ᠡᠨᠡ ᠵᠢᠯ ᠤᠨ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ | ᠵᠣᠯᠭᠠᠯᠳᠤᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠶᠢ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠳᠤᠮᠳᠠ ᠬᠠᠮᠤᠭ ᠤᠨ ᠲᠦᠷᠦᠭᠦᠨ ᠳᠤ | ᠬᠡᠷᠡᠭᠯᠡᠭᠰᠡᠨ ᠪᠠᠶᠢᠨ᠎ᠠ᠃ 2 ᠰᠠᠷ᠎ᠠ ᠶᠢᠨ ᠠᠵᠢᠯᠯᠠᠭᠠᠨ ᠠᠴᠠ ᠦᠵᠡᠪᠡᠯ᠂ ᠵᠤᠯᠭᠠᠭᠤᠯᠤᠯᠲᠠ ᠨᠢ ᠲᠥᠷᠥᠯ ᠵᠦᠢᠯ ᠤᠨ | ᠬᠢᠨᠠᠨ ᠵᠥᠪᠰᠢᠶᠡᠷᠡᠯ ᠤᠨ ᠨᠠᠷᠢᠯᠢᠭ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠯ ᠤᠨ | ᠠᠶᠤᠯ ᠲᠦᠭᠰᠢᠭᠦᠷᠢ ᠶᠢ ᠪᠠᠭᠠᠰᠬᠠᠵᠤ᠂ ᠵᠠᠰᠠᠭ ᠤᠨ ᠣᠷᠳᠣᠨ ᠠᠴᠠ ᠴᠢᠨᠠᠷ ᠰᠠᠶᠢᠲᠠᠢ ᠦᠨᠡᠨᠴᠢ ᠢᠲᠡᠭᠡᠮᠵᠢᠲᠡᠶ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠬᠦ ᠵᠣᠷᠢᠯᠭ᠎ᠠ ᠳᠤ ᠬᠦᠷᠦᠭᠦᠯᠵᠡᠢ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠳᠠᠬᠢ ᠶᠠᠪᠤᠳᠠᠯ ᠤᠨ ᠳᠤᠮᠳᠠᠬᠢ ᠪᠠ ᠳᠠᠷᠠᠭᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ | ᠪᠦᠲᠦᠮᠵᠢᠲᠡᠢ ᠬᠡᠷᠡᠭᠵᠢᠭᠦᠯᠦᠭᠰᠡᠨ ᠪᠠᠶᠢᠨ᠎ᠠ᠃ | 5 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠪᠡᠯᠡ ᠣᠷᠣᠭᠤᠯᠤᠯᠲᠠ ᠶᠢᠨ ᠲᠥᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠨᠢ 1609 ᠭᠤᠶᠤᠴᠢᠯᠠᠯ ᠤᠨ ᠲᠥᠷᠥᠯ ᠵᠦᠢᠯ ᠤᠨ ᠪᠡᠯᠡ | ᠮᠦᠩᠭᠦᠨ ᠤ ᠪᠡᠶᠡᠴᠢ ᠴᠣᠭᠴᠠ ᠳᠤ ᠢᠲᠡᠭᠡᠮᠵᠢ ᠶᠢᠨ ᠮᠡᠳᠡᠭᠡ ᠵᠠᠩᠭᠢ ᠶᠢᠨ ᠯᠠᠪᠯᠠᠯᠲᠠ ᠬᠢᠭᠰᠡᠨ ᠪᠠᠶᠢᠨ᠎ᠠ᠃ | ᠯᠠᠪᠯᠠᠯᠲᠠ ᠪᠠᠷ ᠲᠠᠮᠵᠢᠨ᠂ ᠬᠠᠮᠢᠶ᠎ᠠ ᠪᠦᠬᠦᠢ ᠰᠠᠯᠠᠭ᠎ᠠ ᠮᠦᠴᠢᠷ ᠢᠶᠠᠷ ᠵᠠᠰᠠᠭ ᠵᠠᠬᠢᠷᠭᠠᠨ ᠤ ᠰᠢᠳᠬᠡᠯ ᠣᠯᠭᠤᠭᠰᠠᠨ ᠨᠢ | 149 ᠪᠠᠶᠢᠵᠤ᠂ 9.3% ᠶᠢ ᠡᠵᠡᠯᠡᠪᠡ︔ ᠪᠦᠬᠦ ᠤᠯᠤᠰ ᠤᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ︽ᠬᠠᠷ᠎ᠠ | ᠳᠠᠩᠰᠠ︾ ᠳᠤ ᠲᠡᠮᠳᠡᠭᠯᠡᠭᠦᠯᠦᠭᠰᠡᠨ ᠨᠢ 45 ᠪᠠᠶᠢᠵᠤ᠂ 2.8% ᠶᠢ ᠡᠵᠡᠯᠡᠪᠡ᠃ | ᠢᠲᠡᠭᠡᠯ ᠠᠯᠳᠠᠭᠰᠠᠨ ᠪᠦᠬᠦᠶᠢᠯᠡ ᠪᠡᠶᠡᠴᠢ ᠴᠣᠭᠴᠠ ᠳᠣᠲᠣᠷ᠎ᠠ᠂ ᠠᠵᠢᠯ ᠲᠥᠷᠥᠯ ᠤᠨ ᠬᠦᠷᠢᠶᠡᠨ ᠠᠴᠠ ᠨᠢ | ᠦᠵᠡᠪᠡᠯ᠂ ᠭᠠᠶᠢᠯᠢ ᠶᠢᠨ ᠶᠠᠪᠤᠳᠠᠯ ᠤᠨ ᠬᠢ 24.8%᠂ ᠬᠠᠤᠯᠢ ᠴᠠᠭᠠᠵᠠ ᠶᠢᠨ ᠬᠢ 16.8%᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢ 16.1%᠂ ᠠᠶᠤᠯ ᠦᠭᠡᠢ ᠦᠢᠯᠡᠳᠪᠦᠷᠢᠯᠡᠯ ᠤᠨ ᠬᠢ 16.1%᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢ 14.8%᠂ ᠢᠳᠡᠭᠡᠨ ᠤ ᠠᠮᠤᠷ ᠲᠥᠪᠰᠢᠨ ᠤ ᠬᠢ 4.7%᠂ | ᠪᠤᠰᠤᠳ ᠬᠦᠷᠢᠶᠡᠨ ᠤ ᠬᠢ ᠨᠢ 6.7% ᠶᠢ ᠡᠵᠡᠯᠡᠵᠦ ᠪᠠᠶᠢᠨ᠎ᠠ᠃ | ᠭᠠᠵᠠᠷ ᠣᠷᠣᠨ ᠠᠴᠠ ᠨᠢ ᠦᠵᠡᠪᠡᠯ᠂ ᠣᠷᠳᠣᠰ ᠬᠤᠲᠠ ᠶᠢᠨ ᠬᠢ 23.4%᠂ ᠪᠤᠭᠤᠲᠤ ᠬᠤᠳᠠ ᠶᠢᠨ ᠬᠢ | 17.4%᠂ ᠦᠬᠠᠶ ᠬᠤᠳᠠ ᠶᠢᠨ ᠬᠢ 12.1%᠂ ᠪᠠᠶᠠᠨᠨᠠᠭᠤᠷ ᠬᠤᠳᠠ ᠶᠢᠨ ᠬᠢ 10.7%᠂ ᠬᠥᠬᠡᠬᠤᠲᠠ ᠶᠢᠨ | ᠬᠢ 10.1%᠂ ᠲᠦᠩᠯᠢᠶᠣᠤ ᠬᠤᠲᠠ ᠶᠢᠨ ᠬᠢ 6.7%᠂ ᠤᠯᠠᠭᠠᠨᠬᠠᠳᠠ ᠬᠤᠲᠠ ᠶᠢᠨ ᠬᠢ 4.7%᠂ ᠬᠥᠯᠥᠨ | ᠪᠤᠶᠢᠷ ᠬᠤᠲᠠ ᠶᠢᠨ ᠬᠢ 4.0%᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ᠂ ᠬᠢᠩᠭᠠᠨ ᠠᠶᠢᠮᠠᠭ᠂ | ᠠᠯᠠᠱᠠ ᠠᠶᠢᠮᠠᠭ ᠤᠨ ᠬᠢ ᠲᠤᠰ ᠲᠤᠰ ᠲᠠᠭᠠᠨ 2.7% ᠶᠢ ᠡᠵᠡᠯᠡᠵᠦ ᠪᠠᠶᠢᠨ᠎ᠠ᠃ | 2016 ᠣᠨ ᠤ ︽ᠥᠪᠥᠷ ᠮᠣᠩᠭᠤᠯ ᠤᠨ ᠨᠡᠷᠡᠲᠦ ᠦᠢᠯᠡᠳᠬᠦᠨ︾ ᠪᠣᠯᠣᠨ ︽ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠨᠡᠷᠡᠮᠵᠢᠲᠦ ᠶᠠᠰᠤ ᠴᠢᠨᠠᠷ ᠤᠨ ᠱᠠᠩᠨᠠᠯ︾ ᠢ ᠦᠨᠡᠯᠡᠨ ᠲᠣᠭᠲᠠᠭᠠᠬᠤ ᠳᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠰᠤᠩᠭᠤᠯᠲᠠ ᠳᠤ ᠣᠷᠤᠯᠴᠠᠭᠰᠠᠨ 165 | ᠨᠢᠭᠡᠴᠡ ᠶᠢᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ | ᠥᠭᠴᠦ᠂ ᠨᠠᠷᠢᠨ ᠬᠢᠨᠠᠮᠠᠭᠠᠢ ᠪᠠᠶᠢᠴᠠᠭᠠᠨ ᠯᠠᠪᠯᠠᠬᠤ ᠪᠠᠷ ᠳᠠᠮᠵᠢᠨ᠂ 18 ᠨᠢᠭᠡᠴᠡ ᠨᠢ ᠢᠲᠡᠭᠡᠯ ᠢᠶᠠᠨ ᠠᠯᠳᠠᠭᠰᠠᠨ | ᠦᠢᠯᠡ ᠠᠵᠢᠯᠯᠠᠭ᠎ᠠ ᠲᠠᠢ ᠪᠠᠶᠢᠵᠤ᠂ 10% ᠶᠢ ᠡᠵᠡᠯᠡᠪᠡ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠᠰᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ | ᠠᠵᠢᠯ ᠤᠨ ᠰᠢᠰᠲ᠋ᠧᠮ ᠯᠦᠭᠡ ᠵᠣᠯᠭᠠᠯᠳᠤᠭᠤᠯᠬᠤ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ | ᠢᠲᠡᠭᠡᠮᠵᠢ ᠶᠢᠨ ᠮᠡᠳᠡᠭᠡ ᠵᠠᠩᠭᠢ ᠶᠢ ᠪᠤᠰᠤᠳ ᠬᠦᠷᠢᠶᠡᠨ ᠳᠤ ᠬᠡᠷᠡᠭᠯᠡᠬᠦ ᠶᠢ ᠲᠥᠯᠬᠢᠨ ᠠᠬᠢᠭᠤᠯᠪᠠ᠃ ᠣᠳᠣᠬᠠᠨ ᠳᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ︽ᠳᠤᠮᠳᠠ ᠵᠢᠵᠢᠭ ᠠᠵᠤ | ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠯᠤᠭ᠎ᠠ ᠵᠣᠯᠭᠠᠯᠳᠤᠭᠤᠯᠤᠭᠠᠳ᠂ ᠳᠤᠮᠳᠠ | ᠵᠢᠵᠢᠭ ᠠᠵᠤ ᠠᠬᠤᠶᠢᠯᠠᠯ ᠤᠳ ᠵᠠᠰᠠᠭ ᠤᠨ ᠣᠷᠳᠣᠨ ᠤ ᠲᠡᠳᠬᠦᠮᠵᠢ ᠶᠢᠨ ᠴᠢᠨᠠᠷᠲᠠᠶ ᠪᠡᠯᠡ ᠮᠥᠩᠭᠦ ᠶᠢ ᠣᠯᠬᠤ ᠳᠤ | ᠢᠲᠡᠭᠡᠮᠵᠢ ᠶᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ ᠥᠭᠴᠡᠢ︔ ᠥᠪᠡᠷᠲᠡᠭᠡᠨ ᠵᠠᠰᠠᠬᠤ ᠣᠷᠣᠨ ᠤ | ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠮᠥᠩᠭᠦᠨ ᠭᠦᠢᠯᠭᠡᠭᠡᠨ ᠭᠠᠶᠢᠯᠢ ᠶᠢᠨ ᠶᠠᠪᠤᠳᠠᠯ ᠢ | ᠬᠠᠷᠢᠯᠴᠠᠨ ᠦᠢᠯᠡᠳᠦᠯᠴᠡᠬᠦ ᠲᠠᠪᠴᠠᠩ︾ ᠯᠤᠭ᠎ᠠ ᠵᠣᠯᠭᠠᠯᠳᠤᠭᠤᠯᠤᠭᠠᠳ᠂ ᠳᠤᠮᠳᠠ ᠵᠢᠵᠢᠭ ᠠᠵᠤ ᠠᠬᠤᠶᠢᠯᠠᠯ ᠤᠨ | ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢᠨ ᠬᠢᠷᠢ ᠴᠢᠳᠠᠯ ᠢ ᠨᠢ ᠬᠢᠨᠠᠨ ᠪᠠᠶᠢᠴᠠᠭᠠᠬᠤ ᠳᠤ ᠢᠲᠡᠭᠡᠮᠵᠢ ᠶᠢ ᠨᠢ | ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ ᠥᠭᠴᠡᠢ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠰᠢᠰᠲ᠋ᠧᠮ︾ ᠯᠤᠭ᠎ᠠ ᠵᠣᠯᠭᠠᠯᠳᠤᠭᠤᠯᠤᠭᠠᠳ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠬᠠᠩᠭᠠᠭᠴᠢ ᠬᠤᠳᠠᠯᠳᠤᠭᠠᠴᠢᠨ᠂ | ᠣᠷᠣᠯᠠᠬᠤ ᠪᠠᠶᠢᠭᠤᠯᠤᠮᠵᠢ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠳᠤ ᠢᠲᠡᠭᠡᠮᠵᠢ ᠶᠢ ᠨᠢ ᠪᠠᠶᠢᠴᠠᠭᠠᠨ | ᠯᠠᠪᠯᠠᠬᠤ ᠦᠢᠯᠡᠴᠢᠯᠡᠭᠡ ᠬᠠᠩᠭᠠᠵᠤ ᠥᠭᠴᠡᠢ᠃ |