6 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠣᠷᠣᠨ ᠤ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ | ᠥᠭᠡᠷᠡᠴᠢᠯᠡᠬᠦ︾ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ | ᠣᠶᠢᠯᠠᠭᠠᠭᠰᠠᠨ ᠢᠶᠠᠷ᠂ 2015 ᠣᠨ ᠠᠴᠠ ᠨᠠᠰᠢ᠂ ᠮᠠᠨ ᠤ ᠣᠷᠣᠨ ᠤ 14 ᠲᠤᠷᠰᠢᠯᠲᠠ ᠶᠢᠨ ᠬᠤᠰᠢᠭᠤ ᠰᠢᠶᠠᠨ | ᠨᠢᠭᠡᠨᠲᠡ ᠨᠣᠭᠤᠭᠠᠨ ᠢᠶᠠᠷ ᠳᠠᠷᠤᠰᠢᠭᠤᠯᠬᠤ ᠲᠦᠷᠦᠯ ᠵᠦᠢᠯ ᠤᠨ ᠲᠠᠷᠢᠬᠤ ᠲᠠᠯᠠᠪᠠᠢ ᠶᠢ 146 ᠲᠦᠮᠡᠨ ᠮᠦ | ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠲᠣᠭᠤᠷᠢᠭ ᠲᠤ ︽ᠲᠡᠵᠢᠭᠡᠬᠦ ᠶᠢᠨ ᠲᠥᠯᠥᠭᠡ ᠲᠠᠷᠢᠬᠤ᠂ ᠮᠠᠯ ᠠᠵᠤ | ᠠᠬᠤᠶ ᠶᠢᠨ ᠲᠥᠯᠦᠭᠡ ᠲᠠᠷᠢᠬᠤ᠂ ᠮᠠᠯ ᠤᠨ ᠢᠯᠭᠠᠳᠠᠰᠤ ᠶᠢ ᠪᠤᠷᠳᠤᠭᠤᠷ ᠪᠣᠯᠭᠠᠬᠤ᠂ ᠲᠠᠷᠢᠶᠠᠯᠠᠩ ᠮᠠᠯ ᠠᠵᠤ | ᠠᠬᠤᠶ ᠶᠢ ᠡᠷᠭᠢᠯᠳᠦᠭᠦᠯᠬᠦ︾ ᠰᠢᠨ᠎ᠡ ᠬᠡᠯᠪᠡᠷᠢ ᠶᠢᠨ ᠳᠠᠷᠢᠵᠤ ᠲᠡᠵᠢᠭᠡᠬᠦ ᠪᠦᠲᠦᠴᠡ ᠶᠢ ᠠᠩᠬ᠎ᠠ ᠠᠯᠬᠤᠮ | ᠪᠦᠷᠢᠯᠳᠦᠭᠦᠯᠵᠦ᠂ ᠡᠪᠡᠰᠦᠨ ᠲᠡᠵᠢᠭᠡᠯᠳᠦ ᠮᠠᠯ ᠠᠵᠤ ᠠᠬᠤᠶ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠢᠶᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠡᠷᠴᠢᠮᠲᠡᠢ ᠲᠥᠯᠬᠢᠨ ᠠᠬᠢᠭᠤᠯᠪᠠ᠃ | 2015 ᠣᠨ ᠠᠴᠠ ᠡᠬᠢᠯᠡᠨ᠂ ᠬᠥᠳᠡᠭᠡ ᠠᠵᠤ ᠠᠬᠤᠶ ᠶᠢᠨ ᠶᠠᠮᠤᠨ ︽ᠬᠠᠳᠤᠭᠤᠷ ᠤᠨ ᠮᠣᠷᠣᠢ︾ ᠭᠠᠵᠠᠷ ᠣᠷᠣᠨ | ᠳᠤ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ ᠬᠠᠰᠤᠨ ᠪᠠᠭᠠᠰᠬᠠᠵᠤ᠂ ᠡᠷᠳᠡᠨᠢ ᠰᠢᠰᠢ ᠲᠠᠷᠢᠬᠤ ᠲᠠᠯᠠᠪᠠᠢ | ᠶᠡᠭᠡ᠂ ᠦᠬᠡᠷ ᠬᠤᠨᠢ ᠶᠢ ᠲᠡᠵᠢᠭᠡᠨ ᠦᠷᠡᠵᠢᠭᠦᠯᠬᠦ ᠰᠠᠭᠤᠷᠢ ᠰᠠᠶᠢᠲᠠᠢ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ | ᠨᠦᠬᠡᠴᠡ ᠬᠦᠴᠦᠨ ᠲᠠᠢ ᠮᠤᠵᠢ ᠣᠷᠣᠨ ᠢ ᠰᠤᠩᠭᠤᠨ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ | ᠲᠤᠷᠰᠢᠯᠲᠠ ᠠᠵᠢᠯ ᠥᠷᠨᠢᠭᠦᠯᠪᠡ᠃ ᠪᠦᠬᠦ ᠤᠯᠤᠰ ᠤᠨ ᠲᠤᠷᠰᠢᠯᠲᠠ ᠶᠢᠨ 10 ᠭᠤᠣᠯᠳᠠᠯᠭ᠎ᠠ ᠲᠠᠢ ᠮᠤᠵᠢ ᠣᠷᠣᠨ ᠤ | ᠨᠢᠭᠡ ᠪᠣᠯᠤᠭᠰᠠᠨ ᠤ ᠬᠤᠪᠢ ᠳᠤ᠂ ᠮᠠᠨ ᠤ ᠣᠷᠣᠨ ᠡᠨᠡ ᠬᠦ ᠠᠰᠢᠭᠲᠠᠶ ᠠᠵᠠ ᠲᠣᠬᠢᠶᠠᠯ ᠢ ᠠᠳᠬᠤᠵᠤ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠲᠦᠴᠡ ᠶᠢ ᠲᠥᠷᠭᠡᠨ ᠲᠣᠬᠢᠷᠠᠭᠤᠯᠤᠨ | ᠰᠢᠯᠢᠳᠡᠭᠵᠢᠭᠦᠯᠵᠦ᠂ ᠡᠷᠳᠡᠨᠢ ᠰᠢᠰᠢ ᠶᠢ ᠣᠷᠣᠨ ᠤ ᠳᠣᠲᠣᠷ᠎ᠠ ᠲᠤᠬᠠᠶ ᠶᠢᠨ ᠭᠠᠵᠠᠷ ᠲᠤᠨᠢ ᠰᠢᠩᠭᠡᠭᠡᠵᠦ᠂ ᠲᠠᠷᠢᠵᠤ | ᠲᠡᠵᠢᠭᠡᠬᠦ ᠬᠤᠣᠰᠯᠠᠭᠤᠯᠬᠤ ᠠᠮᠵᠢᠯᠲᠠ ᠣᠯᠪᠠ᠃ 2016 ᠣᠨ ᠳᠤ ᠪᠥᠬᠦ ᠣᠷᠣᠨ ᠢ ᠳᠠᠶᠢᠴᠢᠯᠠᠨ ᠠᠮᠤ ᠪᠤᠳᠠᠭ᠎ᠠ | ᠪᠣᠯᠣᠨ ᠪᠣᠷᠳᠤᠭ᠎ᠠ ᠶᠢᠨ ᠬᠠᠪᠰᠤᠷᠭᠠᠨ ᠬᠡᠷᠡᠭᠯᠡᠬᠦ ᠬᠡᠯᠪᠡᠷᠢ ᠶᠢᠨ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ | ᠲᠠᠯᠠᠪᠠᠢ ᠶᠢ 504 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 64% | ᠨᠡᠮᠡᠭᠳᠡᠭᠦᠯᠵᠦ᠂ 827 ᠮᠦ ᠳᠤ ᠬᠦᠷᠦᠭᠦᠯᠵᠡᠢ︔ ᠠᠯᠠᠰᠢᠨ ᠦᠬᠡᠷ ᠢ ᠠᠳᠠᠯᠢ ᠬᠤᠭᠤᠴᠠᠭᠠᠨ ᠤ ᠬᠢ ᠠᠴᠠ 8.4% | ᠨᠡᠮᠡᠭᠳᠡᠭᠦᠯᠵᠦ᠂ 977.4 ᠲᠦᠮᠡᠨ ᠲᠣᠯᠣᠭᠠᠶ ᠳᠤ ᠬᠦᠷᠦᠭᠦᠯᠵᠡᠢ︔ ᠭᠤᠣᠯ ᠭᠠᠷᠤᠯᠲᠠ ᠶᠢᠨ ᠣᠷᠣᠨ ᠤ | ᠰᠠᠭᠠᠯᠢ ᠶᠢᠨ ᠦᠨᠢᠶ᠎ᠡ ᠶᠢᠨ ᠲᠠᠯᠠᠪᠠᠢ ᠨᠢᠭᠡᠴᠢ ᠶᠢᠨ ᠭᠠᠷᠤᠯᠲᠠ ᠶᠢᠨ ᠬᠢᠷᠢ ᠲᠥᠪᠰᠢᠨ ᠪᠦᠬᠦ ᠤᠯᠤᠰ ᠤᠨ ᠳᠤᠮᠳᠠᠴᠢ | ᠬᠢᠷᠢ ᠲᠦᠪᠰᠢᠨ ᠠᠴᠠ 1.1 ᠲᠦᠮᠡᠨ ᠲᠣᠨ ᠳᠡᠭᠡᠭᠰᠢ ᠪᠣᠯᠵᠤ᠂ 7.5 ᠲᠣᠨ ᠳᠤ ᠬᠦᠷᠦᠭᠦᠯᠵᠡᠢ︔ ᠴᠢᠨᠠᠷ ᠰᠠᠶᠢᠲᠠᠶ | ᠳᠠᠷᠤᠰᠢᠭᠤᠯᠤᠭᠰᠠᠨ ᠪᠣᠷᠳᠤᠭ᠎ᠠ ᠶᠢᠨ ᠶᠡᠷᠦᠩᠬᠡᠶᠢᠯᠡᠭᠰᠡᠨ ᠲᠡᠵᠢᠭᠡᠯ ᠪᠣᠷᠳᠤᠭ᠎ᠠ ᠶᠢᠨ ᠥᠪᠡᠷ ᠤᠨ ᠦᠷᠳᠡᠭ ᠢ 5% | ᠪᠠᠭᠤᠷᠠᠭᠤᠯᠵᠠᠢ᠃ ᠡᠨᠡ ᠵᠢᠯ ᠤᠨ 6 ᠳ᠋ᠤᠭᠠᠷ ᠰᠠᠷ᠎ᠠ ᠶᠢᠨ 7 ᠤ ᠡᠳᠦᠷ ᠬᠤᠷᠠᠯᠳᠤᠭᠤᠯᠤᠭᠰᠠᠨ ᠪᠦᠬᠦ ᠤᠯᠤᠰ ᠤᠨ | ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ | ᠳᠡᠭᠡᠷ᠎ᠡ᠂ ᠮᠠᠨ ᠤ ᠣᠷᠣᠨ ᠤ ᠲᠠᠨᠢᠯᠴᠠᠭᠤᠯᠤᠭᠰᠠᠨ ᠲᠤᠷᠰᠢᠯᠭ᠎ᠠ᠂ ᠠᠷᠭ᠎ᠠ ᠪᠠᠷᠢᠯ ᠨᠢ ᠬᠦᠳᠡᠭᠡ ᠠᠵᠤ ᠠᠬᠤᠢ ᠶᠢᠨ | ᠶᠠᠮᠤᠨ ᠤ ᠤᠳᠤᠷᠢᠳᠤᠯᠭ᠎ᠠ ᠶᠢᠨ ᠭᠦᠢᠴᠡᠳ ᠨᠤᠲᠠᠯᠠᠯᠲᠠ ᠶᠢ ᠣᠯᠣᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ︽13·5︾ ᠶᠢᠨ ᠬᠤᠭᠤᠴᠠᠭᠠᠨ ᠳᠤ᠂ ᠤᠯᠤᠰ ᠠᠴᠠ ᠮᠠᠨ ᠤ ᠤᠷᠤᠨ ᠳᠤ | ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ 1000 ᠲᠦᠮᠡᠨ ᠮᠦ ᠬᠠᠰᠤᠨ ᠪᠠᠭᠠᠰᠬᠠᠬᠤ ᠡᠭᠦᠷᠭᠡ ᠪᠠᠭᠤᠯᠭᠠᠪᠠ | ᠂ ᠡᠭᠦᠨ ᠳᠤ ᠡᠨᠡ ᠵᠢᠯ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠡᠭᠦᠷᠭᠡ | 111.6 ᠲᠦᠮᠡᠨ ᠮᠦ ᠪᠠᠶᠢᠨ᠎ᠠ᠃ ᠮᠠᠨ ᠤ ᠣᠷᠣᠨ ᠳᠤ ᠦᠬᠡᠷ ᠬᠤᠨᠢᠨ ᠤ ᠦᠷᠡᠵᠢᠭᠦᠯᠬᠦ ᠨᠦᠬᠡᠴᠡ ᠬᠦᠴᠦᠨ ᠶᠡᠭᠡ | ᠪᠠᠶᠢᠬᠤ ᠪᠦᠭᠡᠳ ᠲᠠᠷᠢᠶᠠᠴᠢᠨ ᠡᠷᠦᠬᠡ ᠶᠢᠨ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠬᠦᠰᠡᠯ ᠡᠷᠡᠮᠡᠯᠵᠡᠯ | ᠴᠦ ᠴᠢᠩᠭ᠎ᠠ ᠪᠠᠶᠢᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠲᠡᠳᠬᠦᠨ ᠳᠡᠮᠵᠢᠵᠦ ᠬᠥᠲᠥᠯᠥᠨ ᠵᠢᠯᠣᠭᠤᠳᠪᠠᠯ᠂ | ᠮᠠᠨ ᠤ ᠣᠷᠣᠨ ᠡᠭᠦᠷᠭᠡ ᠪᠠᠨ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠶ ᠪᠠᠰᠠ ᠨᠣᠭᠤᠭᠠᠨ ᠳᠠᠷᠤᠰᠢ ᠶᠢᠨ ᠡᠷᠳᠡᠨᠢ | ᠰᠢᠰᠢ ᠲᠠᠷᠢᠬᠤ ᠲᠠᠯᠠᠪᠠᠢ ᠶᠢ 1000 ᠲᠦᠮᠡᠨ ᠮᠦ ᠨᠡᠮᠡᠭᠳᠡᠭᠦᠯᠵᠦ᠂ ᠡᠷᠳᠡᠨᠢ ᠰᠢᠰᠢ ᠶᠢᠨ ᠲᠠᠷᠢᠮᠠᠯ ᠤᠨ ᠦᠢᠯᠡᠰ ᠤᠨ | ᠪᠦᠲᠦᠴᠡ ᠶᠢᠨ ᠲᠣᠬᠢᠷᠠᠭᠤᠯᠬᠤ ᠪᠠ ᠮᠠᠯ ᠠᠵᠤ ᠠᠬᠤᠶ ᠶᠢᠨ ᠦᠪᠡᠷ ᠤᠨ ᠥᠷᠲᠡᠭ ᠢᠶᠠᠨ ᠪᠠᠭᠤᠷᠠᠭᠤᠯᠤᠨ ᠶᠠᠰᠤ | ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠪᠣᠯᠣᠨ ᠠᠮᠢ | ᠠᠬᠤᠶ ᠶᠢᠨ ᠦᠷ᠎ᠡ ᠠᠰᠢᠭ ᠢ ᠰᠠᠶᠢᠨ ᠦᠢᠯᠡᠳᠦᠯᠴᠢᠯᠡᠭᠦᠯᠬᠦ ᠶᠢ ᠪᠡᠶᠡᠯᠡᠭᠦᠯᠬᠦ ᠪᠣᠯᠣᠨ᠎ᠠ᠃ |