ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/6/26
     6 ᠳ᠋ᠤᠭᠠᠷ ᠰᠠᠷ᠎ᠠ ᠶᠢᠨ 23᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠳᠠ ᠳᠤ ᠶᠠᠪᠤᠭᠳᠠᠪᠠ᠃      ᠤᠶᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ 2014 ᠤᠨ ᠠᠴᠠ ᠡᠬᠢᠯᠡᠵᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠶᠢᠨ ᠭᠤᠤᠯᠳᠠᠯᠭ᠎ᠠ ᠲᠠᠢ ᠡᠬᠦᠷᠭᠡ ᠪᠤᠯᠭᠠᠨ ᠠᠳᠬᠤᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠬᠤ ᠶᠠᠪᠤᠴᠠ ᠳᠤᠮᠳᠠ ᠭᠤᠤᠯᠳᠠᠯᠭ᠎ᠠ ᠲᠠᠢ ᠪᠠᠷ ᠬᠤᠶᠠᠷ ᠶᠡᠭᠡ ᠳᠠᠯ᠎ᠠ ᠠᠴᠠ ᠠᠷᠪᠠᠨ ᠲᠦᠷᠦᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠬᠡᠷᠡᠭᠵᠢᠬᠦᠯᠪᠡ᠃ ᠨᠢᠭᠡ ᠳᠤ᠂ ᠵᠠᠰᠠᠭ ᠢ ᠴᠤᠮᠬᠠᠳᠬᠠᠨ ᠡᠷᠭᠡ ᠶᠢ ᠲᠠᠯᠪᠢᠵᠤ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯᠳᠠ ᠶᠢ ᠲᠦᠬᠦᠮᠴᠢᠯᠡᠬᠦ ᠶᠢ ᠠᠬᠢᠭᠤᠯᠵᠤ᠂ ︽ᠤᠯᠠᠨ ᠦᠨᠡᠮᠯᠡᠯ ᠢ ᠨᠢᠭᠡᠳᠬᠡᠬᠦ︾ ᠦᠭᠡᠷᠡᠴᠢᠯᠡᠯᠳᠡ ᠶᠢ ᠠᠬᠢᠭᠤᠯᠬᠤ᠂ ᠪᠦᠬᠦ ᠶᠠᠪᠤᠴᠠ ᠶᠢᠨ  ᠡᠯᠧᠺᠲᠷᠤᠨᠵᠢᠯᠲᠠ ᠶᠢᠨ ᠦᠭᠡᠷᠡᠴᠢᠯᠡᠯᠳᠡ ᠶᠢ ᠠᠬᠢᠭᠤᠯᠬᠤ᠂ ᠳᠤᠷᠰᠢᠯᠳᠡ ᠶᠢᠨ ᠴᠢᠭ᠋ ᠲᠤ ᠡᠯᠧᠺᠲᠷᠤᠨ ᠡᠵᠡᠩᠨᠡᠯᠳᠡ ᠶᠢᠨ ᠦᠨᠡᠮᠯᠡᠯ ᠤᠨ ᠦᠭᠡᠷᠡᠴᠢᠯᠡᠯᠳᠡ ᠬᠢᠬᠦ ᠵᠡᠷᠭᠡ ᠳᠤᠯᠤᠭᠠᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ︔ ᠬᠤᠶᠠᠷ ᠲᠤ᠂ ᠳᠠᠯᠪᠢᠵᠤ ᠬᠠᠮᠢᠶᠠᠷᠬᠤ ᠶᠢ ᠤᠶᠠᠯᠳᠤᠭᠤᠯᠵᠤ᠂ ᠬᠢᠨᠠᠨ ᠬᠠᠮᠢᠶᠠᠷᠬᠤ ᠰᠢᠨ᠎ᠡ ᠳᠤᠭᠳᠠᠴᠠ ᠶᠢ ᠪᠦᠬᠦ ᠳᠠᠯ᠎ᠠ ᠪᠠᠷ ᠪᠠᠶᠢᠭᠤᠯᠬᠤ᠂ ᠤᠯᠤᠰ ᠤᠨ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ᠢ ᠪᠠᠶᠢᠭᠤᠯᠬᠤ᠂ ᠬᠡᠪ ᠤᠨ ᠪᠤᠰᠤ ᠡᠵᠡᠩᠨᠡᠯᠳᠡ ᠶᠢᠨ ᠨᠡᠷ᠎ᠡ ᠶᠢᠨ ᠳᠠᠩᠰᠠ ᠪᠠ ᠬᠦᠨᠳᠤ ᠨᠤᠴᠢᠳᠠᠢ ᠬᠠᠤᠯᠢ ᠵᠦᠷᠢᠴᠡᠵᠤ ᠢᠳᠡᠬᠡᠮᠵᠢ ᠠᠯᠳᠠᠭᠰᠠᠨ ᠠᠵᠤ ᠠᠬᠤᠶᠢᠯᠠᠯ ᠤᠨ ᠨᠡᠷ᠎ᠡ ᠶᠢᠨ ᠳᠠᠩᠰᠠ ᠶᠢᠨ ᠲᠦᠷᠢᠮ ᠢ ᠬᠡᠷᠡᠭᠵᠢᠬᠦᠯᠵᠤ᠂ ᠰᠠᠯᠠᠭ᠎ᠠ ᠮᠦᠴᠢᠷ ᠬᠤᠭᠤᠷᠤᠨᠳᠤ ᠪᠠᠨ ᠮᠡᠳᠡᠭᠡ ᠵᠠᠩᠬᠢ ᠬᠠᠷᠢᠯᠴᠠᠨ ᠨᠡᠪᠳᠡᠷᠡᠵᠤ ᠬᠠᠮᠳᠤ ᠪᠠᠷ ᠡᠳ᠋ᠯᠡᠬᠦ ᠶᠢ ᠬᠡᠷᠡᠭᠵᠢᠬᠦᠯᠬᠦ ᠵᠡᠷᠭᠡ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠳᠤ ᠦᠭᠡᠷᠴᠢᠯᠡᠯᠳᠡ ᠬᠢᠬᠦ ᠭᠤᠷᠪᠠᠨ ᠠᠷᠭ᠎ᠠ ᠬᠡᠮᠵᠢᠶ᠎ᠡ ᠶᠢ ᠬᠡᠷᠡᠭᠵᠢᠬᠦᠯᠪᠡ᠃      ᠬᠠᠮᠢᠶ᠎ᠠ ᠪᠦᠬᠦᠢ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠠᠷ᠂ ᠭᠤᠷᠪᠠᠨ ᠵᠢᠯ ᠭᠠᠷᠤᠢ ᠶᠠᠪᠤᠬᠳᠠᠬᠰᠠᠨ ᠮᠠᠨ ᠤ ᠤᠷᠤᠨ ᠤ ᠬᠤᠳᠠᠯᠳᠤᠭᠠᠨ ᠤ ᠶᠠᠪᠤᠳᠠᠯ ᠤᠨ ᠦᠭᠡᠷᠡᠴᠢᠯᠡᠯᠳᠡ ᠮᠡᠳᠡᠭᠳᠡᠮ᠎ᠡ ᠦᠷ᠎ᠡ ᠪᠦᠳᠦᠮᠵᠢ ᠤᠯᠵᠤ᠂ ᠵᠠᠬ᠎ᠠ ᠳᠡᠯᠭᠡᠭᠦᠷ ᠤᠨ ᠭᠤᠤᠯ ᠴᠤᠭᠴᠠ ᠦᠳᠳᠡᠷ ᠲᠦᠷᠭᠡᠨ ᠢᠶᠠᠷ ᠨᠡᠮᠡᠭᠳᠡᠵᠤ᠂ ᠠᠵᠤ ᠦᠢᠯᠡᠰ ᠤᠨ ᠪᠦᠳᠦᠴᠡ ᠳᠠᠰᠤᠷᠠᠯᠳᠠ ᠦᠭᠡᠢ ᠰᠢᠯᠢᠳᠡᠭᠵᠢᠵᠤ᠂ ᠠᠵᠢᠯ ᠤᠯᠭᠤᠯᠳᠠ ᠶᠢᠨ ᠳᠠᠷᠤᠭᠠᠰᠤ ᠶᠢ ᠪᠦᠳᠦᠮᠵᠢᠳᠠᠢ ᠬᠦᠡᠭᠬᠡᠯᠡᠵᠤ᠂ ᠡᠵᠡᠩᠨᠡᠯᠳᠡ ᠬᠤᠳᠠᠯᠳᠤᠭᠠᠨ ᠤ ᠤᠷᠴᠢᠨ ᠳᠤᠭᠤᠷᠢᠨ ᠴᠢᠨᠠᠭᠰᠢᠳᠠ ᠰᠠᠶᠢᠵᠢᠷᠠᠪᠠ᠃ ᠳᠠᠷᠠᠭᠠᠴᠢ ᠶᠢᠨ ᠠᠯᠬᠤᠮ ᠳᠤ ᠮᠠᠨ ᠤ ᠤᠷᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ︽ᠤᠯᠠᠨ ᠦᠨᠡᠮᠯᠡᠯ ᠢ ᠨᠢᠭᠡᠳᠬᠡᠬᠦ︾᠎ ᠶᠢ ᠴᠢᠨᠠᠭᠰᠢᠳᠠ ᠡᠷᠴᠢᠮᠳᠠᠢ ᠠᠬᠢᠭᠤᠯᠵᠤ᠂ ᠠᠵᠤ ᠠᠬᠤᠶᠢᠯᠠᠯ ᠤᠨ ᠦᠨᠡᠨᠴᠢ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠲᠡᠯᠡᠬᠦ ᠰᠢᠰᠲ᠋ᠧᠮ ᠤᠨ ᠦᠢᠯᠡᠳᠤᠯ ᠢ ᠴᠢᠨᠠᠭᠰᠢᠳᠠ ᠳᠡᠬᠦᠯᠳᠡᠷᠵᠢᠬᠦᠯᠵᠤ᠂ ᠦᠢᠯᠡᠴᠢᠯᠡᠭᠡ ᠶᠢ ᠰᠢᠯᠢᠳᠡᠭᠵᠢᠬᠦᠯᠬᠦ ᠶᠢ ᠦᠷᠭᠦᠯᠵᠢᠯᠡᠨ ᠰᠠᠶᠢᠲᠤᠷ ᠠᠳᠬᠤᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号