ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ︽ | ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠲᠠᠴᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ | ᠭᠡᠷᠡᠭᠵᠢᠬᠦᠯᠬᠦ ᠰᠠᠨᠠᠯ︾ ︵ᠲᠤᠷᠤᠭᠰᠢ ︽ᠭᠡᠷᠡᠭᠵᠢᠬᠦᠯᠬᠦ ᠰᠠᠨᠠᠯ︾ ᠭᠡᠵᠦ ᠲᠦᠬᠦᠮᠴᠢᠯᠡᠨ᠎ᠡ︶ ᠢ ᠲᠠᠷᠤᠮᠠᠯᠯᠠᠨ | ᠲᠠᠷᠬᠠᠭᠠᠭᠰᠠᠨ ᠪᠠᠶᠢᠨ᠎ᠠ᠃ ᠤᠷᠴᠢᠮᠬᠠᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ | ᠪᠠᠶᠢᠭᠤᠯᠬᠤ ᠬᠡᠯᠳᠡᠰ ᠤᠨ ᠬᠠᠷᠢᠭᠤᠴᠠᠯᠭᠠᠲᠠᠨ ᠰᠤᠷᠪᠤᠯᠵᠢᠯᠠᠭ᠎ᠠ ᠬᠦᠯᠢᠶᠡᠵᠦ᠂ ︽ᠭᠡᠷᠡᠭᠵᠢᠬᠦᠯᠬᠦ ᠰᠠᠨᠠᠯ︾ ᠢ | ᠲᠤᠭᠲᠠᠭᠠᠬᠤ ᠪᠠ ᠨᠠᠶᠢᠲᠠᠪᠦᠷᠢᠵᠢᠭᠤᠯᠵᠦ ᠲᠤᠤᠱᠯᠠᠭᠤᠯᠬᠤ ᠵᠡᠷᠭᠡ ᠠᠰᠠᠭᠤᠲᠠᠯ ᠤᠨ ᠲᠤᠬᠠᠢ ᠰᠤᠷᠪᠤᠯᠵᠢᠯᠠᠬᠴᠢ ᠶᠢᠨ | ᠠᠰᠠᠭᠤᠯᠲᠠ ᠶᠢ ᠬᠠᠷᠢᠭᠤᠯᠵᠠᠢ᠃ | ᠠᠰᠠᠭᠤᠯᠲᠠ᠄ ︽ᠭᠡᠷᠡᠭᠵᠢᠬᠦᠯᠬᠦ ᠰᠠᠨᠠᠯ︾ ᠢ ᠲᠤᠬᠲᠠᠭᠠᠭᠰᠠᠨ ᠠᠷᠤ ᠦᠵᠡᠭᠳᠡᠯ ᠪᠠ ᠦᠢᠯᠡᠲᠦᠯ ᠤᠨ ᠲᠤᠬᠠᠢ | ᠲᠠᠨᠢᠯᠴᠠᠭᠤᠯᠤᠨ᠎ᠠ ᠤᠤ︖ | ᠬᠠᠷᠢᠭᠤᠯᠲᠠ᠄ ᠨᠠᠮ ᠤᠨ ᠲᠦᠪ ᠬᠤᠷᠢᠶ᠎ᠠ ᠴᠢᠲᠠᠪᠦᠷᠢᠲᠠᠨ ᠤ ᠠᠵᠢᠯ ᠢ ᠲᠡᠭᠡᠲᠦ ᠭᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠭᠡᠢ ᠱᠦᠵᠢ | ᠰᠢ ᠶᠢᠨ ᠫᠢᠩ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠪᠠᠶᠢᠯᠲᠤᠬᠤ | ᠪᠤᠲᠤᠯᠭ᠎ᠠ ᠶᠢᠨ ᠦᠨᠲᠦᠷᠴᠡ ᠠᠴᠠ᠂ ᠴᠢᠲᠠᠪᠦᠷᠢᠲᠠᠨ ᠤ ᠠᠵᠢᠯ ᠤᠨ ᠲᠤᠬᠠᠢ ᠰᠢᠷᠢᠰ ᠴᠢᠬᠤᠯᠠ ᠵᠢᠭᠠᠪᠦᠷᠢ ᠭᠠᠷᠭᠠᠵᠦ᠂ | ᠴᠢᠲᠠᠪᠦᠷᠢᠲᠠᠨ ᠤ ᠠᠵᠢᠯ ᠦᠢᠯᠡᠰ ᠤᠨ ᠬᠦᠭᠵᠢᠯᠳᠡ ᠳᠤ ᠦᠨᠲᠦᠰᠦᠨ ᠵᠢᠷᠤᠮᠯᠠᠯ ᠬᠠᠨᠭ᠍ᠭᠠᠭᠰᠠᠨ ᠪᠠᠶᠢᠨ᠎ᠠ᠃ 2016 | ᠣᠨ ᠤ 2 ᠳ᠋ᠤᠭᠠᠷ ᠰᠠᠷ᠎ᠠ ᠳᠤ᠂ ᠲᠦᠪ ᠠᠴᠠ ︽ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠲᠠᠴᠠ | ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠭᠡᠷᠡᠭᠵᠢᠬᠦᠯᠬᠦ ᠰᠠᠨᠠᠯ︾ ᠢ ᠨᠡᠶᠢᠳᠡᠯᠡᠵᠦ᠂ ᠴᠢᠲᠠᠪᠦᠷᠢᠲᠠᠨ ᠤ | ᠬᠦᠭᠵᠢᠯᠳᠡ ᠶᠢᠨ ᠪᠠᠶᠢᠭᠤᠯᠤᠮᠵᠢ ᠲᠤᠭᠲᠠᠴᠠ ᠶᠢᠨ ᠦᠬᠡᠷᠡᠴᠢᠯᠡᠯᠳᠡ᠂ ᠴᠢᠲᠠᠪᠦᠷᠢᠲᠠᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠦᠬᠦ ᠲᠠᠯ᠎ᠠ ᠶᠢᠨ ᠪᠠᠶᠢᠷᠢᠰᠢᠭᠤᠯᠤᠯᠳᠠ ᠬᠢᠭᠰᠡᠨ | ᠪᠠᠶᠢᠨ᠎ᠠ᠃ ᠡᠨᠡ ᠪᠤᠯ ᠰᠢᠨ᠎ᠡ ᠲᠤᠮᠲᠠᠲᠦ ᠤᠯᠤᠰ ᠪᠠᠶᠢᠭᠤᠯᠤᠬᠲᠠᠬᠰᠠᠨ ᠠᠴᠠ ᠨᠠᠰᠢᠬᠢ ᠴᠢᠲᠠᠪᠦᠷᠢᠲᠠᠨ ᠤ | ᠪᠠᠶᠢᠭᠤᠯᠤᠮᠵᠢ ᠲᠤᠭᠲᠠᠴᠠ ᠶᠢᠨ ᠦᠬᠡᠷᠡᠴᠢᠯᠡᠯᠳᠡ ᠶᠢᠨ ᠲᠤᠬᠠᠢ ᠲᠦᠪ ᠤᠨ ᠬᠠᠮᠤᠭ ᠤᠨ ᠠᠩᠬᠠᠨ ᠤ ᠬᠦᠲᠦᠯᠪᠦᠷᠢ | ᠶᠢᠨ ᠴᠢᠨᠠᠷᠲᠠᠢ ᠪᠢᠴᠢᠭ ᠮᠠᠲ᠋ᠧᠷᠢᠶᠠᠯ ᠪᠤᠯᠬᠤ ᠶᠤᠮ᠃ | ᠤᠶᠢᠷ᠎ᠠ ᠶᠢᠨ ᠵᠢᠯ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠲᠠᠪᠦᠷᠢᠲᠠᠨ ᠤ ᠠᠵᠢᠯ | ᠪᠠ ᠴᠢᠲᠠᠪᠦᠷᠢᠲᠠᠨ ᠤ ᠡᠩᠨᠡᠭᠡ ᠶᠢᠨ ᠪᠠᠶᠢᠭᠤᠯᠤᠯᠲᠠ ᠨᠢ ᠰᠢᠨ᠎ᠡ ᠠᠬᠢᠯᠲᠠ ᠪᠠ ᠰᠢᠨ᠎ᠡ ᠦᠷ᠎ᠡ ᠪᠦᠲᠦᠮᠵᠢ ᠲᠠᠢ ᠪᠤᠯᠵᠠᠢ᠃ | ᠬᠡᠪᠡᠴᠦ ᠬᠦᠭᠵᠢᠭᠰᠡᠨ ᠭᠠᠵᠠᠷ ᠤᠷᠤᠨ ᠲᠠᠢ ᠬᠠᠷᠢᠴᠠᠭᠤᠯᠪᠠᠯ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ | ᠱᠠᠭᠠᠷᠲᠠᠯᠭ᠎ᠠ ᠲᠠᠢ ᠬᠠᠷᠢᠴᠠᠭᠤᠯᠪᠠᠯ᠂ ᠪᠦᠷ ᠪᠠᠭ᠎ᠠ ᠪᠤᠰᠤ ᠵᠦᠷᠢᠶ᠎ᠡ ᠲᠠᠢ ᠪᠠᠶᠢᠲᠠᠭ᠂ ᠤᠨᠴᠠᠭᠠᠶᠢᠯᠠᠨ ᠴᠢᠲᠠᠪᠦᠷᠢᠲᠠᠨ ᠤ | ᠬᠦᠭᠵᠢᠯᠳᠡ ᠶᠢᠨ ᠪᠠᠶᠢᠭᠤᠯᠤᠮᠵᠢ ᠲᠤᠭᠲᠠᠴᠠ ᠠᠮᠢᠲᠤᠯᠢᠭ ᠪᠤᠰᠤ᠂ ᠲᠡᠭᠡᠲᠦ ᠲᠠᠪᠬᠤᠷᠭ᠎ᠠ ᠶᠢᠨ ᠴᠢᠲᠠᠪᠦᠷᠢᠲᠠᠨ | ᠲᠤᠲᠠᠭᠲᠠᠵᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ᠂ ᠲᠤᠮᠤ ᠳ᠋ᠠᠶᠢᠲ᠋ᠠ ᠡᠬᠦᠯᠡᠨ ᠪᠤᠲᠤᠯᠲᠠ᠂ ᠠᠮᠢᠲᠤ ᠪᠤᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠦ ᠦᠢᠯᠡᠰ ᠤᠨ ᠴᠢᠲᠠᠪᠦᠷᠢᠲᠠᠨ ᠲᠤᠲᠠᠭᠲᠠᠵᠦ᠂ ᠴᠢᠲᠠᠪᠦᠷᠢᠲᠠᠨ ᠤ | ᠪᠦᠲᠦᠴᠡ ᠪᠠ ᠠᠵᠦ ᠦᠢᠯᠡᠰ ᠤᠨ ᠪᠦᠲᠦᠴᠡ ᠶᠢᠨ ᠵᠤᠬᠢᠴᠠᠯᠳᠤᠯ ᠤᠨ ᠨᠤᠷᠮ᠎ᠠ ᠦᠨᠳᠦᠷ ᠪᠤᠰᠤ ᠪᠠᠶᠢᠨ᠎ᠠ᠃ ᠡᠬᠦᠨ | ᠤ ᠬᠠᠮᠲᠦ᠂ ᠡᠨᠧᠷᠬᠢ ᠶᠢᠨ ᠡᠬᠢ ᠪᠠᠶᠠᠯᠢᠭ ᠤᠨ ᠬᠢᠵᠠᠭᠠᠷᠯᠠᠯ ᠴᠢᠩᠭᠠᠷᠠᠬᠤ ᠶᠢ ᠲᠠᠭᠠᠯᠲᠤᠨ᠂ ᠡᠯᠧᠮᠧᠨ᠋ᠲ ᠤᠨ ᠪᠡᠯᠡ | ᠤᠷᠤᠭᠤᠯᠤᠯᠲᠠ ᠪᠠᠷ ᠬᠦᠳᠡᠯᠭᠡᠭᠦᠷ ᠪᠤᠯᠭᠠᠲᠠᠭ ᠤᠯᠠᠮᠵᠢᠯᠠᠯᠲᠦ ᠨᠡᠮᠡᠭᠳᠡᠯ ᠤᠨ ᠵᠠᠬᠪᠦᠷ ᠢ ᠦᠷᠬᠦᠯᠵᠢᠯᠡᠬᠦᠯᠬᠦ ᠳᠤ | ᠬᠦᠴᠢᠷ ᠲᠠᠢ ᠪᠤᠯᠵᠦ᠂ ᠰᠢᠨ᠎ᠡ ᠶᠢ ᠡᠬᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠳᠡ ᠶᠢᠨ ᠪᠠᠶᠢᠯᠲᠤᠬᠤ ᠪᠤᠲᠤᠯᠭ᠎ᠠ | ᠶᠢ ᠬᠦᠨᠵᠡᠬᠡᠶᠢᠷᠡᠬᠦᠯᠦᠨ ᠠᠬᠢᠭᠤᠯᠬᠤ ᠶᠢ ᠲᠤᠯᠭᠠᠮ᠎ᠠ ᠱᠠᠭᠠᠷᠲᠠᠵᠦ ᠪᠠᠶᠢᠨ᠎ᠠ᠃ ᠰᠢᠨ᠎ᠡ ᠶᠢ ᠡᠬᠦᠳᠬᠦ ᠪᠠᠷ ᠬᠦᠳᠡᠯᠭᠡᠭᠦᠷ | ᠪᠤᠯᠭᠠᠬᠤ ᠨᠢ ᠮᠦᠨ ᠴᠢᠨᠠᠷ ᠲᠡᠭᠡᠷ᠎ᠡ ᠪᠠᠨ ᠴᠢᠲᠠᠪᠦᠷᠢᠲᠠᠨ ᠢᠶᠠᠷ ᠬᠦᠳᠡᠯᠭᠡᠭᠦᠷ ᠪᠤᠯᠭᠠᠬᠤ ᠶᠠᠪᠤᠳᠠᠯ ᠪᠤᠯᠤᠨ᠎ᠠ᠃ ᠰᠢᠨ᠎ᠡ | ᠶᠢ ᠡᠬᠦᠳᠬᠦ ᠪᠠᠷ ᠬᠦᠳᠡᠯᠭᠡᠭᠦᠷ ᠪᠤᠯᠭᠠᠬᠤ ᠳᠠᠬᠢ ᠴᠢᠲᠠᠪᠦᠷᠢᠲᠠᠨ ᠤ ᠲᠤᠯᠭᠠᠭᠤᠷᠢᠯᠠᠬᠤ ᠦᠢᠯᠡᠲᠦᠯ ᠢ ᠬᠦᠢᠴᠡᠳ | ᠪᠠᠲᠠᠷᠠᠭᠤᠯᠵᠦ ᠲᠡᠶᠢᠯᠬᠦ ᠡᠰᠡᠬᠦ ᠨᠢ ᠮᠠᠨᠲᠤᠯᠲᠠ ᠬᠦᠭᠵᠢᠯᠳᠡ ᠶᠢᠨ ᠶᠡᠭᠡ ᠲᠠᠯ᠎ᠠ ᠲᠠᠢ ᠬᠤᠯᠪᠤᠬᠲᠠᠵᠦ ᠪᠠᠶᠢᠲᠠᠭ᠃ | ᠡᠶᠢᠮᠦ ᠠᠴᠠ ᠪᠢᠳᠡ ᠵᠠᠪᠠᠯ ᠴᠢᠲᠠᠪᠦᠷᠢᠲᠠᠨ ᠢ ᠨᠡᠩ ᠬᠦᠨᠲᠦᠳᠭᠡᠵᠦ᠂ ᠴᠢᠲᠠᠪᠦᠷᠢᠲᠠᠨ ᠤ ᠬᠦᠭᠵᠢᠯᠳᠡ ᠶᠢᠨ | ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠶᠡᠬᠡᠪᠡᠷ ᠲᠦᠯᠬᠢᠨ ᠠᠬᠢᠭᠤᠯᠵᠦ᠂ ᠴᠢᠲᠠᠪᠦᠷᠢᠲᠠᠨ ᠤ ᠰᠢᠨ᠎ᠡ ᠶᠢ | ᠡᠬᠦᠳᠴᠦ ᠦᠢᠯᠡᠰ ᠪᠤᠰᠬᠠᠬᠤ ᠲᠦᠷᠢᠮ ᠤᠨ ᠤᠷᠴᠢᠨ ᠲᠤᠭᠤᠷᠢᠨ᠂ ᠤᠯᠤᠰ ᠲᠦᠷᠦ ᠶᠢᠨ ᠤᠷᠴᠢᠨ ᠲᠤᠭᠤᠷᠢᠨ ᠢ | ᠲᠦᠷᠭᠡᠳᠭᠡᠨ ᠪᠤᠢ ᠪᠤᠯᠭᠠᠵᠦ᠂ ᠴᠢᠲᠠᠪᠦᠷᠢᠲᠠᠨ ᠤ ᠰᠢᠨ᠎ᠡ ᠶᠢ ᠡᠬᠦᠳᠬᠦ ᠬᠦᠭᠵᠢᠯᠳᠡ ᠶᠢ ᠲᠠᠭᠠᠭᠤᠯᠬᠤ ᠲᠤᠲᠤᠭᠠᠲᠦ | ᠬᠦᠳᠡᠯᠭᠡᠬᠦ ᠬᠦᠴᠦᠨ ᠢ ᠦᠨᠡᠨᠬᠦ ᠨᠡᠮᠡᠭᠳᠡᠬᠦᠯᠬᠦ ᠭᠡᠷᠡᠭᠳᠡᠢ᠃ | ︽ᠭᠡᠷᠡᠭᠵᠢᠬᠦᠯᠬᠦ ᠰᠠᠨᠠᠯ︾ ᠢ ᠲᠤᠭᠲᠠᠭᠠᠬᠤ ᠳᠤ ᠵᠠᠪᠠᠯ᠂ ᠦᠪᠦᠷ ᠮᠤᠩᠭᠤᠯ ᠤᠨ ᠪᠤᠲᠠᠲᠠᠢ ᠲᠠᠢ ᠨᠢᠭᠳᠠ | ᠤᠶᠠᠯᠲᠤᠭᠤᠯᠵᠦ᠂ ᠦᠬᠡᠷᠡᠴᠢᠯᠡᠯᠳᠡ ᠶᠢᠨ ᠬᠦᠴᠦᠯᠡᠴᠡ ᠪᠠᠨ ᠨᠡᠮᠡᠭᠳᠡᠬᠦᠯᠵᠦ᠂ ᠴᠢᠲᠠᠪᠦᠷᠢᠲᠠᠨ ᠤ ᠬᠦᠭᠵᠢᠯᠳᠡ ᠶᠢ | ᠬᠦᠯᠢᠶᠡᠰᠦᠯᠡᠵᠦ ᠪᠠᠶᠢᠭ᠎ᠠ ᠦᠵᠡᠯ ᠰᠠᠨᠠᠭ᠎ᠠ ᠲᠠᠨᠢᠯᠲᠠ ᠪᠠ ᠪᠠᠶᠢᠭᠤᠯᠤᠮᠵᠢ ᠲᠤᠬᠲᠠᠴᠠ ᠶᠢᠨ ᠬᠠᠷᠰᠢ ᠰᠠᠭᠠᠳ ᠢ | ᠠᠷᠢᠯᠭᠠᠵᠦ᠂ ᠴᠢᠲᠠᠪᠦᠷᠢᠲᠠᠨ ᠤ ᠠᠮᠢᠵᠢᠷᠠᠯ ᠤᠨ ᠬᠦᠴᠦᠨ ᠢ ᠴᠢᠯᠦᠬᠡᠯᠡᠬᠦ ᠪᠠ ᠨᠡᠮᠡᠭᠳᠡᠬᠦᠯᠵᠦ᠂ ᠰᠢᠨᠵᠢᠯᠡᠬᠦ ᠤᠬᠠᠭᠠᠨᠴᠢ | ᠲᠦᠷᠢᠮᠵᠢᠭᠰᠡᠨ᠂ ᠨᠡᠬᠡᠬᠡᠯᠲᠡ ᠲᠠᠢ ᠪᠠᠭᠲᠠᠭᠠᠮᠵᠢ ᠲᠠᠢ᠂ ᠦᠨᠲᠦᠷ ᠠᠰᠢᠬᠯᠠᠮᠵᠢ ᠲᠠᠢ ᠴᠢᠲᠠᠪᠦᠷᠢᠲᠠᠨ ᠤ ᠬᠦᠭᠵᠢᠯᠳᠡ | ᠪᠠ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠭᠡᠷᠡᠭᠳᠡᠢ᠃ ᠡᠨᠡ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ | ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠲᠤᠭᠠᠷ ᠪᠦᠬᠦᠳᠡ ᠬᠤᠷᠠᠯ᠂ ᠲᠦᠷᠪᠡᠲᠦᠭᠡᠷ ᠪᠦᠬᠦᠳᠡ ᠬᠤᠷᠠᠯ᠂ | ᠲᠠᠪᠤᠲᠤᠭᠠᠷ ᠪᠦᠬᠦᠳᠡ ᠬᠤᠷᠠᠯ᠂ ᠵᠢᠷᠭᠤᠲᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠲᠠᠪᠦᠷᠢᠵᠢᠭᠤᠯᠬᠤ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠬᠦᠨᠵᠡᠬᠡᠢ ᠰᠤᠷᠤᠯᠴᠠᠨ ᠨᠠᠶᠢᠲᠠᠪᠦᠷᠢᠵᠢᠭᠤᠯᠬᠤ᠂ ᠴᠢᠲᠠᠪᠦᠷᠢᠲᠠᠨ ᠢ ᠤᠷᠢᠲᠡᠪᠡᠷ ᠬᠦᠭᠵᠢᠬᠦᠯᠬᠦ ᠪᠠᠶᠢᠯᠲᠤᠬᠤ ᠪᠤᠲᠤᠯᠭ᠎ᠠ | ᠶᠢ ᠶᠡᠭᠡᠪᠡᠷ ᠭᠡᠷᠡᠭᠵᠢᠬᠦᠯᠬᠦ᠂ ᠴᠢᠲᠠᠪᠦᠷᠢᠲᠠᠨ ᠤ ᠰᠢᠨ᠎ᠡ ᠶᠢ ᠡᠬᠦᠳᠬᠦ ᠪᠦᠲᠦᠭᠡᠯᠴᠢ ᠠᠮᠢᠵᠢᠷᠠᠯ ᠤᠨ ᠬᠦᠴᠦᠨ ᠢ | ᠬᠠᠮᠤᠭ ᠤᠨ ᠶᠡᠭᠡ ᠬᠡᠮᠵᠢᠶ᠎ᠡ ᠪᠠᠷ ᠪᠠᠲᠠᠷᠠᠭᠤᠯᠬᠤ᠂ ᠤᠲᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ᠂ | ᠡᠬᠡ ᠤᠯᠤᠰ ᠤᠨ ᠤᠮᠠᠷᠠᠲᠦ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ | ᠪᠠᠶᠢᠭᠤᠯᠬᠤ ᠳᠤ ᠪᠦᠷ ᠴᠢᠬᠤᠯᠠ ᠶᠡᠭᠡ ᠠᠴᠢ ᠬᠤᠯᠪᠤᠬᠲᠠᠯ ᠲᠠᠢ ᠪᠠᠶᠢᠲᠠᠭ᠃ | ᠠᠰᠠᠭᠤᠯᠲᠠ᠄ ︽ᠭᠡᠷᠡᠭᠵᠢᠬᠦᠯᠬᠦ ᠰᠠᠨᠠᠯ︾ ᠤᠨ ᠶᠡᠷᠦᠩᠭᠡᠢ ᠲᠠᠯ᠎ᠠ ᠶᠢᠨ ᠪᠤᠲᠤᠯᠬᠢᠯᠠᠯᠲᠠ ᠪᠠ ᠭᠤᠤᠯ | ᠠᠭᠤᠯᠭ᠎ᠠ ᠶᠢᠨ ᠲᠤᠬᠠᠢ ᠲᠠᠨᠢᠯᠴᠠᠭᠤᠯᠤᠨ᠎ᠠ ᠤᠤ︖ | ᠬᠠᠷᠢᠭᠤᠯᠲᠠ᠄ ︽ᠭᠡᠷᠡᠭᠵᠢᠬᠦᠯᠬᠦ ᠰᠠᠨᠠᠯ︾ ᠨᠢ ᠶᠡᠷᠤᠩᠬᠡᠢ ᠱᠥᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶᠠᠨ ᠤ ᠵᠤᠷᠢᠭ ᠰᠠᠨᠠᠭ᠎ᠠ᠂ ᠤᠨᠴᠠᠭᠠᠶᠢᠯᠠᠨ ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠭᠲᠠᠴᠠ ᠶᠢᠨ | ᠦᠬᠡᠷᠡᠴᠢᠯᠡᠯᠳᠡ ᠶᠢᠨ ᠲᠤᠬᠠᠢ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠪᠠᠷ ᠦᠨᠲᠦᠰᠦᠨ ᠵᠢᠷᠤᠮᠯᠠᠯ ᠪᠤᠯᠭᠠᠬᠤ ᠶᠢ | ᠪᠠᠷᠢᠮᠲᠠᠯᠠᠵᠦ᠂ ᠲᠦᠪ ᠤᠨ ︽ᠰᠠᠨᠠᠯ︾ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠲᠠᠪᠦᠷᠢᠵᠢᠭᠤᠯᠬᠤ᠂ ᠦᠪᠡᠷᠳᠡᠭᠡᠨ ᠵᠠᠰᠠᠬᠤ ᠤᠷᠤᠨ ᠤ ᠠᠷᠪᠠᠲᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ | ᠤᠨ ᠶᠡᠭᠡ ᠬᠤᠷᠠᠯ ᠠᠴᠠ ᠲᠤᠭᠲᠠᠭᠠᠭᠰᠠᠨ ᠰᠠᠭᠤᠷᠢ ᠲᠦᠬᠦᠭᠡᠷᠦᠮᠵᠢ ᠶᠢᠨ ︽ᠲᠤᠯᠤᠭᠠᠨ ᠲᠤᠤᠷ︾ ᠢ ᠬᠠᠮᠲᠦᠪᠡᠷ | ᠪᠦᠲᠦᠭᠡᠨ ᠪᠠᠶᠢᠭᠤᠯᠬᠤ᠂ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠲᠤᠵᠤ ᠪᠠᠶᠢᠭ᠎ᠠ ᠠᠵᠦ ᠦᠢᠯᠡᠰ | ᠤᠨ ︽ᠲᠤᠯᠤᠭᠠᠨ ᠦᠢᠯᠡᠰ︾ ᠢ ᠬᠠᠮᠲᠦ ᠪᠠᠷ ᠬᠥᠭᠵᠢᠬᠦᠯᠬᠦ ᠪᠠᠶᠢᠯᠲᠤᠬᠤ ᠪᠤᠲᠤᠯᠭ᠎ᠠ ᠶᠢᠨ ᠰᠢᠢᠳᠪᠦᠷᠢᠳᠦ | ᠪᠤᠳᠤᠯᠭ᠎ᠠ ᠶᠢᠨ ᠲᠤᠭᠤᠷᠢᠨ ᠳᠤ᠂ ᠪᠦᠬᠦ ᠲᠠᠯ᠎ᠠ ᠶᠢᠨ ᠬᠠᠷᠠᠭᠠᠰᠦ᠂ ᠨᠡᠭᠡᠭᠡᠯᠳᠡᠳᠦ ᠤᠨᠤᠯᠵᠢᠬᠤᠨ᠂ ᠦᠬᠡᠷᠡᠴᠢᠯᠡᠯᠳᠡ | ᠶᠢᠨ ᠰᠡᠳᠬᠢᠬᠦᠢ ᠪᠠᠷ ᠴᠢᠳᠠᠪᠤᠷᠢᠳᠠᠨ ᠤ ᠠᠵᠢᠯ ᠢ ᠲᠦᠰᠦᠪᠯᠡᠬᠦ ᠪᠠ ᠠᠬᠢᠭᠤᠯᠬᠤ᠂ ᠴᠢᠲᠠᠪᠦᠷᠢᠲᠠᠨ ᠢ ᠬᠦᠮᠦᠵᠢᠬᠦᠯᠬᠦ᠂ | ᠤᠷᠢᠵᠤ ᠠᠪᠴᠢᠷᠠᠬᠤ᠂ ᠭᠡᠷᠡᠭᠯᠡᠬᠦ ᠦᠨᠡᠯᠡᠬᠦ ᠪᠠ ᠦᠢᠯᠡᠴᠢᠯᠡᠬᠦ ᠪᠠᠲᠤᠯᠠᠭ᠎ᠠ ᠵᠡᠷᠭᠡ ᠲᠠᠯ᠎ᠠ ᠪᠠᠷ ᠬᠠᠨᠲᠤᠯᠭᠠᠲᠦ | ᠴᠢᠨᠠᠷ ᠲᠠᠢ ᠦᠬᠡᠷᠡᠴᠢᠯᠡᠯᠳᠡ ᠶᠢᠨ ᠠᠷᠭ᠎ᠠ ᠠᠪᠴᠠᠯ ᠢ ᠲᠤᠷᠠᠲᠤᠨ ᠭᠠᠷᠭᠠᠵᠠᠢ᠃ | ᠪᠢᠴᠢᠭ ᠮᠠᠲ᠋ᠧᠷᠢᠶᠠᠯ ᠢ ᠲᠤᠭᠲᠠᠭᠠᠬᠤ ᠶᠠᠪᠤᠴᠠ ᠳᠤ᠂ ᠪᠢᠳᠡ ᠲᠤᠤᠷᠠᠬᠢ ᠲᠦᠷᠪᠡᠨ ᠲᠠᠯ᠎ᠠ ᠶᠢ ᠴᠢᠩᠭ᠎ᠠ | ᠠᠳᠬᠤᠪᠠ᠄ ᠨᠢᠬᠡ ᠳᠤ᠂ ᠨᠢᠬᠡᠲᠦᠯᠳᠡᠢ ᠲᠦᠯᠦᠪᠵᠢᠬᠦᠯᠬᠦ ᠶᠢ ᠪᠠᠷᠢᠮᠲᠠᠯᠠᠵᠦ᠂ ᠰᠢᠨᠵᠢᠯᠡᠬᠦ ᠤᠬᠠᠭᠠᠨᠴᠢ ᠤᠨᠤᠪᠴᠢᠲᠠᠢ | ᠤᠨᠤᠯᠵᠢᠬᠤᠨ ᠢ ᠲᠤᠪᠤᠶᠢᠯᠭᠠᠪᠠ᠃ ᠲᠠᠪᠤᠨ ᠵᠢᠯ ᠤᠨ ᠬᠤᠭᠤᠴᠠᠭᠠᠨ ᠳᠤ᠂ ᠴᠢᠲᠠᠪᠦᠷᠢᠲᠠᠨ ᠤ ᠬᠦᠭᠵᠢᠯᠳᠡ ᠶᠢ | ᠬᠦᠯᠢᠶᠡᠰᠦᠯᠡᠵᠦ ᠪᠦᠬᠦᠢ ᠦᠵᠡᠯ ᠰᠠᠨᠠᠭ᠎ᠠ ᠲᠠᠨᠢᠯᠲᠠ ᠪᠠ ᠪᠠᠶᠢᠭᠤᠯᠤᠮᠵᠢ ᠲᠤᠭᠲᠠᠴᠠ ᠶᠢᠨ ᠰᠠᠭᠠᠳ ᠲᠤᠳᠬᠠᠷ ᠢ | ᠶᠡᠬᠡᠪᠡᠷ ᠠᠷᠢᠯᠭᠠᠵᠦ᠂ ᠬᠦᠮᠦᠨ ᠭᠡᠷᠡᠭᠯᠡᠬᠦ ᠭᠤᠤᠯ ᠴᠤᠭᠴᠠ ᠶᠢᠨ ᠡᠷᠭᠡ ᠶᠢ ᠲᠠᠯᠪᠢᠵᠤ᠂ ᠴᠢᠲᠠᠪᠦᠷᠢᠲᠠᠨ ᠢ ᠴᠢᠯᠥᠬᠡᠲᠡᠢ | ᠪᠤᠯᠭᠠᠵᠤ᠂ ᠴᠢᠲᠠᠪᠦᠷᠢᠲᠠᠨ ᠤ ᠠᠮᠢᠵᠢᠷᠠᠯ ᠤᠨ ᠬᠦᠴᠦᠨ ᠢ ᠤᠯᠠᠮ ᠨᠢᠬᠡ ᠠᠯᠬᠤᠮ ᠪᠠᠲᠠᠷᠠᠭᠤᠯᠵᠦ᠂ ᠰᠢᠨ᠎ᠡ ᠶᠢ | ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠴᠢᠳᠠᠪᠤᠷᠢᠳᠠᠨ ᠢ ᠤᠷᠢᠳᠠᠪᠠᠷ | ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠵᠠᠰᠠᠭ ᠤᠨ ᠤᠷᠲᠤᠨ ᠤ ᠴᠢᠲᠠᠪᠦᠷᠢᠲᠠᠨ ᠤ | ᠬᠠᠮᠢᠶᠠᠷᠤᠯᠲᠠ ᠶᠢᠨ ᠡᠬᠦᠷᠭᠡ ᠴᠢᠲᠠᠪᠬᠢ ᠪᠠᠨ ᠬᠤᠪᠢᠷᠠᠭᠤᠯᠬᠤ ᠶᠢ ᠲᠦᠷᠭᠡᠳᠭᠡᠵᠦ᠂ ᠵᠠᠬ᠎ᠠ ᠲᠡᠯᠭᠡᠬᠦᠷ᠂ ᠨᠡᠶᠢᠬᠡᠮ᠂ | ᠬᠦᠮᠦᠨ ᠬᠡᠷᠡᠭᠯᠡᠬᠦ ᠭᠤᠤᠯ ᠴᠤᠭᠴᠠ ᠶᠢᠨ ᠤᠯᠠᠨ ᠲᠠᠯ᠎ᠠ ᠶᠢᠨ ᠦᠢᠯᠡᠲᠦᠯ ᠢ ᠬᠦᠢᠴᠡᠳ ᠪᠠᠲᠠᠷᠠᠭᠤᠯᠵᠦ᠂ ᠠᠮᠢᠵᠢᠷᠠᠯ | ᠤᠨ ᠬᠦᠴᠦᠨ ᠪᠢᠯᠬᠠᠭᠰᠠᠨ᠂ ᠦᠨᠲᠦᠷ ᠪᠦᠲᠦᠮᠵᠢᠳᠡᠢ᠂ ᠨᠡᠩ ᠨᠡᠭᠡᠭᠡᠯᠳᠡ ᠲᠠᠢ ᠴᠢᠲᠠᠪᠦᠷᠢᠲᠠᠨ ᠤ ᠬᠦᠭᠵᠢᠯᠳᠡ ᠶᠢᠨ | ᠲᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠬᠤᠶᠠᠷ ᠲᠤ᠂ ᠲᠠᠪᠠᠯᠳᠠᠳᠤ ᠴᠢᠨᠠᠷ ᠢ ᠪᠠᠷᠢᠮᠳᠠᠯᠠᠵᠤ᠂ | ᠦᠬᠡᠷᠡᠴᠢᠯᠡᠯᠳᠡ ᠬᠦᠭᠵᠢᠯᠳᠡ ᠶᠢᠨ ᠬᠢᠯᠠᠰ ᠴᠢᠭ᠋ ᠢ ᠲᠤᠪᠤᠶᠢᠯᠭᠠᠪᠠ᠃ ᠦᠪᠡᠷᠳᠡᠭᠡᠨ ᠵᠠᠰᠠᠬᠤ ᠤᠷᠤᠨ ᠤ | ᠴᠢᠲᠠᠪᠦᠷᠢᠲᠠᠨ ᠤ ᠬᠦᠭᠵᠢᠯᠳᠡ ᠶᠢᠨ ᠱᠠᠲᠦ ᠦᠶᠡᠴᠢ ᠴᠢᠨᠠᠷ ᠤᠨ ᠤᠨᠴᠠᠯᠢᠭ ᠲᠤ ᠰᠠᠭᠤᠷᠢᠯᠠᠨ᠂ ︽ᠲᠡᠭᠡᠳᠦ᠂ | ᠨᠠᠷᠢᠯᠢᠭ᠂ ᠦᠵᠦ᠂ ᠲᠤᠲᠠᠭᠲᠠᠵᠦ ᠪᠠᠶᠢᠭ᠎ᠠ︾ ᠴᠢᠲᠠᠪᠦᠷᠢᠲᠠᠨ ᠢ ᠲᠦᠪᠯᠡᠷᠡᠬᠦᠯᠬᠦ ᠪᠠᠷ ᠰᠢᠪᠲᠤᠯᠤᠯᠳᠠ ᠶᠢᠨ ᠴᠢᠭ᠋ | ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠬᠳᠤ ᠠᠵᠦ ᠦᠢᠯᠡᠰ ᠤᠨ ᠬᠦᠭᠵᠢᠯᠳᠡ ᠶᠢᠨ | ᠱᠠᠭᠠᠷᠲᠠᠯᠭ᠎ᠠ ᠳᠤ ᠲᠤᠯᠢᠳᠠᠨ᠂ ᠴᠢᠲᠠᠪᠦᠷᠢᠲᠠᠨ ᠤ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ ᠮᠠᠨ ᠤ ᠤᠷᠤᠨ ᠤ ᠤᠷᠢᠵᠤ ᠠᠪᠴᠢᠷᠠᠭᠰᠠᠨ ᠲᠡᠭᠡᠲᠦ ᠲᠡᠰ ᠤᠨ ᠴᠢᠲᠠᠪᠦᠷᠢᠲᠠᠨ ᠤ ᠨᠡᠮᠡᠭᠳᠡᠯ | ᠬᠦᠢᠴᠡᠳ ᠦᠭᠡᠢ᠂ ᠲᠠᠭᠠᠭᠠᠤᠯᠤᠬᠴᠢ ᠴᠢᠲᠠᠪᠦᠷᠢᠲᠠᠨ ᠲᠤᠳᠠᠭᠳᠠᠵᠤ ᠪᠠᠶᠢᠭ᠎ᠠ᠂ ᠴᠢᠲᠠᠪᠦᠷᠢᠲᠠᠨ ᠢ ᠬᠦᠮᠦᠵᠢᠬᠦᠯᠬᠦ | ᠲᠤᠭᠲᠠᠯᠴᠠᠭ᠎ᠠ ᠬᠤᠴᠤᠷᠤᠩᠭᠤᠢ ᠪᠠᠶᠢᠬᠤ ᠵᠡᠷᠭᠡ ᠠᠰᠠᠭᠤᠲᠠᠯ ᠳᠤ ᠴᠢᠭᠯᠡᠬᠦᠯᠦᠨ᠂ ᠴᠢᠲᠠᠪᠦᠷᠢᠲᠠᠨ ᠢ ᠬᠦᠮᠦᠵᠢᠬᠦᠯᠬᠦ | ᠲᠤᠭᠲᠠᠴᠠ ᠶᠢ ᠪᠦᠷᠢᠨᠰᠢᠬᠦᠯᠬᠦ᠂ ᠴᠢᠲᠠᠪᠦᠷᠢᠲᠠᠨ ᠢ ᠤᠷᠢᠵᠤ ᠠᠪᠴᠢᠷᠠᠬᠤ ᠲᠤᠭᠲᠠᠴᠠ ᠶᠢ ᠲᠡᠬᠦᠯᠳᠡᠷᠵᠢᠬᠦᠯᠬᠦ ᠵᠡᠷᠭᠡ | ᠲᠠᠯ᠎ᠠ ᠪᠠᠷ ᠦᠬᠡᠷᠡᠴᠢᠯᠡᠯᠳᠡ ᠶᠢᠨ ᠠᠷᠭ᠎ᠠ ᠠᠪᠴᠠᠯ ᠢ ᠠᠪᠴᠦ᠂ ᠴᠢᠲᠠᠪᠦᠷᠢᠲᠠᠨ ᠤ ᠠᠰᠢᠬ ᠤᠯᠵᠠᠪᠤᠷᠢ ᠶᠢ | ᠦᠷᠭᠡᠳᠭᠡᠭᠰᠡᠨ ᠪᠠᠶᠢᠨ᠎ᠠ᠃ ᠭᠤᠷᠪᠠ ᠳᠤ᠂ ᠬᠠᠮᠲᠦᠷᠠᠯᠴᠠᠬᠤ ᠰᠢᠨᠵᠢ ᠶᠢ ᠪᠠᠷᠢᠮᠲᠠᠯᠠᠵᠦ᠂ ᠡᠯ᠎ᠡ ᠬᠦᠷᠢᠶ᠎ᠡ ᠴᠠᠷᠠᠭᠠᠨ ᠤ | ᠦᠬᠡᠷᠡᠴᠢᠯᠡᠯᠳᠡ ᠬᠦᠭᠵᠢᠯᠳᠡ ᠶᠢ ᠨᠡᠪᠳᠡᠷᠡᠯᠴᠡᠬᠦᠯᠵᠡᠢ᠃ ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ | ᠲᠤᠭᠲᠠᠴᠠ ᠶᠢᠨ ᠦᠬᠡᠷᠡᠴᠢᠯᠡᠯᠳᠡ ᠶᠢᠨ ᠬᠤᠯᠪᠤᠯᠲᠤᠬᠤ ᠰᠢᠨᠵᠢ ᠶᠢ ᠴᠢᠩᠭᠠᠳᠬᠠᠵᠦ᠂ ᠰᠢᠨ᠎ᠡ ᠶᠢ ᠡᠬᠦᠳᠬᠦ ᠪᠠᠷ | ᠬᠦᠳᠡᠯᠬᠡᠬᠦᠷ ᠪᠤᠯᠭᠠᠬᠤ ᠬᠦᠭᠵᠢᠯᠳᠡ ᠶᠢᠨ ᠵᠢᠮ᠎ᠡ ᠶᠤᠰᠤ ᠲᠠᠢ ᠲᠤᠬᠢᠷᠠᠯᠴᠠᠬᠰᠠᠨ ᠪᠠᠶᠢᠭᠤᠯᠤᠮᠵᠢ ᠲᠤᠭᠲᠠᠴᠠ ᠶᠢ | ᠪᠠᠶᠢᠭᠤᠯᠬᠤ ᠪᠠᠷ ᠵᠤᠭᠰᠤᠴᠠ ᠪᠤᠯᠭᠠᠵᠤ᠂ ᠴᠢᠲᠠᠪᠦᠷᠢᠲᠠᠨ ᠤ ᠬᠠᠮᠵᠢᠯᠴᠠᠨ ᠰᠢᠨ᠎ᠡ ᠶᠢ ᠡᠬᠦᠳᠬᠦ᠂ ᠵᠠᠬ᠎ᠠ | ᠲᠡᠯᠭᠡᠬᠦᠷᠴᠢᠯᠡᠭᠰᠡᠨ ᠰᠢᠨ᠎ᠠ ᠶᠢ ᠡᠬᠦᠲᠥᠭᠰᠡᠨ ᠥᠷ᠎ᠡ ᠪᠥᠲᠥᠮᠵᠢ ᠶᠢᠨ ᠠᠰᠢᠬ ᠲᠤᠰᠠ ᠶᠢᠨ ᠬᠤᠪᠢᠶᠠᠷᠢᠯᠠᠯ ᠤᠨ | ᠲᠤᠬᠲᠠᠴᠠ ᠶᠢ ᠪᠠᠶᠢᠭᠤᠯᠬᠤ᠂ ᠰᠢᠨ᠎ᠡ ᠶᠢ ᠡᠬᠦᠳᠴᠤ ᠦᠢᠯᠡᠰ ᠪᠤᠰᠬᠠᠬᠤ ᠠᠮᠢ ᠠᠬᠤᠢ ᠶᠢᠨ ᠰᠢᠰᠲ᠋ᠧᠮ ᠢ | ᠰᠢᠯᠢᠳᠡᠭᠵᠢᠬᠦᠯᠬᠦ᠂ ᠠᠴᠢᠶᠠᠯᠠᠪᠤᠷᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ | ᠲᠠᠯ᠎ᠠ ᠪᠠᠷ ᠦᠬᠡᠷᠡᠴᠢᠯᠡᠯᠳᠡ ᠶᠢᠨ ᠠᠷᠭ᠎ᠠ ᠠᠪᠴᠠᠯ ᠲᠤᠷᠠᠲᠤᠭᠰᠠᠨ ᠪᠠᠶᠢᠨ᠎ᠠ᠃ ᠲᠦᠷᠪᠡ ᠳᠤ᠂ ᠰᠢᠰᠲ᠋ᠧᠮᠲᠦ ᠴᠢᠨᠠᠷ ᠢ | ᠪᠠᠷᠢᠮᠲᠠᠯᠠᠵᠦ᠂ ᠴᠢᠲᠠᠪᠦᠷᠢᠲᠠᠨ ᠤ ᠬᠦᠭᠵᠢᠯᠳᠡ ᠶᠢᠨ ᠡᠯ᠎ᠡ ᠭᠤᠭᠴᠤᠭ᠎ᠠ ᠶᠢ ᠪᠠᠭᠲᠠᠭᠠᠨ᠎ᠠ᠃ ᠠᠯᠤᠰ ᠬᠡᠲᠦ ᠶᠢᠨ | ᠰᠢᠨᠵᠢ ᠲᠠᠢ ᠨᠢᠬᠡ ᠪᠦᠯᠦᠭ ᠦᠬᠡᠷᠡᠴᠢᠯᠡᠯᠳᠡ ᠶᠢᠨ ᠠᠷᠭ᠎ᠠ ᠠᠪᠴᠠᠯ ᠪᠤᠯᠤᠬᠰᠠᠨ ᠤ ᠬᠤᠪᠢ ᠳᠤ᠂ ︽ᠭᠡᠷᠡᠭᠵᠢᠬᠦᠯᠬᠦ | ᠰᠠᠨᠠᠯ︾ ᠨᠢ ᠴᠢᠲᠠᠪᠦᠷᠢᠲᠠᠨ ᠢ ᠨᠡᠭᠡᠭᠡᠨ ᠬᠦᠭᠵᠢᠬᠦᠯᠬᠦ ᠡᠯ᠎ᠡ ᠭᠤᠭᠴᠤᠭ᠎ᠠ ᠶᠢ ᠠᠩᠬᠠᠷᠴᠦ᠂ ᠪᠦᠬᠦ ᠲᠠᠯ᠎ᠠ ᠶᠢᠨ | ᠲᠦᠯᠦᠪᠯᠡᠭᠡ ᠶᠢ ᠲᠤᠪᠤᠶᠢᠯᠭᠠᠭᠰᠠᠨ ᠪᠠᠶᠢᠨ᠎ᠠ᠃ ᠡᠬᠦᠨ ᠤ ᠬᠠᠮᠲᠦ᠂ ᠴᠢᠲᠠᠪᠦᠷᠢᠲᠠᠨ ᠤ ᠬᠦᠭᠵᠢᠯᠳᠡ ᠶᠢᠨ | ᠪᠠᠶᠢᠭᠤᠯᠤᠮᠵᠢ ᠲᠤᠬᠲᠠᠴᠠ ᠶᠢᠨ ᠦᠬᠡᠷᠡᠴᠢᠯᠡᠯᠳᠡ ᠶᠢᠨ ᠰᠢᠰᠲ᠋ᠧᠮᠲᠦ ᠴᠢᠨᠠᠷ ᠢ ᠴᠢᠩᠭᠠᠳᠬᠠᠵᠦ᠂ ︽ᠭᠡᠷᠡᠭᠵᠢᠬᠦᠯᠬᠦ | ᠰᠠᠨᠠᠯ︾ ᠢᠶᠠᠷ ᠶᠡᠷᠦᠩᠭᠡᠢ ᠬᠦᠲᠦᠯᠪᠦᠷᠢ ᠪᠤᠯᠭᠠᠵᠦ᠂ ︽ᠴᠢᠲᠠᠪᠦᠷᠢᠲᠠᠨ ᠢ ᠲᠠᠲᠠᠨ ᠤᠷᠤᠭᠤᠯᠬᠤ ᠪᠠ ᠰᠢᠯᠵᠢᠬᠦᠯᠬᠦ ᠶᠢ | ᠭᠡᠷᠡᠭᠵᠢᠬᠦᠯᠬᠦ ᠠᠷᠭ᠎ᠠ︾᠂ ︽ᠦᠨᠲᠦᠰᠦᠨ ᠱᠠᠲᠦᠨ ᠤ ᠲᠤᠰᠬᠠᠢ ᠮᠡᠷᠭᠡᠵᠢᠯ ᠤᠨ ᠴᠢᠲᠠᠪᠦᠷᠢᠲᠠᠨ ᠤ ᠡᠩᠨᠡᠭᠡᠨ ᠤ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾᠂ ︽ᠠᠵᠢᠯ ᠦᠢᠯᠡᠰ ᠤᠨ ᠨᠢᠭᠡᠴᠡ ᠶᠢᠨ ᠲᠤᠰᠬᠠᠢ | ᠮᠡᠷᠭᠡᠵᠢᠯ ᠤᠨ ᠴᠢᠲᠠᠪᠦᠷᠢᠲᠠᠨ ᠤ ᠰᠢᠨ᠎ᠡ ᠶᠢ ᠡᠬᠦᠳᠬᠦ ᠦᠢᠯᠡᠰ ᠪᠤᠰᠬᠠᠬᠤ ᠶᠢ ᠲᠡᠮᠵᠢᠬᠦ ᠪᠠ ᠵᠤᠷᠢᠬᠵᠢᠭᠤᠯᠬᠤ ᠶᠢ | ᠭᠡᠷᠡᠭᠵᠢᠬᠦᠯᠬᠦ ᠲᠤᠬᠠᠢ ᠰᠠᠨᠠᠯ︾ ᠵᠡᠷᠭᠡ 13 ᠢᠵᠢ ᠲᠡᠬᠦᠯᠳᠡᠷᠵᠢᠬᠦᠯᠦᠭᠰᠡᠨ ᠪᠢᠴᠢᠭ ᠮᠠᠲ᠋ᠧᠷᠢᠶᠠᠯ ᠢ ᠬᠤᠶᠢᠨ᠎ᠡ | ᠡᠮᠦᠨ᠎ᠡ ᠲᠤᠭᠲᠠᠭᠠᠵᠦ᠂ ᠦᠨᠲᠦᠷ ᠬᠡᠪ ᠪᠠᠷᠢᠮᠵᠢᠶ᠎ᠠ ᠲᠠᠢ᠂ ᠠᠮᠢᠲᠤᠯᠢᠭ ᠬᠦᠴᠦᠨ ᠲᠠᠢ᠂ ᠲᠦᠪᠯᠡᠷᠡᠬᠦᠯᠦᠭᠰᠡᠨ | ᠦᠢᠯᠡᠲᠦᠯ ᠲᠠᠢ ︽1+N︾ ᠴᠢᠲᠠᠪᠤᠷᠢᠲᠠᠨ ᠤ ᠲᠦᠷᠦ ᠶᠢᠨ ᠪᠤᠲᠤᠯᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ | ᠢᠶᠠᠷ ᠪᠤᠢ ᠪᠤᠯᠭᠠᠭᠰᠠᠨ ᠪᠠᠶᠢᠨ᠎ᠠ᠃ | ︽ᠭᠡᠷᠡᠭᠵᠢᠬᠦᠯᠬᠦ ᠰᠠᠨᠠᠯ︾ ᠤᠨ ᠪᠦᠬᠦ ᠠᠭᠤᠯᠭ᠎ᠠ ᠶᠢ ᠨᠡᠶᠢᠳᠡ ᠨᠠᠢᠮᠠᠨ ᠪᠦᠯᠦᠭ ᠲᠤ ᠬᠤᠪᠢᠶᠠᠵᠠᠢ᠂ ᠭᠤᠤᠯ | ᠠᠭᠤᠯᠭ᠎ᠠ ᠳᠤᠨᠢ᠄ ᠨᠢᠬᠡᠲᠦᠭᠡᠷ ᠭᠡᠰᠡᠭ ᠨᠢ ᠵᠢᠯᠤᠭᠤᠳᠬᠤ ᠦᠵᠡᠯ ᠰᠠᠨᠠᠭ᠎ᠠ᠂ ᠦᠨᠲᠦᠰᠦᠨ ᠵᠠᠷᠴᠢᠮ ᠪᠠ ᠭᠤᠤᠯ | ᠬᠠᠷᠠᠯᠲᠠ᠃ ᠬᠤᠶᠠᠲᠤᠭᠠᠷ ᠭᠡᠰᠡᠭ ᠨᠢ ᠴᠢᠲᠠᠪᠦᠷᠢᠲᠠᠨ ᠢ ᠬᠠᠮᠢᠶᠠᠷᠬᠤ ᠲᠤᠭᠲᠠᠴᠠ ᠶᠢᠨ ᠦᠭᠡᠷᠡᠴᠢᠯᠡᠯᠳᠡ ᠶᠢ | ᠠᠬᠢᠭᠤᠯᠤᠨ᠎ᠠ᠃ ᠭᠤᠷᠪᠠᠲᠤᠭᠠᠷ ᠭᠡᠰᠡᠭ ᠨᠢ ᠴᠢᠲᠠᠪᠦᠷᠢᠲᠠᠨ ᠢ ᠬᠦᠮᠦᠵᠢᠬᠦᠯᠬᠦ ᠲᠤᠭᠲᠠᠴᠠ ᠶᠢ ᠪᠦᠷᠢᠨᠰᠢᠬᠦᠯᠦᠨ᠎ᠡ᠃ | ᠲᠦᠷᠪᠡᠲᠦᠭᠡᠷ ᠭᠡᠰᠡᠭ ᠨᠢ ᠴᠢᠲᠠᠪᠦᠷᠢᠲᠠᠨ ᠢ ᠲᠠᠲᠠᠨ ᠤᠷᠤᠭᠤᠯᠬᠤ ᠲᠤᠭᠲᠠᠴᠠ ᠶᠢ ᠲᠡᠬᠦᠯᠳᠡᠷᠵᠢᠬᠦᠯᠦᠨ᠎ᠡ᠃ | ᠲᠠᠪᠤᠲᠤᠭᠠᠷ ᠭᠡᠰᠡᠭ ᠨᠢ ᠴᠢᠲᠠᠪᠦᠷᠢᠲᠠᠨ ᠢ ᠭᠡᠷᠡᠭᠯᠡᠬᠦ ᠰᠢᠯᠵᠢᠬᠦᠯᠬᠦ ᠲᠤᠭᠲᠠᠴᠠ ᠶᠢ ᠰᠠᠶᠢᠵᠢᠷᠠᠭᠤᠯᠤᠨ᠎ᠠ᠃ | ᠵᠢᠷᠭᠤᠲᠤᠭᠠᠷ ᠭᠡᠰᠡᠭ ᠨᠢ ᠰᠢᠨ᠎ᠡ ᠶᠢ ᠡᠬᠦᠳᠬᠦ ᠴᠢᠲᠠᠪᠦᠷᠢᠲᠠᠨ ᠳᠤ ᠦᠨᠡᠯᠡᠭᠡ ᠦᠭᠬᠦ ᠤᠷᠮᠠᠰᠢᠭᠤᠯᠬᠤ ᠲᠤᠭᠲᠠᠴᠠ᠃ | ᠲᠤᠯᠤᠲᠤᠭᠠᠷ ᠭᠡᠰᠡᠭ ᠨᠢ ᠴᠢᠲᠠᠪᠦᠷᠢᠲᠠᠨ ᠤ ᠦᠢᠯᠡᠴᠢᠯᠡᠬᠡᠨ ᠤ ᠪᠠᠲᠤᠯᠠᠭ᠎ᠠ ᠶᠢᠨ ᠲᠤᠭᠲᠠᠴᠠ ᠶᠢ ᠲᠡᠬᠦᠯᠳᠡᠷᠵᠢᠬᠦᠯᠦᠨ᠎ᠡ᠃ | ᠨᠠᠢᠮᠠᠳᠤᠭᠠᠷ ᠭᠡᠰᠡᠭ ᠪᠤᠯ ᠴᠢᠲᠠᠪᠦᠷᠢᠲᠠᠨ ᠤ ᠠᠵᠢᠯ ᠤᠨ ᠲᠤᠬᠠᠢ ᠨᠠᠮ ᠤᠨ ᠤᠲᠤᠷᠢᠲᠤᠯᠭ᠎ᠠ ᠶᠢ ᠪᠠᠲᠤᠲᠠᠢ | ᠴᠢᠩᠭᠠᠳᠬᠠᠨ᠎ᠠ᠃ | ᠠᠰᠠᠭᠤᠯᠳᠠ᠄ ᠵᠠᠰᠠᠬ ᠢ ᠴᠤᠮᠬᠠᠳᠬᠠᠨ ᠡᠷᠬᠡ ᠶᠢ ᠲᠠᠯᠪᠢᠬᠤ ᠨᠢ ᠴᠢᠳᠡᠪᠤᠷᠢᠳᠡᠨ ᠤ ᠬᠦᠭᠵᠢᠯᠳᠡ ᠶᠢᠨ | ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠴᠢᠬᠤᠯᠠ ᠠᠷᠭ᠎ᠠ ᠪᠠᠷᠢᠯ ᠪᠤᠯᠤᠨ᠎ᠠ᠃ | ᠲᠡᠭᠡᠪᠡᠯ᠂ ︽ᠭᠡᠷᠡᠭᠵᠢᠬᠦᠯᠬᠦ ᠰᠠᠨᠠᠯ︾ ᠳᠤ᠂ ᠵᠠᠰᠠᠭ ᠤᠨ ᠤᠷᠳᠤᠨ ᠤ ᠴᠢᠳᠠᠪᠤᠷᠢᠳᠠᠨ ᠤ ᠬᠠᠮᠢᠶᠠᠷᠤᠯᠳᠠ ᠶᠢᠨ | ᠴᠢᠳᠡᠪᠬᠢ ᠶᠢ ᠬᠤᠪᠢᠷᠠᠭᠤᠯᠬᠤ᠂ ᠬᠦᠮᠦᠨ ᠬᠡᠷᠡᠭᠯᠡᠬᠦ ᠨᠢᠬᠡᠴᠡ ᠶᠢᠨ ᠡᠵᠡᠨ ᠮᠡᠳᠡᠬᠦ ᠡᠷᠬᠡ ᠶᠢ ᠲᠤᠤᠱᠯᠠᠭᠤᠯᠬᠤ | ᠲᠡᠯ᠎ᠠ ᠪᠠᠷ ᠶᠠᠮᠠᠷ ᠶᠠᠮᠠᠷ ᠠᠷᠭ᠎ᠠ ᠠᠪᠴᠢᠯ ᠢ ᠳᠤᠷᠠᠳᠤᠭᠰᠠᠨ ᠪᠣᠢ︖ | ᠬᠠᠷᠢᠭᠤᠯᠳᠠ᠄ ᠤᠳᠤᠬᠠᠨ ᠳᠤ᠂ ᠮᠠᠨ ᠤ ᠤᠷᠤᠨ ᠤ ᠵᠠᠷᠢᠮ ᠭᠠᠵᠠᠷ ᠤᠷᠤᠨ ᠪᠤᠶᠤ ᠰᠠᠯᠠᠭ᠎ᠠ ᠮᠦᠴᠢᠷ ᠲᠤ | ᠴᠢᠳᠠᠪᠤᠷᠢᠳᠠᠨ ᠤ ᠬᠠᠮᠢᠶᠠᠷᠤᠯᠳᠠ ᠶᠢᠨ ᠲᠠᠯ᠎ᠠ ᠳᠤ ᠵᠠᠰᠠᠬ ᠵᠠᠬᠢᠷᠭᠠᠨ ᠤ ᠠᠷᠭ᠎ᠠ ᠪᠠᠷ ᠬᠠᠮᠢᠶᠠᠷᠬᠤ᠂ ︽ᠨᠤᠶᠠᠨ | ᠵᠡᠷᠭᠡ ᠶᠢ ᠡᠷᠬᠢᠮᠯᠡᠬᠦ︾ ᠬᠡᠯᠪᠡᠷᠢᠯ ᠠᠳᠠᠯᠢ ᠪᠤᠰᠤ ᠬᠡᠮᠵᠢᠶ᠎ᠡ ᠪᠠᠷ ᠤᠷᠤᠰᠢᠵᠤ᠂ ᠵᠠᠰᠠᠭ ᠤᠨ ᠤᠷᠳᠤᠨ ᠡᠷᠬᠡ ᠶᠢ ᠬᠡᠳᠦ | ᠲᠦᠪᠯᠡᠷᠡᠬᠦᠯᠬᠦ᠂ ᠵᠠᠰᠠᠭ ᠵᠠᠬᠢᠷᠭᠠᠨ ᠤ ᠠᠷᠭ᠎ᠠ ᠪᠡᠷᠢᠯ ᠢᠶᠠᠷ ᠬᠠᠮᠢᠶᠠᠷᠤᠯᠳᠠ ᠶᠠᠪᠤᠭᠤᠯᠬᠤ᠂ ᠬᠦᠮᠦᠨ ᠬᠡᠷᠡᠭᠯᠡᠬᠦ ᠠᠵᠢᠯ | ᠤᠨ ᠲᠠᠯ᠎ᠠ ᠪᠠᠷ ᠬᠡᠳᠦ ᠤᠯᠠᠨ ᠬᠡᠳᠦ ᠨᠠᠷᠢᠯᠢᠭ ᠬᠠᠮᠢᠶᠠᠷᠤᠯᠳᠠ ᠶᠠᠪᠤᠭᠤᠯᠬᠤ ᠵᠡᠷᠬᠡ ᠠᠰᠠᠭᠤᠳᠠᠯ ᠤᠷᠤᠰᠢᠵᠦ ᠪᠠᠶᠢᠨ᠎ᠠ᠃ | ᠡᠨᠡ ᠨᠢ ᠶᠡᠭᠡ ᠲᠡᠬᠡᠳᠦ ᠰᠤᠷᠭᠠᠭᠤᠯᠢ᠂ ᠰᠤᠳᠤᠯᠭᠠᠨ ᠤ ᠨᠢᠬᠡᠴᠡ᠂ ᠠᠵᠦ ᠠᠬᠤᠶᠢᠯᠠᠯ ᠵᠡᠷᠬᠡ ᠬᠦᠮᠦᠨ ᠭᠡᠷᠡᠭᠯᠡᠬᠦ | ᠨᠢᠭᠡᠴᠡ ᠶᠢᠨ ᠡᠵᠡᠨ ᠮᠡᠳᠡᠨ ᠡᠷᠬᠡ ᠬᠡᠷᠡᠭᠵᠢᠬᠦᠯᠬᠦ ᠶᠢ ᠨᠦᠯᠦᠬᠡᠯᠡᠬᠦ ᠪᠠᠷ ᠪᠡᠷᠠᠬᠤ ᠦᠬᠡᠢ᠂ ᠪᠡᠰᠠ ᠭᠤᠤᠯᠯᠠᠬᠤ | ᠰᠠᠯᠠᠭ᠎ᠠ ᠮᠦᠴᠢᠷ ᠤᠨ ᠬᠤᠷᠸ᠎ᠠ ᠬᠠᠮᠢᠶᠠᠷᠤᠯᠳᠠ ᠶᠠᠪᠤᠭᠤᠯᠬᠤ ᠶᠢ ᠬᠠᠷᠰᠢᠯᠠᠨ᠎ᠠ᠃ ᠴᠢᠳᠡᠪᠤᠷᠢᠳᠡᠨ ᠤ ᠬᠦᠭᠵᠢᠯᠳᠡ ᠶᠢᠨ | ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢᠨ ᠭᠤᠤᠯᠳᠠᠯᠭ᠎ᠠ ᠨᠢ᠂ ᠵᠠᠰᠠᠭ ᠤᠨ | ᠤᠷᠳᠤᠨ᠂ ᠵᠠᠬ᠎ᠠ ᠲᠡᠯᠬᠡᠭᠦᠷ᠂ ᠨᠡᠶᠢᠬᠡᠮ᠂ ᠬᠦᠮᠦᠨ ᠬᠡᠷᠡᠭᠯᠡᠬᠦ ᠨᠢᠬᠡᠴᠡ ᠶᠢᠨ ᠬᠠᠷᠢᠴᠠᠭ᠎ᠠ ᠶᠢ ᠵᠦᠪ ᠢᠶᠠᠷ | ᠰᠢᠢᠳᠪᠦᠷᠢᠯᠡᠨ᠂ ᠦᠪᠡᠷ ᠦᠪᠡᠷ ᠤᠨ ᠬᠢᠨ ᠤ ᠴᠢᠳᠡᠪᠬᠢ ᠶᠢ ᠵᠦᠪ ᠲᠤᠬᠳᠠᠭᠠᠨ᠂ ᠵᠠᠰᠠᠭ ᠤᠨ ᠤᠷᠳᠤᠨ ᠤ | ᠬᠠᠮᠢᠶᠠᠷᠤᠯᠳᠠ ᠶᠢᠨ ᠴᠢᠳᠡᠪᠬᠢ ᠶᠢ ᠬᠤᠪᠢᠷᠠᠭᠤᠯᠤᠨ᠂ ᠬᠦᠮᠦᠨ ᠬᠡᠷᠡᠭᠯᠡᠬᠦ ᠨᠢᠬᠡᠴᠡ ᠶᠢᠨ ᠪᠡᠶ᠎ᠠ ᠪᠠᠨ ᠲᠠᠭᠠᠭᠠᠨ ᠡᠷᠬᠡ | ᠮᠡᠳᠡᠬᠦ ᠡᠷᠬᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠶᠢᠨ᠎ᠠ᠃ | ︽ᠭᠡᠷᠡᠭᠵᠢᠬᠦᠯᠬᠦ ᠰᠠᠨᠠᠯ︾ ᠳᠤ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠴᠢᠳᠡᠪᠬᠢ ᠶᠢ | ᠬᠤᠪᠢᠷᠠᠭᠤᠯᠬᠤ ᠲᠠᠯ᠎ᠠ ᠪᠠᠷ᠂ ᠴᠢᠳᠡᠪᠤᠷᠢᠳᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠠᠰᠠᠬ ᠢ ᠴᠤᠮᠠᠬᠳᠬᠠᠵᠦ | ᠡᠷᠬᠡ ᠶᠢ ᠲᠠᠯᠪᠢᠬᠤ ᠶᠢ ᠠᠬᠢᠭᠤᠯᠤᠨ᠂ ᠴᠢᠳᠡᠪᠤᠷᠢᠳᠠᠨ ᠤ ᠬᠠᠮᠢᠶᠠᠷᠤᠯᠳᠠ ᠶᠢᠨ ᠴᠢᠳᠡᠪᠬᠢ ᠶᠢᠨ ᠴᠢᠳᠠᠪᠤᠷᠢᠳᠠᠨ ᠳᠤ | ᠰᠢᠨ᠎ᠠ ᠶᠢ ᠡᠬᠦᠳᠬᠦ ᠲᠡᠪᠴᠡᠩ ᠬᠠᠨᠭ᠍ᠭᠠᠬᠤ᠂ ᠰᠠᠶᠢᠨ ᠰᠠᠶᠢᠬᠠᠨ ᠬᠦᠭᠵᠢᠯᠳᠡ ᠶᠢᠨ ᠤᠷᠴᠢᠨ ᠢ ᠪᠤᠢ ᠪᠤᠯᠭᠠᠬᠤ᠂ | ᠰᠢᠯᠢᠳᠡᠭ ᠦᠨᠳᠦᠷ ᠦᠷ᠎ᠡ ᠠᠰᠢᠭᠳᠠᠢ ᠦᠢᠯᠡᠴᠢᠯᠡᠭᠡ ᠬᠠᠨᠭ᠍ᠭᠠᠬᠤ ᠲᠡᠰᠢ ᠬᠤᠪᠢᠷᠠᠬᠤ ᠶᠢ ᠠᠬᠢᠭᠤᠯᠤᠨ᠎ᠠ᠃ ᠵᠠᠰᠠᠭ ᠤᠨ | ᠤᠷᠳᠤᠨ ᠤ ᠴᠢᠳᠡᠪᠤᠷᠢᠳᠠᠨ ᠤ ᠬᠠᠮᠢᠶᠠᠷᠤᠯᠳᠠ ᠦᠢᠯᠡᠴᠢᠯᠡᠬᠡᠨ ᠤ ᠡᠷᠭᠡ ᠶᠢᠨ ᠨᠠᠷᠢᠨ ᠲᠡᠩᠰᠠ ᠪᠤᠯᠤᠨ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠴᠢᠳᠠᠪᠤᠷᠢᠳᠠᠨ ᠢ ᠡᠯᠰᠡᠬᠦ᠂ ᠦᠨᠡᠯᠡᠬᠦ᠂ ᠰᠢᠯᠵᠢᠬᠦᠯᠬᠦ ᠵᠡᠷᠬᠡ | ᠶᠠᠪᠤᠴᠡ ᠳᠠᠬᠢ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠯᠳᠡ ᠪᠤᠯᠤᠨ ᠰᠦᠢᠳᠬᠡᠯ ᠬᠤᠷᠢᠶᠠᠬᠤ ᠠᠵᠢᠯ ᠢ | ᠲᠦᠷᠢᠮᠵᠢᠬᠦᠯᠦᠨ᠎ᠠ᠃ ᠪᠠᠶᠢᠭᠤᠯᠤᠯᠭ᠎ᠠ ᠨᠢᠬᠡᠴᠡ ᠶᠢᠨ ᠤᠷᠤᠨ ᠲᠤᠭ᠎ᠠ ᠪᠤᠯᠤᠨ ᠠᠵᠢᠯᠳᠠᠨ ᠤ ᠬᠠᠮᠢᠶᠠᠷᠤᠯᠳᠠ ᠶᠢᠨ | ᠠᠷᠭ᠎ᠠ ᠶᠢ ᠦᠬᠡᠷᠡᠴᠢᠯᠡᠨ᠂ ᠬᠦᠮᠦᠨ ᠬᠡᠷᠡᠭᠯᠡᠬᠦ ᠨᠢᠭᠡᠴᠡ ᠶᠢᠨ ᠡᠵᠡᠨ ᠮᠡᠳᠡᠬᠦ ᠡᠷᠬᠡ ᠶᠢ ᠦᠷᠭᠡᠳᠬᠡᠨ᠎ᠠ᠃ ᠠᠵᠢᠯ | ᠦᠢᠯᠡᠰ ᠤᠨ ᠪᠠᠶᠢᠭᠤᠯᠤᠯᠭ᠎ᠠ ᠨᠢᠬᠡᠴᠡ ᠶᠢᠨ ᠤᠷᠤᠨ ᠲᠤᠭ᠎ᠠ ᠶᠢᠨ ᠬᠠᠮᠢᠶᠠᠷᠤᠯᠳᠠ ᠶᠢᠨ ᠠᠷᠭ᠎ᠠ ᠶᠢ ᠰᠢᠨᠡᠴᠢᠯᠡᠨ᠂ | ᠨᠦᠬᠦᠴᠡᠯ ᠳᠤ ᠨᠡᠶᠢᠴᠡᠭᠰᠡᠨ ᠠᠯᠪᠡᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ᠂ ᠶᠡᠭᠡ ᠲᠡᠭᠡᠳᠦ ᠰᠤᠷᠭᠠᠭᠤᠯᠢ ᠵᠡᠷᠬᠡ | ᠨᠡᠶᠢᠳᠡ ᠶᠢᠨ ᠠᠰᠠᠷᠠᠮᠵᠢ ᠶᠢᠨ ᠬᠤᠶᠠᠳᠤᠭᠠᠷ ᠲᠦᠷᠦᠯ ᠤᠨ ᠠᠵᠢᠯ ᠦᠢᠯᠡᠰ ᠤᠨ ᠪᠠᠶᠢᠭᠤᠯᠭ᠎ᠠ ᠨᠢᠬᠡᠴᠡ ᠨᠢ | ᠬᠠᠤᠯᠢ ᠶᠢᠨ ᠡᠷᠭᠡᠳᠡᠨ ᠤ ᠭᠤᠤᠯ ᠴᠤᠭᠴᠠ ᠪᠤᠯᠤᠨ ᠨᠡᠶᠢᠳᠡ ᠶᠢᠨ ᠠᠰᠠᠷᠠᠮᠵᠢ ᠶᠢᠨ ᠰᠢᠨᠵᠢ ᠴᠢᠨᠡᠷ ᠢ ᠬᠠᠳᠠᠭᠠᠯᠠᠬᠰᠠᠨ | ᠰᠠᠭᠤᠷᠢᠨ ᠲᠡᠬᠡᠷ᠎ᠠ ᠤᠷᠤᠨ ᠲᠤᠭ᠎ᠠ ᠶᠢᠨ ᠬᠠᠮᠢᠶᠠᠷᠤᠯᠳᠠ ᠶᠢ ᠬᠡᠷᠡᠭᠵᠢᠬᠦᠯᠬᠦ ᠦᠬᠡᠢ ᠰᠢᠨ᠎ᠠ ᠠᠷᠭ᠎ᠠ ᠶᠢ | ᠰᠦᠪᠡᠭᠴᠢᠯᠡᠵᠦ ᠪᠤᠯᠬᠤ ᠪᠦᠭᠡᠳ ᠠᠵᠢᠯᠳᠠᠳ ᠤᠨ ᠤᠷᠤᠨ ᠲᠤᠭ᠎ᠠ ᠶᠢᠨ ᠬᠦᠯᠢᠶᠡᠰᠦᠯᠡᠯ ᠢ ᠠᠯᠬᠤᠮ ᠠᠯᠬᠤᠮ ᠢᠶᠠᠷ | ᠰᠤᠯᠠᠷᠠᠭᠤᠯᠵᠦ ᠪᠤᠯᠤᠨ᠎ᠠ᠃ ᠦᠪᠦᠷ ᠮᠤᠩᠭᠤᠯ ᠤᠨ ᠲᠡᠭᠡᠳᠦ ᠵᠡᠷᠬᠡ ᠶᠢᠨ ᠴᠢᠳᠠᠪᠤᠷᠢᠳᠠᠨ ᠤ ᠪᠦᠬᠦ ᠪᠤᠶᠢᠵᠢᠯᠳᠡ ᠶᠢᠨ | ᠦᠶᠡᠯᠡᠯ ᠤᠨ ᠬᠤᠭᠤᠴᠠᠭ᠎ᠠ ᠶᠢᠨ ᠦᠢᠯᠡᠴᠢᠯᠡᠬᠡᠨ ᠤ ᠰᠤᠷᠠᠬ ᠵᠠᠩᠬᠢ ᠶᠢᠨ ᠲᠡᠪᠴᠡᠩ ᠢ ᠪᠠᠶᠢᠭᠤᠯᠤᠨ᠂ ᠦᠪᠡᠷᠳᠡᠬᠡᠨ | ᠵᠠᠰᠠᠬᠤ ᠤᠷᠤᠨ ᠤ ᠴᠢᠳᠠᠪᠤᠷᠢᠳᠠᠨ ᠤ ᠰᠤᠷᠠᠬ ᠵᠠᠩᠬᠢ ᠶᠢᠨ ᠬᠦᠮᠦᠷᠬᠡ ᠶᠢ ᠲᠡᠬᠦᠯᠳᠡᠷᠵᠢᠬᠦᠯᠦᠨ᠂ ᠴᠢᠳᠠᠪᠤᠷᠢᠳᠠᠨ ᠤ | ᠰᠤᠷᠠᠭ ᠵᠠᠩᠬᠢ ᠪᠤᠯᠤᠨ ᠡᠯ᠎ᠠ ᠲᠦᠷᠦᠯ ᠤᠨ ᠠᠵᠦ ᠦᠢᠯᠡᠰ ᠤᠨ ᠲᠦᠷᠦᠯ ᠵᠦᠢᠯ ᠤᠨ ᠰᠤᠷᠠᠬ ᠵᠠᠩᠬᠢ ᠶᠢᠨ | ᠨᠡᠪᠳᠡᠷᠡᠯᠴᠡᠯ ᠪᠤᠯᠤᠨ ᠦᠢᠯᠡᠳᠦᠯᠴᠡᠯ ᠢ ᠠᠬᠢᠭᠤᠯᠵᠦ᠂ ᠪᠦᠬᠦ ᠤᠷᠤᠨ ᠤ ᠲᠡᠭᠡᠳᠦ ᠲᠡᠰ ᠤᠨ ᠴᠢᠳᠠᠪᠤᠷᠢᠳᠠᠨ ᠤ | ᠬᠦᠮᠦᠷᠬᠡ ᠶᠢᠨ ᠲᠤᠭᠠᠴᠢᠯᠠᠬᠰᠠᠨ ᠬᠦᠳᠡᠯᠦᠩᠬᠦᠢ ᠬᠠᠮᠢᠶᠠᠷᠤᠯᠳᠠ ᠶᠢ ᠪᠡᠶᠡᠯᠡᠬᠦᠯᠦᠨ᠎ᠠ ᠭᠡᠵᠤ ᠲᠤᠷᠠᠳᠤᠬᠰᠠᠨ ᠪᠠᠶᠢᠨ᠎ᠠ᠃ | ᠠᠰᠠᠭᠤᠯᠳᠠ᠄ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ | ᠪᠤᠯ ᠴᠢᠳᠡᠪᠤᠷᠢᠳᠡᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠠᠬᠢᠭᠤᠯᠬᠤ ᠰᠢᠨ᠎ᠠ | ᠶᠢ ᠡᠬᠦᠳᠬᠦ ᠠᠴᠢᠶᠠᠯᠠᠪᠤᠷᠢ ᠮᠦᠨ᠃ ᠲᠡᠭᠡᠪᠡᠯ᠂ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ | ᠲᠤᠷᠰᠢᠯᠳᠠ ᠶᠢᠨ ᠲᠤᠭᠤᠷᠢᠭ ᠢ ᠪᠦᠳᠦᠬᠡᠨ ᠪᠠᠶᠢᠭᠤᠯᠬᠤ ᠲᠠᠯ᠎ᠠ ᠪᠠᠷ ︽ᠬᠡᠷᠡᠭᠵᠢᠬᠦᠯᠬᠦ ᠰᠠᠨᠠᠯ︾ ᠳᠤ ᠶᠡᠮᠡᠷ ᠠᠷᠭ᠎ᠠ | ᠲᠤᠷᠠᠳᠤᠬᠰᠠᠨ ᠪᠣᠢ︖ | ᠬᠠᠷᠢᠭᠤᠯᠳᠠ᠄ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ | ᠲᠤᠭᠤᠷᠢᠭ ᠤᠨ ᠭᠤᠤᠯᠳᠠᠯᠠᠭ᠎ᠠ ᠨᠢ ᠤᠷᠢᠳᠡᠪᠡᠷ ᠬᠢᠵᠦ ᠤᠷᠢᠳᠡᠪᠡᠷ ᠲᠤᠷᠰᠢᠬᠤ᠂ ᠪᠠᠶᠢᠭᠤᠯᠤᠮᠵᠢ ᠶᠢᠨ ᠰᠢᠨ᠎ᠠ ᠶᠢ | ᠡᠬᠦᠳᠬᠦ ᠳᠤ ᠪᠤᠢ᠂ ᠡᠨᠡ ᠪᠤᠯ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ | ᠲᠤᠭᠤᠷᠢᠭ ᠤᠨ ᠢᠯᠡ ᠲᠤᠳᠤ ᠤᠨᠴᠠᠯᠢᠭ ᠪᠤᠯᠤᠨ ᠬᠠᠮᠤᠭ ᠤᠨ ᠶᠡᠭᠡ ᠲᠠᠪᠠᠭᠤᠯᠢᠭ ᠲᠠᠯ᠎ᠠ ᠪᠤᠯᠤᠨ᠎ᠠ᠃ ᠪᠢᠳᠡ | ᠦᠨᠳᠦᠰᠦᠨ ᠱᠠᠳᠤᠨ ᠤ ᠰᠢᠨ᠎ᠠ ᠶᠢ ᠡᠬᠦᠳᠬᠦ ᠶᠢ ᠢᠳᠡᠪᠬᠢᠳᠡᠢ ᠵᠤᠷᠢᠭᠵᠢᠭᠤᠯᠤᠨ᠂ ᠴᠢᠭᠯᠡᠬᠦᠯᠦᠯᠳᠦ ᠴᠢᠨᠡᠷᠳᠡᠢ᠂ | ᠦᠪᠡᠷ ᠤᠨ ᠤᠨᠴᠠᠯᠢᠭ ᠲᠠᠢ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ | ᠲᠤᠭᠤᠷᠢᠭ ᠢ ᠪᠠᠶᠢᠭᠤᠯᠤᠨ᠂ ᠴᠢᠳᠡᠪᠤᠷᠢᠳᠡᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤ ᠲᠤᠷᠰᠢᠯᠭ᠎ᠠ ᠬᠤᠷᠠᠮᠳᠤᠭᠤᠯᠤᠨ᠎ᠠ᠃ ︽ᠬᠡᠷᠡᠭᠵᠢᠬᠦᠯᠬᠦ ᠰᠠᠨᠠᠯ︾ ᠳᠤ᠂ | ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠤᠨ᠂ ᠤᠯᠤᠰ ᠤᠨ ᠲᠤᠳᠤᠭᠠᠳᠦ ᠶᠢᠨ ᠭᠦᠭᠵᠢᠭᠰᠡᠨ ᠭᠠᠵᠠᠷ ᠤᠷᠤᠨ ᠤ ᠴᠢᠳᠠᠪᠤᠷᠢᠳᠠᠨ ᠤ | ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠤᠨ ᠲᠤᠷᠰᠢᠯᠭ᠎ᠠ ᠶᠢ ᠰᠤᠷᠬᠤ ᠶᠢᠨ ᠬᠠᠮᠳᠦ᠂ | ᠬᠢᠯᠢ ᠬᠢᠵᠠᠭᠠᠷ ᠤᠨ ᠦᠨᠳᠦᠰᠦᠳᠡᠨ ᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ᠂ ᠬᠤᠷᠢᠨᠬᠡᠷ ᠰᠢᠨ᠎ᠠ | ᠲᠤᠭᠤᠷᠢᠭ ᠪᠤᠯᠤᠨ ᠬᠦᠬᠡᠬᠤᠳᠠ ᠶᠢᠨ ᠭᠠᠳᠠᠭᠠᠳᠤ ᠳᠤ ᠰᠤᠷᠤᠯᠴᠠᠬᠰᠠᠳ ᠤᠨ ᠦᠢᠯᠡᠰ ᠪᠤᠰᠬᠠᠬᠤ ᠬᠦᠷᠢᠶᠡᠯᠡᠩ᠂ | ᠪᠤᠭᠤᠳᠦ ᠬᠤᠳᠠ ᠶᠢᠨ ᠬᠤᠪᠤᠷ ᠰᠢᠷᠤᠢ ᠶᠢᠨ ᠲᠡᠭᠡᠳᠤ ᠰᠢᠨ᠎ᠠ ᠮᠡᠷᠭᠡᠵᠢᠯ ᠤᠨ ᠲᠤᠭᠤᠷᠢᠭ᠂ ᠤᠷᠳᠤᠰ ᠬᠤᠳᠠ ᠶᠢᠨ | ᠲᠡᠭᠡᠳᠦ ᠰᠢᠨ᠎ᠠ ᠮᠡᠷᠬᠡᠵᠢᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠵᠡᠷᠬᠡ ᠦᠪᠡᠷᠳᠡᠬᠡᠨ ᠵᠠᠰᠠᠬᠤ ᠤᠷᠤᠨ | ᠤ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠤᠨ ᠴᠢᠳᠠᠪᠤᠷᠢᠳᠠᠨ ᠢ | ︽ᠤᠷᠢᠨ ᠠᠪᠴᠢᠷᠠᠬᠤ ᠬᠦᠮᠦᠵᠢᠬᠦᠯᠬᠦ ᠬᠠᠮᠢᠶᠠᠷᠬᠤ ᠭᠡᠷᠡᠭᠯᠡᠬᠦ︾ ᠶᠡᠷᠦᠩᠬᠡᠶᠢᠯᠡᠭᠰᠡᠨ ᠢᠵᠢ ᠪᠦᠷᠢᠳᠦᠬᠦᠯᠬᠦ | ᠦᠬᠡᠷᠡᠴᠢᠯᠡᠯᠳᠡ ᠶᠢ ᠲᠦᠯᠬᠢᠨ ᠠᠬᠢᠭᠤᠯᠵᠦ᠂ ᠦᠪᠦᠷ ᠮᠤᠩᠭᠤᠯ ᠤᠨ ᠵᠡᠬᠦᠨ ᠪᠡᠶ᠎ᠠ ᠶᠢ ᠪᠦᠷᠬᠦᠭᠰᠡᠨ ᠴᠢᠳᠠᠪᠤᠷᠢᠳᠠᠨ ᠤ | ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠢ ᠪᠦᠳᠦᠬᠡᠨ ᠪᠠᠶᠢᠭᠤᠯᠵᠦ᠂ ᠴᠢᠳᠠᠪᠤᠷᠢᠳᠠᠨ | ᠢ ᠤᠷᠢᠨ ᠠᠪᠴᠢᠷᠡᠵᠦ ᠬᠦᠮᠦᠵᠢᠬᠦᠯᠬᠦ᠂ ᠰᠢᠨᠵᠢᠯᠡᠭᠡ ᠮᠡᠷᠬᠡᠵᠢᠯ ᠤᠨ ᠦᠷ᠎ᠠ ᠪᠦᠳᠦᠬᠡᠯ ᠢ ᠤᠯᠠᠷᠢᠭᠤᠯᠬᠤ᠂ | ᠰᠲ᠋ᠤᠺ ᠤᠨ ᠡᠷᠬᠡ ᠪᠠᠷ ᠵᠤᠷᠢᠭᠵᠢᠭᠤᠯᠬᠤ᠂ ᠦᠢᠯᠡᠰ ᠪᠤᠰᠬᠠᠬᠤ ᠪᠤᠯᠤᠨ ᠪᠡᠯᠡ ᠤᠷᠤᠭᠤᠯᠬᠤ ᠳᠤ ᠪᠠᠯᠠ | ᠬᠤᠷᠠᠮᠳᠤᠭᠤᠯᠬᠤ᠂ ᠠᠵᠦ ᠦᠢᠯᠡᠰ ᠢ ᠲᠡᠳᠬᠦᠬᠦ ᠵᠡᠷᠬᠡ ᠲᠠᠯ᠎ᠠ ᠪᠠᠷ ᠤᠷᠢᠳᠡᠪᠡᠷ ᠬᠢᠵᠦ ᠤᠷᠢᠳᠡᠪᠡᠷ ᠲᠤᠷᠰᠢᠨ᠎ᠠ᠃ | ᠡᠬᠦᠨ ᠤ ᠲᠠᠭᠠᠤ᠂ ᠡᠯ᠎ᠠ ᠭᠠᠵᠠᠷ ᠤᠷᠤᠨ ᠨᠢ ᠲᠠᠪᠠᠭᠤᠯᠢᠭ ᠠᠵᠦ ᠦᠢᠯᠡᠰ ᠤᠨ ᠬᠦᠭᠵᠢᠯᠳᠡ ᠶᠢ ᠵᠤᠷᠢᠭᠵᠢᠭᠤᠯᠤᠨ᠂ | ᠰᠢᠨ᠎ᠠ ᠶᠢ ᠡᠬᠦᠳᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠤᠨ᠂ ᠴᠢᠳᠠᠪᠤᠷᠢᠳᠠᠨ ᠤ | ᠬᠠᠮᠢᠶᠠᠷᠤᠯᠳᠠ ᠶᠢᠨ ᠰᠢᠨ᠎ᠠ ᠵᠠᠭᠪᠤᠷ ᠢ ᠡᠷᠢᠯᠬᠢᠯᠡᠨ᠂ ᠤᠯᠠᠮ ᠢᠶᠠᠷ ᠢᠶᠠᠨ ᠦᠢᠯᠡᠰ ᠪᠤᠰᠬᠠᠬᠤ ᠶᠢ ᠠᠬᠢᠭᠤᠯᠵᠦ᠂ | ᠦᠢᠯᠠᠰ ᠪᠤᠰᠬᠠᠬᠤ ᠰᠠᠭᠤᠷᠢᠨ ᠭᠠᠵᠠᠷ ᠤᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠎ᠠ᠃ | ᠠᠰᠠᠭᠤᠯᠳᠠ᠄ ᠰᠤᠷᠭᠠᠨ ᠬᠦᠮᠦᠵᠢᠯ ᠨᠢ ᠴᠢᠳᠠᠪᠤᠷᠢᠳᠠᠨ ᠢ ᠬᠦᠮᠦᠵᠢᠬᠦᠯᠬᠦ ᠰᠠᠭᠤᠷᠢ ᠠᠵᠢᠯ ᠮᠦᠨ᠃ ︽ | ᠬᠡᠷᠡᠭᠵᠢᠭᠦᠯᠬᠦ ᠰᠠᠨᠠᠯ︾ ᠳᠤ ᠴᠢᠳᠠᠪᠤᠷᠢᠳᠠᠨ ᠢ ᠬᠦᠮᠦᠵᠢᠬᠦᠯᠬᠦ ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ | ᠠᠷᠭ᠎ᠠ ᠳᠤᠷᠠᠳᠤᠭᠰᠠᠨ ᠲᠤᠬᠠᠢ ᠲᠠᠨᠢᠯᠴᠠᠭᠤᠯᠤᠨ᠎ᠠ ᠤᠤ︖ | ᠬᠠᠷᠢᠭᠤᠯᠳᠠᠠ᠄ ᠴᠢᠳᠠᠪᠤᠷᠢᠳᠠᠨ ᠤ ᠠᠵᠢᠯ ᠨᠢ ᠭᠤᠤᠯ ᠲᠦᠪ ᠢᠶᠠᠨ ᠪᠠᠷᠢᠨ᠂ ᠶᠡᠭᠡ ᠲᠠᠯ᠎ᠠ ᠳᠤ ᠦᠢᠯᠡᠴᠢᠯᠡᠬᠦ | ᠭᠡᠷᠡᠭᠳᠡᠢ᠃ ᠴᠢᠳᠠᠪᠤᠷᠢᠳᠠᠨ ᠢ ᠬᠦᠮᠦᠵᠢᠬᠦᠯᠬᠦ ᠠᠵᠢᠯ ᠨᠢ ᠠᠵᠦ ᠠᠬᠤᠢ ᠨᠡᠶᠢᠬᠡᠮ ᠤᠨ ᠬᠦᠭᠵᠢᠯᠳᠡ ᠠᠴᠠ | ᠰᠠᠯᠤᠩᠬᠢᠷᠠᠵᠦ ᠪᠤᠯᠬᠤ ᠦᠬᠡᠢ᠃ ᠪᠢᠳᠠ ᠡᠷᠭᠡᠪᠰᠢ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠬᠠᠨᠭ᠍ᠭᠠᠯᠭ᠎ᠠ | ᠭᠡᠷᠡᠭᠴᠡᠭᠡ ᠶᠢᠨ ᠤᠳᠤᠷᠢᠳᠤᠮᠵᠢ ᠶᠢ ᠴᠢᠩᠭ᠎ᠠ ᠪᠠᠷᠢᠮᠳᠠᠯᠠᠨ᠂ ᠴᠢᠳᠠᠪᠤᠷᠢᠳᠠᠨ ᠤ ᠬᠦᠭᠵᠢᠯᠳᠡ ᠶᠢᠨ ᠵᠢᠮ᠎ᠠ ᠶᠤᠰᠦ ᠶᠢ | ᠵᠢᠷᠤᠮᠯᠠᠨ᠂ ᠬᠦᠮᠦᠵᠢᠬᠦᠯᠤᠨ ᠲᠠᠮᠵᠢᠬᠦ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠲᠡᠭᠡᠳᠦ ᠲᠡᠰ ᠲᠠᠪᠬᠤᠷᠭ᠎ᠠ ᠶᠢᠨ | ᠲᠠᠭᠠᠭᠤᠯᠤᠭᠴᠢ ᠴᠢᠳᠠᠪᠤᠷᠢᠳᠠᠨ᠂ ᠰᠢᠨ᠎ᠠ ᠶᠢ ᠡᠬᠦᠳᠬᠦ ᠬᠡᠯᠪᠡᠷᠢ ᠶᠢᠨ ᠠᠵᠦ ᠠᠬᠤᠶᠢᠯᠠᠯᠳᠠᠨ᠂ ᠲᠡᠭᠡᠳᠦ ᠮᠡᠷᠬᠡᠵᠢᠯ ᠤᠨ | ᠴᠢᠳᠠᠪᠤᠷᠢᠳᠠᠨ᠂ ᠮᠠᠯᠵᠢᠬᠤ ᠲᠠᠷᠢᠶᠠᠯᠠᠬᠤ ᠤᠷᠤᠨ ᠤ ᠴᠢᠳᠠᠪᠤᠷᠢᠳᠠᠨ᠂ ᠵᠠᠯᠠᠭᠤ ᠴᠢᠳᠠᠪᠤᠷᠢᠳᠠᠨ ᠵᠢᠴᠢ ᠦᠨᠳᠦᠰᠦᠨ | ᠱᠠᠳᠤ ᠪᠤᠯᠤᠨ ᠦᠢᠯᠡᠳᠪᠦᠷᠢᠯᠡᠯ ᠤᠨ ᠡᠮᠦᠨ᠎ᠠ ᠹᠷᠤᠨᠲ ᠤᠨ ᠴᠢᠳᠠᠪᠤᠷᠢᠳᠠᠨ ᠳᠤ ᠠᠩᠬᠠᠷᠤᠯ ᠢᠶᠠᠨ ᠬᠠᠨᠳᠤᠭᠤᠯᠤᠨ᠂ | ᠡᠯ᠎ᠠ ᠬᠦᠷᠢᠶ᠎ᠠ ᠴᠠᠷ᠎ᠠ ᠡᠯ᠎ᠠ ᠲᠦᠷᠦᠯ ᠤᠨ ᠴᠢᠳᠠᠪᠤᠷᠢᠳᠠᠨ ᠤ ᠡᠩᠨᠡᠭᠡ ᠶᠢ ᠪᠦᠳᠦᠬᠡᠨ ᠪᠠᠶᠢᠭᠤᠯᠤᠨ᠎ᠠ᠃ ︽ | ᠭᠡᠷᠡᠭᠵᠢᠬᠦᠯᠬᠦ ᠰᠠᠨᠠᠯ︾ ᠨᠢ ᠳᠤᠯᠤᠭᠠᠨ ᠲᠠᠯ᠎ᠠ ᠪᠠᠷ ᠴᠢᠳᠠᠪᠤᠷᠢᠳᠡᠨ ᠢ ᠬᠦᠮᠦᠵᠢᠬᠦᠯᠬᠦ ᠳᠤᠭᠳᠠᠴᠠ ᠶᠢ | ᠳᠡᠬᠦᠯᠳᠡᠷᠵᠢᠬᠦᠯᠬᠦ ᠶᠢ ᠴᠢᠬᠤᠯᠠᠴᠢᠯᠠᠭᠰᠠᠨ ᠪᠠᠶᠢᠨ᠎ᠠ᠃ ᠨᠢᠬᠡ ᠳᠤ᠂ ᠴᠢᠳᠠᠪᠤᠷᠢᠳᠡᠨ ᠢ ᠬᠦᠮᠦᠵᠢᠬᠦᠯᠵᠦ ᠨᠡᠭᠡᠭᠡᠨ | ᠬᠦᠭᠵᠢᠬᠦᠯᠬᠦ ᠳᠦᠷᠢᠮ ᠢ ᠳᠡᠬᠦᠯᠳᠡᠷᠵᠢᠬᠦᠯᠦᠨ᠎ᠡ᠃ ᠴᠢᠳᠠᠪᠤᠷᠢᠳᠡᠨ ᠢ ᠬᠦᠮᠦᠵᠢᠬᠦᠯᠬᠦ ᠠᠵᠢᠯ ᠤᠨ ᠲᠠᠯ᠎ᠠ ᠪᠠᠷ ᠬᠢ | ᠪᠤᠳᠠᠳᠠᠢ ᠠᠷᠭ᠎ᠠ ᠶᠢ ᠰᠤᠳᠤᠯᠤᠨ ᠳᠤᠭᠳᠠᠭᠠᠵᠦ᠂ ᠴᠢᠳᠠᠪᠤᠷᠢᠳᠡᠨ ᠤ ᠳᠦᠷᠦᠯ ᠵᠦᠢᠯ ᠢ ᠬᠦᠳᠦᠯᠦᠨ ᠵᠢᠯᠤᠭᠤᠳᠬᠤ | ᠳᠦᠯᠦᠪᠯᠡᠭᠡ ᠶᠢ ᠰᠢᠰᠲ᠋ᠧᠮ ᠲᠠᠢ ᠪᠠᠷ ᠭᠡᠷᠡᠭᠵᠢᠬᠦᠯᠦᠨ᠎ᠡ᠃ ᠠᠵᠢᠯ ᠤᠨ ᠪᠠᠶᠢᠷᠢ ᠳᠡᠭᠡᠷ᠎ᠠ ᠪᠠᠨ ᠪᠠᠶᠢᠭ᠎ᠠ ᠠᠵᠢᠯᠳᠠᠳ | ᠤᠨ ᠴᠡᠯᠢᠩ ᠢᠶᠠᠨ ᠠᠪᠴᠤ ᠳᠤᠭᠳᠠᠭᠰᠠᠨ ᠬᠤᠭᠤᠴᠠᠭ᠎ᠠ ᠲᠠᠢ ᠪᠠᠷ ᠪᠤᠯᠪᠠᠰᠤᠷᠠᠯ ᠳᠤ ᠤᠷᠤᠯᠴᠠᠬᠤ ᠠᠷᠭ᠎ᠠ ᠶᠢ | ᠳᠡᠬᠦᠯᠳᠡᠷᠵᠢᠬᠦᠯᠵᠦ᠂ ᠴᠢᠳᠠᠪᠤᠷᠢᠳᠡᠨ ᠢ ᠬᠦᠮᠦᠵᠢᠬᠦᠯᠵᠦ ᠨᠡᠭᠡᠭᠡᠨ ᠬᠦᠭᠵᠢᠬᠦᠯᠬᠦ ᠯᠦᠭᠡ ᠢᠵᠢ ᠪᠦᠷᠢᠳᠦᠭᠰᠡᠨ ᠳᠦᠷᠢᠮ | ᠢ ᠪᠠᠶᠢᠭᠤᠯᠤᠨ᠎ᠠ᠃ ᠴᠢᠳᠠᠪᠤᠷᠢᠳᠡᠨ ᠤ ᠦᠷᠬᠡᠨ ᠭᠡᠪᠴᠢᠶ᠎ᠠ ᠪᠠᠷ ᠤᠯᠠᠨ ᠤᠯᠤᠰ ᠤᠨ ᠡᠷᠳᠡᠮ ᠰᠢᠨᠵᠢᠯᠡᠬᠡᠨ ᠤ | ᠰᠤᠯᠢᠯᠴᠠᠭ᠎ᠠ ᠳᠤ ᠤᠷᠤᠯᠴᠠᠬᠤ ᠪᠠ ᠬᠠᠮᠳᠤᠷᠠᠯᠴᠠᠭ᠎ᠠ ᠦᠷᠨᠢᠬᠦᠯᠬᠦ ᠶᠢ ᠵᠤᠷᠢᠭᠵᠢᠭᠤᠯᠤᠨ᠎ᠠ᠃ ᠬᠤᠶᠠᠷ ᠲᠤ᠂ ᠲᠡᠭᠡᠳᠦ | ᠳᠡᠰ ᠤᠨ ᠴᠢᠳᠠᠪᠤᠷᠢᠳᠡᠨ ᠢ ᠬᠦᠮᠦᠵᠢᠬᠦᠯᠬᠦ ᠳᠡᠮᠵᠢᠯᠬᠡ ᠶᠢᠨ ᠳᠤᠭᠳᠠᠴᠠ ᠶᠢ ᠦᠬᠡᠷᠡᠴᠢᠯᠡᠨ᠎ᠠ᠃ ᠬᠦᠴᠦ ᠪᠠᠨ | ᠳᠦᠪᠯᠡᠷᠡᠬᠦᠯᠦᠨ ᠲᠡᠷᠢᠬᠦᠨ ᠵᠡᠷᠭᠡ ᠶᠢᠨ ᠶᠡᠭᠡ ᠰᠤᠷᠭᠠᠭᠤᠯᠢ᠂ ᠲᠡᠷᠢᠬᠦᠨ ᠵᠡᠷᠭᠡ ᠶᠢᠨ ᠰᠢᠨᠵᠢᠯᠡᠬᠡᠨ ᠤ ᠰᠠᠯᠪᠤᠷᠢ ᠶᠢ | ᠪᠠᠶᠢᠭᠤᠯᠵᠦ᠂ ᠨᠢᠬᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠳᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠪᠠ ᠦᠨᠳᠦᠷ ᠬᠢᠷᠢ ᠳᠦᠪᠰᠢᠨ ᠪᠦᠬᠦᠢ | ᠡᠬᠦᠳᠦᠨ ᠪᠦᠳᠦᠭᠡᠬᠦ ᠡᠩᠨᠡᠭᠡ ᠶᠢ ᠬᠦᠮᠦᠵᠢᠬᠦᠯᠵᠦ᠂ ᠨᠢᠬᠡ ᠪᠦᠯᠦᠭ ᠴᠦᠬᠡᠨ ᠳᠤᠭᠠᠳᠦ ᠦᠨᠳᠦᠰᠦᠳᠡᠨ ᠤ ᠳᠤᠰᠬᠠᠢ | ᠮᠡᠷᠭᠡᠵᠢᠯ ᠤᠨ ᠴᠢᠳᠠᠪᠤᠷᠢᠳᠡᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠶᠢ ᠬᠦᠮᠦᠵᠢᠬᠦᠯᠦᠨ᠎ᠠ᠃ ︽ | ᠲᠠᠯ᠎ᠠ ᠨᠤᠳᠤᠭ ᠤᠨ ᠴᠢᠳᠠᠪᠤᠷᠢᠳᠡᠨ︾ ᠤ ᠢᠨᠵᠧᠨᠧᠷᠢᠩ ᠤᠨ ︽ᠦᠷᠬᠦᠯᠵᠢᠯᠡᠨ ᠳᠡᠮᠵᠢᠬᠦ︾ ᠳᠦᠯᠦᠪᠯᠡᠭᠡ᠂ | ᠠᠺᠠᠳᠧᠮᠢᠴᠢ ᠶᠢᠨ ᠪᠡᠯᠡᠳᠭᠡᠯ ᠬᠦᠴᠦᠨ ᠢ ᠬᠦᠮᠦᠵᠢᠬᠦᠯᠬᠦ ᠶᠢ ᠳᠡᠮᠵᠢᠬᠦ ᠳᠦᠯᠦᠪᠯᠡᠭᠡ ᠶᠢ ᠭᠡᠷᠡᠭᠵᠢᠬᠦᠯᠵᠦ᠂ | ᠰᠤᠩᠭᠤᠭᠳᠠᠭᠰᠠᠨ ᠳᠦᠷᠦᠯ ᠵᠦᠢᠯ ᠪᠠ ᠴᠢᠳᠠᠪᠤᠷᠢᠳᠡᠨ ᠢ ᠳᠡᠮᠵᠢᠬᠦ ᠬᠦᠴᠦᠯᠡᠴᠡ ᠪᠠᠨ ᠴᠢᠨᠠᠭᠰᠢᠳᠠ ᠴᠢᠩᠭᠠᠳᠬᠠᠨ᠎ᠠ᠃ | ᠲᠡᠷᠢᠬᠦᠨ ᠰᠢᠨᠵᠢᠯᠡᠬᠦ ᠤᠬᠠᠭᠠᠨᠳᠠᠨ᠂ ᠳᠤᠰᠬᠠᠢ ᠮᠡᠷᠭᠡᠵᠢᠯᠳᠡᠨ ᠤ ᠳᠦᠷᠢᠮ ᠢ ᠪᠠᠶᠢᠭᠤᠯᠵᠦ᠂ ᠨᠢᠬᠡ ᠪᠦᠯᠦᠭ | ᠳᠠᠭᠠᠭᠤᠯᠤᠭᠴᠢ ᠴᠢᠳᠠᠪᠤᠷᠢᠳᠡᠨ ᠢ ᠰᠤᠩᠭᠤᠨ ᠳᠡᠪᠰᠢᠬᠦᠯᠵᠦ᠂ ᠦᠪᠡᠰᠦᠪᠡᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠭᠯᠡᠯ ᠢᠶᠠᠨ ᠰᠤᠩᠭᠤᠬᠤ᠂ ᠰᠤᠳᠤᠯᠭᠠᠨ ᠤ ᠳᠤᠭᠤᠶᠢᠯᠠᠩ ᠢᠶᠠᠨ ᠰᠤᠩᠭᠤᠬᠤ᠂ ᠴᠢᠬᠤᠯᠠ ᠶᠡᠭᠡ ᠡᠬᠦᠳᠦᠯᠳᠡ ᠶᠢᠨ | ᠰᠢᠨᠵᠢᠳᠡᠢ ᠰᠤᠳᠤᠯᠭᠠᠨ ᠬᠢᠬᠦ ᠪᠠ ᠭᠡᠷᠡᠭᠯᠡᠭᠡᠨ ᠤ ᠰᠢᠨᠵᠢᠡᠳᠡᠢ ᠰᠤᠳᠤᠯᠤᠨ ᠨᠡᠭᠡᠭᠡᠯᠳᠡ ᠬᠢᠬᠦ ᠶᠢ ᠵᠤᠷᠢᠭᠵᠢᠭᠤᠯᠤᠨ | ᠳᠡᠮᠵᠢᠨ᠎ᠠ᠃ ᠭᠤᠷᠪᠡ ᠳᠤ᠂ ᠰᠢᠨ᠎ᠠ ᠶᠢ ᠡᠬᠦᠳᠬᠦ ᠬᠡᠯᠪᠡᠷᠢ ᠶᠢᠨ ᠠᠵᠦ ᠠᠬᠤᠶᠢᠯᠠᠯᠳᠠᠨ ᠢ ᠬᠦᠮᠦᠵᠢᠬᠦᠯᠦᠨ᠎ᠠ᠃ | ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠴᠢᠳᠠᠪᠤᠷᠢᠳᠡᠨ ᠤ ᠵᠠᠬ᠎ᠠ | ᠳᠡᠯᠭᠡᠬᠦᠷᠴᠢᠯᠡᠭᠰᠡᠨ ᠰᠤᠩᠭᠤᠨ ᠡᠯᠰᠡᠬᠦ ᠬᠠᠷᠢᠴᠠᠯ ᠢ ᠵᠦᠢ ᠵᠤᠬᠢᠰᠳᠠᠢ ᠨᠡᠮᠡᠭᠳᠡᠬᠦᠯᠵᠦ᠂ ᠤᠯᠤᠰ ᠤᠨ ᠦᠮᠴᠢᠯᠡᠯ ᠤᠨ | ᠠᠵᠦ ᠠᠬᠤᠶᠢᠯᠠᠯ ᠤᠨ ᠳᠤᠰᠬᠠᠢ ᠮᠡᠷᠭᠡᠵᠢᠯ ᠤᠨ ᠲᠠᠭᠠᠭᠠᠮᠠᠯ ᠤᠨ ᠳᠦᠷᠢᠮ ᠪᠠ ᠴᠠᠯᠢᠩ ᠬᠦᠯᠦᠰᠦᠨ ᠤ ᠬᠠᠮᠢᠶᠠᠷᠤᠯᠳᠠ᠂ | ᠠᠵᠢᠯ ᠤᠨ ᠦᠷ᠎ᠠ ᠪᠦᠳᠦᠮᠵᠢ ᠪᠠᠷ ᠬᠢᠨᠠᠨ ᠰᠢᠯᠭᠠᠬᠤ᠂ ᠰᠲ᠋ᠤᠺ ᠤᠨ ᠡᠷᠭᠡ ᠶᠢ ᠲᠤᠭᠳᠠᠭᠠᠬᠤ ᠵᠡᠷᠭᠡ ᠢᠵᠢ | ᠪᠦᠷᠢᠳᠦᠭᠰᠡᠨ ᠤᠷᠮᠠᠰᠢᠭᠤᠯᠤᠨ ᠵᠤᠷᠢᠬᠵᠢᠭᠤᠯᠬᠤ ᠳᠦᠷᠦ ᠶᠢᠨ ᠪᠤᠳᠤᠯᠭ᠎ᠠ ᠶᠢ ᠰᠤᠳᠤᠯᠤᠨ ᠳᠤᠭᠳᠠᠭᠠᠨ᠎ᠠ᠃ ᠰᠢᠨ᠎ᠠ | ᠶᠢ ᠡᠬᠦᠳᠬᠦ ᠬᠡᠯᠪᠡᠷᠢ ᠶᠢᠨ ᠠᠷᠠᠳ ᠠᠴᠠ ᠡᠷᠬᠢᠯᠡᠭᠰᠡᠨ ᠠᠵᠦ ᠠᠬᠤᠶᠢᠯᠠᠯᠳᠠᠨ ᠢ ᠬᠦᠮᠦᠵᠢᠬᠦᠯᠬᠦ ᠢᠨᠵᠧᠨᠧᠷᠢᠩ ᠢ | ᠭᠡᠷᠡᠭᠵᠢᠬᠦᠯᠵᠦ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯᠳᠠᠨ ᠤ ︽ᠦᠵᠦᠴᠢᠯᠡᠭᠰᠡᠨ᠂ ᠵᠠᠬᠢᠶᠠᠯᠠᠭᠠᠵᠢᠭᠰᠠᠨ᠂ | ᠳᠡᠰ ᠳᠡᠪᠬᠤᠷᠭᠠᠵᠢᠭᠰᠠᠨ︾ ᠬᠦᠮᠦᠵᠢᠯ ᠢ ᠳᠦᠯᠬᠢᠨ ᠠᠬᠢᠭᠤᠯᠵᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ | ᠤᠨ ᠬᠤᠤᠰ ᠴᠢᠭᠯᠡᠯ ᠢᠶᠠᠷ ᠳᠤᠰᠢᠶᠠᠯ ᠡᠬᠦᠷᠭᠡᠯᠡᠬᠦ᠂ ᠳᠤᠭᠳᠠᠭᠰᠠᠨ ᠬᠤᠭᠤᠴᠠᠭ᠎ᠠ ᠲᠠᠢ ᠪᠠᠷ ᠪᠤᠯᠪᠠᠰᠤᠷᠠᠯ ᠪᠠ | ᠪᠠᠶᠢᠴᠠᠭᠠᠨ ᠰᠤᠳᠤᠯᠤᠯᠳᠠ ᠶᠢ ᠵᠤᠬᠢᠶᠠᠨ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠦᠢᠯᠡᠰ ᠪᠤᠰᠬᠠᠬᠤ | ᠵᠢᠯᠤᠭᠤᠳᠤᠭᠴᠢ ᠪᠠᠭᠰᠢ ᠬᠠᠪᠰᠤᠷᠤᠨ ᠳᠠᠭᠠᠭᠤᠯᠬᠤ ᠠᠵᠢᠯ ᠢ ᠦᠷᠨᠢᠬᠦᠯᠦᠨ᠎ᠡ᠃ ᠳᠦᠷᠪᠡ ᠳᠤ᠂ ᠦᠨᠳᠦᠷ | ᠮᠡᠷᠭᠡᠵᠢᠯ ᠲᠠᠢ ᠴᠢᠳᠠᠪᠤᠷᠢᠳᠡᠨ ᠢ ᠬᠦᠮᠦᠵᠢᠬᠦᠯᠬᠦ ᠭᠡᠪ ᠵᠠᠭᠪᠤᠷ ᠢ ᠰᠢᠨᠡᠴᠢᠯᠡᠨ᠎ᠠ᠃ ᠦᠪᠡᠷᠳᠡᠭᠡᠨ ᠵᠠᠰᠠᠬᠤ ᠤᠷᠤᠨ ᠤ | ᠲᠡᠷᠢᠬᠦᠨ ᠮᠡᠷᠭᠡᠵᠢᠯᠳᠡᠨ ᠢ ᠰᠤᠩᠭᠤᠬᠤ ᠬᠠᠮᠢᠶᠠᠷᠤᠯᠳᠠ ᠶᠢᠨ ᠠᠷᠭ᠎ᠠ ᠶᠢ ᠳᠤᠭᠳᠠᠭᠠᠵᠦ᠂ ᠲᠡᠭᠡᠳᠦ ᠮᠡᠷᠭᠡᠵᠢᠯ ᠤᠨ | ᠴᠢᠳᠠᠪᠤᠷᠢᠳᠡᠨ ᠢ ᠬᠦᠮᠦᠵᠢᠬᠦᠯᠬᠦ᠂ ᠦᠨᠡᠯᠡᠬᠦ᠂ ᠭᠡᠷᠡᠭᠯᠡᠬᠦ᠂ ᠵᠤᠷᠢᠭᠵᠢᠭᠤᠯᠬᠤ ᠠᠵᠢᠯ ᠢ ᠦᠬᠡᠷᠡᠴᠢᠯᠡᠨ ᠰᠢᠨᠡᠳᠭᠡᠨᠠ᠃ | ᠲᠡᠭᠡᠳᠦ ᠮᠡᠷᠭᠡᠵᠢᠯ ᠤᠨ ᠴᠢᠳᠠᠪᠤᠷᠢᠳᠡᠨ ᠪᠠ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠳᠡᠨ ᠤ ᠠᠵᠢᠯ ᠳᠦᠷᠦᠯ ᠤᠨ | ᠬᠦᠭᠵᠢᠯᠳᠡ ᠶᠢᠨ ᠨᠡᠪᠳᠡᠷᠡᠯᠴᠡᠨ ᠬᠤᠯᠪᠤᠯᠳᠤᠬᠤ ᠠᠷᠭ᠎ᠠ ᠶᠢ ᠰᠤᠳᠤᠯᠤᠨ ᠳᠤᠭᠳᠠᠭᠠᠨ᠎ᠠ᠃ ᠲᠡᠭᠡᠳᠦ ᠮᠡᠷᠭᠡᠵᠢᠯ ᠤᠨ | ᠴᠢᠳᠠᠪᠤᠷᠢᠳᠡᠨ ᠢ ᠬᠦᠮᠦᠵᠢᠬᠦᠯᠬᠦ ᠠᠴᠢᠶᠠᠯᠠᠪᠤᠷᠢ ᠶᠢ ᠪᠠᠶᠢᠭᠤᠯᠬᠤ ᠬᠦᠴᠦᠯᠡᠴᠡ ᠪᠠᠨ ᠴᠢᠩᠭᠠᠳᠬᠠᠵᠤ᠂ ᠦᠪᠡᠷᠳᠡᠭᠡᠨ | ᠵᠠᠰᠠᠬᠤ ᠤᠷᠤᠨ ᠤ ᠳᠡᠰ ᠤᠨ ᠮᠡᠷᠭᠡᠵᠢᠯ ᠤᠨ ᠪᠠᠭᠰᠢᠳᠠᠨ ᠤ ᠠᠵᠢᠯᠯᠠᠬᠤ ᠦᠷᠦᠬᠡ ᠪᠠ ᠲᠡᠭᠡᠳᠦ ᠮᠡᠷᠭᠡᠵᠢᠯ ᠤᠨ | ᠴᠢᠳᠠᠪᠤᠷᠢᠳᠠᠨ ᠤ ᠪᠤᠯᠪᠠᠰᠤᠷᠠᠯ ᠤᠨ ᠰᠠᠭᠤᠷᠢᠨ ᠢ ᠪᠠᠶᠢᠭᠤᠯᠤᠨ᠎ᠠ᠃ ᠳᠠᠪᠤ ᠳᠤ᠂ ᠮᠠᠯᠵᠢᠬᠤ ᠲᠠᠷᠢᠶᠠᠯᠠᠬᠤ ᠤᠷᠤᠨ ᠤ | ᠭᠡᠷᠡᠭᠯᠡᠭᠡᠨ ᠤ ᠴᠢᠳᠠᠪᠤᠷᠢᠳᠡᠨ ᠢ ᠬᠦᠮᠦᠵᠢᠬᠦᠯᠬᠦ ᠠᠵᠢᠯ ᠢ ᠴᠢᠩᠭᠠᠳᠬᠠᠨ᠎ᠠ᠃ ︽ᠮᠠᠯᠵᠢᠬᠤ ᠲᠠᠷᠢᠶᠠᠯᠠᠬᠤ ᠤᠷᠤᠨ ᠤ | ᠭᠡᠷᠡᠭᠯᠡᠭᠡᠨ ᠤ ᠴᠢᠳᠠᠪᠤᠷᠢᠳᠡᠨ ᠤ ᠴᠢᠳᠠᠪᠤᠷᠢ ᠶᠢ ᠳᠡᠭᠡᠭᠰᠢᠯᠡᠬᠦᠯᠬᠦ ᠳᠦᠯᠦᠪᠯᠡᠭᠡ︾ ᠶᠢ ᠬᠦᠨᠵᠡᠬᠡᠢ ᠳᠦᠯᠬᠢᠨ | ᠠᠬᠢᠭᠤᠯᠵᠦ᠂ ︽ᠵᠢᠱᠢᠶ᠎ᠠ ᠦᠵᠡᠬᠦᠯᠦᠨ ᠬᠦᠮᠦᠵᠢᠬᠦᠯᠬᠦ᠂ ᠳᠦᠷᠢᠮᠵᠢᠬᠦᠯᠦᠨ ᠬᠠᠮᠢᠶᠠᠷᠬᠤ᠂ ᠳᠦᠷᠦ ᠶᠢᠨ | ᠪᠤᠳᠤᠯᠭ᠎ᠠ ᠪᠠᠷ ᠳᠡᠳᠬᠦᠬᠦ︾ ᠭᠤᠷᠪᠡ ᠶᠢ ᠨᠢᠬᠡ ᠴᠤᠭᠴᠠᠵᠢᠭᠤᠯᠤᠭᠰᠠᠨ ᠮᠠᠯᠵᠢᠬᠤ ᠲᠠᠷᠢᠶᠠᠯᠠᠬᠤ ᠤᠷᠤᠨ ᠤ | ᠭᠡᠷᠡᠭᠯᠡᠭᠡᠨ ᠤ ᠴᠢᠳᠠᠪᠤᠷᠢᠳᠡᠨ ᠢ ᠬᠦᠮᠦᠵᠢᠬᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠭᠡᠷᠡᠭᠯᠡᠭᠡᠨ ᠤ ᠴᠢᠳᠠᠪᠤᠷᠢᠳᠡᠨ ᠤ ᠵᠢᠱᠢᠶ᠎ᠠ ᠦᠵᠡᠬᠦᠯᠦᠨ ᠬᠦᠮᠦᠵᠢᠬᠦᠯᠬᠦ ᠪᠠ ᠪᠠᠳᠤᠯᠠᠨ ᠳᠤᠭᠳᠠᠭᠠᠬᠤ ᠠᠵᠢᠯ ᠢ | ᠦᠷᠨᠢᠬᠦᠯᠵᠦ᠂ ᠤᠳᠦ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ ᠬᠦᠭᠵᠢᠯᠳᠡ ᠶᠢᠨ ᠱᠠᠭᠠᠷᠳᠠᠯᠭ᠎ᠠ ᠳᠤ | ᠵᠤᠬᠢᠴᠠᠬᠤ ︽ᠨᠤᠳᠤᠭ ᠤᠨ ᠮᠡᠷᠭᠡᠵᠢᠯᠳᠡᠨ︾᠂ ︽ᠲᠠᠷᠢᠶ᠎ᠠ ᠲᠠᠷᠢᠬᠤ ᠤᠶᠤᠳᠠᠨ︾ ᠪᠠ ︽ᠪᠠᠶᠠᠵᠢᠯ ᠤᠨ | ᠳᠠᠭᠠᠭᠤᠯᠤᠭᠴᠢ︾ ᠶᠢ ᠬᠦᠮᠦᠵᠢᠬᠦᠯᠬᠦ ᠠᠯᠬᠤᠴᠠ ᠪᠠᠨ ᠳᠦᠷᠭᠡᠳᠭᠡᠨ᠎ᠠ᠃ ᠵᠢᠷᠭᠤᠭ᠎ᠠ ᠳᠤ᠂ ᠵᠠᠯᠠᠭᠤ ᠴᠢᠳᠠᠪᠤᠷᠢᠳᠡᠨ ᠢ | ᠬᠦᠮᠦᠵᠢᠬᠦᠯᠬᠦ ᠳᠤᠭᠳᠠᠴᠠ ᠶᠢ ᠰᠢᠯᠢᠳᠡᠭᠵᠢᠬᠦᠯᠦᠨ᠎ᠠ᠃ ︽ᠰᠢᠨ᠎ᠠ ᠶᠢ ᠡᠬᠦᠳᠬᠦ ᠵᠠᠯᠠᠭᠤ ᠴᠢᠳᠠᠪᠤᠷᠢᠳᠡᠨ ᠢ ᠰᠤᠩᠭᠤᠨ | ᠬᠦᠮᠦᠵᠢᠬᠦᠯᠬᠦ ᠳᠦᠯᠦᠪᠯᠡᠭᠡ︾ ᠶᠢ ᠪᠤᠳᠠᠳᠠᠶᠢᠵᠢᠭᠤᠯᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠦᠨ ᠤᠬᠠᠭᠠᠨ | ᠨᠡᠶᠢᠬᠡᠮ ᠤᠨ ᠰᠢᠨᠵᠢᠯᠡᠬᠦ ᠤᠬᠠᠭᠠᠨ᠂ ᠰᠤᠶᠤᠯ ᠤᠷᠠᠯᠢᠭ᠂ ᠮᠡᠷᠭᠡᠵᠢᠯ ᠴᠢᠳᠠᠪᠤᠷᠢ ᠵᠡᠷᠭᠡ ᠬᠦᠷᠢᠶ᠎ᠠ ᠴᠠᠷᠠᠭ᠎ᠠ ᠳᠤ ᠨᠢᠬᠡ | ᠪᠦᠯᠦᠭ ᠰᠢᠯᠢᠳᠡᠭ ᠵᠠᠯᠠᠭᠤ ᠴᠢᠳᠠᠪᠤᠷᠢᠳᠡᠨ ᠢ ᠰᠤᠩᠭᠤᠵᠦ᠂ ᠭᠤᠤᠯᠳᠠᠯᠭ᠎ᠠ ᠲᠠᠢ ᠳᠡᠳᠬᠦᠨ ᠳᠡᠮᠵᠢᠬᠦ ᠪᠤᠶᠤ ᠮᠦᠷᠳᠡᠨ | ᠬᠦᠮᠦᠵᠢᠬᠦᠯᠦᠨ᠎ᠠ᠃ ᠳᠤᠯᠤᠭ᠎ᠠ ᠳᠤ᠂ ᠦᠨᠳᠦᠰᠦᠨ ᠱᠠᠳᠤ ᠪᠠ ᠦᠢᠯᠡᠳᠪᠦᠷᠢᠯᠡᠯ ᠤᠨ ᠨᠢᠬᠡᠳᠦᠬᠡᠷ ᠹᠷᠤᠨᠲ ᠳᠠᠬᠢ | ᠴᠢᠳᠠᠪᠤᠷᠢᠳᠡᠨ ᠢ ᠬᠦᠮᠦᠵᠢᠬᠦᠯᠦᠨ ᠬᠦᠭᠵᠢᠬᠦᠯᠬᠦ ᠳᠤᠭᠳᠠᠴᠠ ᠶᠢ ᠳᠡᠬᠦᠯᠳᠡᠷᠵᠢᠬᠦᠯᠦᠨ᠎ᠠ᠃ ᠦᠨᠳᠦᠰᠦᠨ ᠱᠠᠳᠤᠨ ᠤ | ᠳᠤᠰᠬᠠᠢ ᠮᠡᠷᠭᠡᠵᠢᠯ ᠤᠨ ᠴᠢᠳᠠᠪᠤᠷᠢᠳᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠰᠠᠨᠠᠯ ᠢ | ᠳᠤᠭᠳᠠᠭᠠᠵᠦ᠂ ᠤᠷᠤᠭᠤᠯᠤᠨ ᠠᠪᠴᠢᠷᠠᠵᠤ ᠤᠷᠢᠵᠤ ᠬᠡᠷᠡᠭᠯᠡᠬᠦ᠂ ᠬᠦᠮᠦᠵᠢᠬᠦᠯᠦᠨ ᠨᠡᠭᠡᠭᠡᠨ ᠬᠦᠭᠵᠢᠬᠦᠯᠬᠦ᠂ ᠮᠡᠷᠭᠡᠵᠢᠯ | ᠤᠨ ᠵᠡᠷᠭᠡ ᠳᠡᠰ ᠢ ᠦᠨᠡᠯᠡᠨ ᠳᠤᠭᠳᠠᠭᠠᠬᠤ᠂ ᠠᠵᠢᠯ ᠤᠨ ᠪᠠᠶᠢᠷᠢ ᠶᠢᠨ ᠬᠠᠮᠢᠶᠠᠷᠤᠯᠳᠠ᠂ ᠵᠤᠷᠢᠭᠵᠢᠭᠤᠯᠤᠨ | ᠬᠦᠬᠢᠬᠦᠯᠬᠦ ᠵᠡᠷᠭᠡ ᠲᠠᠯ᠎ᠠ ᠪᠠᠷ ᠬᠡᠯᠪᠡᠶᠢᠯᠭᠡᠨᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ ᠮᠡᠷᠭᠡᠵᠢᠯ ᠤᠨ | ᠠᠵᠢᠯᠳᠠᠨ ᠤ ᠬᠦᠮᠦᠵᠢᠯ ᠪᠠ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠡᠷᠬᠢᠯᠡᠬᠦ ᠬᠦᠴᠦᠯᠡᠴᠡ ᠪᠠᠨ ᠴᠢᠩᠭᠠᠳᠬᠠᠵᠦ᠂ | ᠡᠮ ᠡᠮᠨᠡᠯᠬᠡ ᠶᠢᠨ ᠴᠢᠳᠠᠪᠤᠷᠢᠳᠡᠨ᠂ ᠨᠡᠶᠢᠬᠡᠮ ᠤᠨ ᠠᠵᠢᠯ ᠤᠨ ᠴᠢᠳᠠᠪᠤᠷᠢᠳᠡᠨ᠂ ᠮᠦᠩᠬᠦᠨ ᠬᠦᠢᠯᠬᠡᠬᠡᠨ ᠤ | ᠴᠢᠳᠠᠪᠤᠷᠢᠳᠡᠨ ᠢ ᠬᠦᠮᠦᠵᠢᠬᠦᠯᠬᠦ ᠳᠤᠭᠳᠠᠴᠠ ᠶᠢ ᠰᠦᠪᠡᠭᠴᠢᠯᠡᠨ ᠪᠠᠶᠢᠭᠤᠯᠵᠦ᠂ ᠦᠨᠳᠦᠰᠦᠨ ᠱᠠᠳᠤᠨ ᠤ ᠪᠡᠷᠭᠡ | ᠬᠠᠳᠠᠭᠤᠵᠢᠯᠳᠠᠢ ᠠᠵᠢᠯ ᠤᠨ ᠪᠠᠶᠢᠷᠢ ᠳᠤ ᠠᠵᠢᠯᠯᠠᠵᠦ ᠪᠠᠶᠢᠭ᠎ᠠ ᠴᠢᠳᠠᠪᠤᠷᠢᠳᠡᠨ ᠳᠤ ᠪᠡᠯᠡ ᠮᠦᠩᠬᠦᠨ ᠤ ᠳᠡᠮᠵᠢᠯᠬᠡ | ᠬᠦᠷᠳᠡᠭᠡᠨ᠎ᠠ᠃ | ᠠᠰᠠᠭᠤᠯᠳᠠ᠄ ︽ᠲᠡᠭᠡᠳᠤ ᠨᠠᠷᠢᠯᠢᠭ ᠦᠵᠦ ᠬᠤᠪᠤᠷ︾ ᠴᠢᠳᠠᠪᠦᠷᠢᠳᠠᠨ ᠲᠤᠳᠠᠬᠳᠠᠵᠤ ᠪᠠᠶᠢᠭ᠎ᠠ ᠪᠤᠯ ᠮᠠᠨ ᠤ | ᠤᠷᠤᠨ ᠤ ᠴᠢᠳᠡᠪᠦᠷᠢᠳᠠᠨ ᠤ ᠬᠦᠭᠵᠢᠯᠳᠠ ᠶᠢᠨ ᠨᠢᠬᠡᠨ ᠪᠤᠭᠤᠮᠢ ᠶᠤᠮ᠃ ︽ᠬᠡᠷᠡᠭᠵᠢᠬᠦᠯᠬᠦ ᠰᠠᠨᠠᠯ︾ ᠳᠤ | ᠴᠢᠳᠡᠪᠦᠷᠢᠳᠡᠨ ᠢ ᠤᠷᠢᠨ ᠠᠪᠴᠢᠷᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠠᠪᠴᠢᠯ ᠳᠤᠷᠠᠳᠤᠭᠰᠠᠨ ᠪᠤᠢ︖ | ᠬᠠᠷᠢᠭᠤᠯᠳᠠ᠄ ᠰᠢ ᠶᠢᠨ ᠫᠢᠩ ᠶᠡᠷᠦᠩᠬᠡᠢ ᠱᠦᠵᠢ᠂ ᠮᠠᠨ ᠤ ᠤᠯᠤᠰ ᠰᠢᠨ᠎ᠠ ᠶᠢ ᠡᠬᠦᠳᠬᠦ ᠬᠦᠭᠵᠢᠯᠳᠠ ᠶᠢᠨ | ᠵᠠᠮ ᠢᠶᠠᠷ ᠵᠠᠮᠨᠠᠨ᠎ᠡ ᠬᠡᠪᠡᠯ᠂ ᠡᠷᠬᠡᠪᠰᠢ ᠰᠢᠨ᠎ᠠ ᠶᠢ ᠡᠬᠦᠳᠬᠦ ᠴᠢᠳᠡᠪᠦᠷᠢᠳᠠᠨ ᠢ ᠲᠦᠪᠯᠡᠷᠡᠬᠦᠯᠦᠨ ᠴᠤᠬᠯᠠᠭᠤᠯᠬᠤ ᠶᠢ | ᠲᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠨᠡᠩ ᠨᠡᠬᠡᠬᠡᠯᠳᠡᠳᠤ ᠴᠢᠳᠡᠪᠦᠷᠢᠳᠡᠨ ᠤ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠬᠦ ᠬᠡᠷᠡᠭᠳᠡᠢ᠂ ᠨᠢᠬᠡ ᠯᠡ ᠤᠷᠤᠨ ᠪᠦᠰᠡ ᠠᠴᠠ ᠴᠢᠳᠡᠪᠦᠷᠢᠳᠠᠨ ᠤᠷᠢᠵᠤ ᠠᠪᠴᠢᠷᠠᠬᠤ ᠦᠬᠡᠢ᠂ | ᠪᠦᠬᠦᠨ ᠢᠶᠠᠷ ᠢᠶᠠᠨ ᠴᠢᠳᠡᠪᠦᠷᠢᠳᠡᠨ ᠢ ᠨᠡᠬᠡᠭᠡᠨ ᠬᠦᠭᠵᠢᠬᠦᠯᠬᠦ ᠶᠢ ᠬᠦᠰᠡᠬᠦ ᠦᠬᠡᠢ᠂ ᠨᠢᠬᠡ ᠯᠡ ᠬᠡᠪᠰᠢᠯ ᠳᠤ | ᠪᠠᠷᠢᠬᠳᠠᠬᠤ ᠦᠬᠡᠢ ᠪᠠᠷ ᠴᠢᠳᠡᠪᠦᠷᠢᠳᠡᠨ ᠢ ᠰᠠᠶᠢᠳᠤᠷ ᠭᠡᠷᠡᠭᠯᠡᠬᠦ ᠬᠡᠷᠡᠭᠳᠡᠢ ᠬᠡᠵᠤ ᠴᠢᠬᠤᠯᠠᠴᠢᠯᠠᠵᠠᠢ᠃ ᠡᠨᠡ ᠨᠢ ᠲᠠᠷᠦᠢ | ᠪᠢᠳᠠᠨ ᠤ ᠴᠢᠳᠡᠪᠦᠷᠢᠳᠡᠨ ᠢ ᠤᠷᠢᠨ ᠠᠪᠴᠢᠷᠠᠬᠤ ᠨᠡᠩ ᠨᠡᠬᠡᠬᠡᠯᠳᠡᠳᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ | ᠮᠦᠷᠳᠡᠬᠡᠨ ᠨᠡᠩ ᠴᠤ ᠲᠠᠯᠠᠬᠡᠶᠢᠴᠢᠯᠡᠭᠰᠡᠨ ᠬᠠᠷᠠᠭᠠᠰᠤ ᠶᠢ ᠪᠤᠢ ᠪᠤᠯᠭᠠᠵᠤ ᠴᠢᠳᠡᠪᠦᠷᠢᠳᠡᠨ ᠢ ᠤᠷᠢᠨ ᠠᠪᠴᠢᠷᠠᠬᠤ | ᠣᠨᠣᠯᠵᠢᠬᠤᠨ ᠤ ᠰᠢᠨ᠎ᠠ ᠶᠢ ᠡᠬᠦᠳᠴᠤ᠂ ᠮᠠᠨ ᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ | ᠬᠡᠷᠡᠭᠴᠡᠭᠡ ᠠᠴᠠ ᠡᠬᠦᠰᠴᠤ᠂ ᠭᠡᠷᠡᠭᠯᠡᠬᠦ ᠪᠠᠷ ᠦᠨᠳᠦᠰᠦ ᠪᠤᠯᠭᠠᠬᠤ᠂ ᠪᠦᠬᠦᠳᠡ ᠶᠢ ᠪᠦᠷᠢᠯᠳᠦᠬᠦᠯᠬᠦ ᠶᠢ ᠱᠠᠭᠠᠷᠳᠠᠬᠤ | ᠦᠬᠡᠢ ᠪᠤᠯᠪᠠᠴᠤ ᠪᠦᠬᠦᠳᠡ ᠶᠢ ᠬᠡᠷᠡᠭᠯᠡᠬᠦ ᠶᠢ ᠪᠠᠷᠢᠮᠳᠠᠯᠠᠵᠤ᠂ ︽ᠤᠶᠠᠨ ᠬᠠᠳᠠᠨ ᠢ ᠵᠡᠷᠬᠡᠳᠠ ᠶᠠᠪᠤᠭᠤᠯᠬᠤ︾ ᠤᠷᠢᠨ | ᠠᠪᠴᠢᠷᠠᠬᠤ ᠪᠤᠯᠤᠨ ᠲᠡᠭᠷᠢ ᠶᠢᠨ ᠲᠤᠤᠷᠠᠬᠢ ᠴᠢᠳᠠᠪᠦᠷᠢᠳᠠᠨ ᠢ ᠴᠤᠬᠯᠠᠭᠤᠯᠤᠨ ᠲᠦᠪᠯᠡᠷᠡᠬᠦᠯᠵᠤ᠂ ᠡᠯ᠎ᠠ ᠲᠦᠷᠦᠯ ᠤᠨ | ᠴᠢᠳᠡᠪᠦᠷᠢᠳᠡᠨ ᠤ ᠦᠢᠯᠡᠳᠦᠯ ᠢ ᠬᠠᠮᠤᠭ ᠲᠡᠭᠡᠳᠤ ᠬᠡᠮᠵᠢᠶ᠎ᠠ ᠪᠠᠷ ᠪᠠᠳᠠᠷᠠᠭᠤᠯᠬᠤ ᠶᠢ ᠱᠠᠭᠠᠷᠳᠠᠵᠤ ᠪᠤᠢ᠃ ︽ | ᠬᠡᠷᠡᠭᠵᠢᠬᠦᠯᠬᠦ ᠰᠠᠨᠠᠯ︾ ᠨᠢ ᠴᠢᠳᠡᠪᠦᠷᠢᠳᠠᠨ ᠢ ᠤᠷᠢᠨ ᠠᠪᠴᠢᠷᠠᠬᠤ ᠲᠤᠬᠳᠠᠴᠠ ᠶᠢ ᠲᠡᠬᠦᠯᠳᠡᠷᠵᠢᠬᠦᠯᠬᠦ ᠶᠢ ᠲᠤᠷᠠᠳᠤᠨ | ᠭᠠᠷᠭᠠᠵᠠᠢ᠃ ᠭᠤᠤᠯᠳᠠᠭᠤ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠳᠠᠭᠠᠨ᠎ᠠ᠄ ᠨᠢᠬᠡ ᠲᠤᠯᠭᠠᠮ᠎ᠠ ᠱᠠᠭᠠᠷᠳᠠᠬᠳᠠᠬᠤ | ᠲᠤᠳᠠᠬᠳᠠᠵᠤ ᠪᠠᠶᠢᠭ᠎ᠠ ᠴᠢᠳᠡᠪᠦᠷᠢᠳᠠᠨ ᠢ ᠤᠷᠢᠨ ᠠᠪᠴᠢᠷᠠᠬᠤ ᠲᠤᠬᠳᠠᠴᠠ ᠶᠢᠨ ᠰᠢᠨ᠎ᠠ ᠶᠢ ᠡᠬᠦᠳᠦᠨ᠎ᠠ᠃ ᠪᠦᠬᠦ | ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠴᠢᠳᠡᠪᠦᠷᠢᠳᠡᠨ ᠤ ᠲᠤᠯᠭᠠᠮ᠎ᠠ ᠬᠡᠷᠡᠭᠴᠡᠭᠡ ᠶᠢᠨ | ᠲᠤᠭᠤᠷᠢᠨ ᠳᠤ᠂ ᠴᠢᠳᠡᠪᠦᠷᠢᠳᠠᠨ ᠢ ᠤᠷᠢᠨ ᠠᠪᠴᠢᠷᠠᠬᠤ ᠪᠤᠯᠤᠨ ᠰᠢᠯᠵᠢᠬᠦᠯᠬᠦ ᠬᠡᠷᠡᠭᠵᠢᠬᠦᠯᠬᠦ ᠠᠷᠭ᠎ᠠ ᠵᠡᠷᠬᠡ | ᠴᠢᠳᠡᠪᠦᠷᠢᠳᠡᠨ ᠢ ᠤᠷᠢᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠬᠳᠠᠭᠠᠵᠤ᠂ ᠴᠢᠳᠡᠪᠦᠷᠢᠳᠠᠨ ᠢ ᠤᠷᠢᠨ | ᠠᠪᠴᠢᠷᠠᠬᠤ ︽ᠰᠠᠭᠠᠳ ᠦᠬᠡᠢ ᠨᠡᠪᠳᠡᠷᠠᠬᠦ ᠵᠠᠮ ᠰᠤᠪᠠᠭ︾ ᠢ ᠰᠢᠯᠤᠭᠤᠳᠬᠠᠨ᠎ᠠ᠃ ᠪᠠᠶᠢᠭᠤᠯᠤᠮᠵᠢ ᠶᠢᠨ ᠬᠡᠯᠪᠡᠷᠢ | ᠶᠢᠨ ᠴᠢᠳᠡᠪᠦᠷᠢᠳᠡᠨ ᠢ ᠤᠷᠢᠨ ᠠᠪᠴᠢᠷᠠᠬᠤ ᠵᠠᠬᠪᠤᠷ ᠢ ᠰᠦᠪᠡᠭᠴᠢᠯᠡᠵᠤ᠂ ᠨᠡᠷᠡᠳᠤ ᠶᠡᠭᠡ ᠲᠡᠬᠡᠳᠤ ᠰᠤᠷᠭᠠᠭᠤᠯᠢ | ᠪᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠭᠤᠤᠯᠳᠠᠯᠭ᠎ᠠ ᠲᠠᠢ ᠤᠷᠢᠨ ᠠᠪᠴᠢᠷᠠᠵᠤ᠂ | ᠮᠠᠨ ᠤ ᠤᠷᠤᠨ ᠳᠤ ᠰᠤᠳᠤᠯᠤᠨ ᠨᠡᠬᠡᠬᠡᠬᠦ ᠪᠠᠶᠢᠭᠤᠯᠤᠮᠵᠢ ᠪᠠᠶᠢᠭᠤᠯᠵᠤ᠂ ᠲᠤᠮᠤ ᠴᠢᠬᠤᠯᠠ ᠲᠦᠷᠦᠯ ᠵᠦᠢᠯ ᠳᠤ | ᠬᠤᠯᠪᠤᠭᠠᠯᠠᠨ ᠪᠤᠭᠤᠮᠳᠠ ᠰᠢᠪᠳᠤᠯᠬᠤ᠂ ᠪᠠᠶᠢᠯᠳᠤᠬᠤ ᠪᠤᠳᠤᠯᠭ᠎ᠠ ᠶᠢᠨ ᠠᠰᠠᠭᠤᠨ ᠯᠠᠪᠯᠠᠭ᠎ᠠ ᠵᠡᠷᠬᠡ ᠠᠵᠢᠯᠯᠠᠭ᠎ᠠ ᠶᠢ | ᠦᠷᠨᠢᠬᠦᠯᠦᠨ᠎ᠠ᠃ ᠴᠢᠳᠡᠪᠦᠷᠢᠳᠡᠨ ᠢ ᠤᠷᠢᠨ ᠠᠪᠴᠢᠷᠠᠬᠤ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ | ᠲᠡᠬᠦᠯᠳᠡᠷᠵᠢᠬᠦᠯᠵᠤ᠂ ᠴᠢᠳᠡᠪᠦᠷᠢᠳᠡᠨ ᠤ ᠨᠡᠶᠢᠬᠡᠮ ᠤᠨ ᠪᠠᠳᠤᠯᠠᠪᠦᠷᠢ᠂ ᠡᠷᠦᠬᠡ ᠠᠮᠠ᠂ ᠬᠠᠨᠢ ᠨᠦᠬᠦᠷ ᠢ ᠨᠢ | ᠲᠦᠪᠬᠢᠨᠡᠬᠦᠯᠬᠦ᠂ ᠦᠷ᠎ᠡ ᠬᠡᠦᠬᠡᠳ ᠤᠨ ᠬᠢᠨᠢ ᠰᠤᠷᠭᠠᠨ ᠬᠦᠮᠦᠵᠢᠯ ᠵᠡᠷᠬᠡ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ᠂ | ᠴᠢᠳᠡᠪᠦᠷᠢᠳᠡᠨ ᠢ ᠴᠤᠬᠯᠠᠭᠤᠯᠤᠨ ᠲᠦᠪᠯᠡᠷᠡᠬᠦᠯᠬᠦ ᠲᠠᠪᠴᠠᠩ ᠤᠨ ᠠᠴᠢᠶᠠᠯᠠᠪᠦᠷᠢ ᠶᠢᠨ ᠪᠠᠶᠢᠭᠤᠯᠤᠯᠳᠠ ᠶᠢ | ᠴᠢᠩᠭᠠᠳᠬᠠᠨ᠎ᠠ᠃ ︽ᠲᠠᠯ᠎ᠠ ᠨᠤᠳᠤᠭ ᠤᠨ ᠴᠢᠳᠡᠪᠦᠷᠢᠳᠡᠨ ᠤ ᠠᠺᠠᠳᠧᠮᠢᠴᠢ ᠶᠢ ᠤᠷᠢᠨ ᠠᠪᠴᠢᠷᠠᠵᠤ ᠬᠦᠮᠦᠵᠢᠬᠦᠯᠬᠦ | ᠲᠦᠯᠦᠪᠯᠡᠭᠡ︾ ᠶᠢ ᠬᠡᠷᠡᠭᠵᠢᠬᠦᠯᠵᠤ᠂ ᠲᠤᠷᠰᠢᠯᠳᠠ ᠶᠢᠨ ᠲᠠᠰᠤᠭ ᠤᠨ ᠪᠦᠳᠦᠬᠡᠨ ᠪᠠᠶᠢᠭᠤᠯᠤᠯᠳᠠ ᠪᠤᠯᠤᠨ ᠡᠷᠳᠡᠮ | ᠰᠢᠨᠵᠢᠯᠡᠬᠡᠨ ᠤ ᠵᠠᠷᠤᠳᠠᠯ ᠤᠨ ᠲᠡᠮᠵᠢᠯᠬᠡ ᠦᠵᠡᠬᠦᠯᠦᠨ᠎ᠡ᠃ ︽ᠤᠷᠤᠨ ᠤ ᠭᠠᠳᠠᠨᠠᠬᠢ ᠲᠡᠭᠡᠳᠤ ᠲᠡᠰ ᠤᠨ | ᠴᠢᠳᠡᠪᠦᠷᠢᠳᠠᠨ ᠢ ᠤᠷᠢᠨ ᠠᠪᠴᠢᠷᠠᠬᠤ ᠲᠦᠯᠦᠪᠯᠡᠭᠡ︾ ᠶᠢ ᠬᠡᠷᠡᠭᠵᠢᠬᠦᠯᠵᠤ᠂ ᠤᠯᠤᠰ ᠤᠨ ᠲᠤᠳᠤᠭᠠᠳᠤ ᠭᠠᠳᠠᠭᠠᠳᠤ | ᠶᠢᠨ ᠲᠡᠷᠢᠬᠦᠨ ᠤ ᠲᠤᠰᠬᠠᠢ ᠠᠰᠢᠭ ᠤᠨ ᠮᠠᠷᠬᠡᠵᠢᠯ ᠪᠤᠯᠤᠨ ᠵᠢᠭᠠᠨ ᠰᠤᠷᠭᠠᠯᠳᠠ ᠶᠢᠨ ᠰᠢᠨᠵᠢᠯᠡᠬᠦ ᠤᠬᠠᠭᠠᠨ ᠮᠡᠷᠬᠡᠵᠢᠯ | ᠤᠨ ᠦᠷ᠎ᠡ ᠪᠦᠳᠦᠬᠡᠯ ᠲᠠᠢ᠂ ᠭᠤᠤᠯᠳᠠᠯᠭ᠎ᠠ ᠲᠠᠢ ᠠᠵᠢᠯ ᠦᠢᠯᠡᠰ ᠤᠨ ᠮᠡᠷᠬᠡᠵᠢᠯ ᠤᠨ ᠲᠠᠪᠠᠯᠳᠠ ᠶᠢ ᠠᠬᠢᠭᠤᠯᠵᠤ | ᠲᠡᠶᠢᠯᠬᠦ᠂ ᠲᠡᠬᠡᠳᠤ ᠰᠢᠨ᠎ᠠ ᠮᠡᠷᠬᠡᠵᠢᠯ ᠤᠨ ᠠᠵᠤ ᠦᠢᠯᠡᠰ ᠤᠨ ᠬᠦᠭᠵᠢᠯᠳᠠ ᠶᠢ ᠲᠠᠶᠢᠴᠢᠯᠠᠵᠤ ᠲᠡᠶᠢᠯᠬᠦ ᠤᠨᠴᠡᠭᠠᠢ | ᠴᠢᠳᠡᠪᠦᠷᠢᠳᠠᠨ ᠢ ᠤᠷᠢᠨ ᠠᠪᠴᠢᠷᠠᠨ᠎ᠠ᠃ ᠤᠷᠤᠨ ᠪᠦᠰᠡ ᠶᠢᠨ ᠴᠢᠳᠡᠪᠦᠷᠢᠳᠡᠨ ᠤ ᠬᠠᠮᠵᠢᠯᠴᠠᠨ ᠰᠢᠨ᠎ᠠ ᠶᠢ ᠡᠬᠦᠳᠬᠦ | ᠪᠠᠶᠢᠭᠤᠯᠤᠮᠵᠢ ᠲᠤᠬᠳᠠᠴᠠ ᠶᠢ ᠪᠠᠶᠢᠭᠤᠯᠵᠤ᠂ ᠤᠷᠤᠨ ᠪᠦᠰᠠ ᠶᠢᠨ ᠬᠠᠮᠳᠤᠷᠠᠯᠴᠠᠭᠠᠨ ᠤ ᠲᠡᠪᠴᠠᠩ ᠳᠤ ᠲᠦᠰᠢᠭᠯᠡᠵᠤ᠂ | ︽ᠬᠠᠯᠢᠭᠤᠨ ᠭᠠᠯᠠᠭᠤᠨ ᠤ ᠠᠵᠢᠯᠯᠠᠭ᠎ᠠ︾ ᠶᠢᠨ ᠲᠦᠯᠦᠪᠯᠡᠭᠡ ᠶᠢ ᠬᠦᠨᠵᠡᠬᠡᠶᠢᠷᠡᠬᠦᠯᠦᠨ ᠬᠡᠷᠡᠭᠵᠢᠬᠦᠯᠵᠤ᠂ ᠬᠤᠤᠰ | ᠴᠢᠭᠯᠡᠯ ᠢᠶᠠᠷ ᠲᠤᠰᠢᠶᠠᠯ ᠬᠠᠪᠰᠤᠷᠭᠠᠬᠤ᠂ ᠬᠠᠮᠳᠤᠷᠠᠨ ᠤᠷᠢᠵᠤ ᠬᠡᠷᠡᠭᠯᠡᠬᠦ᠂ ᠰᠤᠯᠢᠪᠴᠠᠭᠤᠯᠤᠨ ᠲᠤᠰᠢᠶᠠᠯ ᠡᠬᠦᠷᠬᠡᠯᠡᠬᠦ᠂ | ᠮᠡᠷᠬᠡᠵᠢᠯ ᠢᠶᠠᠷ ᠬᠤᠪᠢ ᠤᠷᠤᠬᠤ ᠵᠡᠷᠬᠡ ︽ᠤᠶᠠᠨ ᠴᠢᠨᠠᠷᠳᠤ︾ ᠴᠢᠳᠡᠪᠦᠷᠢᠳᠡᠨ ᠢ ᠤᠷᠢᠵᠤ ᠠᠪᠴᠢᠷᠠᠬᠤ | ᠬᠡᠯᠪᠡᠷᠢ ᠶᠢ ᠵᠤᠷᠢᠬᠵᠢᠭᠤᠯᠤᠨ᠎ᠠ᠃ ᠭᠤᠷᠪᠠ᠂ ᠭᠠᠳᠠᠭᠠᠳᠤ ᠶᠢᠨ ᠴᠢᠳᠡᠪᠦᠷᠢᠳᠠᠨ ᠢ ᠤᠷᠢᠨ ᠠᠪᠴᠢᠷᠠᠬᠤ ᠲᠤᠬᠳᠠᠴᠠ ᠶᠢ | ᠪᠠᠶᠢᠭᠤᠯᠤᠨ᠎ᠠ᠃ ︽ᠭᠠᠳᠠᠭᠠᠳᠤ ᠶᠢᠨ ᠲᠡᠬᠡᠳᠤ ᠲᠡᠰ ᠤᠨ ᠴᠢᠳᠡᠪᠦᠷᠢᠳᠡᠨ ᠢ ᠤᠷᠢᠨ ᠠᠪᠴᠢᠷᠠᠬᠤ ᠲᠦᠯᠦᠪᠯᠡᠭᠡ︾ ᠶᠢ | ᠬᠡᠷᠡᠭᠵᠢᠬᠦᠯᠵᠤ᠂ ᠭᠠᠳᠠᠭᠠᠳᠤ ᠶᠢᠨ ᠴᠢᠳᠡᠪᠦᠷᠢᠳᠠᠨ ᠲᠦᠪᠯᠡᠷᠡᠭᠰᠡᠨ ᠭᠠᠵᠠᠷ ᠤᠷᠤᠨ ᠳᠤ᠂ ᠭᠠᠳᠠᠭᠠᠳᠤ ᠶᠢᠨ | ᠴᠢᠳᠡᠪᠦᠷᠢᠳᠡᠨ ᠤ ᠠᠵᠢᠯᠯᠠᠬᠤ ᠦᠷᠳᠡᠭᠡ ᠶᠢ ᠪᠠᠶᠢᠭᠤᠯᠬᠤ ᠵᠡᠷᠬᠡ ᠬᠡᠯᠪᠡᠷᠢ ᠪᠠᠷ ᠲᠡᠮᠵᠢᠭᠤᠯᠤᠨ ᠪᠠᠶᠢᠩᠭᠤ ᠶᠢᠨ | ᠴᠢᠨᠠᠷᠳᠠᠢ ᠴᠢᠳᠡᠪᠦᠷᠢᠳᠡᠨ ᠢ ᠤᠷᠢᠨ ᠠᠪᠴᠢᠷᠠᠬᠤ ᠬᠤᠯᠪᠤᠭᠠᠨ ᠤ ᠰᠦᠯᠵᠢᠶ᠎ᠠ ᠶᠢ ᠪᠠᠶᠢᠭᠤᠯᠤᠨ᠎ᠠ᠃ ᠶᠡᠭᠡ ᠲᠡᠬᠡᠳᠤ | ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠪᠤᠯᠤᠨ ᠠᠵᠤ ᠠᠬᠤᠶᠢᠯᠠᠯ ᠤᠨ ᠴᠢᠳᠡᠪᠦᠷᠢᠳᠡᠨ ᠤ | ᠲᠡᠯᠡᠬᠡᠶᠢᠵᠢᠭᠰᠡᠨ ᠰᠢᠨ᠎ᠠ ᠶᠢ ᠡᠬᠦᠳᠬᠦ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠦᠨ᠎ᠠ᠃ ᠭᠠᠳᠠᠭᠠᠳᠤ ᠶᠢᠨ ᠴᠢᠳᠡᠪᠦᠷᠢᠳᠡᠨ | ᠤ ᠮᠠᠨ ᠤ ᠤᠷᠤᠨ ᠳᠤ ᠢᠷᠡᠵᠤ ᠸᠢᠰᠠᠯᠠᠬᠤ᠂ ᠤᠷᠤᠰᠢᠨ ᠰᠠᠭᠤᠬᠤ ᠨᠦᠬᠦᠴᠡᠯ ᠪᠠᠷᠢᠮᠵᠢᠶ᠎ᠠ ᠶᠢ ᠠᠭᠤᠵᠢᠭᠤ ᠲᠠᠯᠪᠢᠵᠤ᠂ | ᠶᠠᠪᠤᠴᠠ ᠶᠢ ᠲᠦᠬᠦᠮᠴᠢᠯᠡᠨ᠂ ᠬᠠᠮᠢᠶ᠎ᠠ ᠪᠦᠬᠦᠢ ᠬᠦᠷᠳᠡᠬᠡᠮᠵᠢ ᠶᠢ ᠨᠡᠶᠢᠳᠡᠪᠦᠷᠢᠵᠢᠭᠤᠯᠤᠨ᠎ᠠ᠃ | ᠠᠰᠠᠭᠤᠯᠳᠠ᠄ ᠴᠢᠳᠡᠪᠦᠷᠢᠳᠡᠨ ᠤ ᠬᠡᠷᠡᠭᠯᠡᠯᠳᠡ ᠰᠢᠯᠵᠢᠯᠳᠡ ᠪᠤᠯ ᠴᠢᠳᠡᠪᠦᠷᠢᠳᠡᠨ ᠤ ᠬᠦᠭᠵᠢᠯᠳᠠ ᠶᠢᠨ | ᠴᠢᠬᠤᠯᠠ ᠭᠤᠬᠴᠤᠭ᠎ᠠ ᠪᠤᠯᠤᠨ᠎ᠠ᠃ ︽ᠬᠡᠷᠡᠭᠵᠢᠬᠦᠯᠬᠦ ᠰᠠᠨᠠᠯ︾ ᠳᠤ ᠴᠢᠳᠡᠪᠦᠷᠢᠳᠡᠨ ᠤ ᠵᠦᠢ ᠵᠤᠬᠢᠰᠳᠡᠢ ᠡᠮᠬᠢ | ᠲᠢᠭᠯᠢᠮ ᠲᠠᠢ ᠰᠢᠯᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠠᠪᠴᠢᠯ ᠳᠤᠷᠠᠳᠤᠭᠰᠠᠨ ᠪᠤᠢ︖ | ᠬᠠᠷᠢᠭᠤᠯᠳᠠ᠄ ᠴᠢᠳᠡᠪᠦᠷᠢᠳᠡᠨ ᠤ ᠰᠢᠯᠵᠢᠯᠳᠠ ᠨᠢ ᠮᠡᠷᠬᠡᠵᠢᠯ᠂ ᠬᠦᠷᠦᠩᠬᠡ ᠵᠡᠷᠬᠡ ᠦᠢᠯᠡᠳᠪᠦᠷᠢᠯᠡᠯ ᠤᠨ | ᠡᠯᠧᠮᠧᠨ᠋ᠲ ᠤᠨ ᠪᠦᠳᠦᠮᠵᠢᠳᠡᠢ ᠲᠦᠪᠯᠡᠷᠡᠬᠦ᠂ ᠴᠤᠭᠴᠠᠯᠠᠪᠤᠷᠢ ᠶᠢᠨ ᠰᠢᠯᠢᠳᠡᠭᠵᠢᠬᠦ ᠶᠢ ᠵᠢᠯᠤᠭᠤᠳᠬᠤ ᠪᠠ ᠠᠬᠢᠭᠤᠯᠵᠤ᠂ | ᠠᠵᠤ ᠠᠬᠤᠢ ᠨᠡᠶᠢᠬᠡᠮ ᠤᠨ ᠬᠦᠭᠵᠢᠯᠳᠠ ᠳᠤ ᠴᠢᠩᠭ᠎ᠠ ᠬᠦᠳᠡᠯᠬᠡᠬᠦ ᠬᠦᠴᠦᠨ ᠪᠤᠯᠳᠠᠭ᠃ ᠪᠢᠳᠡ ᠬᠦᠴᠦᠳᠡᠢ ᠠᠷᠭ᠎ᠠ | ᠬᠡᠮᠵᠢᠶ᠎ᠠ ᠠᠪᠴᠤ᠂ ᠴᠢᠳᠡᠪᠦᠷᠢᠳᠡᠨ ᠤ ᠡᠬᠢ ᠪᠠᠶᠠᠯᠢᠭ ᠤᠨ ᠵᠦᠢ ᠵᠤᠬᠢᠰᠳᠡᠢ ᠡᠮᠬᠢ ᠲᠢᠭᠯᠢᠮ ᠲᠠᠢ ᠰᠢᠯᠵᠢᠬᠦ ᠶᠢ | ᠠᠬᠢᠭᠤᠯᠵᠤ᠂ ᠴᠢᠳᠡᠪᠦᠷᠢᠳᠡᠨ ᠴᠤᠯᠭᠤᠷᠠᠨ ᠭᠠᠷᠬᠤ᠂ ᠴᠢᠳᠡᠪᠦᠷᠢ ᠪᠠᠨ ᠪᠦᠷᠢᠨ ᠪᠠᠳᠠᠷᠠᠭᠤᠯᠬᠤ᠂ ᠴᠢᠳᠡᠪᠦᠷᠢ ᠶᠢ | ᠪᠦᠷᠢᠨ ᠬᠡᠷᠡᠭᠯᠡᠬᠦ ᠳᠤ ᠠᠰᠢᠬᠳᠠᠢ ᠲᠦᠷᠦ ᠶᠢᠨ ᠪᠤᠳᠤᠯᠭ᠎ᠠ ᠶᠢᠨ ᠤᠷᠴᠢᠨ ᠲᠤᠭᠤᠷᠢᠨ ᠢ ᠢᠳᠡᠪᠬᠢᠳᠡᠢ ᠪᠤᠢ ᠪᠤᠯᠭᠠᠨ᠎ᠠ᠃ | ︽ᠬᠡᠷᠡᠭᠵᠢᠬᠦᠯᠬᠦ ᠰᠠᠨᠠᠯ︾ ᠳᠤ ᠴᠢᠳᠡᠪᠦᠷᠢᠳᠡᠨ ᠤ ᠬᠡᠷᠡᠭᠯᠡᠯᠳᠡ ᠰᠢᠯᠵᠢᠯᠳᠠ ᠶᠢᠨ ᠲᠤᠬᠳᠠᠴᠠ ᠶᠢ | ᠰᠠᠶᠢᠵᠢᠷᠠᠭᠤᠯᠤᠨ᠎ᠠ ᠬᠡᠵᠤ ᠲᠤᠷᠠᠳᠤᠬᠰᠠᠨ ᠪᠠᠶᠢᠨ᠎ᠠ᠃ ᠭᠤᠤᠯᠳᠠᠭᠤ ᠲᠤᠤᠷᠠᠬᠢ ᠭᠤᠷᠪᠠᠨ ᠲᠠᠯ᠎ᠠ ᠠᠴᠠ ᠭᠠᠷᠳᠠᠵᠤ | ᠬᠢᠨ᠎ᠠ᠄ ᠨᠢᠬᠡ᠂ ᠴᠢᠳᠡᠪᠦᠷᠢᠳᠡᠨ ᠤ ᠰᠠᠭᠠᠳ ᠦᠬᠡᠢ ᠰᠢᠯᠵᠢᠬᠦ ᠲᠤᠬᠳᠠᠴᠠ ᠶᠢ ᠪᠦᠷᠢᠨᠰᠢᠬᠦᠯᠦᠨ᠎ᠠ᠃ ᠴᠢᠳᠡᠪᠦᠷᠢᠳᠡᠨ ᠤ | ᠰᠢᠯᠵᠢᠯᠳᠠ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠤᠷᠢᠵᠤ ᠲᠤᠮᠢᠯᠠᠬᠤ ᠲᠦᠷᠢᠮᠳᠤ ᠠᠯᠪᠠᠳᠠᠨ ᠤ | ᠲᠤᠷᠰᠢᠯᠳᠠ ᠶᠢᠨ ᠴᠢᠭ᠋ ᠢ ᠦᠷᠨᠢᠬᠦᠯᠦᠨ᠎ᠠ᠃ ᠨᠢᠬᠡᠴᠡ᠂ ᠰᠠᠯᠠᠭ᠎ᠠ ᠮᠦᠴᠢᠷ ᠪᠤᠯᠤᠨ ᠦᠮᠴᠢᠯᠡᠯ ᠤᠨ ᠪᠠᠶᠢᠭᠤᠯᠤᠯ ᠤᠨ | ᠬᠢᠵᠠᠭᠠᠷ ᠢ ᠡᠪᠳᠡᠵᠤ᠂ ᠡᠷᠦᠬᠡ ᠠᠮᠠ᠂ ᠤᠷᠤᠨ ᠪᠦᠰᠡ᠂ ᠪᠠᠶ᠎ᠠ ᠶᠢᠨ ᠭᠠᠷᠤᠯ᠂ ᠰᠤᠷᠤᠯᠭ᠎ᠠ ᠶᠢᠨ ᠨᠠᠮᠳᠠᠷ᠂ | ᠠᠵᠢᠯᠳᠠᠨ ᠤ ᠬᠠᠮᠢᠶᠠᠷᠤᠯᠳᠠ ᠶᠢᠨ ᠬᠠᠷᠢᠴᠠᠭ᠎ᠠ ᠵᠡᠷᠬᠡ ᠬᠦᠯᠢᠶᠡᠰᠦᠯᠡᠯ ᠢ ᠲᠡᠪᠡᠵᠤ᠂ ᠡᠯ᠎ᠡ ᠲᠦᠷᠦᠯ ᠤᠨ | ᠴᠢᠳᠡᠪᠦᠷᠢᠳᠡᠨ ᠤ ᠵᠦᠢ ᠵᠤᠬᠢᠰᠳᠡᠢ ᠰᠢᠯᠵᠢᠬᠦ ᠶᠢ ᠠᠬᠢᠭᠤᠯᠤᠨ᠎ᠠ᠃ ︽ᠲᠠᠯ᠎ᠠ ᠨᠤᠳᠤᠭ ᠤᠨ ᠴᠢᠳᠡᠪᠦᠷᠢᠳᠠᠨ︾ ᠤ | ᠦᠢᠯᠡᠴᠢᠯᠡᠭᠡ ᠶᠢᠨ ᠦᠨᠳᠦᠰᠦᠨ ᠱᠠᠳᠤᠨ ᠤ ᠲᠤᠬᠳᠠᠴᠠ ᠶᠢ ᠪᠠᠶᠢᠭᠤᠯᠵᠤ᠂ ︽ᠴᠢᠳᠡᠪᠦᠷᠢᠳᠡᠨ ᠤ ᠤᠨᠢᠨ ᠲᠡᠭᠡᠷ᠎ᠡ ᠨᠢ | ᠤᠶᠤᠨ ᠢ ᠲᠡᠳᠬᠦᠬᠦ ᠠᠵᠢᠯᠯᠠᠭ᠎ᠠ ᠶᠢᠨ ᠲᠦᠯᠦᠪᠯᠡᠭᠡ︾ ᠶᠢ ᠬᠦᠨᠵᠡᠬᠡᠶᠢᠷᠡᠬᠦᠯᠦᠨ ᠬᠡᠷᠡᠭᠵᠢᠬᠦᠯᠦᠨ᠎ᠠ᠃ ᠬᠤᠶᠠᠷ᠂ | ᠵᠠᠰᠠᠭ ᠵᠠᠬᠢᠷᠭ᠎ᠠ ᠦᠶᠯᠡᠳᠪᠦᠷᠢᠯᠡᠯ ᠤᠨ ᠤᠬᠠᠭᠠᠨ ᠤ ᠰᠤᠳᠤᠯᠤᠯ ᠤᠨ ᠴᠢᠳᠡᠪᠦᠷᠢᠳᠡᠨ ᠤ ᠬᠠᠮᠳᠤᠷᠠᠯᠴᠠᠬᠤ ᠲᠦᠷᠢᠮ ᠢ | ᠪᠦᠷᠢᠨᠰᠢᠬᠦᠯᠦᠨ᠎ᠠ᠃ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠪᠠᠷᠢᠯᠭ᠎ᠠ ᠶᠢᠨ ᠮᠡᠷᠬᠡᠵᠢᠯ ᠤᠨ ᠰᠤᠳᠤᠯᠬᠤ | ᠲᠦᠪ᠂ ᠪᠠᠷᠢᠯᠭ᠎ᠠ ᠶᠢᠨ ᠲᠤᠷᠰᠢᠯᠳᠠ ᠶᠢᠨ ᠲᠠᠰᠤᠭ᠂ ᠠᠵᠤ ᠠᠬᠤᠶᠢᠯᠠᠯ ᠤᠨ ᠮᠡᠷᠬᠡᠵᠢᠯ ᠤᠨ ᠲᠦᠪ ᠵᠡᠷᠬᠡ ᠡᠯ᠎ᠡ | ᠲᠦᠷᠦᠯ ᠤᠨ ᠰᠢᠨ᠎ᠠ ᠶᠢ ᠡᠬᠦᠳᠬᠦ ᠲᠠᠪᠴᠠᠩ ᠤᠨ ᠪᠦᠳᠦᠬᠡᠨ ᠪᠠᠶᠢᠭᠤᠯᠤᠯᠳᠠ ᠪᠤᠯᠤᠨ ᠲᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠶᠡᠭᠡ ᠲᠡᠭᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠵᠠᠰᠠᠭ ᠤᠨ | ᠤᠷᠳᠤᠨ᠂ ᠠᠵᠤ ᠠᠬᠤᠶᠢᠯᠠᠯ ᠯᠤᠭ᠎ᠠ ᠬᠠᠮᠳᠤᠷᠠᠨ ᠬᠠᠮᠳᠤᠷᠠᠯᠴᠠᠭᠠᠨ ᠤ ᠲᠦᠷᠦᠯ ᠵᠦᠢᠯ᠂ ᠳᠠᠳᠤᠯᠭ᠎ᠠ ᠶᠢᠨ ᠰᠠᠭᠤᠷᠢᠨ | ᠪᠤᠯᠤᠨ ᠲᠤᠷᠰᠢᠯᠳᠠ ᠶᠢᠨ ᠰᠠᠭᠤᠷᠢᠨ ᠪᠠᠶᠢᠭᠤᠯᠬᠤ ᠶᠢ ᠵᠢᠯᠤᠭᠤᠳᠬᠤ ᠪᠠ ᠵᠤᠷᠢᠬᠵᠢᠭᠤᠯᠤᠨ᠂ ᠠᠵᠤ ᠠᠬᠤᠶᠢᠯᠠᠯ ᠤᠨ | ᠶᠡᠭᠡ ᠲᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠯᠤᠭ᠎ᠠ ᠬᠠᠮᠳᠤᠷᠠᠨ ᠠᠺᠠᠳᠧᠮᠢᠴᠢ | ᠲᠤᠰᠬᠠᠢ ᠮᠡᠷᠬᠡᠵᠢᠯᠳᠠᠨ ᠤ ᠠᠵᠢᠯᠯᠠᠬᠤ ᠦᠷᠳᠡᠭᠡ᠂ ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠳᠠ ᠶᠢᠨ | ᠲᠠᠰᠤᠭ᠂ ᠪᠠᠷᠢᠯᠭ᠎ᠠ ᠶᠢᠨ ᠮᠡᠷᠬᠡᠵᠢᠯ ᠤᠨ ᠰᠤᠳᠤᠯᠤᠨ ᠨᠡᠬᠡᠬᠡᠬᠦ ᠲᠦᠪ᠂ ᠮᠡᠷᠬᠡᠵᠢᠯᠳᠡᠨ ᠤ ᠠᠵᠢᠯᠯᠠᠬᠤ ᠲᠠᠰᠤᠭ | ᠪᠤᠯᠤᠨ ᠦᠢᠯᠡᠳᠪᠦᠷᠢᠯᠡᠯ ᠤᠨ ᠤᠬᠠᠭᠠᠨ ᠤ ᠰᠤᠳᠤᠯᠤᠯ ᠤᠨ ᠬᠠᠮᠳᠤᠷᠠᠯᠴᠠᠬᠤ ᠰᠠᠭᠤᠷᠢᠨ ᠢ ᠪᠠᠶᠢᠭᠤᠯᠬᠤ ᠶᠢ | ᠵᠤᠷᠢᠬᠵᠢᠭᠤᠯᠤᠨ᠎ᠠ᠃ ᠭᠤᠷᠪᠠ ᠠᠵᠢᠯ ᠦᠢᠯᠡᠰ ᠤᠨ ᠨᠢᠬᠡᠴᠡ ᠶᠢᠨ ᠴᠢᠳᠡᠪᠦᠷᠢᠳᠡᠨ ᠤ ᠠᠵᠢᠯ ᠤᠨ ᠪᠠᠶᠢᠷᠢ ᠠᠴᠠ ᠪᠠᠨ | ᠰᠠᠯᠵᠤ ᠦᠢᠯᠡᠰ ᠪᠤᠰᠬᠠᠬᠤ ᠶᠢ ᠵᠤᠷᠢᠬᠵᠢᠭᠤᠯᠤᠨ᠎ᠠ᠃ ᠨᠦᠬᠦᠴᠡᠯ ᠳᠤ ᠨᠠᠶᠢᠴᠡᠬᠦ ᠶᠡᠭᠡ ᠲᠡᠬᠡᠳᠤ ᠰᠤᠷᠭᠠᠭᠤᠯᠢ᠂ | ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠡᠷᠳᠡᠮ ᠰᠢᠨᠵᠢᠯᠡᠬᠡᠨ ᠤ ᠠᠵᠢᠯᠳᠠᠳ ᠪᠠᠶᠢᠭ᠎ᠠ ᠨᠢᠬᠡᠴᠡ ᠪᠤᠯᠤᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠵᠤ᠂ ᠡᠷᠳᠡᠮ ᠰᠢᠨᠵᠢᠯᠡᠬᠡᠨ ᠤ ᠲᠦᠷᠦᠯ ᠵᠦᠢᠯ | ᠪᠤᠯᠤᠨ ᠦᠷ᠎ᠠ ᠪᠦᠳᠦᠬᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠵᠤ ᠦᠢᠯᠡᠰ ᠪᠤᠰᠬᠠᠵᠤ ᠪᠤᠯᠬᠤ | ᠮᠦᠷᠳᠡᠬᠡᠨ ᠤᠤᠯ ᠨᠢᠬᠡᠴᠡ ᠳᠠᠬᠢ ᠬᠠᠮᠢᠶ᠎ᠠ ᠪᠦᠬᠦᠢ ᠡᠷᠬᠡ ᠠᠰᠢᠭ ᠪᠤᠯᠤᠨ ᠤᠯᠭᠤᠮᠵᠢ ᠪᠠᠨ ᠬᠠᠳᠠᠭᠠᠯᠠᠨ᠎ᠠ᠃ ᠶᠡᠭᠡ | ᠲᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠵᠤᠬᠢᠬᠤ ᠬᠠᠷᠢᠴᠠᠯ ᠪᠦᠬᠦᠢ ᠨᠡᠬᠦᠳᠡᠯ ᠠᠵᠢᠯ | ᠤᠨ ᠪᠠᠶᠢᠷᠢ ᠭᠠᠷᠭᠠᠵᠤ᠂ ᠰᠢᠨ᠎ᠠ ᠶᠢ ᠡᠬᠦᠳᠦᠭᠰᠡᠨ ᠦᠢᠯᠡᠳᠦᠯᠬᠡ ᠲᠤᠷᠰᠢᠯᠭ᠎ᠠ ᠲᠠᠢ ᠠᠵᠤ ᠠᠬᠤᠶᠢᠯᠠᠯᠳᠠᠨ᠂ | ᠰᠢᠨᠵᠢᠯᠡᠬᠦ ᠤᠬᠠᠭᠠᠨ ᠮᠡᠷᠬᠡᠵᠢᠯ ᠤᠨ ᠴᠢᠳᠡᠪᠦᠷᠢᠳᠡᠨ ᠢ ᠲᠡᠳᠡᠵᠤ ᠲᠤᠰᠢᠶᠠᠯ ᠬᠠᠪᠰᠤᠷᠭᠠᠬᠤ ᠶᠢ ᠵᠦᠪᠰᠢᠶᠡᠷᠡᠨ᠎ᠡ᠃ | ᠠᠰᠠᠭᠤᠯᠳᠠ᠄ ᠤᠳᠤᠬᠠᠨ ᠳᠤ᠂ ᠴᠢᠳᠡᠪᠦᠷᠢᠳᠡᠨ ᠢ ᠦᠨᠡᠯᠡᠬᠦ ᠪᠠᠷᠢᠮᠵᠢᠶ᠎ᠠ ᠲᠠᠩ ᠴᠤᠯᠭᠤᠢ᠂ ᠨᠢᠳᠤᠨ ᠡᠮᠦᠨᠡᠭᠢ | ᠠᠮᠵᠢᠯᠳᠠ ᠪᠦᠳᠦᠮᠵᠢ ᠠᠰᠢᠭ ᠲᠤᠰᠠ ᠶᠢ ᠬᠠᠷᠠᠬᠤ᠂ ᠤᠷᠮᠠᠰᠢᠭᠤᠯᠤᠨ ᠵᠤᠷᠢᠬᠵᠢᠭᠤᠯᠬᠤ ᠪᠠᠳᠤᠯᠠᠪᠤᠷᠢ ᠶᠢᠨ | ᠬᠦᠴᠦᠯᠡᠴᠡ ᠬᠦᠷᠦᠯᠴᠡᠬᠦ ᠦᠭᠡᠢ ᠵᠡᠷᠭᠡ ᠠᠰᠠᠭᠤᠳᠠᠯ ᠨᠡᠯᠢᠶᠡᠳ ᠲᠣᠪᠣᠶᠢᠮ᠎ᠠ ᠤᠷᠤᠰᠢᠵᠤ ᠪᠠᠶᠢᠨ᠎ᠠ᠃ ᠲᠡᠭᠡᠪᠡᠯ ︽ | ᠬᠡᠷᠡᠭᠵᠢᠭᠦᠯᠬᠦ ᠰᠠᠨᠠᠯ︾ ᠳᠤ ᠰᠢᠨ᠎ᠡ ᠶᠢ ᠡᠭᠦᠳᠬᠦ ᠴᠢᠳᠡᠪᠦᠷᠢᠳᠡᠨ ᠢ ᠦᠨᠡᠯᠡᠬᠦ ᠵᠤᠷᠢᠬᠵᠢᠭᠤᠯᠬᠤ ᠲᠠᠯ᠎ᠠ ᠪᠠᠷ ᠶᠠᠮᠠᠷ | ᠶᠠᠮᠠᠷ ᠴᠢᠬᠤᠯᠠ ᠠᠷᠭ᠎ᠠ ᠬᠡᠮᠵᠢᠶ᠎ᠡ ᠳᠤᠷᠠᠳᠴᠤ ᠭᠠᠷᠭᠠᠭᠰᠠᠨ ᠪᠣᠢ︖ | ᠬᠠᠷᠢᠭᠤᠯᠳᠠ᠄ ᠴᠢᠳᠡᠪᠦᠷᠢᠳᠡᠨ ᠢ ᠦᠨᠡᠯᠡᠨ ᠵᠤᠷᠢᠬᠵᠢᠭᠤᠯᠬᠤ ᠪᠤᠯ ᠴᠢᠳᠡᠪᠦᠷᠢᠳᠡᠨ ᠤ ᠬᠦᠭᠵᠢᠯᠳᠡ ᠶᠢᠨ | ᠵᠠᠩᠬᠢᠯᠠᠭ᠎ᠠ ᠶᠢᠨ ᠭᠤᠬᠴᠤᠭ᠎ᠠ ᠪᠤᠯᠤᠨ᠎ᠠ᠂ ᠮᠦᠨ ᠴᠢᠳᠡᠪᠦᠷᠢᠳᠡᠨ ᠢ ᠭᠦᠮᠦᠵᠢᠭᠦᠯᠬᠦ᠂ ᠲᠠᠳᠠᠬᠤ᠂ ᠬᠡᠷᠡᠭᠯᠡᠬᠦ ᠶᠢᠨ | ᠴᠢᠬᠤᠯᠠ ᠦᠨᠳᠦᠰᠦᠯᠡᠯ ᠮᠦᠨ᠃ ᠴᠢᠳᠡᠪᠦᠷᠢᠳᠡᠨ ᠤ ᠦᠨ᠎ᠡ ᠦᠷᠳᠡᠭ ᠢ ᠬᠦᠢᠴᠡᠳ ᠬᠦᠨᠳᠦᠳᠭᠡᠬᠦ ᠪᠡ | ᠢᠯᠡᠷᠡᠭᠦᠯᠬᠦ ᠳᠤ᠂ ᠶᠤᠰᠤ ᠰᠤᠷᠳᠠᠬᠤᠨ᠂ ᠴᠢᠳᠡᠪᠦᠷᠢ᠂ ᠠᠵᠢᠯ ᠤᠨ ᠬᠢᠷᠢ ᠪᠦᠳᠦᠮᠵᠢ ᠪᠠᠷ ᠭᠤᠤᠯ ᠪᠤᠯᠭᠠᠬᠰᠠᠨ | ᠴᠢᠳᠡᠪᠦᠷᠢᠳᠡᠨ ᠢ ᠦᠨᠡᠯᠡᠬᠦ ᠲᠤᠬᠳᠠᠴᠠ ᠪᠡ ᠴᠢᠳᠠᠪᠦᠷᠢᠳᠠᠨ ᠢ ᠬᠦᠨᠳᠦᠳᠭᠡᠬᠦ᠂ ᠴᠢᠳᠡᠪᠦᠷᠢᠳᠡᠨ ᠤ ᠦᠨ᠎ᠡ ᠦᠷᠳᠡᠭ ᠢ | ᠢᠯᠡᠷᠡᠭᠦᠯᠵᠦ ᠴᠢᠳᠠᠬᠤᠶᠢᠴᠡ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠵᠤᠷᠢᠬᠵᠢᠭᠤᠯᠬᠤ ᠲᠤᠬᠳᠠᠴᠠ ᠶᠢᠨ | ᠪᠠᠶᠢᠭᠤᠯᠤᠯᠳᠠ ᠶᠢ ᠲᠦᠷᠭᠡᠳᠭᠡᠵᠦ᠂ ᠬᠤᠪᠢ ᠨᠡᠮᠡᠷᠢ ᠦᠵᠡᠭᠦᠯᠦᠭᠰᠡᠨ ᠴᠢᠳᠡᠪᠦᠷᠢᠳᠡᠨ ᠤ ᠠᠮᠵᠢᠯᠳᠠ ᠪᠦᠳᠦᠮᠵᠢ ᠶᠢᠨ | ᠲᠦᠷᠦᠭᠳᠡᠯ ᠪᠤᠯᠤᠨ ᠬᠦᠷᠳᠡᠮᠵᠢ ᠶᠢᠨ ᠲᠦᠷᠦᠭᠳᠡᠯ ᠢ ᠪᠤᠢ ᠪᠤᠯᠭᠠᠵᠤ᠂ ᠡᠯ᠎ᠡ ᠲᠦᠷᠦᠯ ᠤᠨ ᠴᠢᠳᠡᠪᠦᠷᠢᠳᠡᠨ ᠤ ᠠᠵᠢᠯ | ᠬᠢᠵᠦ ᠦᠢᠯᠡᠰ ᠪᠤᠰᠬᠠᠬᠤ ᠶᠢ ᠬᠦᠳᠦᠯᠦᠨ ᠲᠠᠭᠠᠭᠤᠯᠬᠤ ᠪᠡ ᠠᠬᠢᠭᠤᠯᠤᠨ ᠬᠦᠭᠵᠢᠭᠦᠯᠦᠨ᠎ᠡ᠃ ︽ᠬᠡᠷᠡᠭᠵᠢᠭᠦᠯᠬᠦ | ᠰᠠᠨᠠᠯ︾ ᠳᠤ᠂ ᠰᠢᠨ᠎ᠡ ᠶᠢ ᠡᠭᠦᠳᠭᠦ ᠴᠢᠳᠡᠪᠦᠷᠢᠳᠡᠨ ᠢ ᠦᠨᠡᠯᠡᠬᠦ ᠵᠤᠷᠢᠬᠵᠢᠭᠤᠯᠬᠤ ᠲᠤᠬᠳᠠᠴᠠ ᠶᠢ ᠲᠦᠷᠪᠡᠨ ᠲᠠᠯ᠎ᠠ | ᠠᠴᠠ ᠴᠢᠬᠤᠯᠠᠴᠢᠯᠠᠨ ᠲᠤᠷᠠᠳᠤᠬᠰᠠᠨ ᠪᠠᠶᠢᠨ᠎ᠠ᠃ ᠨᠢᠭᠡ ᠳᠤ᠂ ᠴᠢᠳᠡᠪᠦᠷᠢᠳᠡᠨ ᠢ ᠦᠨᠡᠯᠡᠬᠦ ᠰᠢᠨᠵᠢᠯᠠᠬᠦ ᠤᠬᠠᠭᠠᠨᠴᠢ | ᠲᠤᠬᠳᠠᠴᠠ ᠶᠢ ᠪᠠᠶᠢᠭᠤᠯᠤᠨ᠎ᠠ᠃ ᠴᠢᠳᠠᠪᠦᠷᠢᠳᠠᠨ ᠢ ᠦᠨᠡᠯᠡᠬᠦ ᠲᠤᠬᠳᠠᠴᠠ ᠶᠢᠨ ᠦᠭᠡᠷᠡᠴᠢᠯᠡᠯᠳᠡ ᠶᠢ ᠲᠦᠷᠦᠯ | ᠬᠤᠪᠢᠶᠠᠨ ᠠᠬᠢᠭᠤᠯᠬᠤ ᠬᠡᠷᠡᠭᠵᠢᠭᠦᠯᠬᠦ ᠰᠠᠨᠠᠯ ᠢ ᠰᠤᠳᠤᠯᠤᠨ ᠲᠤᠬᠳᠠᠭᠠᠵᠤ᠂ ᠬᠡᠷᠡᠭᠯᠡᠭᠡᠨ ᠤ ᠬᠡᠯᠪᠡᠷᠢ ᠶᠢᠨ | ᠴᠢᠳᠠᠪᠦᠷᠢᠳᠠᠨ ᠢ ᠦᠨᠡᠯᠡᠬᠦ ᠳᠤ ᠦᠭᠦᠯᠡᠯ ᠵᠡᠷᠭᠡ ᠪᠠᠷ ᠬᠢᠵᠠᠭᠠᠷᠯᠠᠬᠤ ᠨᠦᠭᠦᠴᠡᠯ ᠪᠤᠯᠭᠠᠬᠤ ᠦᠭᠡᠢ᠂ ᠰᠤᠷᠤᠯᠭ᠎ᠠ ᠶᠢᠨ | ᠨᠠᠮᠲᠠᠷ ᠢ ᠯᠡ ᠦᠵᠡᠬᠦ᠂ ᠮᠡᠷᠭᠡᠵᠢᠯ ᠤᠨ ᠴᠤᠯᠠ ᠶᠢ ᠯᠡ ᠦᠵᠡᠬᠦ᠂ ᠦᠭᠦᠯᠡᠯ ᠢ ᠯᠡ ᠦᠵᠡᠬᠦ ᠵᠡᠷᠭᠡ ᠬᠡᠯᠪᠡᠷᠢᠯ ᠢ | ᠢᠯᠠᠨ ᠲᠠᠪᠠᠨ᠎ᠠ᠃ ᠴᠢᠳᠠᠪᠦᠷᠢᠳᠠᠨ ᠢ ᠦᠨᠡᠯᠡᠬᠦ ᠪᠠᠷᠢᠮᠵᠢᠶ᠎ᠠ ᠪᠡ ᠠᠷᠭ᠎ᠠ ᠬᠡᠯᠪᠡᠷᠢ ᠶᠢ ᠲᠡᠭᠦᠯᠳᠡᠷᠵᠢᠭᠦᠯᠦᠨ᠂ ᠲᠤᠰᠬᠠᠢ | ᠮᠡᠷᠭᠡᠵᠢᠯ ᠤᠨ ᠴᠢᠨᠡᠷ ᠢᠶᠠᠷ ᠨᠡᠯᠢᠶᠡᠳ ᠴᠢᠩᠭ᠎ᠠ᠂ ᠢᠳᠡᠭᠡᠮᠵᠢ ᠪᠠᠷ ᠨᠡᠯᠢᠶᠡᠳ ᠦᠨᠳᠦᠷ ᠭᠤᠷᠪᠠᠳᠤᠭᠠᠷ ᠡᠳᠡᠭᠡᠳ ᠤᠨ | ᠪᠠᠶᠢᠭᠤᠯᠤᠮᠵᠢ ᠴᠢᠳᠡᠪᠦᠷᠢᠳᠡᠨ ᠢ ᠰᠢᠯᠭᠠᠨ ᠦᠨᠡᠯᠡᠬᠦ ᠳᠤ ᠤᠷᠤᠯᠴᠠᠬᠤ ᠶᠢ ᠵᠤᠷᠢᠬᠵᠢᠭᠤᠯᠤᠨ᠎ᠠ᠃ ᠠᠵᠢᠯ ᠨᠢᠭᠡᠳᠡᠨ ᠤ | ᠦᠨᠡᠯᠡᠯᠳᠡ ᠪᠡ ᠲᠦᠯᠦᠭᠡᠯᠡᠬᠦ ᠴᠢᠨᠡᠷᠳᠡᠢ ᠪᠦᠳᠦᠭᠡᠯ ᠢᠶᠠᠷ ᠨᠢ ᠦᠨᠡᠯᠡᠯᠳᠡ ᠦᠭᠬᠦ ᠶᠢ ᠬᠡᠷᠡᠭᠵᠢᠭᠦᠯᠦᠨ᠎ᠠ᠃ ᠦᠨᠡᠯᠡᠨ | ᠬᠢᠨᠠᠬᠤ ᠲᠤᠰᠬᠠᠢ ᠮᠡᠷᠭᠡᠵᠢᠯᠳᠡᠨ ᠤ ᠳ᠋ᠠᠶᠢᠲ᠋ᠠ ᠬᠦᠮᠦᠷᠭᠡ ᠶᠢᠨ ᠪᠠᠶᠢᠭᠤᠯᠤᠯᠳᠠ ᠶᠢ ᠴᠢᠩᠭᠠᠳᠬᠠᠨ᠂ ᠦᠨᠡᠯᠡᠬᠦ | ᠬᠠᠷᠢᠭᠤᠴᠠᠯᠭ᠎ᠠ ᠪᠠ ᠢᠳᠡᠭᠡᠮᠵᠢ ᠶᠢᠨ ᠲᠦᠷᠢᠮ ᠢ ᠪᠠᠶᠢᠭᠤᠯᠤᠨ᠎ᠠ᠃ ᠬᠤᠶᠠᠷ ᠲᠤ᠂ ᠮᠡᠷᠭᠡᠵᠢᠯ ᠤᠨ ᠴᠤᠯᠠ ᠶᠢᠨ | ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠮᠡᠷᠭᠡᠵᠢᠯ ᠤᠨ ᠴᠤᠯᠠ ᠶᠢᠨ ᠲᠦᠷᠢᠮ ᠤᠨ | ᠦᠭᠡᠷᠡᠴᠢᠯᠡᠯᠳᠡ ᠶᠢ ᠴᠢᠩᠭᠠᠳᠬᠠᠬᠤ ᠲᠤᠬᠠᠢ ᠰᠠᠨᠠᠯ ᠢ ᠲᠤᠬᠳᠠᠭᠠᠨ᠂ ᠮᠡᠷᠭᠡᠵᠢᠯ ᠤᠨ ᠴᠤᠯᠠ ᠶᠢᠨ ᠲᠦᠷᠢᠮ ᠤᠨ | ᠰᠢᠰᠲ᠋ᠧᠮᠵᠢ ᠶᠢ ᠪᠦᠷᠢᠨᠰᠢᠭᠦᠯᠵᠦ᠂ ᠮᠡᠷᠭᠡᠵᠢᠯ ᠤᠨ ᠴᠤᠯᠠ ᠶᠢ ᠦᠨᠡᠯᠡᠨ ᠬᠢᠨᠠᠬᠤ ᠨᠦᠭᠦᠴᠡᠯ ᠳᠤ ᠵᠠᠰᠠᠪᠤᠷᠢ | ᠤᠷᠤᠭᠤᠯᠤᠨ᠎ᠠ᠃ ᠮᠡᠷᠭᠡᠵᠢᠯ ᠤᠨ ᠴᠤᠯᠠ ᠶᠢ ᠦᠨᠡᠯᠡᠬᠦ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠮᠡᠷᠬᠡᠵᠢᠯ ᠤᠨ | ᠴᠤᠯᠠ ᠶᠢ ᠦᠨᠡᠯᠡᠬᠦ ᠬᠦᠮᠦᠰ ᠤᠨ ᠬᠦᠷᠢᠶ᠎ᠠ ᠬᠡᠪᠴᠢᠶ᠎ᠠ ᠶᠢ ᠦᠷᠭᠡᠵᠢᠬᠦᠯᠵᠦ᠂ ᠮᠡᠷᠬᠡᠵᠢᠯ ᠤᠨ ᠴᠤᠯᠠ ᠶᠢ ᠦᠨᠡᠯᠡᠨ | ᠬᠢᠨᠠᠬᠤ ᠶᠢ ᠨᠡᠶᠢᠬᠡᠮᠴᠢᠯᠡᠬᠦ ᠶᠢ ᠠᠬᠢᠭᠤᠯᠤᠨ᠂ ᠮᠡᠷᠬᠡᠵᠢᠯ ᠤᠨ ᠴᠤᠯᠠ ᠶᠢ ᠦᠨᠡᠯᠡᠨ ᠬᠢᠨᠠᠬᠤ ᠳᠤ ᠬᠢᠨᠠᠯᠳᠠ ᠲᠠᠯᠪᠢᠬᠤ ᠶᠢ | ᠴᠢᠩᠭᠠᠳᠬᠠᠵᠦ᠂ ᠮᠡᠷᠬᠡᠵᠢᠯ ᠤᠨ ᠴᠤᠯᠠ ᠶᠢ ᠦᠨᠡᠯᠡᠨ ᠬᠢᠨᠠᠬᠤ ᠡᠷᠬᠡ ᠶᠢᠨ ᠬᠢᠵᠠᠭᠠᠷᠯᠠᠯ ᠢ ᠵᠤᠬᠢᠰᠳᠠᠢ ᠰᠤᠯᠠᠷᠠᠭᠤᠯᠤᠨ᠎ᠠ᠃ | ᠦᠬᠦᠯᠡᠯ᠂ ᠡᠷᠳᠡᠮ ᠰᠢᠨᠵᠢᠯᠡᠭᠡᠨ᠂ ᠮᠡᠷᠬᠡᠵᠢᠯ ᠤᠨ ᠴᠤᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠬᠡᠨ | ᠤ ᠴᠢᠳᠠᠪᠤᠷᠢ ᠶᠢᠨ ᠰᠢᠯᠭᠠᠯᠳᠠ ᠳᠤ ᠨᠢᠬᠡᠳᠦᠯᠳᠡᠢ ᠱᠠᠭᠠᠷᠳᠠᠯᠭ᠎ᠠ ᠲᠠᠯᠪᠢᠬᠤ ᠦᠬᠡᠢ᠃ ᠭᠤᠷᠪᠠ ᠳᠤ᠂ ᠰᠢᠨ᠎ᠠ | ᠡᠭᠦᠳᠦᠯᠳᠡ ᠶᠢᠨ ᠦᠷ᠎ᠠ ᠪᠦᠲᠦᠬᠡᠯ ᠢ ᠬᠤᠪᠢᠷᠠᠭᠤᠯᠬᠤ ᠲᠤᠬᠳᠠᠴᠠ ᠶᠢ ᠪᠠᠶᠢᠭᠤᠯᠤᠨ᠎ᠠ᠃ ᠪᠤᠳᠠᠳᠤ ᠬᠡᠷᠡᠭᠯᠡᠬᠡᠨ ᠤ | ᠲᠡᠭᠡᠳᠤ ᠰᠢᠨ᠎ᠠ ᠮᠡᠷᠬᠡᠵᠢᠯ ᠤᠨ ᠦᠷ᠎ᠠ ᠪᠦᠲᠦᠬᠡᠯ ᠢ ᠬᠤᠪᠢᠷᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠰᠢᠨᠵᠢᠯᠡᠬᠦ | ᠤᠬᠠᠭᠠᠨ ᠮᠡᠷᠬᠡᠵᠢᠯ ᠤᠨ ᠦᠷ᠎ᠠ ᠪᠦᠲᠦᠬᠡᠯ ᠢ ᠰᠢᠯᠵᠢᠬᠦᠯᠦᠨ ᠬᠤᠪᠢᠷᠠᠭᠤᠯᠬᠤ ᠵᠠᠬ᠎ᠠ ᠲᠡᠯᠬᠡᠬᠦᠷ ᠢᠶᠠᠷ ᠦᠨ᠎ᠠ | ᠬᠠᠩᠰᠢ ᠶᠢ ᠲᠤᠭᠳᠠᠭᠠᠬᠤ ᠲᠤᠬᠳᠠᠴᠠ ᠶᠢ ᠰᠦᠪᠡᠭᠴᠢᠯᠡᠨ ᠪᠠᠶᠢᠭᠤᠯᠤᠨ᠎ᠠ᠃ ᠵᠠᠬ᠎ᠠ ᠲᠡᠯᠬᠡᠬᠦᠷᠴᠢᠯᠡᠭᠰᠡᠨ ᠤᠯᠤᠰ ᠤᠨ | ᠦᠮᠴᠢᠯᠡᠯ ᠤᠨ ᠮᠡᠷᠬᠡᠵᠢᠯ ᠤᠨ ᠲᠦᠷᠦᠯ ᠤᠨ ᠬᠡᠯᠪᠡᠷᠢᠬᠦᠢ ᠡᠳ᠋ ᠬᠦᠷᠦᠩᠬᠡ ᠶᠢ ᠬᠡᠯᠡᠯᠴᠡᠬᠡᠷ ᠢᠶᠠᠷ ᠰᠢᠯᠵᠢᠬᠦᠯᠦᠨ ᠦᠭᠬᠦ | ᠲᠦᠷᠢᠮ ᠢ ᠰᠦᠪᠡᠭᠴᠢᠯᠡᠨ ᠪᠠᠶᠢᠭᠤᠯᠵᠦ᠂ ᠬᠤᠪᠢ ᠬᠦᠮᠦᠨ ᠤ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠠ ᠪᠦᠲᠦᠬᠡᠯ᠂ | ᠮᠡᠳᠡᠯᠬᠡ ᠶᠢᠨ ᠦᠮᠴᠢᠯᠡᠯ ᠤᠨ ᠡᠷᠬᠡ ᠵᠡᠷᠬᠡ ᠬᠡᠯᠪᠡᠷᠢᠬᠦᠢ ᠡᠳ᠋ ᠬᠦᠷᠦᠩᠭᠡ ᠪᠠᠷ ᠢᠶᠠᠨ ᠬᠤᠪᠢ ᠤᠷᠤᠬᠤ ᠪᠠ | ᠰᠢᠯᠵᠢᠬᠦᠯᠦᠨ ᠦᠭᠬᠦ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠲᠤᠷᠰᠢᠨ ᠬᠡᠷᠡᠭᠵᠢᠬᠦᠯᠦᠨ᠎ᠠ᠃ ᠠᠵᠦ ᠠᠬᠤᠶᠢᠯᠠᠯ ᠤᠨ | ᠤᠷᠤᠯᠭ᠎ᠠ ᠶᠢᠨ ᠬᠤᠪᠢᠶᠠᠷᠢᠯᠠᠯᠳᠠ ᠶᠢᠨ ᠲᠦᠷᠢᠮ ᠢ ᠲᠡᠬᠦᠯᠳᠡᠷᠵᠢᠬᠦᠯᠵᠦ᠂ ᠬᠤᠪᠢᠴᠠᠭᠠᠳᠤ ᠡᠷᠬᠡ ᠪᠠ ᠠᠰᠢᠬ | ᠬᠤᠪᠢᠶᠠᠷᠢᠯᠠᠬᠤ ᠶᠢ ᠵᠤᠷᠢᠬᠵᠢᠭᠤᠯᠬᠤ ᠬᠡᠷᠡᠭᠵᠢᠬᠦᠯᠬᠦ ᠠᠷᠭ᠎ᠠ ᠶᠢ ᠰᠦᠪᠡᠭᠴᠢᠯᠡᠨ᠂ ᠰᠢᠨᠵᠢᠯᠡᠬᠦ ᠤᠬᠠᠭᠠᠨ ᠮᠡᠷᠬᠡᠵᠢᠯ | ᠤᠨ ᠦᠷ᠎ᠠ ᠪᠦᠲᠦᠬᠡᠯ ᠢ ᠬᠤᠪᠢᠷᠠᠭᠤᠯᠤᠭᠰᠠᠨ ᠦᠷ᠎ᠠ ᠠᠰᠢᠬ᠂ ᠬᠤᠪᠢᠶᠠᠷᠢᠯᠠᠯᠳᠠ ᠶᠢᠨ ᠠᠷᠭ᠎ᠠ ᠬᠡᠯᠪᠡᠷᠢ ᠶᠢ | ᠲᠤᠬᠳᠠᠭᠠᠨ᠎ᠠ᠃ ᠲᠦᠷᠪᠡ ᠳᠤ᠂ ᠴᠢᠳᠠᠪᠤᠷᠢᠳᠠᠨ ᠢ ᠱᠠᠩᠨᠠᠨ ᠬᠦᠬᠢᠬᠦᠯᠬᠦ ᠲᠤᠬᠳᠠᠴᠠ ᠶᠢᠨ ᠰᠢᠨ᠎ᠠ ᠶᠢ ᠡᠬᠦᠳᠦᠨ᠎ᠠ᠃ | ᠴᠢᠳᠠᠪᠤᠷᠢᠳᠠᠨ ᠢ ᠱᠠᠩᠨᠠᠨ ᠬᠦᠬᠢᠬᠦᠯᠬᠦ ᠰᠢᠰᠲ᠋ᠧᠮᠵᠢ ᠶᠢ ᠪᠦᠷᠢᠨᠰᠢᠬᠦᠯᠦᠨ᠂ ᠡᠯ᠎ᠠ ᠭᠠᠵᠠᠷ ᠤᠷᠤᠨ ᠤ ᠰᠢᠯᠢᠳᠡᠭ | ᠴᠢᠳᠠᠪᠤᠷᠢᠳᠠᠨ ᠢ ᠱᠠᠩᠨᠠᠨ ᠬᠦᠬᠢᠬᠦᠯᠬᠦ ᠬᠦᠴᠦᠯᠡᠴᠡ ᠪᠠᠨ ᠨᠡᠮᠡᠭᠳᠡᠬᠦᠯᠬᠦ ᠶᠢ ᠵᠤᠷᠢᠬᠵᠢᠭᠤᠯᠤᠨ᠂ ᠨᠡᠶᠢᠬᠡᠮ ᠤᠨ | ᠬᠦᠴᠤᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠤᠨ ᠱᠠᠩᠨᠠᠯ ᠬᠦᠬᠢᠬᠦᠯᠦᠯ ᠲᠤᠬᠢᠷᠠᠭᠤᠯᠬᠤ ᠶᠢ ᠲᠡᠮᠵᠢᠭᠦ | ᠪᠠ ᠵᠢᠷᠤᠮᠵᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠭᠠᠷᠮᠠᠭᠠᠢ ᠴᠢᠳᠠᠪᠤᠷᠢᠳᠠᠨ ᠤ ᠢᠷᠠᠭᠤ ᠠᠯᠳᠠᠷ ᠤᠨ | ᠱᠠᠩᠨᠠᠯ ᠬᠦᠬᠢᠬᠦᠯᠦᠯ ᠤᠨ ᠲᠦᠷᠢᠮ ᠢ ᠲᠡᠬᠦᠯᠳᠡᠷᠵᠢᠬᠦᠯᠦᠨ᠂ ᠭᠠᠷᠮᠠᠭᠠᠢ ᠬᠤᠪᠢ ᠨᠡᠮᠡᠷᠢ ᠪᠠ ᠴᠢᠬᠤᠯᠠ ᠶᠡᠭᠡ ᠬᠤᠪᠢ | ᠨᠡᠮᠡᠷᠢ ᠲᠠᠢ ᠰᠢᠯᠭᠠᠷᠠᠬᠰᠠᠨ ᠴᠢᠳᠠᠪᠤᠷᠢᠳᠠᠨ᠂ ᠰᠢᠯᠢᠳᠡᠭ ᠴᠢᠳᠠᠪᠤᠷᠢᠳᠠᠨ ᠳᠤ ᠱᠠᠩᠨᠠᠯ ᠬᠦᠬᠢᠬᠦᠯᠦᠯ ᠤᠯᠭᠤᠬᠤ ᠶᠢᠨ | ᠬᠠᠮᠳᠤ ᠢᠷᠠᠭᠤ ᠠᠯᠳᠠᠷ ᠤᠯᠭᠤᠨ᠎ᠠ᠃ | ᠠᠰᠠᠭᠤᠯᠳᠠ᠄ ᠴᠢᠳᠠᠪᠦᠷᠢᠳᠠᠨ ᠢ ᠤᠷᠢᠳᠠᠪᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ᠂ | ᠦᠢᠯᠠᠴᠢᠯᠡᠭᠡᠨ ᠤ ᠪᠠᠳᠤᠯᠠᠪᠤᠷᠢ ᠲᠤᠩ ᠴᠢᠬᠤᠯᠠ ᠪᠠᠶᠢᠳᠠᠭ᠃ ︽ᠬᠡᠷᠡᠭᠵᠢᠭᠦᠯᠬᠦ ᠰᠠᠨᠠᠯ︾ ᠳᠤ ᠡᠨᠡ ᠲᠠᠯ᠎ᠠ ᠪᠠᠷ ᠶᠠᠮᠠᠷ | ᠠᠷᠭ᠎ᠠ ᠬᠡᠮᠵᠢᠶ᠎ᠡ ᠳᠤᠷᠠᠳᠤᠭᠰᠠᠨ ᠪᠤᠢ︖ | ᠬᠠᠷᠢᠭᠤᠯᠳᠠ᠄ ᠴᠢᠳᠡᠪᠦᠷᠢᠳᠡᠨ ᠢ ᠤᠷᠢᠳᠠᠪᠠᠷ ᠭᠦᠭᠵᠢᠬᠦᠯᠬᠦ ᠳᠤ᠂ ᠪᠡᠯᠡ ᠤᠷᠤᠭᠤᠯᠤᠯᠳᠠ ᠶᠢ ᠤᠷᠢᠳᠠᠪᠡᠷ | ᠪᠠᠲᠤᠯᠠᠵᠤ ᠦᠢᠯᠡᠴᠢᠯᠡᠭᠡ ᠪᠠᠨ ᠴᠢᠩᠭᠠᠳᠬᠠᠬᠤ ᠬᠡᠷᠡᠭᠳᠡᠢ᠃ ᠴᠢᠳᠠᠪᠦᠷᠢᠳᠠᠨ ᠤ ᠦᠢᠯᠡᠴᠢᠯᠡᠭᠡᠨ ᠤ ᠪᠠᠳᠤᠯᠠᠪᠤᠷᠢ ᠪᠤᠯ | ᠴᠢᠳᠠᠪᠦᠷᠢᠳᠠᠨ ᠢ ᠤᠷᠢᠳᠠᠪᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠶᠢᠷᠡᠬᠦᠯᠦᠨ ᠬᠡᠷᠡᠭᠵᠢᠭᠦᠯᠬᠦ ᠶᠢᠨ | ᠴᠢᠬᠤᠯᠠ ᠰᠠᠭᠤᠷᠢ ᠮᠦᠨ᠃ ︽ᠬᠡᠷᠡᠭᠵᠢᠭᠦᠯᠬᠦ ᠰᠠᠨᠠᠯ︾ ᠳᠤ ᠴᠢᠳᠠᠪᠤᠷᠢᠲᠠᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ | ᠪᠠᠳᠤᠯᠠᠪᠤᠷᠢ ᠶᠢᠨ ᠲᠤᠬᠲᠠᠴᠠ ᠶᠢ ᠲᠤᠷᠠᠳᠴᠦ᠂ ᠭᠤᠤᠯᠳᠠᠭᠤ ᠲᠤᠤᠷᠠᠬᠢ ᠲᠦᠷᠪᠡᠨ ᠲᠠᠯ᠎ᠡ ᠠᠴᠠ ᠭᠠᠷᠳᠠᠵᠦ ᠬᠢᠨ᠎ᠡ᠄ | ᠨᠢᠭᠡ ᠳᠤ᠂ ᠴᠢᠳᠠᠪᠤᠷᠢᠲᠠᠨ ᠤ ᠪᠡᠯᠡ ᠤᠷᠤᠭᠤᠯᠤᠯᠲᠠ ᠶᠢᠨ ᠤᠯᠠᠨ ᠡᠰᠢᠵᠢᠭᠰᠡᠨ ᠲᠤᠬᠲᠠᠴᠠ ᠶᠢ ᠪᠠᠶᠢᠭᠤᠯᠤᠨ᠎ᠡ᠃ | ᠡᠯ᠎ᠡ ᠲᠦᠷᠦᠯ ᠤᠨ ᠴᠢᠳᠠᠪᠤᠷᠢᠲᠠᠨ ᠤ ᠢᠨᠵᠧᠨᠧᠷᠢᠩ᠂ ᠲᠦᠷᠦᠯ ᠵᠤᠶᠢᠯ᠂ ᠱᠠᠩᠨᠠᠯ ᠬᠦᠬᠢᠭᠦᠯᠦᠯ᠂ ᠳᠡᠮᠵᠢᠯᠭᠡ ᠶᠢᠨ | ᠪᠡᠯᠡ ᠮᠦᠡᠭᠭᠦ ᠶᠢ ᠨᠡᠶᠢᠳᠭᠡᠨᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠪᠠᠷ ᠤᠳᠤᠷᠢᠳᠤᠮᠵᠢ ᠪᠤᠯᠭᠠᠬᠰᠡᠨ᠂ | ᠬᠦᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠶᠢᠨ ᠪᠡᠯᠡ ᠤᠷᠤᠭᠤᠯᠤᠯᠲᠠ ᠪᠠᠷ ᠭᠤᠤᠯ ᠴᠤᠬᠴᠠ ᠪᠤᠯᠭᠠᠬᠰᠡᠨ ᠤᠯᠠᠨ | ᠡᠰᠢᠵᠢᠭᠰᠡᠨ ᠪᠡᠯᠡ ᠤᠷᠤᠭᠤᠯᠤᠯᠲᠠ ᠶᠢᠨ ᠲᠤᠬᠲᠠᠴᠠ ᠶᠢ ᠪᠠᠶᠢᠭᠤᠯᠤᠨ᠎ᠡ᠃ ︽ᠲᠠᠯ᠎ᠡ ᠨᠤᠳᠤᠭ ᠤᠨ ᠴᠢᠳᠠᠪᠤᠷᠢᠲᠠᠨ︾ | ᠤ ᠢᠨᠵᠧᠨᠧᠷᠢᠩ ᠪᠠ ᠦᠪᠡᠷᠲᠡᠭᠡᠡ ᠵᠠᠰᠠᠬᠤ ᠤᠷᠤᠨ ᠤ ᠴᠢᠳᠠᠪᠤᠷᠢᠲᠠᠨ ᠢ ᠨᠡᠭᠡᠭᠡᠨ ᠬᠦᠭᠵᠢᠭᠦᠯᠬᠦ ᠰᠠᠭᠤᠷᠢ ᠮᠦᠡᠭᠭᠦ | ᠵᠡᠷᠭᠡ ᠴᠢᠳᠠᠪᠤᠷᠢᠲᠠᠨ ᠤ ᠲᠤᠰᠬᠠᠢ ᠲᠦᠷᠦᠯ ᠤᠨ ᠪᠡᠯᠡ ᠤᠷᠤᠭᠤᠯᠤᠯᠲᠠ ᠶᠢᠨ ᠬᠦᠴᠦᠯᠡᠴᠡ ᠶᠢ ᠴᠢᠨᠠᠬᠰᠢᠲᠠ ᠪᠠᠨ | ᠴᠢᠩᠭᠠᠳᠬᠠᠨ᠎ᠡ᠃ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠪᠠ ᠠᠵᠦ ᠠᠬᠤᠶᠢᠯᠠᠯ ᠤᠨ ᠴᠢᠳᠠᠪᠤᠷᠢᠲᠠᠨ ᠤ | ᠬᠦᠭᠵᠢᠯᠳᠡ ᠶᠢᠨ ᠪᠡᠯᠡ ᠮᠦᠡᠭᠭᠦ ᠪᠠᠶᠢᠭᠤᠯᠬᠤ ᠶᠢ ᠵᠤᠷᠢᠬᠵᠢᠭᠤᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠪᠡᠯᠡ | ᠤᠷᠤᠭᠤᠯᠤᠯᠲᠠ ᠶᠢ ᠵᠢᠯᠤᠭᠤᠳᠬᠤ ᠰᠠᠭᠤᠷᠢ ᠮᠦᠡᠭᠭᠦ ᠶᠢ ᠪᠠᠶᠢᠭᠤᠯᠤᠨ᠎ᠡ᠃ ᠬᠤᠶᠠᠷ ᠲᠤ᠂ ᠡᠷᠳᠡᠮ ᠰᠢᠨᠵᠢᠯᠡᠭᠡᠨ ᠤ | ᠵᠠᠷᠤᠳᠠᠯ ᠮᠦᠡᠭᠭᠦ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠦᠭᠡᠷᠡᠴᠢᠯᠡᠨ᠎ᠡ᠃ ᠦᠪᠡᠷᠲᠡᠭᠡᠨ ᠵᠠᠰᠠᠬᠤ ᠤᠷᠤᠨ ᠤ | ᠡᠷᠳᠡᠮ ᠰᠢᠨᠵᠢᠯᠡᠭᠡᠨ ᠤ ᠲᠦᠷᠦᠯ ᠵᠤᠶᠢᠯ ᠤᠨ ᠵᠠᠷᠤᠳᠠᠯ ᠤᠨ ᠲᠦᠰᠦᠪ ᠢ ᠲᠤᠬᠢᠷᠠᠭᠤᠯᠬᠤ ᠡᠷᠬᠡ ᠶᠢ ᠲᠠᠯᠪᠢᠵᠦ᠂ | ᠡᠷᠳᠡᠮ ᠰᠢᠨᠵᠢᠯᠡᠭᠡᠨ ᠤ ᠠᠵᠢᠯᠲᠠᠨ ᠤ ᠲᠦᠷᠦᠯ ᠵᠤᠶᠢᠯ ᠤᠨ ᠪᠡᠯᠡ ᠮᠦᠡᠭᠭᠦ ᠶᠢ ᠴᠠᠭ ᠲᠤᠬᠠᠢ ᠳᠤᠨᠢ ᠠᠰᠢᠬᠯᠠᠵᠦ | ᠲᠡᠶᠢᠯᠬᠦ ᠶᠢ ᠪᠠᠳᠤᠯᠠᠨ᠎ᠡ᠃ ᠡᠷᠳᠡᠮ ᠰᠢᠨᠵᠢᠯᠡᠭᠡᠨ ᠤ ᠵᠠᠷᠤᠳᠠᠯ ᠮᠦᠡᠭᠭᠦ ᠢᠶᠠᠷ ᠲᠦᠷᠦᠯ ᠵᠤᠶᠢᠯ ᠢ ᠬᠡᠷᠡᠭᠵᠢᠭᠦᠯᠬᠦ | ᠶᠠᠪᠤᠴᠠ ᠳᠤ᠂ ᠵᠢᠯ ᠤᠨ ᠦᠯᠡᠳᠡᠪᠦᠷᠢ ᠮᠦᠡᠭᠭᠦ ᠶᠢ ᠲᠠᠷᠠᠭ᠎ᠠ ᠵᠢᠯ ᠳᠤ ᠨᠢ ᠳ᠋ᠦᠩᠨᠡᠨ ᠰᠢᠯᠵᠢᠭᠦᠯᠵᠦ ᠪᠤᠯᠤᠨ᠎ᠡ᠃ | ᠲᠦᠷᠦᠯ ᠵᠤᠶᠢᠯ ᠨᠢ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢᠨ ᠬᠠᠮᠲᠦ ᠬᠢᠨᠠᠨ ᠰᠢᠯᠭᠠᠯᠲᠠ ᠶᠢ ᠦᠡᠭᠭᠡᠷᠡᠭᠡᠭᠰᠡᠨ ᠤ | ᠳᠠᠷᠠᠭ᠎ᠠ᠂ ᠦᠯᠡᠳᠡᠪᠦᠷᠢ ᠪᠡᠯᠡ ᠮᠦᠡᠭᠭᠦ ᠶᠢ ᠲᠤᠬᠲᠠᠬᠰᠡᠨ ᠬᠤᠭᠤᠴᠠᠭᠠᠨ ᠳᠤ ᠲᠦᠷᠦᠯ ᠵᠤᠶᠢᠯ ᠢ ᠳᠠᠭᠠᠭᠠᠴᠢᠯᠠᠨ | ᠪᠡᠶᠡᠯᠡᠭᠦᠯᠦᠭᠰᠡᠡ ᠪᠠᠶᠢᠭᠤᠯᠭ᠎ᠠ ᠨᠢᠭᠡᠴᠡ ᠠᠴᠠ ᠨᠢᠭᠡᠳᠦᠯᠲᠡᠢ ᠲᠤᠬᠢᠷᠠᠭᠤᠯᠵᠦ ᠠᠰᠢᠬᠯᠠᠨᠡ᠃ ᠲᠦᠷᠦᠯ ᠵᠤᠶᠢᠯ ᠳᠤ | ᠤᠷᠤᠯᠴᠠᠬᠰᠡᠨ ᠡᠷᠳᠡᠮ ᠰᠢᠨᠵᠢᠯᠡᠭᠡᠨ ᠤ ᠠᠵᠢᠯᠲᠠᠨ ᠪᠠ ᠬᠠᠪᠰᠤᠷᠤᠬᠴᠢ ᠠᠵᠢᠯᠲᠠᠨ ᠵᠡᠷᠭᠡ ᠳᠤ ᠬᠦᠳᠡᠯᠮᠦᠷᠢ ᠶᠢᠨ | ᠦᠢᠯᠡᠴᠢᠯᠡᠭᠡᠨ ᠤ ᠵᠠᠷᠤᠳᠠᠯ ᠮᠦᠡᠭᠭᠦ ᠦᠭᠭᠦᠨ᠎ᠡ᠃ ᠭᠤᠷᠪᠠ ᠳᠤ ᠂ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ | ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠳᠡᠭᠡᠲᠦ ᠲᠡᠰ ᠤᠨ ᠴᠢᠳᠠᠪᠤᠷᠢᠲᠠᠨ ᠤ ᠦᠢᠯᠡᠴᠢᠯᠡᠭᠡᠨ ᠤ | ᠬᠠᠯᠠᠮᠰᠢᠯ ᠤᠲᠠᠰᠦ ᠶᠢ ᠨᠡᠪᠲᠡᠷᠡᠭᠦᠯᠵᠦ᠂ ᠲᠤᠰᠬᠠᠢ ᠴᠤᠩᠬᠤ ᠪᠠᠶᠢᠭᠤᠯᠵᠦ᠂ ᠴᠢᠳᠠᠪᠤᠷᠢᠲᠠᠨ ᠳᠤ ︽ᠨᠢᠭᠡ | ᠦᠷᠲᠡᠭᠡᠴᠢᠯᠡᠭᠰᠡᠨ︾ ᠦᠢᠯᠡᠴᠢᠯᠡᠭᠡ ᠬᠠᠨᠭ᠍ᠭᠠᠨ᠎ᠡ᠃ ᠳᠡᠭᠡᠲᠦ ᠲᠡᠰ ᠶᠢᠨ ᠴᠢᠳᠠᠪᠤᠷᠢᠲᠠᠨ ᠤ ᠡᠮ ᠡᠮᠨᠡᠯᠭᠡ ᠡᠷᠡᠭᠦᠯᠵᠢᠯ | ᠤᠨ ᠲᠦᠷᠢᠮ ᠢ ᠪᠠᠶᠢᠭᠤᠯᠵᠦ᠂ ᠳᠡᠭᠡᠲᠦ ᠲᠡᠰ ᠤᠨ ᠴᠢᠳᠠᠪᠤᠷᠢᠲᠠᠨ ᠳᠤ ᠪᠡᠶ᠎ᠡ ᠪᠠᠶᠢᠴᠠᠭᠠᠬᠤ᠂ ᠡᠮᠴᠢᠯᠡᠭᠦᠯᠬᠦ | ᠦᠢᠯᠡᠴᠢᠯᠡᠭᠡ ᠬᠠᠨᠭ᠍ᠭᠠᠨ᠎ᠡ᠃ ᠴᠢᠳᠠᠪᠤᠷᠢᠲᠠᠨ ᠤ ᠠᠮᠠᠷᠠᠯᠲᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠴᠢᠳᠠᠪᠤᠷᠢᠲᠠᠨ | ᠤ ᠨᠡᠶᠢᠲᠡ ᠶᠢᠨ ᠪᠠᠶᠢᠷᠢ ᠶᠢ ᠪᠠᠶᠢᠭᠤᠯᠬᠤ ᠪᠤᠶᠤ ᠵᠢᠯ ᠤᠨ ᠲᠦᠷᠢᠶᠡᠰᠦᠨ ᠮᠦᠡᠭᠭᠦ ᠶᠢᠨ ᠨᠦᠬᠦᠪᠦᠷᠢ ᠶᠢᠨ ᠬᠡᠯᠪᠡᠷᠢ ᠪᠠᠷ᠂ | ᠭᠠᠳᠠᠨ᠎ᠡ ᠠᠴᠠ ᠲᠠᠳᠠᠨ ᠠᠪᠴᠢᠷᠠᠬᠰᠡᠨ ᠴᠢᠳᠠᠪᠤᠷᠢᠲᠠᠨ ᠳᠤ ᠤᠷᠤᠨ ᠰᠠᠭᠤᠴᠠ ᠶᠢᠨ ᠪᠠᠲᠤᠯᠠᠪᠤᠷᠢ ᠬᠠᠨᠭ᠍ᠭᠠᠨ᠎ᠡ᠃ | ᠲᠦᠷᠪᠡ᠂ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠤᠨ ᠮᠡᠳᠡᠯᠭᠡ ᠶᠢᠨ ᠦᠮᠴᠢᠯᠠᠯ ᠤᠨ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠨ᠎ᠡ᠃ ᠮᠡᠳᠡᠯᠭᠡ ᠶᠢᠨ ᠦᠮᠴᠢᠯᠡᠯ ᠤᠨ ᠡᠷᠭᠡ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠦ᠂ ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠬᠰᠡᠨ ᠬᠠᠤᠯᠢ ᠶᠢ | ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠭᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢ ᠪᠠᠷᠢᠴᠠᠭᠠᠯᠠᠵᠦ | ᠪᠡᠯᠡ ᠴᠤᠬᠯᠠᠭᠤᠯᠬᠤ ᠦᠢᠯᠡᠴᠢᠯᠡᠭᠡᠨ ᠤ ᠲᠤᠬᠲᠠᠴᠠ ᠶᠢ ᠦᠷᠨᠢᠭᠦᠯᠬᠦ ᠶᠢ ᠵᠤᠷᠢᠬᠵᠢᠭᠤᠯᠵᠦ᠂ ᠵᠠᠬ᠎ᠠ | ᠳᠡᠯᠭᠡᠭᠦᠷᠴᠢᠯᠡᠭᠰᠡᠨ ᠠᠶᠤᠯ ᠲᠦᠭᠰᠢᠭᠦᠷᠢ ᠶᠢᠨ ᠨᠦᠬᠦᠪᠦᠷᠢ ᠶᠢᠨ ᠲᠤᠬᠲᠠᠴᠠ ᠶᠢ ᠪᠠᠶᠢᠭᠤᠯᠤᠨ᠎ᠡ᠃ | ᠠᠰᠠᠭᠤᠯᠲᠠ᠄ ᠬᠠᠮᠤᠭ ᠰᠡᠭᠦᠯ ᠳᠤ᠂ ︽ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠢ ᠶᠠᠮᠠᠷ | ᠶᠠᠮᠠᠷ ᠪᠤᠳᠠᠲᠠᠢ ᠲᠤᠬᠢᠷᠠᠭᠤᠯᠤᠯᠲᠠ ᠪᠠᠶᠢᠬᠤ ᠪᠤᠢ︖ | ᠬᠠᠷᠢᠭᠤᠯᠳᠠ᠄ ︽ᠬᠡᠷᠡᠭᠵᠢᠬᠦᠯᠬᠦ ᠰᠠᠨᠠᠯ︾ ᠪᠤᠯ ᠮᠠᠨ ᠤ ᠤᠷᠤᠨ ᠤ ᠴᠢᠳᠠᠪᠤᠷᠢᠳᠠᠨ ᠤ ᠬᠦᠭᠵᠢᠯᠳᠡ ᠶᠢᠨ | ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠴᠢᠬᠤᠯᠠ ᠵᠢᠯᠤᠭᠤᠳᠤᠮᠵᠢ ᠶᠢᠨ ᠴᠢᠨᠠᠷᠳᠠᠢ | ᠮᠠᠲ᠋ᠧᠷᠢᠶᠠᠯ ᠮᠦᠨ᠂ ᠲᠡᠷᠡ ᠨᠢ ᠴᠢᠳᠠᠪᠤᠷᠢᠳᠠᠨ ᠤ ᠬᠦᠴᠦᠷᠬᠡᠭ ᠤᠷᠤᠨ ᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ | ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠳᠠᠨ ᠢ ᠤᠳᠤᠬᠢᠴᠢᠯᠠᠭᠰᠠᠨ ᠦᠪᠤᠷ ᠮᠤᠩᠭᠤᠯ ᠢ ᠪᠦᠳᠦᠬᠡᠨ ᠪᠠᠶᠢᠭᠤᠯᠬᠤ | ᠲᠤᠮᠳᠠ ᠲᠦᠪᠯᠡᠷᠡᠭᠦᠯᠤᠨ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ | ᠪᠠᠶᠢᠭᠤᠯᠬᠤ ᠳᠤ ᠠᠯᠤᠰ ᠬᠡᠳᠤ ᠶᠢᠨ ᠠᠴᠢ ᠬᠤᠯᠪᠤᠬᠳᠠᠯ ᠲᠠᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ | ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠦ ︽ᠬᠡᠷᠡᠭᠵᠢᠬᠦᠯᠬᠦ ᠰᠠᠨᠠᠯ︾ ᠢ ᠲᠤᠤᠱᠯᠠᠭᠤᠯᠤᠨ ᠬᠡᠷᠡᠭᠵᠢᠬᠦᠯᠬᠦ | ᠠᠷᠭ᠎ᠠ ᠶᠢ ᠰᠤᠳᠤᠯᠤᠨ ᠲᠤᠭᠳᠠᠭᠠᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠦ᠂ | ᠲᠤᠤᠱᠯᠠᠭᠤᠯᠤᠨ ᠨᠠᠶᠢᠳᠠᠪᠤᠷᠵᠢᠭᠤᠯᠬᠤ ᠲᠤᠮᠳᠠᠬᠢ ᠪᠤᠳᠠᠳᠠᠢ ᠠᠰᠠᠭᠤᠳᠠᠯ ᠢ ᠲᠡᠷᠡ ᠲᠠᠷᠤᠢ ᠳᠤᠨᠢ ᠵᠤᠬᠢᠴᠠᠭᠤᠯᠤᠨ | ᠰᠢᠢᠳᠪᠤᠷᠢᠯᠡᠬᠦ ᠬᠡᠷᠡᠭᠳᠡᠢ᠃ ᠤᠳᠤᠬᠢ ᠱᠠᠳᠤ ᠦᠶ᠎ᠡ ᠳᠤ ᠭᠤᠤᠯᠳᠠᠭᠤ ᠭᠤᠷᠪᠠᠨ ᠠᠵᠢᠯ ᠢ ᠰᠠᠶᠢᠳᠤᠷ ᠬᠢᠨ᠎ᠡ᠃ ᠨᠢᠬᠡ᠂ | ᠡᠬᠦᠷᠬᠡ ᠶᠢᠨ ᠬᠤᠪᠢᠶᠠᠷᠢᠯᠠᠯ ᠢ ᠲᠤᠳᠤᠷᠬᠠᠢ ᠪᠣᠯᠭᠠᠨ᠎ᠠ᠃ ᠤᠶᠢᠷ᠎ᠠ ᠶᠢᠨ ᠬᠤᠭᠤᠴᠠᠭᠠᠨ ᠳᠤ ᠭᠤᠤᠯᠳᠠᠯᠭ᠎ᠠ ᠲᠠᠢ | ᠶᠠᠪᠤᠬᠳᠠᠵᠦ ᠪᠠᠶᠢᠭ᠎ᠠ ᠦᠬᠡᠷᠡᠴᠢᠯᠡᠯᠳᠡ ᠶᠢᠨ ᠡᠬᠦᠷᠬᠡ ᠶᠢ ᠨᠢᠭᠡᠳ ᠨᠢᠭᠡ ᠪᠠᠷ ᠵᠠᠳᠠᠯᠵᠤ᠂ ᠬᠠᠷᠢᠭᠤᠴᠠᠯᠭ᠎ᠠ ᠶᠢᠨ | ᠪᠠᠶᠢᠭᠤᠯᠤᠯᠭ᠎ᠠ ᠪᠠ ᠬᠦᠢᠴᠡᠳᠬᠡᠭᠰᠡᠨ ᠴᠠᠭ ᠢ ᠲᠤᠳᠤᠷᠬᠠᠢ ᠪᠤᠯᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ | ᠬᠠᠷᠢᠭᠤᠴᠠᠯᠭ᠎ᠠ ᠶᠢᠨ ᠬᠤᠪᠢᠶᠠᠷᠢ ᠪᠠᠨ ᠦᠨᠳᠦᠰᠦᠯᠡᠵᠦ᠂ ᠢᠵᠢ ᠲᠦᠬᠦᠷᠵᠢᠭᠰᠡᠨ ᠲᠦᠷᠦ ᠶᠢᠨ ᠪᠣᠳᠣᠯᠭ᠎ᠠ ᠪᠠ | ᠪᠤᠳᠠᠳᠠᠢ ᠠᠷᠭ᠎ᠠ ᠬᠡᠮᠵᠢᠶ᠎ᠡ ᠶᠢ ᠲᠤᠭᠳᠠᠭᠠᠵᠦ᠂ ᠡᠯ᠎ᠡ ᠲᠦᠷᠦᠯ ᠤᠨ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃ | ᠬᠤᠶᠠᠷ᠂ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠴᠢᠳᠠᠪᠤᠷᠢᠳᠠᠨ ᠤ ᠠᠵᠢᠯ ᠤᠨ ᠬᠢᠨᠠᠨ ᠪᠠᠶᠢᠴᠠᠭᠠᠬᠤ ᠲᠦᠷᠢᠮ | ᠢ ᠪᠠᠶᠢᠭᠤᠯᠵᠦ᠂ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠤᠬᠰᠠᠨ ᠪᠠᠶᠢᠳᠠᠯ ᠢ ᠬᠢᠨᠠᠨ ᠪᠠᠶᠢᠴᠠᠭᠠᠬᠤ ᠶᠢ | ᠴᠢᠩᠭᠠᠳᠬᠠᠵᠦ᠂ ᠦᠬᠡᠷᠡᠴᠢᠯᠡᠯᠳᠡ ᠲᠤᠮᠳᠠ ᠲᠤᠯᠭᠠᠷᠠᠵᠦ ᠪᠦᠬᠦᠢ ᠰᠢᠨ᠎ᠡ ᠠᠰᠠᠭᠤᠳᠠᠯ ᠢ ᠰᠤᠳᠤᠯᠬᠤ ᠪᠠ ᠰᠠᠶᠢᠳᠤᠷ | ᠰᠢᠢᠳᠪᠦᠷᠢᠯᠡᠨ᠎ᠡ᠃ ᠭᠤᠷᠪᠠ᠂ ᠤᠬᠠᠭᠤᠯᠵᠦ ᠵᠢᠯᠤᠭᠤᠳᠬᠤ ᠶᠢ ᠭᠦᠨᠵᠡᠭᠡᠶᠢᠷᠡᠭᠦᠯᠦᠨ᠎ᠡ᠃ ᠤᠯᠠᠨ ᠵᠦᠢᠯ ᠤᠨ ᠠᠷᠭ᠎ᠠ | ᠬᠡᠯᠪᠡᠷᠢ ᠶᠢ ᠬᠡᠷᠡᠭᠯᠡᠵᠦ᠂ ᠤᠯᠠᠨ ᠲᠦᠷᠦᠯ ᠤᠨ ᠵᠠᠭᠤᠴᠢᠯᠠᠭᠤᠷ ᠢᠶᠠᠷ ᠲᠠᠮᠵᠢᠵᠦ᠂ ︽ᠬᠡᠷᠡᠭᠵᠢᠬᠦᠯᠬᠦ ᠰᠠᠨᠠᠯ︾ ᠤᠨ | ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠦ᠂ ᠴᠢᠳᠠᠪᠤᠷᠢᠳᠠᠨ ᠤ ᠠᠵᠢᠯ ᠤᠨ ᠤᠬᠠᠭᠤᠯᠵᠦ | ᠵᠢᠯᠤᠭᠤᠳᠬᠤ ᠬᠦᠴᠦᠯᠡᠴᠡ ᠶᠢ ᠴᠢᠩᠭᠠᠳᠬᠠᠵᠦ᠂ ᠪᠦᠬᠦ ᠨᠡᠶᠢᠬᠡᠮ ᠤᠨ ᠬᠡᠪᠴᠢᠶᠡᠨ ᠳᠤ ᠴᠢᠳᠠᠪᠤᠷᠢᠳᠠᠨ ᠢ ᠮᠡᠳᠡᠷᠡᠵᠦ᠂ | ᠴᠢᠳᠠᠪᠤᠷᠢᠳᠠᠨ ᠢ ᠬᠠᠶᠢᠷᠠᠯᠠᠵᠦ᠂ ᠴᠢᠳᠠᠪᠤᠷᠢᠳᠠᠨ ᠢ ᠬᠦᠨᠳᠦᠳᠬᠡᠵᠦ᠂ ᠴᠢᠳᠠᠪᠤᠷᠢᠳᠠᠨ ᠢ ᠬᠡᠷᠡᠭᠯᠡᠬᠦ ᠰᠢᠯᠢᠳᠡᠭ ᠰᠠᠶᠢᠨ | ᠤᠷᠴᠢᠨ ᠲᠤᠭᠤᠷᠢᠨ ᠢ ᠪᠤᠢ ᠪᠣᠯᠭᠠᠨ᠎ᠠ᠃ |