰᠢᠨ᠎ᠡ ᠡᠭᠦᠳᠦᠯᠲᠡ ᠶᠢ ᠬᠦᠴᠦᠲᠡᠢ | ᠠᠬᠢᠭᠤᠯᠵᠤ᠂ ᠮᠦᠩᠭᠦᠨ ᠭᠦᠢᠯᠭᠡᠭᠡᠨ ᠤ ᠡᠬᠢ ᠪᠠᠶᠠᠯᠢᠭ ᠢ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ | ᠴᠡᠪᠡᠷ ᠡᠨᠧᠷᠬᠢ᠂ ᠠᠮᠢ ᠠᠬᠤᠢ ᠶᠢ ᠦᠩᠭᠡᠵᠢᠭᠦᠯᠦᠨ ᠰᠡᠷᠭᠦᠭᠡᠬᠦ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭ᠎ᠠ᠂ | ᠪᠣᠬᠢᠷᠳᠦᠯ ᠦᠭᠡᠢ ᠪᠠᠷᠢᠯᠭ᠎ᠠ ᠵᠡᠷᠭᠡ ᠬᠦᠷᠢᠶ᠎ᠡ ᠴᠠᠷᠠᠭ᠎ᠠ ᠳᠤ ᠪᠦᠲᠦᠮᠵᠢᠲᠡᠢ ᠪᠠᠷ ᠲᠣᠬᠢᠷᠠᠭᠤᠯᠬᠤ ᠬᠡᠷᠡᠭᠲᠡᠢ᠃ ᠡᠯ᠎ᠡ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠶᠤᠰᠤᠨ ᠤ ᠮᠦᠩᠭᠦᠨ ᠭᠦᠢᠯᠭᠡᠭᠡᠨ ᠤ ᠨᠡᠷᠡᠳᠬᠦᠨ ᠪᠠ ᠲᠥᠷᠥᠯ | ᠵᠦᠢᠯ ᠤᠨ ᠲᠤᠭ᠎ᠠ ᠬᠡᠮᠵᠢᠶ᠎ᠠ ᠶᠢ ᠮᠡᠳᠡᠭᠳᠡᠬᠦ᠋ᠢᠴᠡ ᠨᠡᠮᠡᠭᠳᠡᠭᠦᠯᠵᠦ᠂ ᠡᠯ᠎ᠡ ᠲᠥᠷᠥᠯ ᠤᠨ ᠨᠡᠶᠢᠭᠡᠮ ᠤᠨ ᠭᠤᠣᠯ | ᠴᠣᠭᠴᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠮᠡᠳᠡᠭᠳᠡᠬᠦ᠋ᠢᠴᠡ | ᠴᠢᠩᠭᠠᠷᠠᠭᠤᠯᠵᠤ᠂ ᠪᠣᠬᠢᠷᠳᠦᠯ ᠦᠭᠡᠢ ᠠᠵᠤ ᠦᠢᠯᠡᠰ ᠤᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ | ᠠᠰᠢᠭ᠂ ᠠᠮᠢ ᠠᠬᠤᠢ ᠶᠢᠨ ᠦᠷ᠎ᠡ ᠠᠰᠢᠭ ᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ | ᠬᠤᠶᠠᠷ᠂ ᠮᠦᠩᠭᠦᠨ ᠭᠦᠢᠯᠭᠡᠭᠡᠨ ᠤ ᠦᠢᠯᠡᠴᠢᠯᠡᠭᠡ ᠳᠤ ᠰᠢᠨ᠎ᠡ ᠶᠢ ᠡᠭᠦᠳᠴᠦ᠂ ᠴᠢᠳᠠᠮᠵᠢ ᠪᠠᠨ ᠬᠠᠷᠢᠯᠴᠠᠨ | ᠨᠦᠬᠦᠪᠦᠷᠢᠯᠡᠭᠰᠡᠨ ᠴᠡᠪᠡᠷ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ | ︵ᠨᠢᠭᠡ︶ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢ ᠶᠡᠬᠡᠪᠡᠷ ᠬᠦᠭᠵᠢᠭᠦᠯᠦᠨ᠎ᠡ᠃ ᠮᠦᠩᠭᠦᠨ | ᠭᠦᠢᠯᠭᠡᠭᠡᠨ ᠤ ᠪᠠᠶᠢᠭᠤᠯᠤᠮᠵᠢ ᠶᠢ ᠳᠡᠮᠵᠢᠨ ᠵᠣᠷᠢᠬᠵᠢᠭᠤᠯᠵᠤ ᠪᠠᠶᠢᠭᠠᠳ ᠳᠥᠷᠢᠮ ᠤᠨ ᠴᠣᠪᠣᠷᠠᠯ᠂ ᠵᠣᠬᠢᠶᠠᠨ | ᠪᠠᠶᠢᠭᠤᠯᠤᠯᠲᠠ ᠶᠢᠨ ᠪᠦᠷᠢᠯᠳᠦᠴᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠨᠡᠷᠡᠳᠬᠦᠨ ᠤ ᠰᠢᠨ᠎ᠡ ᠡᠭᠦᠳᠦᠯᠲᠡ | ᠵᠡᠷᠭᠡ ᠲᠠᠯ᠎ᠠ ᠪᠠᠷ ᠭᠠᠷᠳᠠᠵᠤ᠂ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠰᠣᠳᠣᠯᠣᠨ ᠪᠠᠶᠢᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠵᠦᠢ | ᠶᠤᠰᠤᠨ ᠤ ᠮᠦᠩᠭᠦᠨ ᠭᠦᠢᠯᠭᠡᠭᠡᠨ ᠤ ᠲᠥᠷᠥᠯ ᠵᠦᠢᠯ ᠳᠤ ᠢᠲᠡᠭᠡᠮᠵᠢᠲᠦ ᠵᠢᠭᠡᠯᠡᠯᠭᠡ ᠶᠢᠨ ᠲᠥᠯᠥᠪᠯᠡᠭᠡ᠂ ᠲᠤᠰᠬᠠᠢ | ᠵᠦᠢᠯ ᠤᠨ ᠬᠢᠨᠠᠨ ᠵᠦᠪᠰᠢᠶᠡᠷᠡᠬᠦ ᠢᠲᠡᠭᠡᠮᠵᠢ ᠣᠯᠭᠤᠬᠤ᠂ ᠡᠵᠡᠩᠨᠡᠨ ᠪᠣᠷᠤᠯᠠᠭᠤᠯᠬᠤ ᠲᠤᠰᠬᠠᠢ ᠪᠠᠶᠢᠭᠤᠯᠤᠮᠵᠢ | ᠪᠠᠶᠢᠭᠤᠯᠬᠤ᠂ ᠲᠤᠰᠬᠠᠢ ᠵᠦᠢᠯ ᠤᠨ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠭᠡᠯ ᠢ ᠲᠤᠰᠬᠠᠢ ᠵᠢᠭᠰᠠᠭᠠᠨ | ᠭᠠᠷᠭᠠᠵᠤ᠂ ᠵᠦᠷᠢᠶᠡᠴᠢᠯᠡᠭᠰᠡᠨ ᠪᠠ ᠣᠨᠴᠠᠯᠢᠬᠵᠢᠭᠰᠠᠨ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ | ᠃ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠲᠥᠷᠥᠯ᠂ ᠠᠵᠤ ᠠᠬᠤᠶᠢᠯᠠᠯ ᠪᠠ ᠲᠥᠷᠥᠯ ᠵᠦᠢᠯ ᠤᠨ | ᠵᠦᠪᠰᠢᠶᠡᠷᠡᠵᠦ ᠣᠷᠤᠭᠤᠯᠬᠤ ᠪᠠᠷᠢᠮᠵᠢᠶ᠎ᠠ ᠶᠢ ᠲᠣᠭᠲᠠᠭᠠᠵᠤ᠂ ᠪᠣᠬᠢᠷᠳᠦᠯ ᠦᠭᠡᠢ ᠲᠥᠷᠥᠯ ᠵᠦᠢᠯ ᠤᠨ ᠮᠡᠳᠡᠭᠡ | ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠬᠤ ᠪᠠ ᠰᠠᠨᠠᠭᠠᠴᠢᠯᠠᠭ᠎ᠠ ᠠᠴᠠ ᠪᠠᠨ ᠳᠠᠭᠠᠵᠤ᠂ ︽ | ᠪᠣᠬᠢᠷᠳᠤᠯ ᠦᠭᠡᠢ ᠲᠥᠷᠥᠯ ᠵᠦᠢᠯ ᠤᠨ ᠨᠠᠷᠢᠨ ᠬᠠᠭᠤᠳᠠᠰᠤ︾ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠵᠦᠢ | ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠢᠲᠡᠭᠡᠮᠵᠢ ᠣᠯᠭᠤᠬᠤ ᠳᠥᠷᠢᠮ ᠢ ᠲᠦᠷᠭᠡᠳᠭᠡᠨ ᠪᠠᠶᠢᠭᠤᠯᠵᠤ᠂ ᠬᠢᠨᠠᠨ | ᠵᠦᠪᠰᠢᠶᠡᠷᠡᠬᠦ ᠳᠡᠰ ᠳᠠᠷᠠᠭᠠᠯᠠᠯ ᠢᠶᠠᠨ ᠴᠣᠮᠬᠠᠳᠬᠠᠵᠤ᠂ ᠬᠢᠨᠠᠨ ᠵᠦᠪᠰᠢᠶᠡᠷᠡᠬᠦ ᠴᠣᠪᠣᠷᠠᠯ ᠢᠶᠠᠨ ᠰᠢᠯᠢᠳᠡᠭᠵᠢᠭᠦᠯᠦᠨ᠂ | ᠬᠢᠨᠠᠨ ᠵᠦᠪᠰᠢᠶᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠲᠥᠷᠥᠯ ᠵᠦᠢᠯ ᠤᠨ ᠬᠦᠦ ᠮᠦᠩᠬᠦ ᠶᠢᠨ | ᠨᠣᠷᠮ᠎ᠠ ᠪᠠ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠵᠦᠢ ᠪᠣᠰᠤ ᠰᠦᠢᠳᠭᠡᠯ | ᠬᠤᠷᠢᠶᠠᠬᠤ ᠶᠢ ᠡᠷᠡᠰ ᠦᠭᠡᠶᠢᠰᠭᠡᠵᠦ᠂ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠦᠪᠡᠷ ᠤᠨ ᠦᠷᠲᠡᠭ ᠢ ᠨᠢ | ᠪᠠᠭᠤᠷᠠᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠣᠭᠤᠳᠴᠦ ᠪᠠᠶᠢᠭᠠᠳ | ᠪᠣᠬᠢᠷᠳᠣᠯ ᠦᠭᠡᠢ ᠠᠵᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠪᠠ ᠦᠢᠯᠡᠴᠢᠯᠡᠭᠡ ᠳᠤ ᠰᠢᠨ᠎ᠡ ᠶᠢ | ᠡᠭᠦᠳᠴᠦ᠂ ᠡᠨᠧᠷᠬᠢ ᠶᠢᠨ ᠠᠰᠢᠭᠯᠠᠮᠵᠢ ᠰᠠᠶᠢᠲᠠᠢ ᠢᠲᠡᠭᠡᠮᠵᠢᠲᠦ ᠵᠢᠭᠡᠯᠡᠯᠭᠡ ᠪᠠᠷ ᠰᠠᠭᠤᠷᠢ ᠪᠣᠯᠭᠠᠭᠰᠠᠨ ᠢᠲᠡᠭᠡᠮᠵᠢᠲᠦ | ᠵᠢᠭᠡᠯᠡᠯᠭᠡ ᠶᠢᠨ ᠡᠳ᠋ ᠬᠦᠷᠦᠩᠭᠡ ᠶᠢ ᠲᠡᠮᠳᠡᠭᠲᠦ ᠪᠣᠯᠭᠠᠬᠤ ᠲᠤᠷᠰᠢᠯᠲᠠ ᠶᠢᠨ ᠠᠵᠢᠯ ᠢ ᠢᠳᠡᠪᠬᠢᠲᠡᠢ ᠰᠦᠪᠡᠭᠴᠢᠯᠡᠬᠦ | ᠬᠡᠷᠡᠭᠲᠡᠢ᠃ ᠡᠨᠧᠷᠬᠢ ᠶᠢᠨ ᠠᠰᠢᠭᠯᠠᠮᠵᠢ ᠰᠠᠶᠢᠲᠠᠢ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠠᠷᠭ᠎ᠠ | ᠬᠡᠯᠪᠡᠷᠢ ᠳᠤ ᠰᠢᠨ᠎ᠡ ᠡᠭᠦᠳᠦᠯᠲᠡ ᠶᠢ ᠰᠦᠪᠡᠭᠴᠢᠯᠡᠨ ᠦᠷᠨᠢᠭᠦᠯᠵᠦ᠂ ᠬᠤᠷᠢᠶᠠᠪᠠᠰᠤ ᠵᠣᠬᠢᠬᠤ ᠳᠠᠩᠰᠠᠨ ᠵᠣᠭᠤᠰ ᠢᠶᠠᠷ | ᠳᠠᠨᠵᠢᠯᠠᠬᠤ᠂ ᠭᠡᠷ᠎ᠡ ᠭᠦᠢᠴᠡᠳᠭᠡᠬᠦ ᠶᠢ ᠪᠠᠲᠤᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠪᠠᠷ | ᠳᠠᠨᠵᠢᠯᠠᠬᠤ᠂ ᠰᠲ᠋ᠣᠺ ᠤᠨ ᠡᠷᠬᠡ ᠪᠠᠷ ᠳᠠᠨᠵᠢᠯᠠᠬᠤ᠂ ᠭᠡᠷ᠎ᠡ ᠶᠢᠨ ᠡᠨᠧᠷᠬᠢ ᠶᠢᠨ ᠬᠠᠮᠢᠶᠠᠷᠤᠯᠲᠠ ᠶᠢᠨ ᠲᠥᠷᠥᠯ | ᠵᠦᠢᠯ ᠤᠨ ᠢᠷᠡᠭᠡᠳᠦᠢ ᠶᠢᠨ ᠠᠰᠢᠭ ᠣᠯᠵᠠᠪᠤᠷᠢ ᠶᠢᠨ ᠡᠷᠬᠡ ᠪᠠᠷ ᠳᠠᠨᠵᠢᠯᠠᠬᠤ ᠵᠡᠷᠭᠡ ᠠᠷᠭ᠎ᠠ ᠮᠠᠶ᠋ᠢᠭ ᠢᠶᠠᠷ | ᠡᠨᠧᠷᠬᠢ ᠶᠢᠨ ᠠᠰᠢᠭᠯᠠᠮᠵᠢ ᠰᠠᠶᠢᠲᠠᠢ ᠪᠡᠯᠡ ᠲᠤᠬᠢᠷᠠᠭᠤᠯᠭ᠎ᠠ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ | ᠪᠡᠯᠡ ᠲᠤᠬᠢᠷᠠᠭᠤᠯᠭ᠎ᠠ᠂ ᠪᠣᠬᠢᠷ ᠪᠣᠳᠠᠰ ᠢ ᠭᠠᠳᠠᠭᠰᠢᠯᠠᠭᠤᠯᠬᠤ ᠡᠷᠬᠡ ᠶᠢᠨ ᠪᠡᠯᠡ ᠲᠤᠬᠢᠷᠠᠭᠤᠯᠭ᠎ᠠ ᠵᠡᠷᠭᠡ ᠢᠲᠡᠭᠡᠮᠵᠢᠲᠦ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠭᠦᠯᠵᠦ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠲᠥᠷᠥᠯ ᠵᠦᠢᠯ ᠪᠠ ᠦᠢᠯᠡᠴᠢᠯᠡᠭᠡ ᠶᠢ ᠢᠳᠡᠪᠬᠢᠲᠡᠢ ᠳᠡᠮᠵᠢᠬᠦ ᠬᠡᠷᠡᠭᠲᠡᠢ᠃ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢ ᠳᠡᠮᠵᠢᠵᠦ ᠪᠠᠶᠢᠭᠠᠳ ᠵᠦᠢ ᠶᠤᠰᠤᠨ ᠤ ᠢᠲᠡᠭᠡᠮᠵᠢᠲᠦ ᠵᠢᠭᠡᠯᠡᠯᠭᠡ ᠶᠢᠨ ᠲᠤᠰᠢᠶᠠᠯ ᠢᠶᠠᠨ | ᠭᠦᠢᠴᠡᠳᠭᠡᠭᠰᠡᠨ ᠬᠠᠷᠢᠭᠤᠴᠠᠯᠭ᠎ᠠ ᠠᠴᠠ ᠬᠡᠯᠳᠦᠷᠢᠭᠦᠯᠬᠦ ᠳᠥᠷᠢᠮ ᠪᠠᠶᠢᠭᠤᠯᠵᠤ᠂ ᠵᠦᠢ ᠶᠤᠰᠤᠨ ᠤ ᠢᠲᠡᠭᠡᠮᠵᠢᠲᠦ | ᠵᠢᠭᠡᠯᠡᠯᠭᠡ ᠶᠢ ᠳᠡᠮᠵᠢᠬᠦ ᠰᠠᠶᠢᠨ ᠰᠠᠶᠢᠬᠠᠨ ᠣᠷᠴᠢᠨ ᠠᠬᠤᠢ ᠶᠢ ᠡᠭᠦᠳᠬᠦ ᠬᠡᠷᠡᠭᠲᠡᠢ᠃ | ︵ᠬᠤᠶᠠᠷ︶ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠠᠬᠢᠭᠤᠯᠤᠨ᠎ᠠ᠃ ᠨᠦᠬᠦᠴᠡᠯ ᠳᠤ | ᠨᠡᠶᠢᠴᠡᠬᠦ ᠪᠣᠬᠢᠷᠳᠤᠯ ᠦᠭᠡᠢ ᠠᠵᠤ ᠠᠬᠤᠶᠢᠯᠠᠯ ᠤᠳ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ | ᠳᠠᠮᠵᠢᠵᠤ ᠰᠲ᠋ᠣᠺ ᠤᠨ ᠵᠠᠬ᠎ᠠ ᠳᠡᠯᠭᠡᠭᠦᠷ ᠪᠠ ᠪᠠᠩᠭᠢ ᠶᠢᠨ ᠬᠤᠭᠤᠷᠣᠨᠳᠤ ᠶᠢᠨ ᠵᠠᠬ᠎ᠠ ᠳᠡᠯᠭᠡᠭᠦᠷ ᠲᠤ ᠪᠡᠯᠡ ᠮᠦᠩᠭᠦ | ᠴᠤᠭᠯᠠᠭᠤᠯᠬᠤ ᠶᠢ ᠳᠡᠮᠵᠢᠬᠦ ᠬᠡᠷᠡᠭᠲᠡᠢ᠃ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠶᠢ ᠵᠠᠭᠠᠭᠯᠠᠨ ᠲᠣᠭᠲᠠᠭᠠᠬᠤ | ᠪᠠᠷᠢᠮᠵᠢᠶ᠎ᠠ ᠶᠣᠰᠤᠭᠠᠷ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠵᠤ ᠠᠬᠤᠶᠢᠯᠠᠯ ᠤᠨ ᠣᠷᠴᠢᠨ ᠲᠣᠭᠤᠷᠢᠨ ᠤ | ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠲᠠᠷᠬᠠᠭᠠᠬᠤ ᠠᠵᠤ ᠠᠬᠤᠶᠢᠯᠠᠯ ᠤᠨ ᠵᠦᠢ | ᠶᠤᠰᠤᠨ ᠤ ᠪᠡᠯᠡ ᠲᠣᠬᠢᠷᠠᠭᠤᠯᠵᠤ ᠣᠷᠤᠭᠤᠯᠬᠤ ᠠᠵᠢᠯᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠢᠲᠡᠭᠡᠮᠵᠢ ᠶᠢᠨ ᠳᠡᠰ | ᠲᠣᠭᠲᠠᠭᠠᠬᠤ ᠪᠠᠶᠢᠭᠤᠯᠤᠮᠵᠢ ᠶᠢ ᠵᠤᠷᠢᠬᠵᠢᠭᠤᠯᠵᠤ ᠢᠲᠡᠭᠡᠮᠵᠢ ᠶᠢᠨ ᠳᠡᠰ ᠲᠣᠭᠲᠠᠭᠠᠬᠤ ᠶᠠᠪᠤᠴᠠ ᠳᠤ ᠵᠦᠢ | ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠭᠴᠢ ᠶᠢᠨ ᠪᠡᠯᠡ ᠴᠤᠭᠯᠠᠭᠤᠯᠵᠤ ᠣᠷᠤᠭᠤᠯᠬᠤ ᠲᠥᠷᠥᠯ ᠵᠦᠢᠯ ᠤᠨ | ᠪᠣᠬᠢᠷᠳᠣᠯ ᠦᠭᠡᠢ ᠶᠢᠨ ᠬᠡᠮᠵᠢᠶ᠎ᠡ᠂ ᠣᠷᠴᠢᠨ ᠲᠣᠭᠤᠷᠢᠨ ᠤ ᠥᠪᠡᠷ ᠤᠨ ᠥᠷᠲᠡᠭ ᠨᠢ ᠲᠡᠷᠬᠠᠭᠠᠭᠴᠢ ᠵᠢᠴᠢ | ᠵᠢᠭᠡᠯᠡᠯᠭᠡ ᠶᠢᠨ ᠵᠦᠢᠯ ᠤᠨ ᠢᠲᠡᠭᠡᠮᠵᠢ ᠶᠢᠨ ᠵᠡᠷᠭᠡ ᠳᠡᠰ ᠲᠤ ᠦᠵᠡᠭᠦᠯᠬᠦ ᠨᠦᠯᠦᠭᠡ ᠶᠢ ᠲᠤᠰᠬᠠᠶᠢᠯᠠᠨ ᠦᠨᠡᠯᠡᠨ | ᠵᠢᠱᠢᠬᠦ ᠶᠢᠨ ᠬᠠᠮᠳᠤ᠂ ᠢᠲᠡᠭᠡᠮᠵᠢ ᠶᠢᠨ ᠳᠡᠰ ᠲᠣᠭᠲᠠᠭᠠᠬᠤ ᠮᠡᠳᠡᠭᠦᠯᠦᠯᠲᠡ ᠳᠤ ᠲᠤᠰᠠᠭᠠᠷ ᠨᠢ ᠢᠯᠡᠷᠡᠭᠦᠯᠬᠦ ᠬᠡᠷᠡᠭᠲᠡᠢ᠃ | ᠨᠠᠰᠤᠵᠢᠯ ᠤᠨ ᠰᠠᠭᠤᠷᠢ ᠮᠦᠩᠭᠦ᠂ ᠳᠠᠭᠠᠳᠬᠠᠯ ᠤᠨ ᠮᠦᠩᠭᠦ ᠵᠡᠷᠭᠡ ᠡᠯ᠎ᠡ ᠲᠥᠷᠥᠯ ᠤᠨ ᠪᠠᠶᠢᠭᠤᠯᠤᠮᠵᠢ ᠶᠢᠨ ᠪᠡᠯᠡ | ᠣᠷᠤᠭᠤᠯᠤᠭᠴᠢ ᠶᠢ ᠬᠦᠲᠦᠯᠦᠨ ᠵᠢᠯᠣᠭᠤᠳᠴᠦ ᠪᠠᠶᠢᠢᠭᠠᠳ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ | ᠲᠠᠷᠬᠠᠭᠠᠭᠰᠠᠨ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠳᠤ ᠪᠡᠯᠡ ᠣᠷᠤᠭᠤᠯᠤᠭᠤᠯᠬᠤ ᠬᠡᠷᠡᠭᠲᠡᠢ᠃ | ᠨᠦᠬᠦᠴᠡᠯ ᠳᠤ ᠨᠡᠶᠢᠴᠡᠬᠦ ᠣᠷᠣᠨ ᠨᠣᠲᠤᠭ ᠤᠨ ᠬᠠᠤᠯᠢ ᠶᠢᠨ ᠡᠷᠬᠡᠲᠡᠨ ᠤ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠰᠢᠭᠤᠳ ᠪᠡᠯᠡ ᠲᠣᠬᠢᠷᠠᠭᠤᠯᠭ᠎ᠠ ᠶᠢᠨ ᠱᠠᠩᠨᠠᠵᠤ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠨᠦᠬᠦᠴᠡᠯ ᠳᠤ ᠨᠡᠶᠢᠴᠡᠬᠦ ᠪᠣᠬᠢᠷᠳᠣᠯ ᠦᠭᠡᠢ ᠠᠵᠤ ᠠᠬᠤᠶᠢᠯᠠᠯ ᠢ ᠢᠳᠡᠪᠬᠢᠲᠡᠢ ᠳᠡᠮᠵᠢᠵᠦ | ᠪᠠᠶᠢᠭᠠᠳ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠤᠭᠠᠷ ᠵᠠᠬ᠎ᠠ ᠳᠡᠯᠭᠡᠭᠦᠷ ᠲᠤ ᠭᠠᠷᠴᠤ ᠪᠡᠯᠡ | ᠲᠣᠬᠢᠷᠠᠭᠤᠯᠬᠤ ᠪᠠ ᠳᠠᠬᠢᠨᠲᠠ ᠪᠡᠯᠡ ᠲᠣᠬᠢᠷᠠᠭᠤᠯᠵᠤ᠂ ᠰᠢᠨ᠎ᠡ ᠭᠤᠷᠪᠠᠳᠤᠭᠠᠷ ᠰᠠᠮᠪᠠᠷ᠎ᠠ ᠪᠠ ᠥᠪᠥᠷ ᠮᠣᠩᠭᠤᠯ ᠤᠨ | ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ᠲᠤ ᠠᠵᠢᠯ ᠡᠬᠢᠯᠡᠭᠦᠯᠦᠨ ᠪᠡᠯᠡ ᠲᠣᠬᠢᠷᠠᠭᠤᠯᠬᠤ ᠬᠡᠷᠡᠭᠲᠡᠢ᠃ | ︵ᠭᠤᠷᠪᠠ︶ ᠪᠣᠬᠢᠷᠲᠤᠯ ᠦᠭᠡᠢ ᠠᠵᠤ ᠦᠢᠯᠡᠰ ᠢ ᠬᠦᠭᠵᠢᠭᠦᠯᠬᠦ ᠰᠠᠭᠤᠷᠢ ᠮᠦᠩᠭᠦ ᠪᠠᠶᠢᠭᠤᠯᠤᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠨᠤᠭᠤᠳ ᠣᠳᠣ ᠶᠢᠨ ᠪᠠᠶᠢᠭ᠎ᠠ ᠡᠨᠧᠷᠬᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠵᠡᠷᠭᠡ ᠲᠤᠰᠬᠠᠢ ᠵᠦᠢᠯ ᠤᠨ ᠪᠡᠯᠡ ᠮᠦᠩᠬᠦ ᠶᠢ ᠡᠮᠬᠢᠯᠡᠨ ᠨᠡᠶᠢᠯᠡᠭᠦᠯᠵᠦ ᠵᠠᠰᠠᠭ ᠤᠨ ᠣᠷᠳᠣᠨ ᠢᠶᠠᠷ | ᠭᠤᠣᠯ ᠤᠳᠤᠷᠢᠳᠤᠮᠵᠢ ᠪᠣᠯᠭᠠᠭᠰᠠᠨ ᠪᠣᠬᠢᠷᠳᠤᠯ ᠦᠭᠡᠢ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠬᠦ | ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠭᠤᠷᠢ ᠮᠦᠩᠬᠦ ᠶᠢᠨ ᠬᠡᠪᠴᠢᠶ᠎ᠡ ᠪᠠᠨ ᠠᠯᠬᠤᠮ ᠠᠯᠬᠤᠮ ᠢᠶᠠᠷ ᠪᠣᠵᠠᠭᠠᠶᠢᠷᠠᠭᠤᠯᠬᠤ ᠬᠡᠷᠡᠭᠲᠡᠢ᠃ ᠵᠠᠰᠠᠭ ᠤᠨ ᠣᠷᠳᠣᠨ | ᠪᠠ ᠨᠡᠶᠢᠭᠡᠮ ᠤᠨ ᠬᠦᠷᠦᠩᠭᠡ ᠶᠢᠨ ᠬᠠᠮᠳᠤᠷᠠᠯᠴᠠᠭ᠎ᠠ ︵PPP︶ ᠶᠢᠨ ᠵᠠᠭᠪᠤᠷ ᠢ ᠰᠦᠪᠡᠭᠴᠢᠯᠡᠬᠦ ᠪᠠᠷ ᠳᠠᠮᠵᠢᠨ | ᠪᠣᠬᠢᠷᠲᠤᠯ ᠦᠭᠡᠢ ᠠᠵᠤ ᠦᠢᠯᠡᠰ ᠤᠨ ᠰᠠᠭᠤᠷᠢ ᠮᠦᠩᠬᠦ ᠶᠢᠨ ᠲᠣᠮᠣᠷᠠᠭᠤᠯᠬᠤ ᠨᠦᠯᠦᠭᠡᠯᠡᠯ ᠪᠠ ᠤᠳᠤᠷᠢᠳᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠣᠷᠤᠭᠤᠯᠤᠯᠲᠠ ᠶᠢᠨ ᠪᠠᠶᠢᠭᠤᠯᠤᠮᠵᠢ ᠪᠠ ᠨᠡᠶᠢᠭᠡᠮ ᠤᠨ | ᠬᠦᠷᠦᠩᠭᠡ ᠶᠢᠨ ᠢᠳᠡᠪᠬᠢᠲᠡᠢ ᠣᠷᠣᠯᠴᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠪᠣᠬᠢᠷᠲᠤᠯ ᠦᠭᠡᠢ ᠠᠵᠤ | ᠦᠢᠯᠡᠰ ᠲᠤ PPP ᠵᠠᠭᠪᠤᠷ ᠢ ᠣᠷᠤᠭᠤᠯᠬᠤ ᠶᠢ ᠳᠡᠮᠵᠢᠵᠦ᠂ ᠡᠨᠧᠷᠭᠢ ᠠᠷᠪᠢᠯᠠᠵᠤ ᠪᠣᠬᠢᠷ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ᠂ ᠣᠷᠴᠢᠨ ᠲᠣᠭᠤᠷᠢᠨ ᠢ | ᠬᠠᠮᠠᠭᠠᠯᠠᠬᠤ ᠪᠠ ᠪᠣᠰᠣᠳ ᠪᠣᠬᠢᠷᠳᠣᠯ ᠦᠭᠡᠢ ᠲᠥᠷᠥᠯ ᠵᠦᠢᠯ ᠤᠳ ᠢ ᠡᠯ᠎ᠡ ᠵᠦᠢᠯ ᠤᠨ ᠬᠠᠮᠢᠶ᠎ᠠ ᠪᠦᠬᠦᠢ ᠦᠨᠳᠦᠷ | ᠠᠰᠢᠭ ᠣᠯᠵᠠᠪᠤᠷᠢ ᠲᠠᠢ ᠲᠥᠷᠥᠯ ᠵᠦᠢᠯ ᠤᠳ ᠯᠦᠭᠡ ᠪᠠᠭᠴᠠᠯᠠᠬᠤ ᠶᠢ ᠵᠣᠷᠢᠬᠵᠢᠭᠤᠯᠵᠤ᠂ ᠣᠯᠠᠨ ᠨᠡᠶᠢᠲᠡ ᠶᠢᠨ ᠡᠳ᠋ | ᠪᠣᠳᠠᠰ ᠤᠨ ᠰᠢᠨᠵᠢ ᠴᠢᠨᠠᠷ ᠲᠠᠢ ᠪᠣᠬᠢᠷᠳᠤᠯ ᠦᠭᠡᠢ ᠦᠢᠯᠡᠴᠢᠯᠡᠭᠡ ᠶᠢᠨ ᠰᠦᠢᠳᠭᠡᠯ ᠬᠤᠷᠢᠶᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠪᠣᠬᠢᠷᠳᠣᠯ ᠦᠭᠡᠢ ᠲᠥᠷᠥᠯ ᠵᠦᠢᠯ ᠤᠨ PPP ᠶᠢᠨ ᠬᠠᠮᠢᠶ᠎ᠠ ᠪᠦᠬᠦᠢ ᠲᠣᠭᠲᠠᠭᠠᠯ | ᠳᠥᠷᠢᠮ ᠢ ᠲᠡᠭᠦᠯᠳᠡᠷᠵᠢᠭᠦᠯᠬᠦ ᠶᠢ ᠠᠬᠢᠭᠤᠯᠤᠨ᠂ ᠡᠯ᠎ᠡ ᠲᠥᠷᠥᠯ ᠤᠨ ᠪᠣᠬᠢᠷᠳᠣᠯ ᠦᠭᠡᠢ ᠬᠦᠭᠵᠢᠭᠦᠯᠦᠯᠲᠡ ᠶᠢᠨ | ᠰᠠᠭᠤᠷᠢ ᠮᠦᠩᠬᠦ ᠶᠢ ᠵᠣᠷᠢᠬᠵᠢᠭᠤᠯᠵᠤ PPP ᠵᠠᠭᠪᠤᠷ ᠢᠶᠠᠷ ᠠᠵᠢᠯᠯᠠᠬᠤ ᠬᠠᠮᠢᠶ᠎ᠠ ᠪᠦᠬᠦᠢ ᠲᠥᠷᠥᠯ ᠵᠦᠢᠯ ᠢ | ᠳᠡᠮᠵᠢᠬᠦ ᠬᠡᠷᠡᠭᠲᠡᠢ᠃ ᠠᠷᠠᠳ ᠤᠨ ᠳᠤᠮᠳᠠᠬᠢ ᠬᠦᠷᠦᠩᠭᠡ ᠪᠠᠷ ᠪᠣᠬᠢᠷᠳᠣᠯ ᠦᠭᠡᠢ ᠪᠡᠯᠡ ᠣᠷᠤᠭᠤᠯᠤᠯᠲᠠ ᠶᠢᠨ | ᠰᠠᠭᠤᠷᠢ ᠮᠦᠩᠬᠦ ᠡᠭᠦᠰᠭᠡᠨ ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠵᠢᠴᠢ ᠬᠢᠯᠢ ᠶᠢᠨ ᠳᠣᠲᠣᠷ᠎ᠠ | ᠭᠠᠳᠠᠨᠠᠬᠢ ᠪᠣᠬᠢᠷᠲᠤᠯ ᠦᠭᠡᠢ ᠠᠵᠤ ᠦᠢᠯᠡᠰ ᠤᠨ ᠬᠦᠲᠦᠴᠢ ᠠᠵᠤ ᠠᠬᠤᠶᠢᠯᠠᠯ᠂ ᠪᠡᠯᠡ ᠮᠦᠩᠬᠦ ᠶᠢᠨ ᠪᠣᠳᠠᠲᠤ | ᠬᠦᠴᠦᠨ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠪᠠ ᠨᠡᠷ᠎ᠡ ᠴᠤᠤᠲᠠᠢ ᠪᠡᠯᠡ ᠣᠷᠤᠭᠤᠯᠤᠯᠲᠠ ᠶᠢᠨ | ᠰᠠᠭᠤᠷᠢ ᠮᠦᠩᠬᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠢ ᠵᠣᠷᠢᠬᠵᠢᠭᠤᠯᠵᠤ ᠪᠠᠶᠢᠭᠠᠳ ᠥᠪᠡᠷᠲᠡᠭᠡᠨ | ᠵᠠᠰᠠᠬᠤ ᠣᠷᠣᠨ ᠳᠤ ᠪᠡᠯᠡ ᠴᠤᠭᠯᠠᠭᠤᠯᠤᠨ ᠨᠢᠭᠡᠨ ᠪᠦᠯᠦᠭ ᠪᠣᠬᠢᠷᠳᠤᠯ ᠦᠭᠡᠢ ᠰᠠᠭᠤᠷᠢ ᠮᠦᠩᠭᠦ ᠶᠢ ᠡᠭᠦᠰᠭᠡᠨ | ᠪᠠᠶᠢᠭᠤᠯᠬᠤ ᠬᠡᠷᠡᠭᠲᠡᠢ᠃ | ︵ᠳᠥᠷᠪᠡ︶ ᠡᠯ᠎ᠡ ᠲᠥᠷᠥᠯ ᠤᠨ ᠣᠷᠴᠢᠨ ᠲᠣᠭᠤᠷᠢᠨ ᠤ ᠡᠷᠬᠡ ᠠᠰᠢᠭ ᠤᠨ ᠲᠥᠷᠥᠯ ᠪᠦᠬᠦᠢ ᠪᠡᠯᠡ | ᠲᠣᠬᠢᠷᠠᠭᠤᠯᠭ᠎ᠠ ᠶᠢᠨ ᠬᠡᠷᠡᠭᠯᠡᠭᠦᠷ ᠢ ᠪᠠᠶᠠᠯᠢᠬᠵᠢᠭᠤᠯᠤᠨ᠎ᠠ᠃ ᠡᠯ᠎ᠡ ᠲᠥᠷᠥᠯ ᠤᠨ ᠪᠣᠬᠢᠷᠳᠤᠯ ᠦᠭᠡᠢ ᠮᠦᠩᠭᠦᠨ | ᠭᠦᠢᠯᠭᠡᠭᠡᠨ ᠪᠠ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠲᠠᠢ ᠮᠦᠩᠬᠦᠨ ᠭᠦᠢᠯᠭᠡᠭᠡᠨ ᠤ ᠨᠡᠷᠡᠳᠬᠦᠨ ᠢ ᠰᠢᠨ᠎ᠡ ᠪᠠᠷ | ᠡᠭᠦᠳᠦᠨ ᠬᠦᠭᠵᠢᠭᠦᠯᠬᠦ ᠬᠡᠷᠡᠭᠲᠡᠢ᠃ ᠡᠯ᠎ᠡ ᠮᠦᠩᠬᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠨᠡᠭᠦᠷᠡᠰᠦᠲᠦ᠋ᠷᠦᠭᠴᠢ | ᠭᠠᠳᠠᠭᠰᠢᠯᠠᠭᠤᠯᠬᠤ ᠡᠷᠬᠡ ᠶᠢᠨ ᠤᠷᠲᠤ ᠬᠤᠭᠤᠴᠠᠭᠠᠨ ᠤ ᠠᠷᠠᠯᠵᠢᠶ᠎ᠠ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ | ᠡᠷᠬᠡ ᠶᠢᠨ ᠬᠤᠭᠤᠴᠠᠭ᠎ᠠ ᠪᠣᠯᠵᠣᠵᠤ ᠠᠷᠠᠯᠵᠢᠬᠤ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠭᠤᠬᠴᠠᠭᠠᠳᠤ ᠡᠷᠬᠡ᠂ | ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠲᠥᠷᠢᠶᠡᠰᠥᠯᠡᠬᠦ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ | ᠡᠷᠬᠡ ᠶᠢᠨ ᠵᠢᠭᠡᠯᠡᠯᠭᠡ ᠶᠢᠨ ᠲᠡᠮᠳᠡᠭᠲᠦ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡᠲᠦ ᠬᠦᠷᠦᠩᠭᠡ ᠶᠢ ᠲᠡᠮᠳᠡᠭᠲᠦ | ᠪᠣᠯᠭᠠᠬᠤ ᠪᠠ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠰᠠᠭᠤᠷᠢ ᠮᠦᠩᠬᠦ ᠵᠡᠷᠭᠡ ᠨᠡᠭᠦᠷᠡᠰᠦᠲᠦ᠋ᠷᠦᠭᠴᠢ | ᠭᠠᠳᠠᠭᠰᠢᠯᠠᠭᠤᠯᠬᠤ ᠡᠷᠬᠡ ᠶᠢᠨ ᠮᠦᠩᠬᠦᠨ ᠭᠦᠢᠯᠭᠡᠭᠡᠨ ᠤ ᠨᠡᠷᠡᠳᠬᠦᠨ ᠪᠠ ᠤᠯᠠᠷᠢᠨ ᠡᠭᠦᠰᠦᠭᠰᠡᠨ ᠬᠡᠷᠡᠭᠯᠡᠭᠦᠷ ᠤᠨ | ᠬᠦᠭᠵᠢᠯᠲᠡ ᠶᠢ ᠢᠳᠡᠪᠬᠢᠲᠡᠢ ᠰᠣᠳᠣᠯᠬᠤ ᠶᠢᠨ ᠬᠠᠮᠳᠤ ᠮᠦᠷᠲᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠮᠦᠩᠬᠦᠨ ᠭᠦᠢᠯᠭᠡᠭᠡᠨ ᠤ ᠲᠤᠬᠠᠶᠢᠯᠠᠭᠰᠠᠨ | ᠠᠵᠢᠯ ᠢ ᠦᠷᠨᠢᠭᠦᠯᠬᠦ ᠳᠤ ᠬᠡᠷᠡᠭᠯᠡᠬᠦ ᠬᠡᠷᠡᠭᠲᠡᠢ᠃ ᠪᠣᠬᠢᠷ ᠪᠣᠳᠠᠰ ᠭᠠᠳᠠᠭᠰᠢᠯᠠᠭᠤᠯᠬᠤ ᠡᠷᠬᠡ᠂ ᠡᠨᠧᠷᠬᠢ ᠠᠷᠪᠢᠯᠠᠬᠤ | ᠬᠡᠮᠵᠢᠶ᠎ᠡ ︵ᠡᠨᠧᠷᠬᠢ ᠬᠡᠷᠡᠭᠯᠡᠬᠦ ᠡᠷᠬᠡ︶᠂ ᠤᠰᠤᠨ ᠤ ᠡᠷᠬᠡ ᠵᠡᠷᠭᠡ ᠣᠷᠴᠢᠨ ᠲᠣᠭᠤᠷᠢᠨ ᠤ ᠡᠷᠬᠡ ᠠᠰᠢᠭ ᠤᠨ | ᠠᠷᠠᠯᠵᠢᠶ᠎ᠠ ᠶᠢᠨ ᠵᠠᠬ᠎ᠠ ᠳᠡᠯᠭᠡᠭᠦᠷ ᠪᠠᠶᠢᠭᠤᠯᠬᠤ ᠶᠢ ᠠᠬᠢᠭᠤᠯᠵᠤ᠂ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠶᠢᠨ | ᠳᠠᠨᠵᠢᠯᠠᠬᠤ᠂ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠶᠢᠨ ᠬᠤᠭᠤᠴᠠᠭᠠᠲᠤ ᠡᠷᠬᠡ ᠵᠡᠷᠭᠡ ᠮᠦᠩᠬᠦᠨ ᠭᠦᠢᠯᠭᠡᠭᠡᠨ ᠤ | ᠨᠡᠷᠡᠳᠬᠦᠨ ᠤ ᠬᠦᠭᠵᠢᠯᠲᠡ ᠶᠢ ᠠᠬᠢᠭᠤᠯᠬᠤ ᠬᠡᠷᠡᠭᠲᠡᠢ᠃ ᠨᠡᠭᠦᠷᠡᠰᠦᠳᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠬᠢ | ᠠᠷᠪᠢᠯᠠᠬᠤ ᠬᠡᠮᠵᠢᠶ᠎ᠡ ︵ᠡᠨᠧᠷᠬᠢ ᠬᠡᠷᠡᠭᠯᠡᠬᠦ ᠡᠷᠬᠡ︶ ᠵᠡᠷᠭᠡ ᠡᠯ᠎ᠡ ᠲᠥᠷᠥᠯ ᠤᠨ ᠣᠷᠴᠢᠨ ᠲᠣᠭᠤᠷᠢᠨ ᠤ ᠡᠷᠬᠡ | ᠠᠰᠢᠭ ᠲᠤ ᠰᠠᠭᠤᠷᠢᠯᠠᠭᠰᠠᠨ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢ ᠰᠦᠪᠡᠭᠴᠢᠯᠡᠨ ᠬᠦᠭᠵᠢᠭᠦᠯᠵᠦ᠂ ᠪᠣᠬᠢᠷᠳᠤᠯ | ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠤᠨ ᠴᠡᠪᠡᠷ ᠪᠡᠯᠡ ᠲᠣᠬᠢᠷᠠᠭᠤᠯᠭ᠎ᠠ ᠶᠢᠨ ᠠᠷᠭ᠎ᠠ | ᠵᠠᠮ ᠢ ᠦᠷᠭᠡᠳᠭᠡᠬᠦ ᠬᠡᠷᠡᠭᠲᠡᠢ᠃ | ︵ᠲᠠᠪᠤ︶ ᠵᠦᠢ ᠶᠤᠰᠤᠨ ᠤ ᠳᠠᠭᠠᠳᠬᠠᠯ ᠢ ᠢᠳᠡᠪᠬᠢᠲᠡᠢ ᠬᠦᠭᠵᠢᠭᠦᠯᠦᠨ᠎ᠡ᠃ ᠳᠠᠭᠠᠳᠬᠠᠯ ᠤᠨ | ᠪᠠᠶᠢᠭᠤᠯᠤᠮᠵᠢ ᠨᠤᠭᠤᠳ ᠤᠨ ᠥᠪᠡᠷᠲᠡᠭᠡᠨ ᠵᠠᠰᠠᠬᠤ ᠣᠷᠣᠨ ᠤ ᠣᠨᠴᠠᠯᠢᠭ ᠪᠠ ᠪᠣᠬᠢᠷᠳᠤᠯ ᠦᠭᠡᠢ ᠠᠵᠤ ᠦᠢᠯᠡᠰ ᠤᠨ | ᠣᠨᠴᠠᠯᠢᠭ ᠲᠠᠢ ᠵᠦᠢ ᠶᠤᠰᠤᠨ ᠤ ᠳᠠᠭᠠᠳᠬᠠᠯ ᠤᠨ ᠨᠡᠷᠡᠳᠬᠦᠨ ᠢ ᠰᠢᠨ᠎ᠡ ᠪᠠᠷ ᠡᠭᠦᠳᠦᠨ ᠵᠢᠷᠤᠭᠯᠠᠨ ᠲᠥᠯᠥᠪᠯᠡᠬᠦ ᠶᠢ | ᠳᠡᠮᠵᠢᠵᠦ᠂ ᠳᠠᠭᠠᠳᠬᠠᠯ ᠤᠨ ᠰᠦᠢᠳᠭᠡᠯ ᠤᠨ ᠨᠣᠷᠮ᠎ᠠ ᠶᠢ ᠵᠦᠢ ᠵᠣᠬᠢᠰᠲᠠᠢ ᠪᠠᠷ ᠲᠣᠭᠲᠠᠭᠠᠵᠤ᠂ ᠲᠥᠭᠰᠢᠭᠦᠷᠢ ᠶᠢ | ᠡᠵᠡᠮᠳᠡᠵᠦ ᠴᠢᠳᠠᠬᠤ ᠤᠷᠢᠳᠠᠯ ᠳᠣᠣᠷ᠎ᠠ᠂ ᠳᠠᠭᠠᠳᠬᠠᠯ ᠤᠨ ᠦᠢᠯᠡᠴᠢᠯᠡᠭᠡᠨ ᠤ ᠤᠨᠤᠯᠵᠢᠬᠤᠨ ᠢ ᠤᠯᠠᠮ ᠨᠢᠭᠡ | ᠠᠯᠬᠤᠮ ᠪᠠᠶᠠᠯᠢᠬᠵᠢᠭᠤᠯᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠲᠣᠨᠤᠭ ᠲᠦᠬᠦᠭᠡᠷᠦᠮᠵᠢ ᠶᠢᠨ ᠳᠠᠭᠠᠳᠬᠠᠯ᠂ ᠳᠣᠣᠷ᠎ᠠ | ᠨᠡᠭᠦᠷᠡᠰᠦᠲᠦ᠋ᠷᠦᠭᠴᠢ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠤᠨ ᠬᠡᠷᠡᠭᠯᠡᠭᠡ ᠶᠢᠨ ᠵᠦᠢᠯ ᠳᠤ | ᠬᠠᠨᠳᠤᠭᠤᠯᠤᠭᠰᠠᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ᠂ ᠣᠢ | ᠰᠢᠭᠤᠢ ᠶᠢᠨ ᠳᠠᠭᠠᠳᠬᠠᠯ᠂ ᠨᠤᠲᠤᠭ ᠪᠡᠯᠴᠢᠭᠡᠷ ᠤᠨ ᠳᠠᠭᠠᠳᠬᠠᠯ ᠪᠠ ᠲᠠᠷᠢᠶᠠᠯᠠᠩ ᠮᠠᠯ ᠠᠵᠤ ᠠᠬᠤᠢ ᠶᠢᠨ ᠭᠠᠢ | ᠭᠠᠮᠰᠢᠭ ᠤᠨ ᠳᠠᠭᠠᠳᠬᠠᠯ ᠵᠡᠷᠭᠡ ᠨᠡᠷᠡᠳᠬᠦᠨ ᠢ ᠰᠣᠳᠣᠯᠣᠨ ᠬᠦᠭᠵᠢᠭᠦᠯᠬᠦ ᠬᠡᠷᠡᠭᠲᠡᠢ᠃ ᠳᠠᠭᠠᠳᠬᠠᠯ ᠤᠨ | ᠪᠠᠶᠢᠭᠤᠯᠤᠮᠵᠢ ᠨᠤᠭᠤᠳ ᠤᠨ ᠲᠡᠵᠢᠭᠡᠪᠦᠷᠢ ᠶᠢᠨ ᠦᠢᠯᠡᠰ ᠤᠨ ᠣᠷᠴᠢᠨ ᠲᠣᠭᠤᠷᠢᠨ ᠤ ᠪᠣᠬᠢᠷᠳᠦᠯ ᠤᠨ | ᠲᠥᠭᠰᠢᠭᠦᠷᠢ ᠶᠢᠨ ᠬᠠᠮᠢᠶᠠᠷᠤᠯᠲᠠ ᠳᠤ ᠣᠷᠣᠯᠴᠠᠬᠤ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠤᠨ ᠳᠠᠭᠠᠳᠬᠠᠯ ᠤᠨ | ᠲᠦᠯᠦᠪᠦᠷᠢ ᠬᠢᠭᠡᠳ ᠡᠪᠡᠳᠴᠢᠨ ᠬᠢᠵᠢᠭ ᠢᠶᠠᠷ ᠦᠬᠦᠭᠰᠡᠨ ᠮᠠᠯ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ | ᠬᠠᠮᠲᠤᠷᠠᠭᠰᠠᠨ ᠠᠵᠢᠯᠯᠠᠭᠠᠨ ᠤ ᠲᠣᠭᠲᠠᠴᠠ ᠪᠠᠶᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠪᠣᠬᠢᠷᠳᠦᠯ ᠤᠨ | ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠲᠤᠷᠰᠢᠯᠲᠠ ᠵᠢᠴᠢ ᠳᠡᠯᠭᠡᠷᠡᠭᠦᠯᠬᠦ ᠠᠵᠢᠯ ᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠪᠣᠬᠢᠷᠳᠦᠯ ᠤᠨ ᠲᠦᠭᠰᠢᠭᠦᠷᠢ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ | ᠪᠠᠲᠤᠯᠠᠭ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠬᠢᠭᠡᠳ ᠪᠣᠰᠣᠳ | ᠮᠦᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠬᠢᠷ ᠪᠣᠳᠠᠰ ᠭᠠᠳᠠᠭᠰᠢᠯᠠᠭᠤᠯᠬᠤ ᠨᠢᠭᠡᠴᠡ ᠳᠤ᠂ ᠲᠥᠷᠥ ᠶᠢᠨ | ᠪᠣᠳᠣᠯᠭ᠎ᠠ ᠪᠠᠷ ᠤᠷᠮᠠᠰᠢᠭᠤᠯᠵᠤ ᠪᠠ ᠢᠲᠡᠭᠡᠮᠵᠢᠲᠦ ᠵᠢᠭᠡᠯᠡᠯᠭᠡ ᠪᠠᠷ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ | ᠳᠠᠭᠠᠳᠬᠠᠯ ᠳᠤ ᠣᠷᠣᠬᠤ ᠪᠠ ᠳᠠᠭᠠᠳᠬᠠᠭᠤᠯᠬᠤ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠬᠤ ᠶᠢᠨ ᠬᠠᠮᠳᠤ᠂ | ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠳᠤ ᠣᠷᠣᠯᠴᠠᠭᠰᠠᠨ | ᠡᠰᠡᠬᠦ ᠪᠠ ᠳᠠᠭᠠᠳᠬᠠᠭᠤᠯᠤᠭᠰᠠᠨ ᠪᠠᠶᠢᠬᠤ ᠡᠰᠡᠬᠦ ᠶᠢ ᠪᠣᠰᠣᠳ ᠴᠡᠪᠡᠷ ᠮᠦᠩᠬᠦᠨ ᠭᠦᠢᠯᠭᠡᠭᠡᠨ ᠤ ᠦᠢᠯᠡᠴᠢᠯᠡᠭᠡᠨ | ᠣᠯᠬᠤ ᠶᠢᠨ ᠲᠡᠷᠢᠭᠦᠨ ᠨᠦᠬᠦᠴᠡᠯ ᠪᠣᠯᠭᠠᠬᠤ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠠᠵᠤ | ᠠᠬᠤᠶᠢᠯᠠᠯ ᠳᠤ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ︾ ᠦᠷᠨᠢᠭᠦᠯᠦᠨ᠂ ᠣᠯᠵᠤ ᠮᠡᠳᠡᠭᠰᠡᠨ | ᠣᠷᠴᠢᠨ ᠲᠣᠭᠤᠷᠢᠨ ᠤ ᠲᠦᠭᠰᠢᠭᠦᠷᠢ ᠶᠢᠨ ᠭᠡᠮ ᠰᠣᠭᠤᠭ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ | ᠮᠦᠴᠢᠷ ᠲᠤ ᠮᠡᠳᠡᠬᠦᠯᠵᠦ᠂ ᠣᠷᠴᠢᠨ ᠲᠣᠭᠤᠷᠢᠨ ᠤ ᠲᠦᠭᠰᠢᠭᠦᠷᠢ ᠳᠤ ᠬᠢᠨᠠᠯᠲᠠ ᠲᠠᠯᠪᠢᠵᠤ ᠰᠡᠷᠭᠡᠶᠢᠯᠡᠬᠦ ᠶᠢ | ᠴᠢᠩᠭᠠᠳᠬᠠᠬᠤ ᠬᠡᠷᠡᠭᠲᠡᠢ᠃ | ︵ᠵᠢᠷᠭᠤᠭ᠎ᠠ︶ ᠵᠦᠢ ᠶᠤᠰᠤᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠭᠤᠷᠪᠠᠨ ᠱᠠᠲᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠ ᠬᠤᠳᠠᠯᠳᠤᠭᠠᠨ ᠤ ᠴᠢᠨᠠᠷᠲᠠᠢ ᠴᠡᠪᠡᠷ | ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠶᠢᠵᠢᠭᠰᠠᠨ | ᠴᠡᠪᠡᠷ ᠳᠠᠭᠠᠭᠠᠯᠲᠠ ᠶᠢᠨ ᠲᠣᠭᠲᠠᠴᠠ ᠪᠠᠷ ᠳᠠᠮᠵᠢᠨ᠂ ᠨᠡᠩ ᠣᠯᠠᠨ ᠨᠡᠶᠢᠭᠡᠮ ᠤᠨ ᠬᠦᠷᠦᠩᠭᠡ ᠶᠢ ᠪᠣᠬᠢᠷᠳᠣᠯ ᠦᠭᠡᠢ | ᠠᠵᠤ ᠦᠢᠯᠡᠰ ᠲᠤ ᠪᠡᠯᠡ ᠣᠷᠤᠭᠤᠯᠬᠤ ᠪᠠᠷ ᠳᠠᠶᠢᠴᠢᠯᠠᠬᠤ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠪᠠᠶᠢᠭᠤᠯᠤᠮᠵᠢ ᠶᠢ ᠬᠦᠲᠦᠯᠦᠨ ᠵᠢᠯᠣᠭᠤᠳᠴᠦ ᠪᠠᠶᠢᠭᠠᠳ ᠡᠩ ᠲᠡᠷᠢᠭᠦᠨ ᠳᠤ ᠪᠣᠬᠢᠷᠳᠤᠯ ᠦᠭᠡᠢ ᠬᠦᠷᠢᠶ᠎ᠡ ᠴᠠᠷᠠᠭ᠎ᠠ | ᠲᠡᠰᠢ ᠳᠠᠭᠠᠭᠠᠯᠲᠠ ᠶᠢᠨ ᠡᠬᠢ ᠪᠠᠶᠠᠯᠢᠭ ᠢ ᠲᠣᠬᠢᠷᠠᠭᠤᠯᠵᠤ᠂ ᠱᠠᠭᠠᠷᠳᠠᠯᠭ᠎ᠠ ᠳᠤ ᠨᠡᠶᠢᠴᠡᠬᠦ ᠪᠣᠬᠢᠷᠳᠤᠯ ᠦᠭᠡᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ᠂ ᠪᠣᠬᠢᠷᠳᠤᠯ ᠦᠭᠡᠢ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠠᠵᠤ ᠠᠬᠤᠶᠢᠯᠠᠯ ᠪᠠ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢ ᠤᠷᠢᠳᠠᠪᠠᠷ ᠳᠡᠮᠵᠢᠬᠦ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠭᠠᠯᠲᠠ ᠶᠢᠨ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠠᠵᠤ | ᠠᠬᠤᠶᠢᠯᠠᠯ ᠤᠨ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ ᠳᠤ ᠳᠠᠭᠠᠭᠠᠯᠲᠠ ᠬᠢᠯᠭᠡᠵᠦ᠂ ᠵᠦᠢ ᠶᠤᠰᠤᠨ ᠤ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠢ᠃ | ᠵᠦᠢ ᠶᠤᠰᠤᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠦᠩᠬᠦ ᠪᠠᠶᠢᠭᠤᠯᠬᠤ ᠬᠡᠷᠡᠭᠲᠡᠢ᠃ | ︵ᠳᠣᠯᠤᠭ᠎ᠠ︶ ᠵᠦᠢ ᠶᠤᠰᠤᠨ ᠤ ᠮᠦᠩᠬᠦᠨ ᠭᠦᠢᠯᠭᠡᠭᠡᠨ ᠤ ᠲᠠᠯ᠎ᠠ ᠪᠠᠷ ᠣᠯᠠᠨ ᠤᠯᠤᠰ ᠤᠨ ᠬᠠᠮᠲᠤᠷᠠᠯᠴᠠᠭ᠎ᠠ | ᠥᠷᠨᠢᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ | ᠶᠢᠨ ᠴᠢᠬᠤᠯᠠ ᠣᠷᠣᠨ ᠪᠦᠰᠡ ᠪᠣᠯᠬᠤ ᠪᠠᠶᠢᠯᠳᠤᠬᠤ ᠪᠣᠳᠣᠯᠭ᠎ᠠ ᠶᠢᠨ ᠳᠠᠪᠠᠭᠤᠯᠢᠭ ᠢ ᠠᠰᠢᠭᠯᠠᠨ᠂ ᠲᠤᠷᠭᠠᠨ | ᠵᠠᠮ ᠤᠨ ᠰᠠᠭᠤᠷᠢ ᠮᠦᠩᠬᠦ᠂ ᠠᠽᠢᠶ᠎ᠠ ᠲᠢᠪ ᠤᠨ ᠰᠠᠭᠤᠷᠢ ᠪᠡᠯᠡᠳᠭᠡᠮᠵᠢ ᠶᠢᠨ ᠪᠡᠯᠡ ᠣᠷᠤᠭᠤᠯᠤᠯᠲᠠ ᠶᠢᠨ | ᠪᠠᠩᠭᠢ ᠠᠴᠠ ᠥᠪᠡᠷᠲᠡᠭᠡᠨ ᠵᠠᠰᠠᠬᠤ ᠣᠷᠣᠨ ᠤ ᠪᠣᠬᠢᠷᠳᠣᠯ ᠦᠭᠡᠢ ᠠᠵᠤ ᠦᠢᠯᠡᠰ ᠪᠠ ᠠᠮᠢ ᠠᠬᠤᠢ ᠶᠢᠨ ᠰᠠᠭᠤᠷᠢ | ᠪᠡᠯᠡᠳᠭᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠣᠷᠤᠭᠤᠯᠬᠤ ᠶᠢ ᠴᠢᠷᠮᠠᠶᠢᠨ ᠣᠯᠬᠤ | ᠬᠡᠷᠡᠭᠲᠡᠢ᠃ ᠣᠷᠣᠨ ᠪᠦᠰᠡ ᠶᠢᠨ ᠴᠢᠨᠠᠷᠲᠠᠢ ᠴᠡᠪᠡᠷ ᠮᠦᠩᠬᠦᠨ ᠭᠦᠢᠯᠭᠡᠭᠡᠨ ᠤ ᠲᠠᠯ᠎ᠠ ᠪᠠᠷ ᠣᠯᠠᠨ ᠤᠯᠤᠰ ᠤᠨ | ᠬᠠᠮᠳᠤᠷᠠᠯᠴᠠᠭ᠎ᠠ ᠶᠢ ᠢᠳᠡᠪᠬᠢᠲᠡᠢ ᠪᠠᠷ ᠠᠬᠢᠭᠤᠯᠵᠤ᠂ ᠳᠤᠮᠳᠠᠲᠤ ᠮᠣᠩᠭᠤᠯ ᠣᠷᠣᠰ ᠤᠨ ᠠᠵᠤ ᠠᠬᠤᠢ ᠶᠢᠨ | ᠬᠤᠩᠬᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠦᠬᠦᠴᠡᠯ ᠳᠤ | ᠨᠡᠶᠢᠴᠡᠬᠦ ᠬᠠᠤᠯᠢ ᠶᠢᠨ ᠡᠷᠬᠡᠲᠡᠨ ᠤ ᠮᠦᠩᠬᠦᠨ ᠭᠦᠢᠯᠭᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠳ ᠬᠢᠯᠢ ᠶᠢᠨ | ᠭᠠᠳᠠᠨ᠎ᠠ ᠣᠴᠢᠵᠤ ᠴᠡᠪᠡᠷ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠬᠦ ᠬᠡᠷᠡᠭᠲᠡᠢ᠃ ᠣᠯᠠᠨ ᠤᠯᠤᠰ ᠤᠨ | ᠪᠡᠯᠡ ᠮᠦᠩᠬᠦ ᠶᠢ ᠲᠠᠲᠠᠨ ᠠᠪᠴᠢᠷᠠᠵᠤ ᠥᠪᠡᠷᠲᠡᠭᠡᠨ ᠵᠠᠰᠠᠬᠤ ᠣᠷᠣᠨ ᠤ ᠴᠡᠪᠡᠷ ᠦᠷᠢ ᠶᠢᠨ ᠲᠡᠮᠳᠡᠭᠲᠦ᠂ ᠴᠡᠪᠡᠷ | ᠰᠲ᠋ᠣᠺ ᠪᠠ ᠪᠣᠰᠣᠳ ᠵᠦᠢ ᠶᠤᠰᠤᠨ ᠤ ᠮᠦᠩᠬᠦᠨ ᠭᠦᠢᠯᠭᠡᠭᠡᠨ ᠤ ᠬᠦᠷᠦᠩᠭᠡ ᠳᠤ ᠪᠡᠯᠡ ᠣᠷᠤᠭᠤᠯᠬᠤ ᠬᠡᠷᠡᠭᠲᠡᠢ᠃ | ︵ᠨᠠᠢᠮᠠ︶ ᠵᠦᠢ ᠶᠤᠰᠤᠨ ᠤ ᠮᠦᠩᠬᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠬᠦ | ᠲᠤᠷᠰᠢᠯᠲᠠ ᠶᠢ ᠦᠷᠨᠢᠭᠦᠯᠦᠨ᠎ᠡ᠃ ᠬᠠᠤᠯᠢ ᠶᠣᠰᠤᠭᠠᠷ ᠳᠥᠷᠢᠮ ᠳᠤ ᠨᠡᠶᠢᠴᠡᠬᠦ᠂ ᠲᠥᠭᠰᠢᠭᠦᠷᠢ ᠶᠢ ᠡᠵᠡᠮᠳᠡᠵᠦ ᠪᠣᠯᠬᠤ | ᠵᠠᠷᠴᠢᠮ ᠢ ᠪᠠᠷᠢᠮᠲᠠᠯᠠᠵᠤ᠂ ᠵᠦᠢ ᠶᠤᠰᠤᠨ ᠤ ᠮᠦᠩᠬᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠬᠦ | ᠲᠤᠷᠰᠢᠯᠲᠠ ᠶᠢ ᠦᠷᠨᠢᠭᠦᠯᠬᠦ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥᠯ ᠵᠦᠢᠯ ᠢ ᠦᠨᠡᠯᠡᠬᠦ | ᠲᠣᠭᠲᠠᠴᠠ᠂ ᠵᠦᠢ ᠶᠤᠰᠤᠨ ᠤ ᠬᠡᠷᠡᠭᠯᠡᠭᠡ ᠶᠢᠨ ᠢᠲᠡᠭᠡᠮᠵᠢᠲᠦ ᠵᠢᠭᠡᠯᠡᠭᠡ᠂ ᠵᠦᠢ ᠶᠤᠰᠤᠨ ᠤ ᠲᠦᠷᠢᠶᠡᠰᠦᠯᠡᠬᠦ᠂ ᠵᠦᠢ | ᠶᠤᠰᠤᠨ ᠤ ᠢᠲᠡᠭᠡᠮᠵᠢᠲᠦ᠂ ᠵᠦᠢ ᠶᠤᠰᠤᠨ ᠤ ᠠᠵᠤ ᠠᠬᠤᠶᠢᠯᠠᠯ ᠤᠨ ᠪᠡᠯᠡ ᠣᠷᠤᠭᠤᠯᠤᠯᠲᠠ ᠪᠠ ᠵᠢᠭᠡᠯᠡᠯᠭᠡ ᠶᠢᠨ | ᠬᠠᠮᠲᠤᠷᠠᠨ ᠬᠦᠳᠡᠯᠦᠯᠴᠡᠬᠦ᠂ ᠵᠦᠢ ᠶᠤᠰᠤᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠡᠯᠡ ᠲᠣᠬᠢᠷᠠᠭᠤᠯᠭ᠎ᠠ᠂ ᠵᠦᠢ | ᠶᠤᠰᠤᠨ ᠤ ᠭᠦᠢᠴᠡᠳᠭᠡᠯ ᠲᠤᠭ᠎ᠠ ᠪᠠᠷ ᠰᠠᠭᠤᠷᠢ ᠪᠣᠯᠭᠠᠭᠰᠠᠨ ᠨᠡᠶᠢᠲᠡ ᠶᠢᠨ ᠴᠤᠭᠯᠠᠭᠤᠯᠭ᠎ᠠ ᠪᠠ ᠬᠤᠪᠢᠨ ᠤ | ᠴᠤᠭᠯᠠᠭᠤᠯᠭ᠎ᠠ ᠶᠢᠨ ᠰᠠᠭᠤᠷᠢ ᠮᠦᠩᠬᠦ ᠶᠢ ᠨᠡᠭᠡᠭᠡᠨ ᠬᠦᠭᠵᠢᠭᠦᠯᠬᠦ᠂ ᠵᠦᠢ ᠶᠤᠰᠤᠨ ᠤ ᠢᠲᠡᠭᠡᠮᠵᠢ ᠶᠢᠨ ᠪᠠᠶᠢᠭᠤᠯᠤᠯᠲᠠ | ᠵᠡᠷᠭᠡ ᠲᠠᠯ᠎ᠠ ᠪᠠᠷ ᠭᠤᠣᠯᠳᠠᠯᠭ᠎ᠠ ᠲᠠᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ | ᠭᠤᠷᠪᠠ᠂ ᠭᠤᠣᠯᠳᠠᠯᠭ᠎ᠠ ᠶᠢ ᠳᠣᠪᠤᠶᠢᠯᠭᠠᠨ᠂ ᠵᠦᠢ ᠶᠤᠰᠤᠨ ᠤ ᠮᠦᠩᠬᠦᠨ ᠭᠦᠢᠯᠭᠡᠭᠡᠨ ᠤ ᠳᠡᠮᠵᠢᠬᠦ | ᠬᠠᠨᠳᠤᠰᠢ ᠶᠢ ᠲᠣᠳᠣᠷᠬᠠᠶᠢᠯᠠᠨ᠎ᠠ | ︵ᠨᠢᠭᠡ︶ ᠡᠨᠧᠷᠬᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠪᠠ ᠳᠣᠣᠷ᠎ᠠ ᠨᠡᠭᠦᠷᠡᠰᠦᠲᠦ᠋ᠷᠦᠭᠴᠢᠲᠦ | ᠠᠵᠤ ᠠᠬᠤᠢ ᠶᠢᠨ ᠬᠦᠭᠵᠢᠯᠲᠡ ᠶᠢ ᠲᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠮᠡᠷᠭᠡᠵᠢᠯ ᠤᠨ | ᠥᠭᠡᠷᠡᠴᠢᠯᠡᠯᠲᠡ᠂ ᠠᠵᠤ ᠦᠢᠯᠡᠰ ᠤᠨ ᠳᠡᠰ ᠳᠡᠪᠰᠢᠬᠦ ᠪᠠ ᠪᠦᠲᠦᠴᠡ ᠶᠢᠨ ᠲᠣᠬᠢᠷᠠᠭᠤᠯᠤᠯᠲᠠ ᠶᠢᠨ ᠲᠥᠷᠥᠯ | ᠵᠦᠢᠯ ᠤᠨ ᠭᠠᠷᠴᠠᠭ ᠶᠣᠰᠤᠭᠠᠷ᠂ ᠤᠯᠠᠮᠵᠢᠯᠠᠯᠲᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ | ᠲᠥᠬᠦᠭᠡᠷᠦᠮᠵᠢ ᠶᠢᠨ ᠰᠢᠨᠡᠴᠢᠯᠡᠯᠲᠡ ᠶᠢ ᠬᠠᠪᠰᠤᠷᠤᠨ ᠠᠬᠢᠭᠤᠯᠬᠤ ᠬᠡᠷᠡᠭᠲᠡᠢ᠃ ᠡᠨᠧᠷᠬᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠲᠥᠷᠥᠯ ᠵᠦᠢᠯ᠂ ᠪᠣᠬᠢᠷᠳᠤᠯ ᠦᠭᠡᠢ ᠪᠠᠷᠢᠯᠭ᠎ᠠ ᠶᠢᠨ ᠲᠥᠷᠥᠯ ᠵᠦᠢᠯ᠂ ᠰᠠᠭᠠᠳ ᠦᠭᠡᠢ | ᠨᠡᠪᠲᠡᠷᠡᠭᠦᠯᠬᠦ ᠵᠠᠮ ᠬᠠᠷᠢᠯᠴᠠᠭᠠᠨ ᠤ ᠲᠥᠷᠥᠯ ᠵᠦᠢᠯ ᠪᠠ ᠴᠡᠪᠡᠷ ᠬᠡᠷᠡᠭᠯᠡᠭᠡ ᠶᠢᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠳᠣᠣᠷ᠎ᠠ ᠨᠡᠭᠦᠷᠡᠰᠦᠲᠦ᠋ᠷᠦᠭᠴᠢᠲᠦ ᠠᠵᠤ ᠠᠬᠤᠢ ᠶᠢᠨ ᠬᠦᠭᠵᠢᠯᠲᠡ ᠶᠢ ᠠᠬᠢᠭᠤᠯᠵᠤ᠂ ᠣᠷᠴᠢᠨ | ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ | ︵ᠬᠤᠶᠠᠷ︶ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢ ᠳᠡᠮᠵᠢᠨ᠎ᠡ᠃ | ᠭᠤᠣᠯᠳᠠᠯᠭ᠎ᠠ ᠲᠠᠢ ᠣᠷᠣᠨ ᠪᠦᠰᠡ ᠶᠢᠨ ᠮᠣᠳᠣ ᠲᠠᠷᠢᠵᠤ ᠣᠶᠢᠵᠢᠭᠤᠯᠬᠤ ᠪᠠ ᠣᠢ ᠰᠢᠭᠤᠢ᠂ ᠤᠰᠤᠯᠢᠭ ᠨᠣᠭᠤ | ᠭᠠᠵᠠᠷ᠂ ᠴᠦᠯᠦᠷᠬᠡᠭ ᠭᠠᠵᠠᠷ᠂ ᠨᠣᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠶᠢ ᠳᠡᠮᠵᠢᠵᠦ᠂ | ᠭᠤᠣᠯ ᠮᠦᠷᠡᠨ᠂ ᠨᠠᠭᠤᠷ ᠴᠦᠬᠦᠷᠦᠮ ᠤᠨ ᠶᠡᠷᠦᠩᠬᠡᠶᠢᠯᠡᠨ ᠵᠠᠰᠠᠬᠤ ᠶᠢ ᠳᠡᠮᠵᠢᠬᠦ ᠬᠡᠷᠡᠭᠲᠡᠢ᠃ ᠪᠣᠬᠢᠷ ᠤᠰᠤ ᠶᠢ | ᠴᠡᠪᠡᠷᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠪᠠ ᠪᠠᠷᠢᠮᠵᠢᠶ᠎ᠠ ᠶᠢ ᠨᠢ ᠳᠡᠭᠡᠭᠰᠢᠯᠡᠭᠦᠯᠦᠨ | ᠰᠠᠶᠢᠵᠢᠷᠠᠭᠤᠯᠬᠤ᠂ ᠬᠤᠭ ᠨᠣᠪᠰᠢ ᠬᠤᠷᠢᠶᠠᠵᠤ ᠳᠡᠭᠡᠭᠡᠪᠥᠷᠢᠯᠡᠬᠦ ᠪᠠ ᠠᠷᠢᠯᠭᠠᠨ ᠰᠢᠢᠳᠪᠦᠷᠢᠯᠡᠬᠦ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠬᠤᠲᠠ ᠶᠢᠨ ᠨᠣᠭᠤᠭᠠᠷᠠᠭᠤᠯᠤᠭᠰᠠᠨ ᠵᠠᠮ ᠪᠠᠶᠢᠭᠤᠯᠬᠤ᠂ ᠵᠡᠭᠡᠯᠢ | ᠭᠤᠳᠤᠮᠵᠢ ᠶᠢ ᠨᠣᠭᠤᠭᠠᠷᠠᠭᠤᠯᠬᠤ ᠵᠡᠷᠭᠡ ᠲᠥᠷᠥᠯ ᠵᠦᠢᠯ ᠢ ᠳᠡᠮᠵᠢᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ | ᠣᠷᠴᠢᠨ ᠲᠣᠭᠤᠷᠢᠨ ᠤ ᠬᠡᠰᠡᠭᠷᠡᠨ ᠵᠠᠯᠭᠠᠯᠳᠤᠭᠰᠠᠨ ᠭᠠᠵᠠᠷ ᠢ ᠵᠠᠰᠠᠬᠤ ᠵᠢᠴᠢ ᠤᠤᠭᠤᠬᠤ ᠤᠰᠤᠨ ᠤ ᠡᠬᠢ | ᠰᠣᠷᠪᠣᠯᠵᠢ ᠶᠢᠨ ᠭᠠᠵᠠᠷ ᠤᠨ ᠬᠠᠮᠠᠭᠠᠯᠠᠯᠲᠠ ᠶᠢᠨ ᠲᠥᠷᠥᠯ ᠵᠦᠢᠯ ᠦᠷᠨᠢᠭᠦᠯᠬᠦ ᠶᠢ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠵᠤ᠂ | ᠮᠠᠯᠵᠢᠬᠤ ᠲᠠᠷᠢᠶᠠᠯᠠᠬᠤ ᠳᠤ ᠬᠤᠯᠪᠣᠭᠳᠠᠭᠰᠠᠨ ᠳᠥᠭᠦᠮ ᠪᠦᠳᠦᠬᠦᠯᠢᠭ ᠣᠷᠣᠨ ᠰᠠᠭᠤᠴᠠᠲᠤ ᠲᠣᠭᠤᠷᠢᠭ ᠢ | ᠥᠭᠡᠷᠡᠴᠢᠯᠡᠨ ᠰᠢᠨᠡᠳᠭᠡᠬᠦ᠂ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠨᠡᠶᠢᠭᠡᠮ ᠲᠣᠭᠤᠷᠢᠭ ᠤᠨ ᠴᠢᠳᠠᠮᠵᠢ ᠶᠢ | ᠳᠡᠭᠡᠭᠰᠢᠯᠡᠭᠦᠯᠬᠦ ᠪᠠ ᠭᠤᠸ᠎ᠠ ᠰᠠᠶᠢᠬᠠᠨ ᠦᠵᠡᠰᠬᠦᠯᠡᠩᠲᠦ ᠬᠦᠳᠡᠭᠡ ᠨᠣᠲᠤᠭ ᠢ ᠪᠦᠲᠦᠭᠡᠨ ᠪᠠᠶᠢᠭᠤᠯᠬᠤ ᠵᠡᠷᠭᠡ | ᠲᠥᠷᠥᠯ ᠵᠦᠢᠯ ᠢ ᠳᠡᠮᠵᠢᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠣᠬᠢᠷᠳᠤᠯ ᠢ ᠰᠡᠷᠭᠡᠶᠢᠯᠡᠨ | ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠬᠤ ᠬᠡᠷᠡᠭᠲᠡᠢ᠃ | ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠮᠡᠷᠭᠡᠵᠢᠯ ᠲᠣᠨᠤᠭ ᠲᠦᠬᠦᠭᠡᠷᠦᠮᠵᠢ ᠶᠢ ᠰᠣᠳᠣᠯᠣᠨ | ᠨᠡᠬᠡᠬᠡᠬᠦ ᠪᠠ ᠲᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠪᠣᠬᠢᠷᠳᠣᠯ ᠢ ᠭᠤᠷᠪᠠᠳᠤᠭᠠᠷ | ᠲᠠᠯ᠎ᠠ ᠠᠴᠠ ᠵᠠᠰᠠᠬᠤ ᠶᠢ ᠦᠷᠨᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠦᠢᠯᠡᠰ ᠤᠨ | ᠬᠦᠭᠵᠢᠯᠲᠡ ᠶᠢ ᠠᠬᠢᠭᠤᠯᠬᠤ ᠬᠡᠷᠡᠭᠲᠡᠢ᠃ | ︵ᠭᠤᠷᠪᠠ︶ ᠰᠢᠨ᠎ᠡ ᠡᠨᠧᠷᠬᠢ ᠶᠢ ᠳᠡᠯᠭᠡᠷᠡᠭᠦᠯᠬᠦ ᠪᠠ ᠡᠬᠢ ᠪᠠᠶᠠᠯᠢᠭ ᠢ ᠡᠷᠬᠢᠯᠳᠦᠭᠦᠯᠦᠨ ᠠᠰᠢᠭᠯᠠᠬᠤ ᠶᠢ | ᠳᠡᠮᠵᠢᠨ᠎ᠡ᠃ ᠳᠠᠬᠢᠨ ᠡᠭᠦᠰᠴᠦ ᠪᠣᠯᠬᠤ ᠡᠨᠧᠷᠬᠢ᠂ ᠴᠡᠪᠡᠷ ᠡᠨᠧᠷᠬᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠵᠢᠴᠢ ᠰᠢᠨ᠎ᠡ ᠡᠨᠧᠷᠬᠢᠲᠦ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠ ᠲᠥᠬᠦᠷ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠬᠦ ᠬᠡᠷᠡᠭᠲᠡᠢ᠃ ᠦᠷᠭᠡᠨ ᠬᠡᠮᠵᠢᠶᠡᠨ ᠤ ᠬᠠᠲᠠᠭᠤ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ᠂ ᠮᠠᠰᠢᠨ ᠲᠥᠬᠦᠭᠡᠷᠦᠮᠵᠢ ᠶᠢ ᠵᠠᠳᠠᠯᠤᠨ ᠠᠰᠢᠭᠯᠠᠬᠤ ᠬᠢᠭᠡᠳ ᠳᠠᠬᠢᠨ | ᠦᠢᠯᠡᠳᠬᠦ ᠵᠡᠷᠭᠡ ᠡᠷᠭᠢᠯᠲᠡᠲᠦ ᠠᠵᠤ ᠠᠬᠤᠢ ᠶᠢᠨ ᠲᠥᠷᠥᠯ ᠵᠦᠢᠯ ᠢ ᠳᠡᠮᠵᠢᠬᠦ ᠬᠡᠷᠡᠭᠲᠡᠢ᠃ | ︵ᠳᠥᠷᠪᠡ︶ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠪᠠ ᠪᠣᠬᠢᠷᠳᠤᠯ ᠦᠭᠡᠢ ᠣᠢ ᠰᠢᠭᠤᠢ ᠶᠢᠨ | ᠬᠦᠭᠵᠢᠯᠲᠡ ᠶᠢ ᠳᠡᠮᠵᠢᠨ᠎ᠡ᠃ ᠠᠮᠢ ᠠᠬᠤᠢ ᠶᠢᠨ ᠲᠡᠷᠢᠶᠠᠯᠠᠩ ᠮᠠᠯ ᠠᠵᠤ ᠠᠬᠤᠢ ᠪᠠ ᠤᠷᠭᠠᠨᠢᠭ ᠲᠡᠷᠢᠶᠠᠯᠠᠩ ᠮᠠᠯ | ᠠᠵᠤ ᠠᠬᠤᠢ ᠶᠢ ᠬᠦᠭᠵᠢᠭᠦᠯᠬᠦ ᠶᠢ ᠳᠡᠮᠵᠢᠵᠦ᠂ ᠪᠣᠬᠢᠷᠳᠤᠯ ᠦᠭᠡᠢ ᠤᠷᠭᠠᠨᠢᠭ ᠢᠳᠡᠭᠡᠨ ᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠦᠭᠵᠢᠯᠲᠡ ᠶᠢ ᠲᠦᠷᠭᠡᠳᠭᠡᠬᠦ ᠬᠡᠷᠡᠭᠲᠡᠢ᠃ ᠬᠤᠣᠷ | ᠦᠭᠡᠶᠢᠳᠡᠭᠦᠯᠦᠭᠰᠡᠨ ᠪᠠ ᠠᠮᠢ ᠠᠬᠤᠶᠢᠵᠢᠭᠤᠯᠤᠭᠰᠠ ᠪᠣᠬᠢᠷᠳᠤᠯ ᠦᠭᠡᠢ ᠲᠡᠵᠢᠭᠡᠨ ᠦᠷᠡᠵᠢᠭᠦᠯᠬᠦ ᠵᠠᠭᠪᠤᠷ ᠢ ᠳᠡᠮᠵᠢᠵᠦ᠂ | ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠵᠤ ᠳᠡᠰ | ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠣᠨᠴᠠᠯᠢᠭᠲᠤ ᠠᠵᠤ ᠠᠬᠤᠢ ᠶᠢᠨ ᠣᠢ᠂ ᠣᠢ ᠶᠢᠨ ᠬᠤᠷᠮᠣᠢ ᠳᠠᠬᠢ ᠠᠵᠤ | ᠠᠬᠤᠢ᠂ ᠣᠢ ᠰᠢᠭᠤᠢ ᠶᠢᠨ ᠰᠡᠯᠡᠭᠦᠴᠡᠯᠲᠦ ᠵᠢᠭᠤᠯᠴᠢᠯᠠᠯ᠂ ᠡᠷᠡᠭᠦᠯ ᠮᠡᠨᠳᠦ ᠡᠷᠡᠭᠦᠯᠵᠢᠯ ᠵᠡᠷᠭᠡ ᠣᠢ ᠰᠢᠭᠤᠢ ᠶᠢᠨ | ᠠᠵᠤ ᠦᠢᠯᠡᠰ ᠢ ᠳᠡᠮᠵᠢᠨ ᠬᠦᠭᠵᠢᠭᠦᠯᠵᠦ᠂ ᠨᠦᠬᠡᠴᠡ ᠣᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠢᠬ ᠢ ᠦᠷᠨᠢᠭᠦᠯᠬᠦ ᠬᠡᠷᠡᠭᠲᠡᠢ᠃ | ︵ᠲᠠᠪᠤ︶ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠨᠢᠷᠤᠭᠤᠪᠴᠢ ᠠᠵᠤ | ᠠᠬᠤᠶᠢᠯᠠᠯ ᠢ ᠳᠡᠮᠵᠢᠬᠦ ᠪᠠ ᠬᠦᠮᠦᠵᠢᠭᠦᠯᠦᠨ ᠪᠤᠶᠢᠵᠢᠭᠤᠯᠤᠨ᠎ᠠ᠃ ᠣᠳᠣ ᠶᠢᠨ ᠪᠠᠶᠢᠭ᠎ᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠣᠯ᠂ ᠮᠡᠷᠭᠡᠵᠢᠯ᠂ ᠴᠢᠳᠠᠪᠤᠷᠢᠲᠡᠨ ᠵᠡᠷᠭᠡ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠳᠡᠮᠵᠢᠵᠦ᠂ ᠳᠠᠪᠠᠭᠤᠯᠢᠭ ᠬᠦᠴᠦᠨ ᠢᠶᠠᠨ ᠲᠦᠪᠯᠡᠷᠡᠭᠦᠯᠦᠨ᠂ ᠥᠪᠡᠷᠲᠡᠭᠡᠨ | ᠵᠠᠰᠠᠬᠤ ᠣᠷᠣᠨ ᠤ ᠪᠣᠬᠢᠷᠳᠣᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ | ᠬᠦᠭᠵᠢᠯᠲᠡ ᠶᠢᠨ ᠬᠦᠲᠦᠴᠢ ᠠᠵᠤ ᠠᠬᠤᠶᠢᠯᠠᠯ ᠢ ᠪᠠᠶᠢᠭᠤᠯᠬᠤ ᠬᠡᠷᠡᠭᠲᠡᠢ᠃ ᠨᠢᠭᠡ ᠪᠦᠯᠦᠭ ᠰᠣᠳᠣᠯᠣᠨ ᠨᠡᠭᠡᠭᠡᠬᠦ | ᠴᠢᠳᠠᠪᠤᠷᠢ ᠪᠠᠷ ᠴᠢᠩᠭ᠎ᠠ᠂ ᠮᠡᠷᠭᠡᠵᠢᠯ ᠤᠨ ᠬᠢᠷᠢ ᠬᠡᠮᠵᠢᠶ᠎ᠡ ᠪᠠᠷ ᠦᠨᠳᠦᠷ᠂ ᠵᠠᠬ᠎ᠠ ᠳᠡᠯᠭᠡᠭᠦᠷ ᠤᠨ ᠢᠲᠡᠭᠡᠮᠵᠢ ᠪᠠᠷ | ᠰᠠᠶᠢᠨ ᠪᠣᠯᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠢ | ᠬᠦᠮᠦᠵᠢᠭᠦᠯᠦᠨ ᠪᠤᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ ᠤᠨ | ᠪᠣᠬᠢᠷᠳᠤᠯ ᠢ ᠵᠠᠰᠠᠬᠤ ᠪᠡᠷᠬᠡ ᠠᠰᠠᠭᠤᠳᠠᠯ ᠢ ᠰᠢᠪᠲᠤᠯᠤᠨ ᠰᠢᠢᠳᠪᠦᠷᠢᠯᠡᠬᠦ ᠬᠡᠷᠡᠭᠲᠡᠢ᠃ | ᠳᠥᠷᠪᠡ᠂ ᠦᠢᠯᠡᠴᠢᠯᠡᠭᠡ ᠪᠠᠨ ᠨᠢᠭᠡᠳᠦᠯᠲᠡᠢ ᠲᠦᠯᠦᠪᠵᠢᠭᠦᠯᠦᠨ᠂ ᠴᠡᠪᠡᠷ ᠮᠦᠩᠬᠦᠨ ᠭᠦᠢᠯᠭᠡᠭᠡᠨ ᠤ | ᠡᠷᠡᠭᠦᠯ ᠢᠶᠠᠷ ᠪᠦᠭᠡᠳ ᠦᠷᠭᠦᠯᠵᠢᠯᠡᠨ ᠬᠦᠭᠵᠢᠬᠦ ᠶᠢ ᠪᠡᠶᠡᠯᠡᠭᠦᠯᠦᠨ᠎ᠡ | ︵ᠨᠢᠭᠡ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠵᠣᠬᠢᠶᠠᠨ ᠪᠠᠶᠢᠭᠤᠯᠤᠨ | ᠵᠣᠬᠢᠴᠠᠭᠤᠯᠬᠤ ᠲᠣᠭᠲᠠᠴᠠ ᠶᠢ ᠪᠡᠶᠡᠯᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠦᠢ | ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢ ᠢᠳᠡᠪᠬᠢᠲᠡᠢ ᠰᠦᠪᠡᠭᠴᠢᠯᠡᠬᠦ ᠪᠠ ᠠᠬᠢᠭᠤᠯᠵᠤ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠲᠤᠭ᠎ᠠ ᠪᠦᠷᠢᠳᠭᠡᠯ ᠤᠨ ᠰᠢᠰᠲ᠋ᠧᠮᠵᠢ ᠶᠢ | ᠪᠠᠶᠢᠭᠤᠯᠤᠨ᠂ ᠴᠡᠪᠡᠷ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠡᠪᠴᠠᠩ | ᠪᠠᠶᠢᠭᠤᠯᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠥᠯᠥᠪᠵᠢᠭᠦᠯᠭᠡ ᠲᠣᠭᠲᠠᠭᠠᠵᠤ᠂ | ᠵᠦᠢ ᠶᠤᠰᠤᠨ ᠤ ᠮᠦᠩᠭᠦᠨ ᠭᠦᠢᠯᠭᠡᠭᠡᠨ ᠤ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠭᠦᠯᠬᠦ ᠬᠡᠷᠡᠭᠲᠡᠢ᠃ | ᠠᠵᠢᠯ ᠢᠶᠠᠨ ᠣᠶᠢᠯᠠᠭᠠᠵᠤ ᠣᠯᠣᠯᠴᠠᠬᠤ ᠶᠢ ᠴᠢᠩᠭᠠᠳᠬᠠᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠤ | ᠬᠦᠭᠵᠢᠯᠲᠡ ᠶᠢᠨ ᠬᠠᠨᠳᠤᠰᠢ ᠪᠠᠶᠢᠳᠠᠯ ᠪᠠ ᠬᠦᠳᠡᠯᠦᠩᠭᠦᠢ ᠪᠠᠶᠢᠳᠠᠯ ᠢ ᠡᠵᠡᠮᠳᠡᠵᠦ᠂ ᠵᠦᠢ ᠶᠤᠰᠤᠨ ᠤ ᠮᠦᠩᠭᠦᠨ | ᠭᠦᠢᠯᠭᠡᠭᠡᠨ ᠤ ᠬᠦᠭᠵᠢᠯᠲᠡ ᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠵᠦᠢ ᠶᠤᠰᠤᠨ ᠤ ᠮᠦᠩᠭᠦᠨ | ᠭᠦᠢᠯᠭᠡᠭᠡᠨ ᠤ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ᠰᠢᠩ ᠶᠧ ᠪᠠᠩᠭᠢ ︵ᠳᠤᠮᠳᠠᠲᠤ ᠤᠯᠤᠰ ᠤᠨ ᠠᠩᠬᠠᠨ ᠤ ᠳᠡᠯᠡᠬᠡᠢ ᠶᠢᠨ ᠪᠦᠰᠡᠯᠡᠭᠦᠷ ᠤᠨ | ᠵᠠᠷᠴᠢᠮᠲᠤ ᠪᠠᠩᠭᠢ︶ ᠵᠡᠷᠭᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠭᠦᠨᠵᠡᠭᠡᠢ ᠬᠠᠮᠲᠤᠷᠠᠯᠴᠠᠨ ᠪᠣᠬᠢᠷᠳᠤᠯ | ᠦᠭᠡᠢ ᠠᠵᠤ ᠦᠢᠯᠡᠰ ᠢ ᠬᠦᠭᠵᠢᠭᠦᠯᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠳᠡᠳᠭᠦᠬᠦ ᠲᠣᠭᠲᠠᠴᠠ ᠶᠢ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠬᠢᠭᠡᠳ ᠡᠳ᠋ ᠤᠨ | ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠬᠤ | ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠴᠡᠪᠡᠷ ᠦᠨᠡᠯᠡᠨ ᠵᠢᠱᠢᠬᠦ ᠭᠦᠢᠴᠡᠳᠭᠡᠯ ᠲᠣᠭᠠᠨ ᠤ | ᠰᠢᠰᠲ᠋ᠧᠮᠵᠢ ᠶᠢ ᠰᠣᠳᠤᠯᠵᠤ᠂ ᠵᠦᠢ ᠶᠤᠰᠤᠨ ᠤ ᠮᠦᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠳᠡᠮᠵᠢᠬᠦ ᠪᠠ | ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠠᠶᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠲᠤ ᠵᠦᠪᠰᠢᠶᠡᠷᠡᠨ | ᠣᠷᠣᠬᠤ ᠶᠢ ᠠᠭᠤᠵᠢᠭᠤ ᠲᠠᠯᠪᠢᠬᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠦᠨ᠎ᠡ ᠲᠣᠭᠲᠠᠭᠠᠬᠤ ᠶᠢ | ᠲᠡᠭᠦᠯᠳᠡᠷᠵᠢᠭᠦᠯᠬᠦ᠂ ᠣᠨᠴᠠ ᠵᠦᠪᠰᠢᠶᠡᠷᠡᠯ ᠤᠨ ᠡᠵᠡᠩᠨᠡᠯᠲᠡ ᠶᠢ ᠬᠡᠷᠡᠭᠵᠢᠭᠦᠯᠬᠦ᠂ ᠵᠦᠷᠢᠶᠡᠵᠢᠭᠰᠡᠨ ᠱᠠᠩᠨᠠᠯ | ᠬᠦᠬᠢᠭᠦᠯᠦᠯ ᠨᠡᠮᠡᠭᠦᠷᠢ ᠶᠢ ᠬᠡᠷᠡᠭᠯᠡᠬᠦ᠂ ᠡᠳ᠋ ᠤᠨ ᠵᠠᠰᠠᠭ ᠪᠠ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠵᠤ᠂ ᠠᠰᠢᠭ ᠣᠯᠵᠠᠪᠤᠷᠢ ᠪᠠ ᠥᠪᠡᠷ ᠤᠨ ᠥᠷᠲᠡᠭ ᠤᠨ | ᠲᠥᠭᠰᠢᠭᠦᠷᠢ ᠶᠢ ᠬᠠᠮᠳᠤᠪᠠᠷ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠦᠬᠦᠴᠡᠯ ᠳᠤ ᠨᠡᠶᠢᠴᠡᠭᠰᠡᠨ ᠵᠦᠢ | ᠶᠤᠰᠤᠨ ᠤ ᠮᠦᠩᠭᠦᠨ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | ᠭᠤᠷᠪᠠᠳᠤᠭᠠᠷ ᠲᠠᠯ᠎ᠠ ᠶᠢᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠣᠷᠢᠬᠵᠢᠭᠤᠯᠵᠤ ᠠᠵᠤ ᠠᠬᠤᠶᠢᠯᠠᠯ ᠤᠨ | ᠣᠷᠴᠢᠨ ᠲᠣᠭᠤᠷᠢᠨ ᠤ ᠮᠡᠳᠡᠭᠡ ᠵᠠᠩᠭᠢ ᠴᠤᠭᠯᠠᠭᠤᠯᠬᠤ᠂ ᠰᠣᠳᠣᠯᠬᠤ ᠪᠠ ᠨᠡᠶᠢᠲᠡᠯᠡᠬᠦ ᠬᠢᠭᠡᠳ ᠵᠠᠳᠠᠯᠤᠯᠲᠠ ᠬᠢᠵᠦ | ᠮᠡᠳᠡᠭᠦᠯᠬᠦ ᠳᠤ ᠣᠷᠣᠯᠴᠠᠭᠤᠯᠬᠤ ᠶᠢ ᠵᠦᠢ ᠶᠤᠰᠤᠨ ᠤ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ | ᠦᠷᠨᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃ ᠴᠡᠪᠡᠷ ᠮᠦᠩᠭᠦᠨ ᠭᠦᠢᠯᠭᠡᠭᠡᠨ ᠤ ᠰᠣᠳᠣᠯᠣᠯ ᠤᠨ | ᠪᠡᠯᠡ ᠮᠦᠩᠬᠦ ᠶᠢᠨ ᠣᠷᠤᠭᠤᠯᠤᠯᠲᠠ ᠪᠠ ᠴᠢᠳᠠᠪᠤᠷᠢᠲᠡᠨ ᠬᠦᠮᠦᠵᠢᠭᠦᠯᠵᠦ ᠲᠠᠲᠠᠨ ᠣᠷᠤᠭᠤᠯᠬᠤ ᠡᠷᠴᠢᠮ ᠢᠶᠠᠨ | ᠴᠢᠩᠭᠠᠷᠠᠭᠤᠯᠵᠤ᠂ ᠵᠦᠢ ᠶᠤᠰᠤᠨ ᠤ ᠮᠦᠩᠬᠦᠨ ᠭᠦᠢᠯᠭᠡᠭᠡᠨ ᠤ ᠬᠦᠭᠵᠢᠯᠲᠡ ᠶᠢᠨ ᠪᠠᠷᠠᠭᠠᠯᠬᠢᠯᠠᠯ ᠤᠨ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠲᠤᠬᠠᠶᠢᠯᠠᠭᠰᠠᠨ ᠠᠵᠢᠯ ᠤᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠮᠦᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠴᠡᠪᠡᠷ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠪᠠᠨ ᠲᠡᠭᠦᠯᠳᠡᠷᠵᠢᠭᠦᠯᠵᠦ᠂ ᠬᠤᠷᠸ᠎ᠠ ᠲᠠᠯ᠎ᠠ ᠶᠢᠨ ᠯᠠᠪᠳᠠᠭᠤᠨ ᠪᠣᠯᠭᠤᠮᠵᠢᠲᠠᠢ ᠬᠢᠭᠡᠳ ᠪᠢᠴᠢᠯ ᠲᠠᠯ᠎ᠠ ᠶᠢᠨ | ᠯᠠᠪᠳᠠᠭᠤᠨ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠬᠡᠷᠡᠭᠯᠡᠭᠦᠷ ᠢ ᠶᠡᠷᠦᠩᠬᠡᠶᠢᠯᠡᠨ ᠠᠰᠢᠭᠯᠠᠵᠤ᠂ ᠬᠤᠯᠪᠣᠭᠳᠠᠯ | ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠳᠦᠷᠢᠮ ᠪᠠ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ ᠪᠠ | ᠲᠡᠭᠦᠯᠳᠡᠷᠵᠢᠭᠦᠯᠬᠦ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠵᠢᠷᠤᠮᠯᠠᠯ ᠠᠴᠠ ᠵᠦᠷᠢᠴᠡᠭᠰᠡᠨ ᠮᠦᠩᠭᠦᠨ | ᠭᠦᠢᠯᠭᠡᠭᠡᠨ ᠤ ᠪᠠᠶᠢᠭᠤᠯᠤᠮᠵᠢ᠂ ᠵᠠᠭᠤᠴᠢ ᠪᠠᠶᠢᠭᠤᠯᠤᠮᠵᠢ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠲᠡᠭᠦᠯᠳᠡᠷᠵᠢᠭᠦᠯᠵᠦ᠂ ᠵᠦᠢ ᠶᠤᠰᠤᠨ ᠤ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠬᠦ | ᠰᠢᠰᠲ᠋ᠧᠮᠵᠢ ᠪᠠ ᠱᠠᠩᠨᠠᠵᠤ ᠵᠠᠯᠬᠠᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠥᠭᠰᠢᠭᠦᠷᠢ ᠶᠢ ᠬᠢᠨᠠᠨ ᠰᠢᠨᠵᠢᠵᠦ | ᠤᠷᠢᠳᠴᠢᠯᠡᠨ ᠰᠡᠷᠡᠮᠵᠢᠯᠡᠭᠦᠯᠬᠦ ᠪᠠᠨ ᠴᠢᠩᠭᠠᠷᠠᠭᠤᠯᠵᠤ᠂ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠵᠤ᠂ ᠴᠡᠪᠡᠷ | ᠢᠲᠡᠭᠡᠮᠵᠢᠲᠦ ᠵᠢᠭᠡᠯᠡᠯᠭᠡ ᠪᠠ ᠴᠡᠪᠡᠷ ᠵᠢᠭᠡᠯᠡᠯᠭᠡ ᠶᠢᠨ ᠲᠡᠮᠳᠡᠭᠲᠦ ᠶᠢᠨ ᠭᠡᠷ᠎ᠡ ᠵᠦᠷᠢᠴᠡᠬᠦ ᠲᠥᠭᠰᠢᠭᠦᠷᠢ ᠶᠢ | ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠬᠤ ᠦᠢᠯᠡᠳᠦᠯ ᠢ ᠨᠢ ᠭᠦᠢᠴᠡᠳ | ᠪᠠᠳᠠᠷᠠᠭᠤᠯᠤᠨ᠂ ᠪᠣᠬᠢᠷᠳᠤᠯ ᠦᠭᠡᠢ ᠲᠥᠷᠥᠯ ᠵᠦᠢᠯ ᠳᠠᠬᠢ ᠬᠦᠰᠢᠭᠦᠷᠭᠡᠯᠡᠬᠦ ᠨᠣᠷᠮ᠎ᠠ ᠶᠢᠨ ᠬᠡᠲᠦ ᠦᠨᠳᠦᠷ ᠪᠣᠯᠬᠤ᠂ | ᠬᠦᠷᠦᠩᠭᠡ ᠶᠢ ᠲᠠᠯᠠᠭᠠᠷ ᠡᠷᠭᠢᠯᠳᠦᠭᠦᠯᠬᠦ ᠪᠠ ︽ᠴᠡᠪᠡᠷᠰᠢᠭᠦᠯᠬᠦ︾ ᠵᠡᠷᠭᠡ ᠲᠥᠭᠰᠢᠭᠦᠷᠢ ᠠᠴᠠ ᠪᠦᠲᠦᠮᠵᠢᠲᠡᠢ | ᠵᠠᠶᠢᠯᠠᠭᠤᠯᠬᠤ ᠬᠡᠷᠡᠭᠲᠡᠢ᠃ | ︵ᠳᠥᠷᠪᠡ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠢᠲᠡᠭᠡᠮᠵᠢ ᠬᠠᠮᠠᠭᠠᠯᠠᠬᠤ | ᠲᠣᠭᠲᠠᠴᠠ ᠶᠢ ᠪᠠᠶᠢᠭᠤᠯᠤᠨ᠎ᠠ᠃ ᠴᠡᠪᠡᠷ ᠮᠡᠳᠡᠭᠡ ᠵᠠᠩᠭᠢ ᠲᠡᠮᠳᠡᠭᠯᠡᠬᠦ ᠪᠠ ᠮᠡᠳᠡᠭᠡ ᠵᠠᠩᠭᠢ ᠨᠡᠶᠢᠲᠡᠯᠡᠬᠦ ᠳᠥᠷᠢᠮ ᠢ | ᠨᠢᠭᠡᠳᠦᠯᠲᠡᠢ ᠪᠠᠶᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠪᠠ ᠮᠡᠳᠡᠭᠡ ᠵᠠᠩᠭᠢᠵᠢᠯᠲᠠ᠂ | ᠬᠦᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠦᠴᠢᠷ ᠤᠳ ᠪᠣᠯᠣᠨ ᠮᠦᠩᠭᠦᠨ ᠭᠦᠢᠯᠭᠡᠭᠡᠨ ᠤ | ᠪᠠᠶᠢᠭᠤᠯᠤᠮᠵᠢ ᠯᠤᠭ᠎ᠠ ᠶᠢᠨ ᠬᠤᠭᠤᠷᠣᠨᠳᠤᠬᠢ ᠮᠡᠳᠡᠭᠡ ᠵᠠᠩᠭᠢ ᠶᠢ ᠬᠠᠮᠳᠤ ᠪᠠᠷ ᠬᠦᠷᠲᠡᠯᠴᠡᠬᠦ ᠶᠢ ᠴᠢᠩᠭᠠᠳᠬᠠᠵᠤ᠂ | ᠵᠦᠢ ᠶᠤᠰᠤᠨ ᠤ ᠮᠦᠩᠭᠦᠨ ᠭᠦᠢᠯᠭᠡᠭᠡᠨ ᠤ ᠢᠲᠡᠭᠡᠮᠵᠢᠲᠦ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠦᠮᠦᠷᠭᠡ ᠶᠢ | ᠪᠠᠶᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠣᠷᠴᠢᠨ ᠲᠣᠭᠤᠷᠢᠨ ᠤ ᠬᠠᠤᠯᠢ ᠲᠣᠭᠲᠠᠭᠠᠯ ᠠᠴᠠ | ᠵᠦᠷᠢᠴᠡᠭᠰᠡᠨ ᠮᠡᠳᠡᠭᠡ ᠵᠠᠩᠭᠢ ᠶᠢ ᠰᠠᠭᠤᠷᠢ ᠳ᠋ᠠᠶᠢᠲ᠋ᠠ ᠬᠦᠮᠦᠷᠭᠡ ᠳᠤ ᠣᠷᠤᠭᠤᠯᠵᠤ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠪᠠ ᠪᠡᠯᠡ ᠣᠷᠤᠭᠤᠯᠤᠭᠴᠢ ᠳᠤ ᠴᠡᠪᠡᠷ ᠮᠦᠩᠭᠦᠨ ᠭᠦᠢᠯᠭᠡᠭᠡᠨ ᠤ ᠪᠡᠯᠡ ᠣᠷᠤᠭᠤᠯᠤᠯᠲᠠ ᠶᠢᠨ | ᠲᠤᠬᠠᠶᠢᠯᠠᠭᠰᠠᠨ ᠠᠵᠢᠯ ᠳᠤ ᠦᠨᠳᠦᠰᠦᠯᠡᠯ ᠬᠠᠩᠭᠠᠬᠤ ᠬᠡᠷᠡᠭᠲᠡᠢ᠃ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠭᠡ ᠵᠠᠩᠭᠢ ᠶᠢᠨ ᠠᠯᠪᠠᠳᠠᠯᠭ᠎ᠠ ᠶᠢᠨ ᠴᠢᠨᠠᠷᠲᠠᠢ ᠨᠡᠶᠢᠲᠡᠯᠡᠬᠦ ᠳᠥᠷᠢᠮ ᠢ | ᠪᠠᠶᠢᠭᠤᠯᠵᠤ᠂ ᠬᠦᠨᠳᠦ ᠶᠡᠭᠡ ᠣᠷᠴᠢᠨ ᠲᠣᠭᠤᠷᠢᠨ ᠤ ᠪᠣᠬᠢᠷᠳᠤᠯ ᠤᠨ ᠬᠡᠷᠡᠭ ᠤᠨ ︽ᠬᠠᠷ᠎ᠠ ᠳᠠᠩᠰᠠ︾ ᠶᠢᠨ | ᠳᠥᠷᠢᠮ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠡᠳᠡᠷᠭᠡᠨ ᠰᠢᠬᠠᠮᠳᠠᠭᠤᠯᠬᠤ ᠲᠣᠭᠲᠠᠴᠠ ᠪᠠᠷ ᠳᠠᠮᠵᠢᠨ᠂ ᠵᠦᠢ | ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢ | ᠠᠬᠢᠭᠤᠯᠬᠤ ᠬᠡᠷᠡᠭᠲᠡᠢ᠃ | ︵ᠲᠠᠪᠤ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠵᠢᠱᠢᠶ᠎ᠡ ᠦᠵᠡᠭᠦᠯᠵᠦ ᠬᠦᠲᠦᠯᠦᠨ | ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ ᠬᠦᠬᠡᠬᠤᠲᠠ ᠶᠢ ᠤᠯᠤᠰ ᠤᠨ ᠵᠦᠢ ᠶᠤᠰᠤᠨ ᠤ ᠮᠦᠩᠭᠦᠨ | ᠭᠦᠢᠯᠭᠡᠭᠡᠨ ᠤ ᠲᠤᠷᠰᠢᠯᠲᠠ ᠶᠢᠨ ᠭᠠᠵᠠᠷ ᠣᠷᠣᠨ ᠳᠤ ᠵᠢᠭᠰᠠᠭᠠᠨ ᠣᠷᠤᠭᠤᠯᠬᠤ ᠪᠠᠷ ᠢᠳᠡᠪᠬᠢᠲᠠᠢ ᠴᠢᠷᠮᠠᠶᠢᠬᠤ | ᠬᠡᠷᠡᠭᠲᠡᠢ᠃ ᠮᠡᠳᠡᠭᠡ ᠵᠠᠩᠭᠢ ᠶᠢᠨ ᠲᠠᠪᠴᠠᠩ ᠪᠠᠶᠢᠭᠤᠯᠬᠤ᠂ ᠲᠤᠰᠬᠠᠢ ᠰᠡᠲᠦᠪ ᠤᠨ ᠲᠠᠶᠢᠯᠤᠮᠵᠢ ᠬᠢᠬᠦ᠂ | ᠤᠬᠠᠭᠤᠯᠭ᠎ᠠ ᠶᠢᠨ ᠺᠢᠨᠤ᠋ ᠭᠠᠷᠭᠠᠬᠤ᠂ ᠲᠦᠪᠯᠡᠷᠡᠭᠦᠯᠦᠨ ᠤᠬᠠᠭᠤᠯᠬᠤ᠂ ᠲᠤᠬᠠᠢ ᠶᠢᠨ ᠭᠠᠵᠠᠷ ᠲᠤ ᠯᠠᠪᠯᠠᠨ ᠠᠰᠠᠭᠤᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠵᠦᠢ ᠶᠤᠰᠤᠨ ᠤ ᠮᠦᠩᠭᠦᠨ ᠭᠦᠢᠯᠭᠡᠭᠡᠨ ᠤ ᠮᠡᠳᠡᠯᠭᠡ ᠶᠢ ᠨᠡᠶᠢᠭᠡᠮ | ᠲᠣᠭᠤᠷᠢᠭ ᠲᠤ ᠣᠷᠤᠭᠤᠯᠬᠤ᠂ ᠰᠣᠷᠭᠠᠭᠤᠯᠢ ᠶᠢᠨ ᠬᠦᠷᠢᠶᠡᠨ ᠳᠤ ᠣᠷᠤᠭᠤᠯᠬᠤ᠂ ᠠᠵᠤ ᠠᠬᠤᠶᠢᠯᠠᠯ ᠳᠤ | ᠣᠷᠤᠭᠤᠯᠬᠤ ᠠᠵᠢᠯᠯᠠᠭ᠎ᠠ ᠶᠢ ᠦᠷᠨᠢᠭᠦᠯᠬᠦ ᠬᠡᠷᠡᠭᠲᠡᠢ᠃ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠷᠢᠶ᠎ᠡ | ᠴᠠᠷᠠᠭ᠎ᠠ ᠳᠠᠬᠢ ᠰᠢᠯᠢᠳᠡᠭ ᠵᠢᠱᠢᠶ᠎ᠡ ᠪᠠ ᠲᠣᠪᠤᠶᠢᠭᠰᠠᠨ ᠠᠮᠵᠢᠯᠲᠠ ᠪᠦᠲᠦᠮᠵᠢᠲᠡᠢ ᠮᠦᠩᠭᠦᠨ ᠭᠦᠢᠯᠭᠡᠭᠡᠨ ᠤ | ᠪᠠᠶᠢᠭᠤᠯᠤᠮᠵᠢ ᠪᠠ ᠪᠣᠬᠢᠷᠳᠤᠯ ᠦᠭᠡᠢ ᠠᠵᠤ ᠠᠬᠤᠶᠢᠯᠠᠯ ᠤᠳ ᠢ ᠢᠳᠡᠪᠬᠢᠲᠡᠢ ᠤᠬᠠᠭᠤᠯᠵᠤ᠂ ᠪᠦᠬᠦ | ᠨᠡᠶᠢᠭᠡᠮ ᠤᠨ ᠬᠢᠨ ᠤ ᠵᠦᠢ ᠶᠤᠰᠤᠨ ᠤ ᠮᠦᠩᠭᠦᠨ ᠭᠦᠢᠯᠭᠡᠭᠡᠨ ᠢ ᠮᠡᠳᠡᠷᠡᠬᠦ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠵᠦᠢ | ᠶᠤᠰᠤᠨ ᠤ ᠮᠦᠩᠭᠦᠨ ᠭᠦᠢᠯᠭᠡᠭᠡᠨ ᠢ ᠬᠦᠭᠵᠢᠭᠦᠯᠬᠦ ᠳᠤ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠬᠤ ᠶᠢ | ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ | ᠲᠦᠭᠡᠮᠡᠯᠵᠢᠭᠦᠯᠵᠦ᠂ ᠪᠣᠬᠢᠷᠳᠤᠯ ᠦᠭᠡᠢ ᠬᠡᠷᠡᠭᠯᠡᠭᠡ ᠶᠢ ᠰᠠᠨᠠᠭᠠᠴᠢᠯᠠᠨ᠂ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ | ᠪᠠᠶᠢᠭᠤᠯᠬᠤ᠂ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢ ᠳᠡᠮᠵᠢᠬᠦ ᠰᠠᠶᠢᠨ ᠰᠠᠶᠢᠬᠠᠨ ᠨᠡᠶᠢᠭᠡᠮ ᠤᠨ | ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ | ︵ᠵᠢᠷᠭᠤᠭ᠎ᠠ︶ ᠵᠦᠢ ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠢᠯᠭᠠᠨ ᠬᠢᠨᠠᠵᠤ ᠦᠨᠡᠯᠡᠬᠦ | ᠲᠣᠭᠲᠠᠴᠠ ᠶᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ | ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠠᠷᠠᠳ ᠤᠨ ᠪᠠᠩᠭᠢ ᠶᠢᠨ | ᠬᠦᠬᠡᠬᠤᠲᠠ ᠲᠥᠪ ᠰᠠᠯᠪᠤᠷᠢ ᠪᠠᠩᠭᠢ ᠵᠢᠴᠢ ᠥᠪᠦᠷ ᠮᠣᠩᠭᠤᠯ ᠤᠨ ᠪᠠᠩᠭᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠬᠠᠮᠲᠤᠷᠠᠵᠤ ᠪᠠᠶᠢᠭᠠᠳ ᠵᠦᠢ | ᠶᠤᠰᠤᠨ ᠤ ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠬᠤ | ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠵᠦᠢ ᠶᠤᠰᠤᠨ ᠤ ᠮᠦᠩᠭᠦᠨ ᠭᠦᠢᠯᠭᠡᠭᠡᠨ ᠤ | ᠣᠨ ᠤ ᠠᠵᠢᠯ ᠦᠷᠨᠢᠭᠦᠯᠦᠭᠰᠡᠨ ᠪᠠᠶᠢᠳᠠᠯ ᠵᠢᠴᠢ ᠴᠡᠪᠡᠷ ᠢᠲᠡᠭᠡᠮᠵᠢᠲᠦ ᠵᠢᠭᠡᠯᠡᠯᠭᠡ᠂ ᠵᠦᠢ ᠶᠤᠰᠤᠨ ᠤ ᠵᠢᠭᠡᠯᠡᠯᠭᠡ ᠶᠢᠨ | ᠲᠡᠮᠳᠡᠭᠲᠦ᠂ ᠵᠦᠢ ᠶᠤᠰᠤᠨ ᠤ ᠳᠠᠭᠠᠳᠬᠠᠯ ᠵᠡᠷᠭᠡ ᠲᠠᠯ᠎ᠠ ᠶᠢᠨ ᠭᠤᠣᠯ ᠪᠣᠯᠬᠤ ᠭᠦᠢᠴᠡᠳᠭᠡᠯ ᠲᠤᠭ᠎ᠠ ᠶᠢᠨ | ᠪᠡᠶᠡᠯᠡᠭᠦᠯᠦᠭᠰᠡᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠮᠦᠩᠭᠦᠨ ᠭᠦᠢᠯᠭᠡᠭᠡᠨ ᠢᠶᠠᠷ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠳᠡᠮᠵᠢᠬᠦ ᠵᠡᠷᠭᠡ ᠱᠠᠩᠨᠠᠨ ᠬᠦᠬᠢᠭᠦᠯᠬᠦ ᠠᠵᠢᠯ ᠪᠠ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ ᠳᠡᠰ ᠲᠣᠭᠲᠠᠭᠠᠬᠤ ᠭᠦᠢᠴᠡᠳᠭᠡᠯ | ᠲᠣᠭᠠᠨ ᠤ ᠰᠢᠰᠲ᠋ᠧᠮᠵᠢ ᠳᠤ ᠣᠷᠤᠭᠤᠯᠬᠤ ᠬᠡᠷᠡᠭᠲᠡᠢ᠃ |