ᠦᠪᠤᠷ ᠮᠤᠩᠭᠤᠯ ᠤᠨ ᠨᠠᠮ ᠤᠨ ᠰᠤᠨᠢᠨ ᠤ ᠬᠤᠯᠪᠤᠭ᠎ᠠ ᠶᠢᠨ ᠠᠩᠬᠠᠳᠤᠭᠠᠷ ᠤᠳᠠᠭ᠎ᠠ ᠶᠢᠨ ᠬᠠᠮᠳᠤᠷᠠᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/6/26
     6 ᠳ᠋ᠤᠭᠠᠷ ᠰᠠᠷ᠎ᠠ ᠶᠢᠨ 24᠎ ᠤ ᠡᠳᠦᠷ᠂ ᠦᠪᠤᠷ ᠮᠤᠩᠭᠤᠯ ᠤᠨ ᠨᠠᠮ ᠤᠨ ᠰᠤᠨᠢᠨ ᠤ ᠬᠤᠯᠪᠤᠭ᠎ᠠ ᠶᠢᠨ ᠠᠩᠬᠠᠳᠤᠭᠠᠷ ᠤᠳᠠᠭ᠎ᠠ ᠶᠢᠨ ᠬᠠᠮᠳᠤᠷᠠᠯᠴᠠᠭᠠᠨ ᠤ ᠬᠤᠷᠠᠯ ᠬᠤᠷᠠᠯᠳᠤᠵᠤ᠂ ᠦᠪᠤᠷ ᠮᠤᠩᠭᠤᠯ ᠤᠨ ᠡᠳᠤᠷ ᠤᠨ ᠰᠤᠨᠢᠨ ᠤ ᠬᠤᠷᠢᠶ᠎ᠠ᠂ ᠪᠦᠬᠦ ᠤᠷᠤᠨ ᠤ 14 ᠠᠶᠢᠮᠠᠭ ᠬᠤᠳᠠ ᠶᠢᠨ ᠨᠠᠮ ᠤᠨ ᠰᠤᠨᠢᠨ ᠤ ᠬᠠᠷᠢᠭᠤᠴᠠᠯᠭᠠᠳᠠᠳ ᠬᠦᠬᠡᠬᠤᠳᠠ ᠳᠤ ᠴᠤᠭᠯᠠᠷᠠᠵᠤ᠂ ᠮᠠᠨ ᠤ ᠤᠷᠤᠨ ᠤ ᠨᠠᠮ ᠤᠨ ᠰᠤᠨᠢᠨ ᠤ ᠵᠠᠭᠤᠴᠢᠯᠠᠭᠤᠷ ᠤᠨ ᠦᠢᠯᠡᠰ ᠤᠨ ᠬᠦᠭᠵᠢᠯᠳᠠ ᠶᠢᠨ ᠲᠤᠬᠠᠢ ᠬᠠᠮᠳᠤᠪᠠᠷ ᠶᠠᠷᠢᠯᠴᠠᠵᠠᠭᠠᠪᠠ᠃ ᠬᠤᠷᠠᠯ ᠠᠴᠠ᠂ ᠤᠳᠤᠬᠠᠨ᠎ᠠ ᠵᠠᠭᠤᠴᠢᠯᠠᠭᠤᠷ ᠤᠨ ᠪᠠᠶᠢᠷᠢᠰᠢᠯ ᠳᠤ ᠬᠦᠨᠵᠡᠭᠡᠢ ᠬᠤᠪᠢᠷᠠᠯᠳᠠ ᠭᠠᠷᠴᠤ ᠪᠤᠢ᠂ ᠬᠤᠪᠢᠷᠠᠯᠳᠠ ᠶᠢᠨ ᠲᠤᠮᠳᠠ ᠬᠦᠭᠵᠢᠬᠦ ᠳᠤ ᠡᠷᠭᠡᠪᠰᠢ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠵᠠᠭᠤᠴᠢᠯᠠᠭᠤᠷ ᠤᠨ ᠬᠦᠨᠵᠡᠭᠡᠢ ᠠᠭᠤᠰᠤᠯᠴᠠᠨ ᠬᠦᠭᠵᠢᠬᠦ ᠶᠢ ᠠᠬᠢᠭᠤᠯᠤᠨ᠂ ᠭᠤᠤᠯ ᠵᠠᠭᠤᠴᠢᠯᠠᠭᠤᠷ ᠤᠨ ᠪᠤᠳᠠᠳᠤ ᠬᠦᠴᠤᠨ ᠢ ᠪᠤᠵᠠᠭᠠᠢᠢᠷᠠᠭᠤᠯᠤᠨ᠂ ᠶᠠᠷᠢᠶ᠎ᠠ ᠭᠡᠯᠡᠯᠴᠡᠭᠡᠨ ᠤ ᠲᠠᠪᠠᠭᠤᠯᠢᠭ ᠪᠠᠶᠢᠷᠢ ᠶᠢ ᠡᠵᠡᠯᠡᠬᠦ ᠭᠡᠷᠡᠭᠳᠡᠢ᠃ ᠦᠪᠤᠷ ᠮᠤᠩᠭᠤᠯ ᠤᠨ ᠨᠠᠮ ᠤᠨ ᠰᠤᠨᠢᠨ ᠤ ᠬᠤᠯᠪᠤᠭ᠎ᠠ ᠶᠢᠨ ᠪᠠᠶᠢᠭᠤᠯᠤᠬᠳᠠᠬᠰᠠᠨ ᠨᠢ᠂ ᠪᠦᠬᠦ ᠤᠷᠤᠨ ᠤ ᠨᠠᠮ ᠤᠨ ᠰᠤᠨᠢᠨ ᠤ ᠵᠠᠭᠤᠴᠢᠯᠠᠭᠤᠷ ᠤᠨ ᠰᠤᠨᠢᠨ ᠡᠷᠬᠢᠯᠡᠬᠦ ᠡᠬᠢ ᠪᠠᠶᠠᠯᠢᠭ ᠪᠠ ᠰᠤᠨᠢᠨ ᠮᠡᠳᠡᠭᠡᠨ ᠤ ᠡᠬᠢ ᠪᠠᠶᠠᠯᠢᠭ ᠢ ᠨᠡᠶᠢᠳᠭᠡᠵᠤ᠂ ᠰᠤᠨᠢᠨ ᠡᠷᠬᠢᠯᠡᠬᠦ ᠪᠤᠳᠠᠳᠤ ᠬᠦᠴᠤᠨ ᠢᠶᠠᠨ ᠪᠤᠵᠠᠭᠠᠢᠢᠷᠠᠭᠤᠯᠤᠨ᠂ ᠰᠤᠷᠳᠠᠯ ᠤᠬᠠᠭᠤᠯᠭ᠎ᠠ ᠶᠢᠨ ᠦᠷ᠎ᠠ ᠪᠦᠳᠤᠮᠵᠢ ᠪᠠᠨ ᠲᠡᠭᠡᠭᠰᠢᠯᠡᠬᠦᠯᠬᠦ ᠳᠤ ᠰᠢᠨ᠎ᠠ ᠬᠦᠴᠤᠨ ᠴᠢᠳᠠᠯ ᠢ ᠨᠢᠬᠳᠠᠷᠠᠭᠤᠯᠪᠠ ᠭᠡᠵᠤ ᠵᠢᠭᠠᠵᠤ ᠭᠠᠷᠭᠠᠪᠠ᠃ ᠬᠤᠷᠠᠯ ᠠᠴᠠ᠂ ᠬᠤᠯᠪᠤᠭ᠎ᠠ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠮᠠᠨ ᠤ ᠤᠷᠤᠨ ᠤ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ ᠠᠵᠢᠯ ᠢ ᠬᠠᠮᠳᠤᠪᠠᠷ ᠰᠠᠶᠢᠳᠤᠷ ᠬᠢᠬᠦ ᠳᠤ ᠡᠷᠭᠡᠪᠰᠢ ᠶᠡᠷᠦᠩᠭᠡᠢ ᠱᠦᠵᠢ ᠰᠢ ᠶᠢᠨ ᠫᠢᠡᠭ ᠤᠨ ᠭᠤᠤᠯᠯᠠᠭᠴᠢ ᠶᠢᠨ ᠪᠠᠶᠢᠷᠢ ᠰᠠᠭᠤᠷᠢ ᠶᠢ ᠤᠬᠠᠮᠰᠠᠷ ᠠᠴᠠ ᠪᠠᠨ ᠭᠤᠶᠢᠪᠢᠰᠢ ᠦᠭᠡᠢ ᠬᠠᠮᠠᠭᠠᠯᠠᠵᠤ᠂ ᠠᠭᠤᠰᠤᠯᠴᠠᠨ ᠬᠦᠭᠵᠢᠬᠦ ᠳᠤ ᠲᠤᠬᠢᠷᠠᠭᠰᠠᠨ ᠲᠤᠭᠳᠠᠴᠠ ᠪᠠ ᠡᠯ᠎ᠠ ᠵᠦᠢᠯ ᠤᠨ ᠲᠠᠪᠴᠠᠩ ᠢ ᠪᠠᠶᠢᠭᠤᠯᠤᠨ᠂ ᠤᠯᠠᠮᠵᠢᠯᠠᠯᠳᠤ ᠵᠠᠭᠤᠴᠢᠯᠠᠭᠤᠷ ᠪᠠ ᠰᠢᠨ᠎ᠠ ᠵᠠᠭᠤᠴᠢᠯᠠᠭᠤᠷ ᠤᠨ ᠠᠭᠤᠯᠭ᠎ᠠ᠂ ᠠᠷᠭ᠎ᠠ ᠵᠠᠮ ᠵᠡᠷᠭᠡ ᠲᠠᠯ᠎ᠠ ᠶᠢᠨ ᠬᠦᠨᠵᠡᠭᠡᠢ ᠠᠭᠤᠰᠤᠯᠴᠠᠯ ᠢ ᠬᠠᠮᠳᠤᠪᠠᠷ ᠠᠬᠢᠭᠤᠯᠵᠤ᠂ ᠨᠠᠮ ᠤᠨ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ ᠰᠠᠭᠤᠷᠢᠨ ᠢ ᠪᠠᠬᠢᠵᠢᠬᠦᠯᠤᠨ ᠦᠷᠭᠡᠳᠭᠡᠵᠤ᠂ ᠦᠪᠤᠷ ᠮᠤᠩᠭᠤᠯ ᠤᠨ ᠤᠢᠯᠢᠭᠡᠷ ᠢ ᠰᠠᠶᠢᠳᠤᠷ ᠶᠠᠷᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠳᠤ ᠰᠠᠶᠢᠨ ᠰᠠᠶᠢᠬᠠᠨ ᠰᠤᠨᠢᠨ ᠮᠡᠳᠡᠭᠡᠨ ᠤ ᠶᠠᠷᠢᠶ᠎ᠠ ᠭᠡᠯᠡᠯᠴᠡᠭᠡᠨ ᠤ ᠤᠷᠴᠢᠨ ᠲᠤᠭᠤᠷᠢᠨ ᠢ ᠪᠤᠢ ᠪᠤᠯᠭᠠᠨ ᠦᠭᠬᠦ ᠭᠡᠷᠡᠭᠳᠡᠢ ᠭᠡᠵᠤ ᠴᠢᠬᠤᠯᠠᠴᠢᠯᠠᠪᠠ᠃ ᠬᠤᠷᠠᠯ ᠲᠡᠭᠡᠷ᠎ᠠ᠂ ᠬᠤᠷᠠᠯ ᠳᠤ ᠤᠷᠤᠯᠴᠠᠭᠰᠠᠨ ᠲᠦᠯᠦᠭᠡᠯᠡᠭᠴᠢᠳ ︽ᠦᠪᠤᠷ ᠮᠤᠩᠭᠤᠯ ᠤᠨ ᠨᠠᠮ ᠤᠨ ᠰᠤᠨᠢᠨ ᠤ ᠬᠤᠯᠪᠤᠭ᠎ᠠ ᠶᠢᠨ ᠬᠠᠮᠳᠤᠷᠠᠯᠴᠠᠭᠠᠨ ᠤ ᠪᠦᠳᠤᠬᠦᠪᠴᠢ ᠭᠡᠯᠡᠯᠴᠡᠭᠡᠷ︾᠎ ᠲᠤ ᠭᠠᠷ ᠤᠨ ᠦᠰᠦᠭ ᠵᠢᠷᠤᠵᠤ᠂ ᠬᠤᠯᠪᠤᠭ᠎ᠠ ᠶᠢᠨ ᠲᠦᠷᠢᠮ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ᠂ ᠠᠵᠢᠯᠯᠠᠭᠠᠨ ᠤ ᠲᠠᠰ ᠲᠠᠷᠠᠭᠠᠯᠠᠯ ᠢ ᠬᠢᠨᠠᠨ ᠵᠦᠪᠯᠡᠵᠤ ᠪᠠᠳᠤᠯᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号