ᠦᠪᠦᠷ ᠮᠣᠩᠭᠤᠯ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠶᠡᠭᠡ ᠳᠡᠭᠡᠳᠦ ᠰᠤᠷᠭᠠᠭᠤᠯᠢ ᠳᠤ ᠣᠷᠤᠵᠤ ᠪᠣᠯᠪᠠᠰᠤᠷᠠᠯ ᠬᠦᠷᠲᠡᠬᠦ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2017/6/26
      6 ᠳ᠋ᠤᠭᠠᠷ ᠰᠠᠷ᠎ᠠ ᠶᠢᠨ 21᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠴᠡᠷᠢᠭ ᠠᠴᠠ ᠰᠢᠯᠵᠢᠭᠰᠡᠨ ᠺᠠᠳ᠋ᠷᠴᠤᠳ ᠶᠡᠭᠡ ᠳᠡᠭᠡᠳᠦ ᠰᠤᠷᠭᠠᠭᠤᠯᠢ ᠳᠤ ᠣᠷᠤᠵᠤ ᠲᠤᠰᠬᠠᠶ ᠪᠣᠯᠪᠠᠰᠤᠷᠠᠭᠤᠯᠤᠯ ᠬᠦᠷᠲᠡᠬᠦ ᠶᠢ ᠰᠦᠪᠡᠭᠴᠢᠯᠡᠨ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠨᠡᠶᠢᠲᠡᠯᠡᠪᠡ᠂ ᠰᠠᠨᠠᠯ ᠳᠤ ᠲᠣᠳᠣᠷᠬᠠᠶᠢᠯᠠᠭᠰᠠᠨ ᠨᠢ᠂ ᠮᠠᠨ ᠤ ᠣᠷᠣᠨ ᠲᠥᠯᠥᠪᠯᠡᠭᠡ ᠪᠠᠷ ᠬᠤᠪᠢᠶᠠᠷᠢᠯᠠᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠶᠡᠭᠡ ᠳᠡᠭᠡᠳᠦ ᠰᠤᠷᠭᠠᠭᠤᠯᠢ ᠳᠤ ᠣᠷᠤᠵᠤ ᠲᠤᠰᠬᠠᠶ ᠪᠣᠯᠪᠠᠰᠤᠷᠠᠭᠤᠯᠤᠯ ᠬᠦᠷᠲᠡᠬᠦ ᠠᠵᠢᠯ ︵ᠳᠣᠷᠣᠭᠰᠢ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠷᠠᠭᠤᠯᠤᠯ ᠭᠡᠵᠦ ᠲᠣᠪᠴᠢᠯᠠᠨ᠎ᠠ︶᠎ ᠢ ᠰᠦᠪᠡᠭᠴᠢᠯᠡᠨ ᠥᠷᠨᠢᠭᠦᠯᠵᠦ᠂ ᠡᠨᠡ ᠵᠢᠯ ᠠᠴᠠ ᠡᠬᠢᠯᠡᠨ ᠪᠦᠬᠦ ᠣᠷᠣᠨ ᠤ ᠡᠯ᠎ᠡ ᠭᠠᠵᠠᠷ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠡᠯ᠎ᠡ ᠠᠶᠢᠮᠠᠭ ᠬᠤᠳᠠ ᠶᠢᠨ ᠰᠣᠩᠭᠤᠨ ᠲᠣᠮᠢᠯᠠᠭᠰᠠᠨ ᠴᠡᠷᠢᠭ ᠠᠴᠠ ᠰᠢᠯᠵᠢᠭᠰᠡᠨ ᠺᠠᠳ᠋ᠷᠴᠤᠳ ᠤᠨ ᠪᠣᠯᠪᠠᠰᠤᠷᠠᠯ ᠳᠤ ᠣᠷᠣᠯᠴᠠᠬᠤ ᠬᠥᠮᠦᠨ ᠤ ᠲᠤᠭ᠎ᠠ ᠶᠢ ᠳᠤᠰ ᠵᠢᠯ ᠤᠨ ᠪᠣᠯᠪᠠᠰᠤᠷᠠᠯ ᠳᠤ ᠣᠷᠤᠯᠴᠠᠬᠤ ᠬᠦᠮᠦᠨ ᠤ ᠲᠤᠭ᠎ᠠ ᠶᠢᠨ 30%᠎ ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ᠃ ᠬᠤᠶᠢᠰᠢᠳᠠ ᠪᠣᠯᠪᠠᠰᠤᠷᠠᠯ ᠳᠤ ᠣᠷᠣᠯᠴᠠᠭᠰᠠᠳ ᠤᠨ ᠬᠠᠷᠢᠴᠠᠯ ᠢ ᠵᠢᠯ ᠳᠠᠷᠠᠭᠠᠯᠠᠨ ᠳᠡᠭᠡᠭᠰᠢᠯᠡᠭᠦᠯᠵᠦ᠂ 2020 ᠣᠨ ᠪᠣᠯᠬᠤ ᠳᠤ ᠪᠥᠬᠦ ᠣᠷᠣᠨ ᠤ ᠨᠥᠬᠦᠴᠡᠯ ᠳᠤ ᠨᠡᠶᠢᠴᠡᠬᠦ ᠴᠡᠷᠢᠭ ᠠᠴᠠ ᠰᠢᠯᠵᠢᠭᠰᠡᠨ ᠺᠠᠳ᠋ᠷᠴᠤᠳ ᠲᠤ ᠴᠥᠮ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠷᠠᠭᠤᠯᠤᠯ ᠬᠦᠷᠲᠡᠭᠡᠬᠦ ᠬᠡᠷᠡᠭᠲᠡᠶ ᠭᠡᠵᠡᠢ᠃ ᠣᠶᠢᠯᠠᠭᠠᠭᠰᠠᠨ ᠢᠶᠠᠷ᠂ ᠪᠣᠯᠪᠠᠰᠤᠷᠠᠯ ᠳᠤ ᠣᠷᠣᠯᠴᠠᠭᠰᠠᠳ ᠢ ᠪᠣᠯ ᠤᠷᠤᠨ ᠪᠠᠶᠢᠷᠢ ᠣᠯᠭᠤᠨ ᠲᠥᠪᠬᠢᠨᠡᠭᠦᠯᠦᠭᠰᠡᠨ ᠤ ᠳᠠᠷᠠᠭ᠎ᠠ ᠠᠳᠠᠯᠢ ᠪᠣᠰᠤ ᠲᠤᠰᠬᠠᠶ ᠮᠡᠷᠭᠡᠵᠢᠯ ᠪᠦᠬᠦᠢ ᠴᠡᠷᠢᠭ ᠠᠴᠠ ᠰᠢᠯᠵᠢᠭᠰᠡᠨ ᠺᠳ᠋ᠷᠴᠤᠳ ᠤᠨ ᠳᠤᠮᠳᠠ ᠠᠴᠠ ᠰᠣᠩᠭᠤᠨ ᠲᠣᠮᠢᠯᠠᠨ᠎ᠠ᠃ ᠲᠤᠰ ᠭᠠᠵᠠᠷ ᠤᠨ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠪᠣᠯᠣᠨ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠷᠠᠭᠤᠯᠤᠯ ᠤᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠰᠤᠷᠭᠠᠭᠤᠯᠢ ᠡᠷᠬᠢᠯᠡᠬᠦ ᠬᠢᠷᠢ ᠲᠥᠪᠰᠢᠨ ᠨᠢ ᠨᠡᠯᠢᠶᠡᠳ ᠥᠨᠳᠥᠷ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠨᠢ ᠨᠡᠯᠢᠶᠡᠳ ᠪᠦᠷᠢᠨ᠂ ᠪᠠᠭᠰᠢ ᠨᠠᠷ ᠤᠨ ᠴᠢᠳᠠᠪᠤᠷᠢ ᠨᠢ ᠨᠡᠯᠢᠶᠡᠳ ᠴᠢᠩᠭ᠎ᠠ ᠪᠠᠶᠢᠳᠠᠭ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢ ᠳᠠᠭᠠᠭᠠᠨ ᠪᠣᠯᠪᠠᠰᠤᠷᠠᠭᠤᠯᠬᠤ ᠰᠤᠷᠭᠠᠭᠤᠯᠢ ᠪᠣᠯᠭᠠᠨ᠎ᠠ᠃ ᠳᠠᠭᠠᠭᠠᠴᠢᠯᠠᠨ ᠪᠣᠯᠪᠠᠰᠤᠷᠠᠭᠤᠯᠬᠤ ᠶᠡᠭᠡ ᠳᠡᠭᠡᠳᠦ ᠰᠤᠷᠭᠠᠭᠤᠯᠢ ᠨᠢ ᠰᠤᠷᠤᠯᠭᠠᠲᠠᠨ ᠤ ᠪᠣᠯᠪᠠᠰᠤᠷᠠᠭᠤᠯᠤᠯ ᠤᠨ ᠳᠠᠩᠰᠠ ᠡᠪᠬᠡᠮᠡᠯ ᠪᠠᠶᠢᠭᠤᠯᠵᠤ᠂ ᠪᠣᠯᠪᠠᠰᠤᠷᠠᠭᠤᠯᠤᠯ ᠤᠨ ᠬᠦᠷᠲᠡᠭᠰᠡᠨ ᠪᠠᠶᠢᠳᠠᠯ ᠢ ᠴᠠᠭ ᠲᠤᠬᠠᠶ ᠳᠤᠨᠢ ᠵᠥᠪ ᠣᠨᠣᠪᠴᠢᠲᠠᠶ ᠲᠡᠮᠳᠡᠭᠯᠡᠬᠦ ᠪᠦᠭᠡᠳ ᠰᠤᠷᠤᠯᠭᠠᠲᠠᠨ ᠤ ᠪᠣᠯᠪᠠᠰᠤᠷᠠᠭᠤᠯᠤᠯ ᠤᠨ ᠬᠤᠭᠤᠴᠠᠭᠠᠨ ᠳᠠᠬᠢ ᠢᠯᠡᠷᠡᠯ ᠪᠠᠶᠢᠳᠠᠯ᠂ ᠰᠢᠯᠭᠠᠯᠲᠠ ᠬᠢᠨᠠᠯᠲᠠ ᠶᠢᠨ ᠬᠢᠷᠢ ᠪᠦᠲᠦᠮᠵᠢ ᠶᠢ ᠨᠢ ᠬᠥᠮᠦᠨ ᠬᠡᠷᠡᠭᠯᠡᠬᠦ ᠨᠢᠭᠡᠴᠡ ᠶᠢᠨ ᠺᠠᠳ᠋ᠷ ᠠᠵᠢᠯᠳᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ᠂ ᠬᠤᠶᠢᠰᠢᠳᠠ ᠺᠠᠳ᠋ᠷ ᠢ ᠬᠡᠷᠡᠭᠯᠡᠬᠦ ᠶᠢᠨ ᠦᠨᠳᠦᠰᠦ ᠪᠠᠷᠢᠮᠲᠠ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号