ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠯᠲᠡ ᠶᠢᠨ ᠵᠦᠪᠯᠡᠯ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2017/6/27
     6 ᠳ᠋ᠤᠭᠠᠷ ᠰᠠᠷ᠎ᠠ ᠶᠢᠨ 26᠎ ᠤ ᠡᠳᠤᠷ᠂ ᠦᠪᠡᠷᠳᠡᠬᠡᠨ ᠵᠠᠰᠠᠬᠤ ᠤᠷᠤᠨ ᠪᠤᠯᠤᠨ ᠡᠯ᠎ᠠ ᠠᠶᠢᠮᠠᠭ ᠬᠤᠳᠠ ᠶᠢᠨ ᠵᠢᠭᠤᠯᠴᠢᠯᠠᠯ ᠤᠨ ᠲᠤᠪᠴᠢᠶᠠᠨ ᠤ ᠨᠡᠷ᠎ᠡ ᠶᠢ ᠵᠢᠭᠤᠯᠴᠢᠯᠠᠯ ᠤᠨ ᠬᠦᠭᠵᠢᠯᠳᠠ ᠶᠢᠨ ᠵᠦᠪᠯᠡᠯ ᠬᠡᠵᠤ ᠬᠠᠯᠠᠬᠤ ᠫᠠᠶᠢᠰᠠ ᠡᠯᠭᠦᠬᠦ ᠶᠤᠰᠤᠯᠠᠯ ᠮᠠᠨᠵᠤᠤᠷ ᠬᠤᠲᠠ ᠳᠤ ᠶᠠᠪᠤᠬᠳᠠᠪᠠ᠃      ᠤᠯᠤᠰ ᠤᠨ ᠵᠢᠭᠤᠯᠴᠢᠯᠠᠯ ᠤᠨ ᠲᠤᠪᠴᠢᠶ᠎ᠠ ᠶᠢᠨ ᠲᠠᠷᠤᠭ᠎ᠠ ᠯᠢ ᠶᠢᠨ ᠽᠤᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠳᠤ ᠤᠷᠤᠯᠴᠠᠭᠠᠳ ᠫᠠᠶᠢᠰᠠ ᠰᠡᠬᠦᠭᠰᠡᠨ ᠪᠠᠶᠢᠨ᠎ᠠ᠃      ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠤᠬᠡᠨ ᠪᠠᠶᠢᠭᠤᠯᠬᠤ︾ ᠪᠤᠯ ᠨᠠᠮ ᠤᠨ ᠲᠦᠪ ᠬᠤᠷᠢᠶ᠎ᠠ ᠶᠢᠨ ᠦᠪᠤᠷ ᠮᠤᠩᠭᠤᠯ ᠳᠤ ᠲᠠᠯᠪᠢᠬᠰᠠᠨ ᠱᠠᠭᠠᠷᠳᠠᠯᠭ᠎ᠠ ᠪᠤᠯᠤᠨ ᠬᠦᠰᠡᠯ ᠨᠠᠶᠢᠳᠠᠯᠭ᠎ᠠ ᠪᠤᠯᠤᠨ᠎ᠠ᠃ ᠤᠶᠢᠷ᠎ᠠ ᠶᠢᠨ ᠵᠢᠯ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠡᠭᠡᠳᠤ ᠬᠡᠮᠵᠢᠶᠡᠨ ᠤ ᠴᠢᠬᠤᠯᠠᠴᠢᠯᠠᠭ᠎ᠠ ᠪᠠᠷ᠂ ᠪᠦᠬᠦ ᠤᠷᠤᠨ ᠤ ᠵᠢᠭᠤᠯᠴᠢᠯᠠᠯ ᠤᠨ ᠦᠢᠯᠡᠰ ᠦᠷᠬᠦᠯᠵᠢᠯᠡᠨ ᠲᠦᠷᠬᠡᠨ ᠬᠦᠭᠵᠢᠵᠤ᠂ ᠤᠨᠴᠠᠭᠠᠶᠢᠯᠠᠨ ᠲᠦᠷᠤᠯ ᠲᠡᠮᠳᠡᠭ ᠤᠨ ᠡᠬᠦᠳᠤᠯᠳᠠ᠂ ᠪᠦᠬᠦ ᠤᠷᠤᠨ ᠪᠦᠰᠠ ᠶᠢᠨ ᠵᠢᠭᠤᠯᠴᠢᠯᠠᠯ᠂ ᠵᠤᠷᠯᠤᠩ ᠤᠨ ᠬᠤᠪᠢᠰᠬᠠᠯ ᠪᠤᠯᠤᠨ ᠵᠢᠭᠤᠯᠴᠢᠯᠠᠯ ᠤᠨ ᠭᠠᠳᠠᠭᠠᠳᠤ ᠬᠠᠷᠢᠯᠴᠠᠭ᠎ᠠ ᠵᠡᠷᠬᠡ ᠲᠠᠩ ᠲᠦᠷᠤᠯ ᠵᠦᠢᠯ ᠤᠨ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠪᠦᠬᠦ ᠤᠯᠤᠰ ᠤᠨ ᠡᠮᠤᠨ᠎ᠠ ᠤᠷᠤᠬᠰᠠᠨ ᠪᠠᠶᠢᠨ᠎ᠠ᠃      ᠦᠪᠡᠷᠳᠡᠬᠡᠨ ᠵᠠᠰᠠᠬᠤ ᠤᠷᠤᠨ ᠪᠤᠯᠤᠨ ᠡᠯ᠎ᠠ ᠠᠶᠢᠮᠠᠭ ᠬᠤᠲᠠ ᠶᠢᠨ ᠵᠢᠭᠤᠯᠴᠢᠯᠠᠯ ᠤᠨ ᠲᠤᠪᠴᠢᠶ᠎ᠠ ᠶᠢᠨ ᠨᠡᠷ᠎ᠡ ᠶᠢ ᠵᠢᠭᠤᠯᠴᠢᠯᠠᠯ ᠤᠨ ᠬᠦᠭᠵᠢᠯᠲᠡ ᠶᠢᠨ ᠵᠦᠪᠯᠡᠯ ᠬᠡᠵᠤ ᠬᠠᠯᠠᠬᠰᠠᠨ ᠪᠤᠯ ᠮᠠᠨ ᠤ ᠤᠷᠤᠨ ᠤ ᠵᠢᠭᠤᠯᠴᠢᠯᠠᠯ ᠤᠨ ᠬᠦᠭᠵᠢᠯᠳᠠ ᠶᠢᠨ ᠲᠡᠤᠬᠡᠨ ᠲᠡᠭᠡᠷᠡᠬᠢ ᠪᠡᠯᠬᠡ ᠲᠡᠮᠳᠡᠭ ᠪᠦᠬᠦᠢ ᠠᠴᠢ ᠬᠤᠯᠪᠤᠬᠳᠠᠯ ᠲᠠᠢ ᠶᠡᠭᠡ ᠶᠠᠪᠤᠳᠠᠯ ᠪᠤᠯᠤᠨ᠎ᠠ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠨ ᠵᠤᠬᠢᠴᠠᠭᠤᠯᠵᠤ ᠬᠠᠮᠢᠶᠠᠷᠬᠤ ᠲᠤᠬᠳᠠᠴᠠ ᠶᠢ ᠪᠠᠶᠢᠭᠤᠯᠬᠤ ᠴᠢᠬᠤᠯᠠ ᠶᠡᠭᠡ ᠰᠢᠨ᠎ᠠ ᠡᠬᠦᠳᠤᠯᠳᠠ ᠪᠤᠯᠤᠨ ᠲᠡᠤᠬᠡ ᠶᠢᠨ ᠰᠢᠪᠳᠤᠯᠤᠯᠳᠠ ᠪᠤᠯᠬᠤ ᠶᠢ ᠬᠠᠷᠠᠭᠤᠯᠵᠤ᠂ ᠪᠦᠬᠦ ᠤᠷᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢᠨ ᠬᠦᠳᠡᠯᠬᠡᠬᠦ ᠬᠦᠴᠤᠨ ᠪᠤᠯᠤᠨ ᠨᠦᠬᠡᠴᠠ ᠬᠦᠴᠤᠨ ᠢ ᠨᠡᠩ ᠴᠢᠨᠠᠬᠰᠢᠳᠠ ᠨᠡᠮᠡᠭᠳᠡᠬᠦᠯᠬᠦ ᠪᠤᠯᠤᠨ᠎ᠠ᠃ ᠵᠢᠭᠤᠯᠴᠢᠯᠠᠯ ᠤᠨ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠠᠯᠳᠠ ᠳᠤ ᠵᠢᠭᠤᠯᠴᠢᠯᠠᠯ ᠤᠨ ᠰᠠᠯᠠᠭ᠎ᠠ ᠮᠦᠴᠢᠷ ᠤᠨ ᠶᠠᠷᠤᠩᠬᠡᠢ ᠵᠤᠬᠢᠴᠠᠭᠤᠯᠬᠤ ᠴᠢᠳᠠᠪᠬᠢ ᠶᠢ ᠴᠢᠨᠠᠬᠰᠢᠳᠠ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠠᠵᠢᠯ ᠲᠦᠷᠤᠯ ᠠᠯᠤᠰᠯᠠᠨ ᠠᠭᠤᠰᠤᠯᠴᠠᠬᠤ ᠶᠢ ᠨᠢᠬᠡᠳᠤᠯᠳᠠᠢ ᠲᠦᠯᠤᠪᠵᠢᠬᠦᠯᠤᠨ ᠨᠡᠶᠢᠳᠬᠡᠵᠦ᠂ ᠦᠪᠤᠷ ᠮᠤᠩᠭᠤᠯ ᠤᠨ ᠵᠢᠭᠤᠯᠴᠢᠯᠠᠯ ᠤᠨ ᠡᠬᠢ ᠪᠠᠶᠠᠯᠢᠬ ᠤᠨ ᠦᠪᠡᠷᠮᠢᠴᠠ ᠲᠠᠪᠠᠭᠤᠯᠢᠬ ᠢ ᠪᠠᠳᠠᠷᠠᠭᠤᠯᠵᠤ᠂ ︽ᠤᠯᠤᠰ ᠤᠨ ᠳᠤᠳᠤᠭᠠᠳᠤ ᠭᠠᠳᠠᠭᠠᠳᠤ ᠶᠢᠨ ᠨᠡᠷᠡᠳᠤ ᠵᠢᠭᠤᠯᠴᠢᠯᠠᠯ ᠤᠨ ᠬᠠᠷᠠᠯᠳᠠᠳᠤ ᠤᠷᠤᠨ︾᠎ ᠤ ᠪᠦᠳᠤᠬᠡᠨ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠢ ᠴᠢᠬᠤᠯᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠯᠭᠠᠭᠤᠷᠢᠯᠠᠬᠤ ᠠᠵᠤ ᠦᠢᠯᠡᠰ ᠪᠤᠯᠤᠨ ᠦᠷᠬᠡᠨ ᠤᠯᠠᠨ ᠲᠦᠮᠡᠨ ᠤ ᠬᠦᠰᠡᠨ ᠬᠦᠯᠢᠶᠠᠵᠤ ᠪᠦᠬᠦᠢ ᠪᠤᠬᠢᠷᠳᠤᠯ ᠦᠬᠡᠢ ᠦᠢᠯᠡᠴᠢᠯᠡᠭᠡᠨ ᠤ ᠦᠢᠯᠡᠰ ᠪᠤᠯᠭᠠᠨ ᠬᠦᠭᠵᠢᠭᠦᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号