ᠮᠠᠨ ᠤ ᠤᠷᠤᠨ ᠤ 22 ᠴᠢᠳᠠᠪᠤᠷᠢᠳᠠᠨ ᠪᠦᠬᠦ ᠤᠯᠤᠰ ᠤᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠤ ᠬᠦᠮᠦᠷᠭᠡ ᠳᠤ ᠰᠤᠩᠭᠤᠬᠳᠠᠵᠠᠢ
ᠨᠡᠶᠢᠲᠡᠯᠡᠭᠰᠡᠨ ᠴᠠᠭ᠄
2017/6/26
      ᠣᠶᠢᠷ᠎ᠠ ᠶᠢᠨ ᠡᠳᠦᠷ᠂ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠠᠴᠠ ᠨᠡᠶᠢᠳᠡᠯᠡᠭᠰᠡᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠤ ᠨᠡᠷᠡᠰ ᠲᠤ ᠮᠠᠨ ᠤ ᠤᠷᠤᠨ ᠤ 22 ᠴᠢᠳᠠᠪᠤᠷᠢᠳᠠᠨ ᠵᠢᠬᠰᠠᠭᠠᠭᠳᠠᠪᠠ᠃ ᠡᠨᠡ ᠨᠢ ᠮᠠᠨ ᠤ ᠤᠷᠤᠨ ᠤ ᠲᠤᠰᠬᠠᠢ ᠠᠰᠢᠬ ᠤᠨ ᠮᠡᠳᠡᠭᠡ ᠵᠠᠩᠬᠢ ᠶᠢᠨ ᠴᠢᠳᠠᠪᠤᠷᠢᠳᠠᠨ ᠠᠩᠬᠠᠳᠠᠭᠴᠢ ᠤᠳᠠᠭ᠎ᠠ ᠪᠦᠬᠦ ᠤᠯᠤᠰ ᠤᠨ ᠲᠤᠰᠬᠠᠢ ᠠᠰᠢᠭ ᠤᠨ ᠪᠤᠳᠠᠳᠤ ᠠᠵᠢᠯ ᠤᠨ ᠴᠢᠳᠠᠪᠤᠷᠢᠳᠠᠨ ᠤ ᠬᠦᠮᠦᠷᠭᠡ ᠳᠤ ᠰᠤᠩᠭᠤᠭᠳᠠᠨ ᠤᠷᠤᠭᠰᠠᠨ ᠢ ᠬᠠᠷᠠᠭᠤᠯᠵᠤ ᠪᠠᠶᠢᠨ᠎ᠠ᠃      ᠪᠦᠬᠦ ᠤᠯᠤᠰ ᠤᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ  ᠎ ᠤ ᠰᠢᠯᠭᠠᠷᠠᠭᠤᠯᠤᠯᠳᠠ ᠶᠢᠨ ᠠᠵᠢᠯ ᠢ ᠪᠦᠬᠦ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠠᠴᠠ 2015 ᠤᠨ ᠤ12 ᠳ᠋ᠤᠭᠠᠷ ᠰᠠᠷ᠎ᠠ ᠳᠤ ᠡᠬᠢᠯᠡᠨ ᠵᠤᠬᠢᠶᠠᠨ ᠪᠠᠶᠢᠭᠤᠯᠤᠨ ᠦᠷᠨᠢᠭᠦᠯᠵᠤ᠂ ︽ᠲᠦᠷᠦ ᠶᠢᠨ ᠶᠠᠪᠤᠳᠠᠯ ᠎ ᠤᠨ ᠬᠤᠷᠢᠶᠠᠨ ᠤ ᠰᠢᠨ᠎ᠡ ᠪᠠᠶᠢᠳᠠᠯ ᠳᠤᠤᠷ᠎ᠠ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠬᠦ ᠲᠤᠬᠠᠢ ᠰᠠᠨᠠᠯ︾᠎ ᠢ ᠬᠦᠨᠵᠡᠭᠡᠢ ᠲᠤᠤᠱᠯᠠᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠤᠰᠬᠠᠢ ᠠᠰᠢᠭ ᠤᠨ ᠮᠡᠳᠡᠭᠡ ᠵᠠᠩᠬᠢ ᠶᠢᠨ ᠴᠢᠳᠠᠪᠤᠷᠢᠳᠠᠨ ᠤ ᠡᠩᠨᠡᠭᠡ ᠶᠢ ᠬᠦᠴᠦᠷᠭᠡᠭᠵᠢᠭᠦᠯᠵᠤ᠂ ᠲᠤᠰᠬᠠᠢ ᠠᠰᠢᠭ ᠤᠨ ᠮᠡᠳᠡᠭᠡ ᠵᠠᠩᠬᠢ ᠶᠢᠨ ᠴᠢᠳᠠᠪᠤᠷᠢᠳᠠᠨ ᠤ ᠡᠩᠨᠡᠭᠡ ᠶᠢᠨ ᠪᠦᠲᠦᠴᠡ ᠪᠤᠯᠤᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠬᠦ ᠪᠠᠷ ᠵᠤᠷᠢᠯᠭ᠎ᠠ ᠪᠠᠨ ᠪᠤᠯᠭᠠᠭᠰᠠᠨ ᠶᠤᠮ᠃      ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ ᠨᠢ 2017 ᠤᠨ ᠳᠤ ᠦᠪᠡᠷᠳᠡᠭᠡᠨ ᠵᠠᠰᠠᠬᠤ ᠤᠷᠤᠨ ᠤ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠎ ᠤᠨ ᠴᠢᠳᠠᠪᠤᠷᠢᠳᠠᠨ ᠤ ᠬᠦᠮᠦᠷᠭᠡ ᠶᠢ ᠪᠠᠶᠢᠭᠤᠯᠵᠤ᠂ ᠬᠦᠮᠦᠷᠭᠡᠨ ᠳᠤ ᠤᠷᠤᠬᠤ ᠴᠢᠳᠠᠪᠤᠷᠢᠳᠠᠨ ᠳᠤ ᠲᠤᠰᠬᠠᠢ ᠠᠰᠢᠭ ᠎ ᠤᠨ ᠪᠠᠶᠢᠷᠢᠯᠠᠭᠤᠯᠤᠯᠳᠠ ᠪᠠ ᠠᠭᠤᠳᠠᠯᠤᠯᠳᠠ᠂ ᠲᠤᠰᠬᠠᠢ ᠠᠰᠢᠭ ᠤᠨ ᠮᠡᠳᠡᠭᠡ ᠵᠠᠩᠭᠢ ᠶᠢᠨ ᠵᠠᠳᠠᠯᠤᠯᠳᠠ ᠵᠡᠷᠭᠡ ᠲᠤᠰᠬᠠᠢ ᠮᠡᠷᠭᠡᠵᠢᠯ ᠤᠨ ᠪᠤᠯᠪᠠᠰᠤᠷᠠᠯ ᠢ ᠦᠷᠨᠢᠭᠦᠯᠵᠤ᠂ ᠴᠢᠳᠠᠪᠤᠷᠢᠳᠠᠨ ᠤ ᠰᠤᠯᠢᠯᠴᠠᠭ᠎ᠠ᠂ ᠬᠥᠮᠥᠵᠢᠯ᠂ ᠰᠤᠳᠤᠯᠭᠠᠨ ᠎ ᠤ ᠰᠡᠳᠦᠪ ᠤᠨ ᠲᠦᠷᠦᠯ ᠵᠦᠢᠯ ᠢ ᠬᠦᠭᠵᠢᠬᠦᠯᠪᠡ᠃ ᠰᠢᠯᠭᠠᠷᠠᠭᠤᠯᠤᠨ ᠰᠤᠩᠭᠤᠭᠳᠠᠭᠰᠠᠨ ᠲᠤᠰᠬᠠᠢ ᠠᠰᠢᠭ ᠤᠨ ᠮᠡᠳᠡᠭᠡ ᠵᠠᠩᠬᠢ ᠶᠢᠨ ᠪᠤᠳᠠᠳᠤ ᠠᠵᠢᠯ ᠤᠨ ᠴᠢᠳᠠᠪᠤᠷᠢᠳᠠᠨ ᠨᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠰᠢᠨᠵᠢᠯᠡᠬᠦ ᠤᠬᠠᠭᠠᠨ ᠤ ᠬᠦᠭᠵᠢᠯᠳᠡ ᠳᠤ ᠦᠢᠯᠡᠴᠢᠯᠡᠵᠤ᠂ ᠴᠢᠬᠤᠯᠠ ᠶᠡᠭᠡ ᠠᠵᠤ ᠠᠬᠤᠢ ᠶᠢᠨ ᠠᠵᠢᠯᠯᠠᠭ᠎ᠠ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠯᠳᠡ ᠪᠤᠯᠤᠨ ᠬᠡᠷᠡᠭᠯᠡᠭᠡᠨ ᠤ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ᠂ ᠲᠤᠰᠬᠠᠢ ᠠᠰᠢᠭ ᠤᠨ ᠮᠡᠳᠡᠭᠡ ᠵᠠᠩᠬᠢ ᠶᠢᠨ ᠡᠬᠢ ᠪᠠᠶᠠᠯᠢᠭ ᠤᠨ ᠵᠤᠬᠢᠶᠠᠨ ᠪᠠᠶᠢᠭᠤᠯᠤᠯᠳᠠ ᠪᠤᠯᠤᠨ ᠪᠦᠲᠦᠭᠡᠨ ᠪᠠᠶᠢᠭᠤᠯᠤᠯᠳᠠ᠂ ᠵᠠᠳᠠᠯᠤᠯᠳᠠ᠂ ᠰᠢᠨᠵᠢᠯᠡᠯᠳᠡ᠂ ᠠᠰᠢᠬᠯᠠᠯᠳᠠ ᠪᠤᠯᠤᠨ ᠦᠢᠯᠡᠴᠢᠯᠡᠭᠡ ᠵᠡᠷᠭᠡ ᠠᠵᠢᠯ ᠳᠤ ᠬᠤᠪᠢ ᠨᠡᠮᠡᠷᠢ ᠪᠠᠨ ᠦᠵᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号