2017 ᠣᠨ ᠰᠢᠪᠲᠤᠷᠠᠭᠠᠨ ᠳᠤ ᠪᠠᠨ ᠣᠷᠣᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ︽ | ᠴᠠᠯᠢᠩ ᠨᠡᠬᠡᠬᠦ ᠳᠤ ᠬᠦᠴᠢᠷᠲᠡᠢ︾ ᠠᠰᠠᠭᠤᠳᠠᠯ ᠨᠢ ᠳᠠᠬᠢᠨ ᠨᠡᠶᠢᠭᠡᠮ ᠨᠡᠶᠢᠲᠡ ᠶᠢᠨ ᠬᠢᠨ ᠤ ᠠᠩᠬᠠᠷᠤᠯ ᠢ ᠲᠠᠲᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠮᠠᠯᠴᠢᠨ ᠲᠠᠷᠢᠶᠠᠴᠢᠨ ᠬᠦᠴᠦᠨ | ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠰᠢᠯᠭᠠᠨ ᠬᠢᠨᠠᠬᠤ ᠠᠷᠭ᠎ᠠ︾ ᠶᠢ ᠳᠠᠷᠤᠮᠠᠯᠯᠠᠨ | ᠲᠠᠷᠬᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠤᠨ | ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠵᠤ᠂ | ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠦᠨᠡᠨ | ᠬᠦ ᠪᠠᠲᠤᠯᠠᠬᠤ ᠪᠠᠷ ᠪᠠᠶᠢᠨ᠎ᠠ᠃ | ︽ᠠᠷᠭ᠎ᠠ︾ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ ᠡᠯ᠎ᠡ ᠭᠠᠵᠠᠷ ᠤᠨ ᠲᠤᠭᠤᠰᠢᠯᠠᠭᠤᠯᠤᠯᠲᠠ | ᠨᠠᠶᠢᠳᠠᠪᠤᠷᠢᠵᠢᠭᠤᠯᠤᠯᠲᠠ ᠶᠢ ᠬᠡᠷᠬᠢᠨ ᠪᠠᠲᠤᠯᠠᠬᠤ ᠪᠣᠢ︖ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ ᠤ ᠳᠡᠳ᠋ ᠳᠠᠷᠤᠭ᠎ᠠ ᠴᠢᠦ ᠰᠢᠶᠣᠣ ᠫᠢᠩ ᠲᠦᠷᠦᠭᠦᠬᠡᠨ ︽ᠠᠷᠭ᠎ᠠ︾ ᠶᠢᠨ ᠬᠠᠮᠢᠶ᠎ᠠ ᠪᠦᠬᠦᠢ | ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃ | 2020 ᠣᠨ ᠪᠣᠯᠬᠤ ᠳᠤ ᠦᠨᠳᠦᠰᠦᠨ ᠳᠤ ᠪᠠᠨ ᠥᠷᠢ ᠦᠭᠡᠢ ᠬᠠᠷᠠᠯᠲᠠ ᠦᠭᠡᠢ ᠶᠢ ᠴᠢᠷᠮᠠᠶᠢᠨ | ᠪᠡᠶᠡᠯᠡᠭᠦᠯᠦᠨ᠎ᠡ | ᠠᠰᠠᠭᠤᠯᠲᠠ᠄ ︽ᠠᠷᠭ᠎ᠠ︾ ᠶᠢ ᠲᠤᠭᠤᠷᠪᠢᠭᠰᠠᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ | ᠦᠦ︖ | ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠨᠢ | ᠥᠷᠭᠡᠨ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠴᠢ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ | ᠪᠠᠶᠢᠳᠠᠭ᠃ 2016 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ | ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ | ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ | ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠠᠷᠠᠯᠲᠠ ᠡᠭᠦᠷᠭᠡ ᠪᠠ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠦᠭᠰᠡᠨ ᠠᠴᠠ᠂ | ᠥᠷᠢᠲᠦᠯ ᠢ ᠵᠠᠰᠠᠵᠤ ᠣᠯᠭᠤᠯᠲᠠ ᠶᠢ ᠪᠠᠲᠤᠯᠠᠬᠤ ᠠᠵᠢᠯ ᠨᠡᠯᠢᠶᠡᠳ ᠢᠯᠡᠷᠬᠡᠢ ᠠᠮᠵᠢᠯᠲᠠ ᠪᠦᠲᠦᠮᠵᠢ ᠣᠯᠣᠭᠰᠠᠨ | ᠪᠠᠶᠢᠨ᠎ᠠ᠃ | ᠭᠡᠲᠡᠯ᠎ᠡ᠂ ᠴᠠᠯᠢᠩ ᠥᠷᠢᠲᠦᠬᠦ ᠠᠰᠠᠭᠤᠳᠠᠯ ᠢ ᠮᠥᠨ ᠦᠨᠳᠦᠰᠦᠨ ᠠᠴᠠ ᠨᠢ ᠰᠢᠢᠳᠪᠦᠷᠢᠯᠡᠭᠡ ᠦᠭᠡᠢ | ᠪᠠᠶᠢᠭᠰᠠᠭᠠᠷ ᠭᠡᠳᠡᠭ ᠢ ᠣᠯᠵᠤ ᠬᠠᠷᠠᠬᠤ ᠬᠡᠷᠡᠭᠲᠡᠢ᠃ ᠬᠡᠰᠡᠭ ᠭᠠᠵᠠᠷ ᠣᠷᠣᠨ ᠤ ᠦᠢᠯᠡᠳᠦᠯᠭᠡ ᠶᠢᠨ ᠪᠠᠶᠢᠳᠠᠯ ᠠᠴᠠ | ᠦᠵᠡᠪᠡᠯ᠂ ᠬᠠᠷᠠᠯᠲᠠᠲᠤ ᠬᠢᠨᠠᠨ ᠰᠢᠯᠭᠠᠯᠲᠠ ᠪᠠ ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ | ᠬᠠᠷᠢᠭᠤᠴᠠᠯᠭ᠎ᠠ ᠶᠢ ᠴᠢᠩᠭᠠᠳᠬᠠᠬᠤ ᠪᠣᠯ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ | ᠪᠠᠲᠤᠯᠠᠬᠤ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ︽ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ | ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠲᠤᠬᠠᠢ ᠰᠠᠨᠠᠯ︾ ᠳᠤ᠂ ︽ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠠᠷᠭ᠎ᠠ ᠶᠢ ᠲᠣᠭᠲᠠᠭᠠᠨ᠂ ᠮᠠᠯᠴᠢᠨ | ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠶᠢ ᠵᠠᠰᠠᠭ ᠤᠨ ᠣᠷᠳᠣᠨ ᠤ ᠰᠢᠯᠭᠠᠨ | ᠬᠢᠨᠠᠵᠤ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮᠴᠢ ᠳᠤ ᠣᠷᠣᠭᠤᠯᠬᠤ ᠬᠡᠷᠡᠭᠲᠡᠢ︾ ᠭᠡᠵᠦ ᠲᠣᠳᠣᠷᠬᠠᠢ | ᠳᠤᠷᠠᠳᠴᠠᠢ᠃ ᠡᠨᠡ ᠵᠢᠯ ᠤᠨ 2 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ | ᠬᠤᠷᠠᠯ ᠠᠴᠠ ᠪᠠᠰᠠ ᠮᠤᠵᠢ ᠬᠤᠲᠠ ᠰᠢᠶᠠᠨ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶᠠᠯᠠᠭᠳᠠᠬᠤ ᠭᠠᠵᠠᠷ ᠢᠶᠠᠷ | ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠲᠤᠭᠤᠰᠢᠲᠠᠢ | ᠪᠡᠶᠡᠯᠡᠭᠦᠯᠦᠭᠰᠡᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | ᠡᠨᠡ ᠤᠳᠠᠭ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ ᠮᠤᠵᠢ ᠶᠢᠨ ᠱᠠᠲᠤᠨ ᠤ | ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ | ᠠᠵᠢᠯ ᠢ ᠬᠢᠨᠠᠨ ᠰᠢᠯᠭᠠᠬᠤ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠤ ᠵᠣᠷᠢᠯᠭ᠎ᠠ ᠨᠢ ᠰᠢᠯᠭᠠᠨ ᠬᠢᠨᠠᠯᠲᠠ | ᠶᠠᠪᠤᠭᠤᠯᠬᠤ ᠪᠠᠷ ᠳᠠᠮᠵᠢᠭᠤᠯᠵᠤ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶᠠᠯᠠᠭᠳᠠᠬᠤ | ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠯ᠎ᠡ | ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ 2020 ᠣᠨ | ᠪᠣᠯᠬᠤ ᠳᠤ ᠦᠨᠳᠦᠰᠦᠨ ᠳᠤ ᠪᠠᠨ ᠥᠷᠢ ᠦᠭᠡᠢ ᠬᠠᠷᠠᠯᠲᠠ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ | ᠰᠢᠯᠭᠠᠨ ᠬᠢᠨᠠᠭᠰᠠᠨ ᠦᠷ᠎ᠡ ᠳ᠋ᠦᠩ ᠢᠶᠠᠷ ᠭᠤᠷᠪᠠᠨ ᠳᠡᠰ ᠤᠨ ︽ᠱᠠᠩᠨᠠᠯ ᠲᠣᠷᠭᠤᠭᠤᠯᠢ ᠶᠢ ᠲᠣᠳᠣᠷᠬᠠᠢ︾ | ᠪᠣᠯᠭᠠᠨ᠎ᠠ | ᠠᠰᠠᠭᠤᠯᠲᠠ᠄ ︽ᠠᠷᠭ᠎ᠠ︾ ᠶᠢᠨ ᠶᠡᠷᠦᠩᠬᠡᠢ ᠪᠣᠳᠣᠯᠬᠢᠯᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠥᠷᠢᠲᠦᠯ ᠢ ᠵᠠᠰᠠᠵᠤ ᠣᠯᠭᠤᠯᠲᠠ ᠶᠢ ᠪᠠᠲᠤᠯᠠᠬᠤ ᠠᠵᠢᠯ ᠤᠨ ᠬᠠᠷᠢᠶᠠᠯᠠᠭᠳᠠᠬᠤ ᠭᠠᠵᠠᠷ ᠢᠶᠠᠷ | ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ | ᠬᠤᠷᠢᠶ᠎ᠠ 2017 ᠣᠨ ᠠᠴᠠ 2020 ᠣᠨ ᠪᠣᠯᠲᠠᠯ᠎ᠠ᠂ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠤ | ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠳᠤ ᠰᠢᠯᠭᠠᠨ ᠬᠢᠨᠠᠯᠲᠠ | ᠶᠠᠪᠤᠭᠤᠯᠬᠤ ᠪᠠᠷ ᠲᠣᠭᠲᠠᠭᠠᠵᠠᠢ᠃ ᠰᠢᠯᠭᠠᠨ ᠬᠢᠨᠠᠬᠤ ᠠᠵᠢᠯ ᠢ ᠠᠵᠤ ᠠᠬᠤᠶᠢᠯᠠᠯ ᠤᠨ ᠴᠠᠯᠢᠩ ᠢ ᠥᠷᠢᠲᠦᠵᠦ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠠᠴᠠ ᠬᠠᠷᠢᠭᠤᠴᠠᠨ | ᠶᠠᠪᠤᠭᠤᠯᠵᠤ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠪᠣᠳᠠᠲᠠᠢ ᠵᠣᠬᠢᠶᠠᠨ | ᠪᠠᠶᠢᠭᠤᠯᠤᠨ᠎ᠠ ᠨᠠᠶᠢᠳᠠᠪᠤᠷᠢᠵᠢᠭᠤᠯᠤᠨ᠎ᠠ᠃ ᠰᠢᠯᠭᠠᠨ ᠬᠢᠨᠠᠬᠤ ᠡᠲᠡᠭᠡᠳ ᠨᠢ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶᠠᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠰᠢᠨᠵᠢᠶᠠᠩ ᠤᠨ | ᠦᠢᠯᠡᠳᠪᠦᠷᠢᠯᠡᠯ ᠪᠠᠶᠢᠭᠤᠯᠤᠯᠲᠠ ᠶᠢᠨ ᠪᠢᠩᠲ᠋ᠤᠸᠠᠨ ᠪᠣᠯᠣᠨ᠎ᠠ᠃ | ︽ᠠᠷᠭ᠎ᠠ︾ ᠳᠤ᠂ ᠰᠢᠯᠭᠠᠨ ᠬᠢᠨᠠᠬᠤ ᠠᠵᠢᠯ ᠢ ᠰᠢᠯᠭᠠᠨ ᠬᠢᠨᠠᠬᠤ ᠵᠢᠯ ᠤᠨ ᠳᠠᠷᠠᠭ᠎ᠠ ᠵᠢᠯ ᠤᠨ ᠡᠬᠢ ᠪᠠᠷ | ᠡᠬᠢᠯᠡᠭᠦᠯᠦᠨ᠂ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ ᠪᠡᠶᠡᠯᠡᠭᠦᠯᠵᠦ᠂ ᠮᠤᠵᠢ ᠶᠢᠨ ᠱᠠᠲᠤᠨ ᠠᠴᠠ | ᠥᠪᠡᠰᠦᠪᠡᠨ ᠪᠠᠶᠢᠴᠠᠭᠠᠬᠤ᠂ ᠪᠣᠳᠠᠲᠠᠢ ᠭᠠᠵᠠᠷ ᠲᠤ ᠬᠢᠨᠠᠨ ᠪᠠᠶᠢᠴᠠᠭᠠᠬᠤ᠂ ᠶᠡᠷᠦᠩᠬᠡᠶᠢᠯᠡᠨ ᠵᠥᠪᠯᠡᠵᠦ ᠲᠣᠭᠲᠠᠭᠠᠬᠤ | ᠭᠤᠷᠪᠠᠨ ᠱᠠᠲᠤ ᠬᠤᠪᠢᠶᠠᠨ ᠶᠠᠪᠤᠭᠤᠯᠤᠨ᠎ᠠ᠃ ᠮᠤᠵᠢ ᠶᠢᠨ ᠱᠠᠲᠤᠨ ᠠᠴᠠ ᠥᠪᠡᠰᠦᠪᠡᠨ ᠪᠠᠶᠢᠴᠠᠭᠠᠬᠤ ᠱᠠᠲᠤᠨ ᠳᠤ᠂ | ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠰᠢᠯᠭᠠᠨ ᠬᠢᠨᠠᠬᠤ ᠵᠢᠯ ᠳᠠᠬᠢ ᠮᠠᠯᠴᠢᠨ ᠲᠠᠷᠢᠶᠠᠴᠢᠨ ᠬᠦᠴᠦ | ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠭᠰᠠᠨ ᠠᠵᠢᠯ ᠤᠨ ᠠᠬᠢᠴᠠ ᠶᠢᠨ ᠪᠠᠶᠢᠳᠠᠯ ᠪᠠ ᠦᠷ᠎ᠡ | ᠪᠦᠲᠦᠮᠵᠢ ᠳᠤ ᠪᠠᠨ ᠥᠪᠡᠰᠦᠪᠡᠨ ᠪᠠᠶᠢᠴᠠᠭᠠᠯᠲᠠ ᠬᠢᠵᠦ᠂ ᠥᠪᠡᠰᠦᠪᠡᠨ ᠪᠠᠶᠢᠴᠠᠭᠠᠯᠲᠠ ᠬᠢᠭᠰᠡᠨ ᠰᠢᠯᠭᠠᠨ ᠬᠢᠨᠠᠬᠤ | ᠬᠦᠰᠦᠨᠦᠭᠲᠦ ᠶᠢ ᠲᠠᠭᠯᠠᠨ ᠮᠡᠳᠡᠭᠦᠯᠵᠦ᠂ ᠥᠪᠡᠰᠦᠪᠡᠨ ᠪᠠᠶᠢᠴᠠᠭᠠᠯᠲᠠ ᠬᠢᠭᠰᠡᠨ ᠮᠡᠳᠡᠭᠦᠯᠦᠯᠲᠡ ᠶᠢ | ᠪᠦᠷᠢᠯᠳᠦᠭᠦᠯᠬᠦ ᠶᠢᠨ ᠬᠠᠮᠲᠤ᠂ 2 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠶᠠᠮᠤᠨ ᠤ ᠬᠤᠭᠤᠷᠣᠨᠳᠤᠬᠢ | ᠬᠤᠯᠪᠣᠭᠠᠲᠤ ᠬᠤᠷᠠᠯ ᠤᠨ ᠠᠯᠪᠠᠨ ᠭᠡᠷ ᠲᠤ ᠮᠡᠳᠡᠭᠦᠯᠦᠨ ᠳᠡᠪᠰᠢᠭᠦᠯᠦᠨ᠎ᠡ︔ ᠪᠣᠳᠠᠲᠠᠢ ᠭᠠᠵᠠᠷ ᠲᠤ ᠬᠢᠨᠠᠨ | ᠪᠠᠶᠢᠴᠠᠭᠠᠬᠤ ᠱᠠᠲᠤᠨ ᠳᠤ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠭᠡᠰᠢᠭᠦᠨ | ᠨᠢᠭᠡᠴᠢ ᠪᠠᠨ ᠵᠣᠬᠢᠶᠠᠨ ᠪᠠᠶᠢᠭᠤᠯᠵᠤ᠂ ᠲᠠᠰᠢᠷᠠᠮ ᠳᠤ ᠨᠢ ᠰᠤᠭᠤᠴᠢᠨ ᠪᠠᠶᠢᠴᠠᠭᠠᠬᠤ᠂ ᠢᠯᠡ ᠪᠠᠷ ᠪᠠᠶᠢᠴᠠᠭᠠᠵᠤ | ᠳᠠᠯᠳᠠ ᠪᠠᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠮᠤᠵᠢ ᠶᠢᠨ ᠱᠠᠲᠤᠨ ᠤ ᠵᠠᠰᠠᠭ ᠤᠨ | ᠣᠷᠳᠣᠨ ᠤ ᠥᠪᠡᠰᠦᠪᠡᠨ ᠪᠠᠶᠢᠴᠠᠭᠠᠯᠲᠠ ᠬᠢᠭᠰᠡᠨ ᠮᠡᠳᠡᠭᠦᠯᠦᠯᠲᠡ ᠳᠤ ᠪᠣᠳᠠᠲᠤ ᠭᠠᠵᠠᠷ ᠤᠨ ᠬᠢᠨᠠᠨ ᠰᠢᠯᠭᠠᠯᠲᠠ | ᠶᠠᠪᠤᠭᠤᠯᠤᠨ᠎ᠠ︔ ᠶᠡᠷᠦᠩᠬᠡᠶᠢᠯᠡᠨ ᠵᠥᠪᠯᠡᠵᠦ ᠲᠣᠭᠲᠠᠭᠠᠬᠤ ᠱᠠᠲᠤᠨ ᠳᠤ᠂ ᠶᠠᠮᠤᠨ ᠤ ᠬᠤᠭᠤᠷᠣᠨᠳᠤᠬᠢ ᠬᠤᠯᠪᠣᠭᠠᠲᠤ | ᠬᠤᠷᠠᠯ ᠤᠨ ᠠᠯᠪᠠᠨ ᠭᠡᠷ ᠠᠴᠠ ᠭᠡᠰᠢᠭᠦᠨ ᠨᠢᠭᠡᠴᠢ ᠨᠦᠭᠦᠳ ᠢᠶᠠᠨ ᠵᠣᠬᠢᠶᠠᠨ ᠪᠠᠶᠢᠭᠤᠯᠵᠤ᠂ ᠪᠠᠶᠢᠴᠠᠭᠠᠯᠲᠠ ᠬᠢᠭᠰᠡᠨ | ᠮᠡᠳᠡᠭᠦᠯᠦᠯᠲᠡ ᠪᠠ ᠪᠣᠳᠠᠲᠤ ᠭᠠᠵᠠᠷ ᠲᠤ ᠬᠢᠨᠠᠨ ᠰᠢᠯᠭᠠᠯᠲᠠ ᠬᠢᠭᠰᠡᠨ ᠪᠠᠶᠢᠳᠠᠯ ᠵᠡᠷᠭᠡ ᠶᠢ ᠦᠨᠳᠦᠰᠦᠯᠡᠵᠦ᠂ | ᠶᠡᠷᠦᠩᠬᠡᠶᠢᠯᠡᠨ ᠵᠥᠪᠯᠡᠨ ᠲᠣᠭᠲᠠᠭᠠᠵᠤ᠂ ᠰᠢᠯᠭᠠᠨ ᠬᠢᠨᠠᠭᠰᠠᠨ ᠮᠡᠳᠡᠭᠦᠯᠦᠯᠲᠡ ᠶᠢ ᠪᠦᠷᠢᠯᠳᠦᠭᠦᠯᠦᠨ᠎ᠡ ᠭᠡᠵᠦ | ᠳᠤᠷᠠᠳᠤᠭᠰᠠᠨ ᠪᠠᠶᠢᠨ᠎ᠠ᠃ | ᠠᠰᠠᠭᠤᠯᠲᠠ᠄ ︽ᠠᠷᠭ᠎ᠠ︾ ᠳᠤ ᠲᠣᠳᠣᠷᠬᠠᠶᠢᠯᠠᠭᠰᠠᠨ ᠭᠤᠣᠯ ᠪᠣᠯᠬᠤ ᠰᠢᠯᠭᠠᠨ ᠬᠢᠨᠠᠬᠤ ᠠᠭᠤᠯᠭ᠎ᠠ ᠨᠢ | ᠶᠠᠭᠤ ᠪᠣᠢ︖ | ᠬᠠᠷᠢᠭᠤᠯᠲᠠ᠄ ︽ᠠᠷᠭ᠎ᠠ︾ ᠳᠤ ᠲᠣᠭᠲᠠᠭᠠᠭᠰᠠᠨ ᠰᠢᠯᠭᠠᠨ ᠬᠢᠨᠠᠬᠤ ᠠᠭᠤᠯᠭ᠎ᠠ ᠳᠤ ᠭᠤᠣᠯᠳᠠᠭᠤ ᠮᠠᠯᠴᠢᠨ | ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠴᠠᠯᠢᠩ ᠣᠯᠭᠤᠯᠲᠠ ᠶᠢ ᠪᠠᠲᠤᠯᠠᠬᠤ ᠳᠦᠷᠢᠮ ᠢ ᠲᠣᠭᠲᠠᠭᠠᠨ ᠪᠦᠷᠢᠨᠰᠢᠭᠦᠯᠵᠦ᠂ | ᠴᠠᠯᠢᠩ ᠢ ᠥᠷᠢᠲᠦᠵᠦ ᠪᠠᠶᠢᠭ᠎ᠠ ᠣᠨᠴᠠᠭᠠᠶᠢᠯᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠳᠠᠬᠢ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠵᠠᠰᠠᠬᠤ ᠠᠵᠢᠯ ᠤᠨ ᠦᠷ᠎ᠡ ᠪᠦᠲᠦᠮᠵᠢ ᠵᠡᠷᠭᠡ | ᠪᠠᠶᠢᠳᠠᠯ ᠪᠠᠭᠲᠠᠵᠤ ᠪᠠᠶᠢᠨ᠎ᠠ᠃ | ᠠᠰᠠᠭᠤᠯᠲᠠ᠄ ︽ᠠᠷᠭ᠎ᠠ︾ ᠳᠤ ᠰᠢᠯᠭᠠᠨ ᠬᠢᠨᠠᠬᠤ ᠳᠡᠰ ᠳᠠᠪᠬᠤᠷᠭ᠎ᠠ ᠶᠢ ᠬᠡᠷᠬᠢᠨ ᠲᠣᠭᠲᠠᠭᠠᠭᠰᠠᠨ ᠪᠣᠢ︖ | ᠬᠠᠷᠢᠭᠤᠯᠲᠠ᠄ ᠰᠢᠯᠭᠠᠨ ᠬᠢᠨᠠᠯᠲᠠ ᠳᠤ ᠳᠡᠰ ᠬᠤᠪᠢᠶᠠᠵᠤ ᠬᠤᠪᠢ ᠲᠣᠭᠲᠠᠭᠠᠬᠤ ᠠᠷᠭ᠎ᠠ ᠶᠢ ᠬᠡᠷᠡᠭᠯᠡᠵᠦ᠂ | ᠬᠠᠮᠤᠭ ᠡᠴᠦᠰ ᠲᠤ ᠲᠣᠭᠲᠠᠭᠠᠭᠰᠠᠨ ᠬᠤᠪᠢ ᠶᠣᠰᠣᠭᠠᠷ᠂ ᠡᠯ᠎ᠡ ᠭᠠᠵᠠᠷ ᠣᠷᠣᠨ ᠢ A᠂ B᠂ C ᠭᠤᠷᠪᠠᠨ ᠳᠡᠰ | ᠬᠤᠪᠢᠶᠠᠨ᠎ᠠ᠃ ᠲᠡᠭᠦᠨ ᠤ ᠳᠣᠲᠣᠷ᠎ᠠ᠂ ᠴᠠᠯᠢᠩ ᠣᠯᠭᠤᠯᠲᠠ ᠶᠢ ᠪᠠᠲᠤᠯᠠᠬᠤ ᠡᠯ᠎ᠡ ᠵᠦᠢᠯ ᠤᠨ ᠳᠦᠷᠢᠮ ᠨᠢ ᠪᠦᠷᠢᠨ᠂ | ᠠᠵᠢᠯ ᠤᠨ ᠲᠣᠭᠲᠠᠴᠠ ᠨᠢ ᠲᠡᠭᠦᠯᠳᠡᠷ᠂ ᠦᠷ᠎ᠡ ᠪᠦᠲᠦᠮᠵᠢ ᠨᠢ ᠢᠯᠡᠷᠬᠡᠢ ᠮᠥᠷᠲᠡᠭᠡᠨ ᠣᠯᠣᠭᠰᠠᠨ ᠬᠤᠪᠢ ᠨᠢ | ᠡᠮᠦᠨ᠎ᠡ 10 ᠨᠡᠷᠡᠰ ᠲᠤ ᠵᠢᠭᠰᠠᠭᠠᠭᠳᠠᠵᠤ ᠪᠠᠶᠢᠭ᠎ᠠ ᠮᠤᠵᠢ ᠨᠢ A ᠳᠡᠰ ᠪᠣᠯᠣᠨ᠎ᠠ︔ ᠮᠠᠯᠴᠢᠨ ᠲᠠᠷᠢᠶᠠᠴᠢᠨ ᠬᠦᠴᠦ | ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠤᠨ ᠡᠷᠴᠢᠮ ᠨᠢ ᠰᠤᠯᠠ᠂ ᠴᠠᠯᠢᠩ ᠢ ᠥᠷᠢᠲᠦᠵᠦ | ᠪᠠᠶᠢᠭ᠎ᠠ ᠠᠰᠠᠭᠤᠳᠠᠯ ᠨᠢ ᠲᠣᠪᠣᠶᠢᠮ᠎ᠠ᠂ ᠰᠢᠯᠭᠠᠨ ᠬᠢᠨᠠᠯᠲᠠ ᠳᠤ ᠣᠯᠣᠭᠰᠠᠨ ᠬᠤᠪᠢ ᠨᠢ ᠪᠦᠬᠦ ᠤᠯᠤᠰ ᠤᠨ | ᠰᠡᠭᠦᠯ ᠤᠨ ᠭᠤᠷᠪᠠᠨ ᠨᠡᠷᠡᠰ ᠲᠤ ᠵᠢᠭᠰᠠᠭᠠᠭᠳᠠᠵᠤ ᠪᠠᠶᠢᠭ᠎ᠠ ᠪᠤᠶᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠠᠴᠠ | ᠪᠣᠯᠵᠤ ᠵᠣᠬᠢᠬᠤ ᠲᠤᠭ᠎ᠠ ᠪᠤᠶᠤ ᠬᠡᠪᠴᠢᠶᠡᠨ ᠤ ᠬᠦᠨᠳᠦ ᠶᠡᠭᠡ ᠪᠦᠯᠦᠭᠵᠢᠯ ᠤᠨ ᠴᠢᠨᠠᠷᠲᠠᠢ ᠬᠡᠷᠡᠭ ᠪᠤᠶᠤ ᠬᠡᠲᠦᠷᠡᠮᠡᠬᠡᠢ | ᠬᠡᠷᠡᠭ ᠢ ᠡᠭᠦᠰᠬᠡᠭᠰᠡᠨ ᠮᠤᠵᠢ ᠨᠢ C ᠳᠡᠰ ᠪᠣᠯᠣᠨ᠎ᠠ︔ A᠂ C ᠳᠡᠰ ᠠᠴᠠ ᠭᠠᠳᠠᠨᠠᠬᠢ ᠮᠤᠵᠢ ᠨᠢ B ᠳᠡᠰ | ᠪᠣᠯᠣᠨ᠎ᠠ᠃ ᠰᠢᠯᠭᠠᠨ ᠬᠢᠨᠠᠭᠰᠠᠨ ᠳᠡᠰ ᠨᠢ A ᠳᠡᠰ ᠪᠣᠯ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠠᠴᠠ | ᠵᠠᠷᠯᠠᠨ ᠰᠠᠶᠢᠰᠢᠶᠠᠨ᠎ᠠ︔ ᠰᠢᠯᠭᠠᠨ ᠬᠢᠨᠠᠯᠲᠠ ᠶᠢᠨ ᠵᠡᠷᠭᠡ ᠳᠡᠰ ᠨᠢ C ᠳᠡᠰ ᠪᠣᠯ᠂ ᠶᠠᠮᠤᠨ ᠤ ᠬᠤᠭᠤᠷᠣᠨᠳᠤᠬᠢ | ᠬᠤᠯᠪᠣᠭᠠᠲᠤ ᠬᠤᠷᠠᠯ ᠠᠴᠠ ᠲᠤᠰ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠬᠤᠭᠤᠴᠠᠭ᠎ᠠ ᠲᠣᠭᠲᠠᠭᠠᠵᠤ ᠴᠡᠭᠴᠡᠯᠡᠨ ᠵᠠᠰᠠᠬᠤ ᠱᠠᠭᠠᠷᠳᠠᠯᠭ᠎ᠠ | ᠳᠤᠷᠠᠳᠤᠨ᠎ᠠ᠃ ᠪᠣᠯᠵᠣᠨ ᠶᠠᠷᠢᠯᠴᠠᠭ᠎ᠠ ᠶᠢ ᠬᠦᠯᠢᠶᠡᠭᠰᠡᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ᠂ ᠪᠢᠴᠢᠭ ᠤᠨ ᠮᠡᠳᠡᠭᠦᠯᠦᠯᠲᠡ ᠲᠤᠰᠢᠶᠠᠵᠤ᠂ ᠶᠠᠮᠤᠨ ᠤ | ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | ᠭᠤᠣᠯᠳᠠᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠪᠣᠳᠠᠲᠤ ᠪᠠᠶᠢᠳᠠᠯ ᠢ ᠣᠨᠣᠪᠴᠢᠲᠠᠢ | ᠲᠤᠰᠬᠠᠨ᠎ᠠ | ᠠᠰᠠᠭᠤᠯᠲᠠ᠄ ︽ᠠᠷᠭ᠎ᠠ︾ ᠶᠢᠨ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ | ᠬᠢᠬᠦ ᠲᠤᠬᠠᠢ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠡᠨᠡ ᠵᠢᠯ ᠪᠣᠯ ︽ᠠᠷᠭ᠎ᠠ︾ ᠶᠢ ᠬᠡᠷᠡᠭᠵᠢᠭᠦᠯᠬᠦ ᠠᠩᠬᠠᠨ ᠤ ᠵᠢᠯ ᠪᠠᠶᠢᠵᠤ᠂ ᠳᠠᠷᠠᠭᠠᠴᠢ ᠶᠢᠨ | ᠠᠯᠬᠤᠮ ᠳᠤ᠂ ᠮᠠᠨ ᠤ ᠶᠠᠮᠤᠨ ᠠᠴᠠ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠡᠯ᠎ᠡ ᠭᠡᠰᠢᠭᠦᠨ ᠨᠢᠭᠡᠴᠢ | ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠨᠢᠭᠡ ᠳᠤ ᠤᠬᠠᠭᠤᠯᠭ᠎ᠠ ᠪᠠ | ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠭᠠᠵᠠᠷ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠢᠶᠠᠷ ᠰᠢᠯᠭᠠᠨ ᠬᠢᠨᠠᠬᠤ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠣᠶᠢᠯᠠᠭᠠᠭᠤᠯᠤᠨ ᠡᠵᠡᠮᠰᠢᠭᠦᠯᠦᠨ᠎ᠡ᠃ | ᠬᠤᠶᠠᠷ ᠲᠤ᠂ ᠴᠠᠭ ᠢ ᠠᠮᠵᠢᠨ 2017 ᠣᠨ ᠤ ᠰᠢᠯᠭᠠᠨ ᠬᠢᠨᠠᠬᠤ ᠲᠥᠰᠥᠯ ᠵᠢᠴᠢ ᠨᠠᠷᠢᠨ ᠳᠦᠷᠢᠮ ᠢ ᠳᠠᠷᠤᠮᠠᠯᠯᠠᠨ | ᠲᠠᠷᠬᠠᠭᠠᠵᠤ᠂ ᠰᠢᠯᠭᠠᠨ ᠬᠢᠨᠠᠬᠤ ᠭᠤᠣᠯᠳᠠᠯᠭ᠎ᠠ ᠪᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠭᠤᠷᠪᠠ ᠳᠤ᠂ | ᠡᠯ᠎ᠡ ᠭᠠᠵᠠᠷ ᠤᠨ ᠬᠢᠨ ᠢ ᠵᠢᠯᠣᠭᠤᠳᠴᠤ ᠳᠠᠷᠠᠭ᠎ᠠ ᠵᠢᠯ ᠤᠨ 2 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ | ᠥᠪᠡᠷ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠡᠭᠦᠨ ᠤ ᠰᠠᠭᠤᠷᠢᠨ ᠳᠡᠭᠡᠷ᠎ᠡ᠂ ᠶᠠᠮᠤᠨ ᠤ | ᠬᠤᠭᠤᠷᠣᠨᠳᠤᠬᠢ ᠬᠤᠯᠪᠣᠭᠠᠲᠤ ᠬᠤᠷᠠᠯ ᠤᠨ ᠡᠯ᠎ᠡ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠵᠤ ᠪᠣᠳᠠᠲᠤ ᠭᠠᠵᠠᠷ ᠲᠤ | ᠰᠢᠯᠭᠠᠨ ᠪᠠᠶᠢᠴᠠᠭᠠᠬᠤ ᠪᠠ ᠶᠡᠷᠦᠩᠬᠡᠶᠢᠯᠡᠨ ᠵᠥᠪᠯᠡᠵᠦ ᠲᠣᠭᠲᠠᠭᠠᠬᠤ ᠶᠢ ᠰᠠᠶᠢᠲᠤᠷ ᠬᠢᠵᠦ᠂ ᠰᠢᠯᠭᠠᠨ ᠬᠢᠨᠠᠭᠰᠠᠨ | ᠦᠷ᠎ᠡ ᠳ᠋ᠦᠩ ᠢᠶᠠᠷ ᠡᠯ᠎ᠡ ᠭᠠᠵᠠᠷ ᠤᠨ ᠠᠵᠢᠯ ᠤᠨ ᠪᠣᠳᠠᠲᠤ ᠪᠠᠶᠢᠳᠠᠯ ᠢ ᠣᠨᠣᠪᠴᠢᠲᠠᠢ ᠲᠤᠰᠬᠠᠬᠤ ᠪᠠᠷ | ᠴᠢᠷᠮᠠᠶᠢᠨ᠎ᠠ᠃ | ᠣᠨᠴᠠᠭᠠᠶᠢᠯᠠᠨ ᠳᠤᠷᠠᠳᠬᠤ ᠴᠢᠬᠤᠯᠠᠲᠠᠢ ᠵᠦᠢᠯ ᠭᠡᠪᠡᠯ᠂ ︽ᠠᠷᠭ᠎ᠠ︾ ᠳᠤ ᠪᠠᠰᠠ᠂ ᠡᠯ᠎ᠡ ᠮᠤᠵᠢ ᠶᠢᠨ | ᠱᠠᠲᠤᠨ ᠤ ᠵᠠᠰᠠᠭ ᠤᠨ ᠣᠷᠳᠣᠨ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠬᠠᠷᠢᠶᠠᠲᠤ ᠣᠷᠣᠨ ᠤ ᠳᠣᠲᠣᠷᠠᠬᠢ ᠡᠯ᠎ᠡ ᠱᠠᠲᠤᠨ ᠤ ᠵᠠᠰᠠᠭ ᠤᠨ ᠣᠷᠳᠣᠨ ᠳᠠᠬᠢ | ᠰᠢᠯᠭᠠᠨ ᠬᠢᠨᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠭᠰᠠᠨ ᠪᠠᠶᠢᠨ᠎ᠠ᠃ | |