ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠦᠪ ᠲᠤ ᠬᠦᠷᠴᠦ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠲᠤᠬᠢᠷᠠᠭᠤᠯᠪᠠ
ᠨᠡᠶᠢᠲᠡᠯᠡᠭᠰᠡᠨ ᠴᠠᠭ᠄
2017/6/26
     6 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠶ ᠶᠢᠨ ᠪᠠᠷ᠎ᠠ ᠪᠣᠯᠣᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠰᠡᠷᠡᠮᠵᠢ ᠨᠡᠶᠢᠲᠡᠯᠡᠬᠦ ᠲᠥᠪ ᠎ ᠯᠦᠭᠡ ᠬᠠᠷᠠᠭᠠᠨ ᠳᠠᠪᠲᠠᠮᠵᠢᠲᠤ ᠬᠤᠯᠪᠣᠭ᠎ᠠ ᠠᠪᠴᠤ᠂ ᠤᠶᠢᠷ᠎ᠠ ᠶᠢᠨ ᠬᠤᠭᠤᠴᠠᠭᠠᠨ ᠤ ᠪᠦᠬᠦ ᠣᠷᠣᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠪᠠᠶᠢᠷᠢᠯᠠᠭᠤᠯᠪᠠ᠃      ᠲᠡᠷᠢᠭᠦᠯᠡᠭᠴᠢ ᠪᠦ᠋ ᠰᠢᠶᠤᠤ ᠯᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠠᠪᠴᠠᠩ ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠲᠠᠢ ᠤᠲᠠᠰᠤ ᠬᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠤᠨ ᠮᠠᠨ ᠤ ᠣᠷᠣᠨ ᠤ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠶᠡᠷᠦᠩᠬᠡᠶ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠨᠢᠮᠪᠠᠶ ᠰᠣᠨᠣᠰᠴᠤ᠂ ᠣᠳᠣᠬᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠪᠠᠶᠢᠳᠠᠯ ᠢ ᠤᠶᠢᠯᠠᠭᠠᠨ ᠲᠤᠬᠢᠷᠠᠭᠤᠯᠪᠠ᠃ ᠲᠡᠷᠡ ᠵᠢᠭᠠᠭᠰᠠᠨ ᠨᠢ᠂ ᠴᠠᠭ ᠠᠭᠤᠷ᠂ ᠤᠰᠤᠨ ᠵᠦᠢ ᠵᠡᠷᠭᠡ ᠰᠠᠯᠠᠭ᠎ᠠ ᠮᠦᠴᠢᠷ ᠤᠨ ᠵᠠᠳᠠᠯᠤᠯᠲᠠ ᠶᠢᠨ ᠲᠥᠰᠦᠭᠡᠯᠡᠯ ᠢ ᠦᠨᠳᠦᠰᠦᠯᠡᠪᠡᠯ᠂ 7 ᠳ᠋ᠤᠭᠠᠷ ᠰᠠᠷ᠎ᠠ ᠳᠤ ᠪᠥᠬᠦ ᠣᠷᠣᠨ ᠤ ᠬᠤᠷ᠎ᠠ ᠲᠣᠨᠣᠳᠠᠰᠤ ᠶᠡᠷᠦᠩᠬᠡᠶ ᠲᠡᠭᠡᠨ ᠪᠠᠷᠠᠭᠤᠨ ᠬᠡᠰᠡᠭ ᠲᠤ ᠶᠡᠭᠡ ᠵᠡᠭᠦᠨ ᠬᠡᠰᠡᠭ ᠲᠤ ᠪᠠᠭ᠎ᠠ ᠪᠠᠶᠢᠵᠤ᠂ ᠭᠠᠩ ᠬᠠᠭᠤᠷᠠᠶ ᠨᠢ ᠪᠤᠷᠤᠭ᠎ᠠ ᠤᠰᠤᠳᠠᠯ ᠠᠴᠠ ᠬᠦᠨᠳᠦ ᠪᠤᠯᠬᠤ ᠲᠤᠯᠠ᠂ ᠢᠯᠠᠩᠭᠤᠶ᠎ᠠ ᠳᠤᠮᠳᠠ᠂ ᠵᠡᠭᠦᠨ ᠬᠡᠰᠡᠭ ᠤᠨ ᠭᠠᠵᠠᠷ ᠣᠷᠣᠨ ᠭᠠᠩ ᠬᠠᠭᠤᠷᠠᠶ ᠠᠭᠤᠷ ᠠᠮᠢᠰᠬᠤᠯ ᠤᠨ ᠡᠭᠦᠰᠬᠦ ᠬᠦᠭᠵᠢᠬᠦ ᠶᠢ ᠨᠢᠭᠲᠠ ᠠᠩᠬᠠᠷᠬᠤ ᠬᠡᠷᠡᠭᠲᠡᠢ᠃ ᠪᠥᠬᠦ ᠣᠷᠣᠨ ᠤ ᠶᠡᠬᠡᠩᠬᠢ ᠬᠤᠷ᠎ᠠ ᠲᠤᠨᠳᠠᠰᠤ ᠰᠠᠷ᠎ᠠ ᠶᠢᠨ ᠳᠤᠮᠳᠠᠴᠢ ᠠᠴᠠ ᠰᠠᠷ᠎ᠠ ᠶᠢᠨ ᠰᠡᠭᠦᠯᠴᠢ ᠪᠣᠯᠲᠠᠯ᠎ᠠ ᠬᠠᠷᠢᠴᠠᠩᠭᠤᠶ ᠲᠦᠪᠯᠡᠷᠡᠵᠦ᠂ ᠣᠯᠠᠨ ᠰᠣᠯᠢᠭ ᠤᠷᠤᠰᠬᠠᠯ ᠤᠨ ᠴᠢᠨᠠᠷᠲᠠᠶ ᠠᠭᠤᠷ ᠠᠮᠢᠰᠬᠤᠯ ᠢᠯᠡᠷᠡᠵᠦ᠂ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠬᠡᠴᠡᠭᠦᠦ ᠪᠠᠶᠢᠨ᠎ᠠ᠂ ᠰᠢᠷᠦᠭᠦᠨ ᠪᠣᠷᠣᠭᠠᠨ᠂ ᠮᠥᠨᠳᠥᠷ᠂ ᠶᠡᠭᠡ ᠰᠠᠯᠬᠢ᠂ ᠠᠶᠤᠩᠭ᠎ᠠ ᠴᠠᠬᠢᠯᠭᠠᠨ ᠪᠠ ᠬᠡᠰᠡᠭ ᠦᠶᠡᠷ ᠤᠰᠤᠳᠠᠯ ᠵᠡᠷᠭᠡ ᠭᠠᠮᠰᠢᠭ ᠡᠭᠦᠰᠬᠦ ᠶᠢ ᠨᠢᠭᠲᠠ ᠠᠩᠬᠠᠷᠬᠤ ᠬᠡᠷᠡᠭᠲᠡᠢ ᠭᠡᠪᠡ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠣᠷᠣᠨ ᠤ ᠦᠶᠡᠷ ᠢ ᠰᠡᠷᠭᠡᠶᠢᠯᠡᠵᠦ ᠭᠠᠩ ᠎ ᠲᠠᠢ ᠲᠡᠮᠡᠴᠡᠬᠦ ᠠᠵᠢᠯ ᠮᠥᠨ ᠬᠦ ᠬᠦᠨᠳᠦ ᠨᠣᠴᠢᠲᠠᠶ ᠪᠠᠶᠢᠬᠤ ᠲᠤᠯᠠ᠂ ᠪᠥᠬᠦ ᠣᠷᠣᠨ ᠳᠠᠶᠠᠭᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠮᠢᠨᠴᠦᠭᠦᠷᠡᠬᠦ ᠦᠵᠡᠯ ᠪᠠ ᠭᠤᠷᠢᠳᠠᠬᠤ ᠪᠣᠳᠣᠯ ᠢ ᠡᠷᠡᠰ ᠰᠡᠷᠭᠡᠶᠢᠯᠡᠬᠦ ᠬᠡᠷᠡᠭᠲᠡᠶ᠃ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠤᠳ ᠣᠨᠣᠪᠴᠢᠲᠠᠶ ᠵᠢᠱᠢᠨ ᠮᠠᠭᠠᠳᠯᠠᠵᠤ᠂ ᠴᠠᠭ ᠲᠤᠬᠠᠶ ᠳᠤᠨᠢ ᠤᠷᠢᠳᠴᠢᠯᠠᠭᠰᠠᠨ ᠰᠡᠷᠡᠮᠵᠢ ᠨᠡᠶᠢᠲᠡᠯᠡᠵᠦ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢ ᠴᠢᠩᠭ᠎ᠠ ᠬᠢᠨᠠᠵᠤ᠂ ᠪᠠᠴᠢᠮ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠵᠤ᠂ ᠴᠠᠭ ᠠᠭᠤᠷ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠡᠯᠡᠵᠦ᠂ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠮᠠᠨ ᠤ ᠣᠷᠣᠨ ᠤ ᠦᠶᠡᠷ ᠢ ᠠᠮᠤᠷ ᠲᠦᠪᠰᠢᠨ ᠥᠩᠭᠡᠷᠡᠭᠡᠬᠦ ᠶᠢ ᠦᠨᠡᠨ ᠬᠦ ᠪᠠᠲᠤᠯᠠᠵᠤ᠂ ᠴᠠᠭ ᠠᠭᠤᠷ ᠤᠨ ᠭᠠᠮᠰᠢᠭ ᠡᠭᠦᠰᠬᠦ ᠶᠢ ᠰᠡᠷᠭᠡᠶᠢᠯᠡᠵᠦ᠂ ᠭᠠᠮᠰᠢᠭ ᠤᠨ ᠬᠤᠬᠢᠷᠠᠯ ᠢ ᠠᠯᠢ ᠴᠢᠳᠠᠬᠤ ᠪᠠᠷ ᠬᠠᠮᠤᠭ ᠤᠨ ᠳᠤᠤᠷ᠎ᠠ ᠬᠡᠮᠵᠢᠶ᠎ᠡ ᠳᠤ ᠬᠦᠷᠲᠡᠯ᠎ᠡ ᠪᠠᠭᠠᠰᠬᠠᠵᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号