ᠥᠪᠥᠷ ᠵᠠᠰᠠᠭ ᠲᠠᠷᠬᠠᠭᠠᠭᠰᠠᠨ ﹇2017﹈ 34 ᠳ᠋ᠤᠭᠡᠷ ᠲᠤᠭᠠᠳᠤ | 2017 ᠣᠨ ᠤ 3 ᠳ᠋ᠣᠭᠠᠷ ᠰᠠᠷ᠎ᠠ ᠶᠢᠨ 13 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ | ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ | ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ | ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ | ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ | ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ | ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ | ᠲᠠᠯ᠎ᠠ ᠪᠠᠷ ᠶᠠᠪᠣᠭᠳᠠᠭᠤᠯᠬᠤ ᠶᠢ 2016 ᠣᠨ ᠤ 5 ᠳ᠋ᠣᠭᠠᠡᠷ ᠰᠠᠷ᠎ᠠ ᠶᠢᠨ 1 ᠤ ᠡᠳᠣᠷ ᠨᠢᠭᠡᠨᠳᠠ ᠬᠡᠷᠩᠵᠢᠭᠦᠯᠪᠠ᠃ | ︽ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ | ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠲᠦᠪ ᠤᠨ ᠡᠳ᠋ ᠤᠨ ᠵᠠᠰᠠᠭ ᠪᠣᠯᠣᠨ ᠣᠷᠣᠨ ᠨᠣᠳᠤᠭ ᠤᠨ ᠦᠷᠳᠡᠭ | ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠳᠠᠷᠣᠮᠠᠯᠯᠠᠨ | ᠶᠠᠪᠤᠭᠤᠯᠬᠤ ᠲᠤᠬᠠᠶ ᠲᠥᠷᠥ ᠶᠢᠨ ᠶᠠᠪᠣᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2016﹈ | 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ | ᠤᠶᠠᠯᠳᠤᠭᠤᠯᠤᠨ᠂ ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ | ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ | ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ︵ᠤᠤᠯ ᠤᠨ ᠥᠷᠲᠡᠭ ᠨᠡᠮᠡᠭᠳᠡᠯ ᠤᠨ ᠭᠠᠶᠢᠯᠢ᠂ ᠦᠭᠡᠷᠡᠴᠢᠯᠠᠵᠣ | ᠳᠠᠳᠠᠪᠣᠷᠢᠯᠠᠭᠰᠠᠨ ᠦᠷᠲᠡᠭ ᠨᠡᠮᠡᠭᠳᠡᠯ ᠤᠨ ᠭᠠᠶᠢᠯᠢ ᠪᠠ ᠡᠵᠡᠩᠨᠡᠯᠲᠡ ᠶᠢᠨ ᠭᠠᠶᠢᠯᠢ᠂ ᠳᠣᠷᠣᠭᠰᠢ ᠠᠳᠠᠯᠢ︶ ᠶᠢᠨ | ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠲᠣᠭᠲᠠᠭᠠᠪᠠ᠃ | ᠨᠢᠭᠡ᠂ ᠦᠨᠳᠦᠰᠦᠨ ᠵᠠᠷᠴᠢᠮ | ︵ᠨᠢᠭᠡ︶ ᠤᠳᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠷᠢᠰᠢᠯ ᠢ ᠬᠤᠪᠢᠷᠠᠭᠤᠯᠬᠤ ᠦᠭᠡᠢ ᠪᠠᠶᠢᠬᠤ ᠶᠢ | ᠪᠠᠳᠣᠯᠠᠨ᠎ᠠ᠃ 2014 ᠣᠨ ᠢᠶᠠᠷ ᠰᠠᠭᠤᠷᠢ ᠲᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠶᠢᠮᠠᠭ | ᠬᠤᠳᠠ ᠠᠴᠠ ᠳᠡᠭᠡᠭᠰᠢ ᠬᠤᠪᠢᠶᠠᠷᠢᠯᠠᠭᠰᠠᠨ ᠣᠷᠣᠯᠭ᠎ᠠ ᠶᠢ ᠭᠠᠶᠢᠯᠢ ᠲᠠᠲᠠᠪᠤᠷᠢ ᠪᠤᠴᠠᠭᠠᠬᠤ ᠠᠷᠭ᠎ᠠ ᠮᠠᠶ᠋ᠢᠭ ᠢᠶᠠᠷ | ᠳᠡᠮᠵᠢᠭᠤᠯᠣᠨ ᠠᠶᠢᠮᠠᠭ ᠬᠤᠳ᠋ᠨ ᠳᠤ ᠦᠭᠴᠣ᠂ ᠣᠳᠣᠬᠠᠨ ᠤ ᠥᠪᠡᠷᠲᠡᠭᠡᠨ ᠵᠠᠰᠠᠬᠤ ᠣᠷᠣᠨ ᠪᠠ ᠠᠶᠢᠮᠠᠭ | ᠬᠤᠲᠠ ᠶᠢᠨ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠶ ᠳᠡᠭᠡᠨ ᠬᠤᠪᠢᠷᠠᠭᠤᠯᠬᠤ ᠦᠭᠡᠢ ᠪᠠᠶᠢᠬᠤ ᠶᠢ | ᠪᠠᠳᠣᠯᠠᠨ᠎ᠠ᠃ | ︵ᠬᠤᠶᠠᠷ︶ ᠦᠷᠲᠡᠭ ᠨᠡᠮᠡᠭᠳᠡᠯ ᠤᠨ ᠭᠠᠶᠢᠯᠢ ᠶᠢ ᠬᠠᠮᠳᠣ ᠪᠠᠷ ᠭᠦᠷᠳᠡᠭᠦ ᠶᠢ ᠲᠦᠢᠯᠪᠣᠷᠢᠳᠠᠢ ᠬᠡᠷᠩᠵᠢᠭᠦᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠭᠲᠠᠮᠠᠯ ᠣᠷᠣᠯᠭ᠎ᠠ ᠶᠢ ᠬᠦᠴᠦᠨ ᠦᠭᠡᠢ ᠪᠣᠯᠭᠠᠵᠤ᠂ | ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠭᠠᠶᠢᠯᠢ ᠲᠠᠲᠠᠪᠤᠷᠢ ᠲᠤᠰᠢᠶᠠᠬᠤ ᠭᠠᠵᠠᠷ ᠤᠨ ᠬᠠᠷᠢᠴᠠᠯ | ᠶᠣᠰᠣᠭᠠᠷ ᠨᠢᠭᠡᠳᠦᠯᠲᠡᠶ ᠬᠠᠮᠳᠣ ᠪᠠᠷ ᠭᠦᠷᠳᠡᠭᠦ ᠶᠢ ᠰᠢᠭᠤᠳ ᠶᠠᠪᠣᠭᠳᠠᠭᠤᠯᠣᠨ᠎ᠠ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠵᠣᠬᠢᠰᠲᠠᠶ | ᠳᠡᠭᠡᠭᠰᠢᠯᠡᠭᠦᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠥᠪᠬᠡᠨ 2014 ᠣᠨ ᠤ ᠣᠷᠣᠯᠭ᠎ᠠ ᠶᠢᠨ ᠰᠠᠭᠤᠷᠢ | ᠲᠤᠭ᠎ᠠ ᠠᠴᠠ ᠬᠡᠲᠦᠷᠡᠭᠰᠡᠨ ᠨᠡᠮᠡᠭᠳᠡᠯ ᠤᠨ ᠬᠡᠰᠡᠭ ᠲᠤ ᠵᠣᠬᠢᠰᠲᠠᠶ ᠲᠥᠪᠯᠡᠷᠡᠭᠦᠯᠦᠯ ᠬᠢᠵᠣ᠂ ᠠᠶᠢᠮᠠᠭ ᠬᠤᠳᠠ ᠶᠢᠨ | ᠳᠠᠭᠠᠭᠠᠬᠤ ᠴᠢᠳᠠᠪᠤᠷᠢ ᠶᠢ ᠬᠠᠮᠲᠤ ᠳᠤᠨᠢ ᠬᠠᠷᠠᠭᠠᠯᠵᠠᠬᠤ ᠶᠢᠨ ᠳᠠᠠᠭᠤ ᠪᠠᠰᠠ ᠥᠪᠡᠷᠲᠡᠭᠡᠨ ᠵᠠᠰᠠᠬᠤ ᠣᠷᠣᠨ ᠤ | ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠵᠣᠬᠢᠰᠳᠠᠢ ᠳᠡᠭᠡᠭᠰᠢᠯᠡᠭᠦᠯᠭᠦ ᠶᠢ ᠪᠣᠳᠣᠯᠬᠢᠯᠠᠬᠤ ᠬᠡᠷᠡᠭᠲᠡᠶ᠃ | ︵ᠲᠦᠷᠪᠡ︶ ᠥᠪᠡᠷᠲᠡᠭᠡᠨ ᠵᠠᠰᠠᠬᠤ ᠣᠷᠣᠨ ᠤ ᠣᠷᠣᠨ ᠪᠦᠰᠨ ᠶᠢᠨ ᠳᠣᠲᠣᠷᠠᠬᠢ ᠡᠳ᠋ ᠤᠨ ᠬᠦᠴᠦᠨ ᠤ | ᠲᠡᠩᠴᠡᠭᠦᠷᠢ ᠶᠢ ᠠᠬᠢᠭᠤᠯᠬᠤ ᠬᠡᠷᠩᠳᠠᠢ᠃ ᠲᠣᠬᠢᠷᠠᠭᠤᠯᠤᠯᠳᠠ ᠬᠢᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠠᠴᠠ ᠲᠥᠪᠯᠡᠷᠡᠭᠦᠯᠣᠭ᠍ᠰᠡᠨ ᠣᠷᠣᠯᠭ᠎ᠠ ᠶᠢᠨ ᠨᠡᠮᠡᠭᠳᠡᠭᠰᠡᠨ ᠬᠡᠮᠵᠢᠶ᠎ᠡ ᠶᠢ ᠭᠤᠣᠯᠳᠠᠭᠤ ᠡᠯ᠎ᠡ ᠠᠶᠢᠮᠠᠭ | ᠬᠤᠲᠠ ᠶᠢᠨ ᠡᠩ ᠤᠨ ᠴᠢᠨᠠᠷᠲᠠᠶ ᠰᠢᠯᠵᠢᠭᠦᠯᠦᠨ ᠥᠭᠬᠦ ᠳᠤ ᠵᠠᠷᠣᠴᠠᠭᠤᠯᠣᠨ᠂ ᠡᠷᠳᠡ ᠴᠢᠯᠣᠭᠡᠯᠡᠭᠳᠡᠭᠰᠠᠨ ᠣᠷᠣᠨ | ᠴᠦᠭᠡᠨ ᠲᠣᠭᠠᠳᠣ ᠦᠨᠳᠣᠰᠣᠳᠠᠨ ᠤ ᠬᠢᠯᠢ ᠬᠢᠵᠠᠭᠠᠷ ᠶᠠᠳᠠᠭᠤ ᠬᠦᠴᠢᠷᠳᠡᠯᠳᠠᠢ ᠭᠠᠵᠠᠷ ᠣᠷᠣᠨ ᠢ ᠳᠡᠮᠵᠢᠭᠦ ᠡᠷᠴᠢᠮ ᠢ | ᠴᠢᠩᠭᠠᠷᠠᠭᠤᠯᠵᠣ᠂ ᠣᠷᠣᠨ ᠪᠦᠰᠠ ᠶᠢᠨ ᠳᠣᠲᠣᠷᠠᠬᠢ ᠡᠳ᠋ ᠤᠨ ᠬᠦᠴᠦᠨ ᠤ ᠵᠥᠷᠢᠶ᠎ᠡ ᠶᠢ ᠤᠯᠠᠮ ᠨᠢᠭᠡ ᠠᠯᠬᠤᠮ | ᠪᠠᠭᠠᠰᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠳᠡᠩᠴᠡᠭᠦᠷᠢᠵᠢᠯ ᠢ ᠠᠬᠢᠭᠤᠯᠣᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ 2014 ᠣᠨ ᠢᠶᠠᠷ ᠰᠠᠭᠤᠷᠢ ᠲᠤᠭ᠎ᠠ ᠪᠣᠯᠭᠠᠵᠣ ᠥᠪᠡᠷᠲᠡᠭᠡᠨ ᠵᠠᠰᠠᠬᠤ ᠣᠷᠣᠨ ᠤ ᠪᠤᠴᠠᠭᠠᠬᠤ | ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ᠃ | ︵ᠬᠤᠶᠠᠷ︶ ᠠᠯᠢᠪᠠ ᠠᠵᠢᠯ ᠲᠦᠷᠦᠯ ᠠᠵᠤ ᠠᠬᠤᠶᠢᠯᠠᠯ ᠤᠨ ᠲᠤᠰᠢᠶᠠᠭᠰᠠᠨ ᠦᠷᠲᠡᠭ ᠨᠡᠮᠡᠭᠳᠡᠯ ᠤᠨ | ᠭᠠᠶᠢᠯᠢ ᠶᠢ ᠴᠥᠮ ᠬᠠᠮᠲᠤ ᠪᠠᠷ ᠭᠦᠷᠳᠡᠭᠦ ᠬᠡᠪᠴᠢᠶᠡᠨ ᠳᠤ ᠣᠷᠣᠭᠤᠯᠣᠨ᠎ᠠ᠃ ᠣᠷᠣᠨ ᠨᠤᠲᠤᠭ ᠤᠨ ᠦᠯᠡᠳᠡᠭᠡᠭᠰᠡᠨ | ᠦᠷᠳᠡᠭ ᠨᠡᠮᠡᠭᠳᠡᠯ ᠤᠨ ᠭᠠᠶᠢᠯᠢ ᠶᠢᠨ 50% ᠶᠢᠨ ᠬᠡᠰᠡᠭ᠂ ᠥᠪᠡᠷᠲᠡᠭᠡᠨ ᠵᠠᠰᠠᠬᠤ ᠣᠷᠣᠨ ᠤ ᠲᠤᠰ ᠱᠠᠳᠣ ᠨᠢ | 30% ᠶᠢ ᠬᠤᠪᠢᠶᠠᠨ ᠭᠦᠷᠳᠡᠵᠣ᠂ ᠠᠶᠢᠮᠠᠭ ᠬᠤᠳᠠ ᠨᠢ ᠭᠠᠶᠢᠯᠢ ᠲᠠᠲᠠᠪᠤᠷᠢ ᠲᠤᠰᠢᠶᠠᠬᠤ ᠭᠠᠵᠡᠷ ᠢᠶᠠᠷ 70% ᠶᠢ | ᠬᠤᠪᠢᠳᠠᠨ ᠭᠦᠷᠳᠡᠨ᠎ᠠ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠳᠡᠭᠡᠭᠰᠢ ᠬᠤᠪᠢᠶᠠᠷᠢᠯᠠᠭᠰᠠᠨ ᠣᠷᠣᠯᠭ᠎ᠠ ᠶᠢ ᠭᠠᠶᠢᠯᠢ | ᠲᠠᠲᠠᠪᠤᠷᠢ ᠪᠠᠷ ᠳᠡᠮᠵᠢᠭᠤᠯᠣᠨ ᠪᠣᠴᠠᠭᠠᠬᠤ ᠠᠷᠭ᠎ᠠ ᠮᠠᠶ᠋ᠢᠭ ᠢᠶᠠᠷ ᠠᠶᠢᠮᠠᠭ ᠬᠤᠳᠠ ᠳᠤ ᠦᠭᠴᠣ᠂ ᠣᠷᠣᠨ | ᠨᠤᠲᠤᠭ ᠤᠨ ᠣᠳᠣ ᠶᠢᠨ ᠪᠠᠶᠢᠭ᠎ᠠ ᠡᠳ᠋ ᠤᠨ ᠭᠦᠴᠣᠨ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠶ᠃ | ︵ᠲᠦᠷᠪᠡ︶ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠣᠭ᠍ᠰᠡᠨ ᠣᠷᠣᠯᠭ᠎ᠠ ᠶᠢᠨ ᠨᠡᠮᠡᠭᠳᠡᠯ ᠤᠨ | ᠬᠡᠮᠵᠢᠶ᠎ᠠ ᠶᠢ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠣᠷᠣᠨ ᠨᠤᠲᠤᠭ ᠲᠤ | ᠬᠤᠪᠢᠶᠠᠷᠢᠯᠠᠨ ᠥᠭᠴᠦ᠂ ᠡᠷᠳᠡ ᠴᠢᠯᠣᠭᠡᠯᠡᠭᠳᠡᠭᠰᠠᠨ ᠣᠷᠣᠨ ᠴᠦᠭᠡᠨ ᠲᠣᠭᠠᠳᠣ ᠦᠨᠳᠣᠰᠣᠳᠠᠨ ᠤ ᠬᠢᠯᠢ ᠬᠢᠵᠠᠭᠠᠷ | ᠶᠠᠳᠠᠭᠤ ᠬᠦᠴᠢᠷᠳᠡᠯᠳᠠᠢ ᠭᠠᠵᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ ᠪᠠ ᠰᠢᠯᠵᠢᠯᠲᠡ ᠶᠢᠨ ᠬᠤᠭᠤᠴᠠᠭ᠎ᠠ ᠬᠢᠵᠠᠭᠠᠷ | ᠲᠤᠰ ᠲᠥᠰᠦᠯ ᠢ 2017 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠰᠢᠯᠵᠢᠯᠲᠡ ᠶᠢᠨ ᠬᠤᠭᠤᠴᠠᠭ᠎ᠠ ᠶᠢ ᠲᠦᠷ 2 — 3 ᠵᠢᠯ ᠢᠶᠠᠷ ᠲᠣᠭᠳᠠᠭᠠᠵᠣ᠂ ᠲᠤᠬᠠᠶ ᠶᠢᠨ ᠴᠠᠭ ᠲᠤᠨᠢ | ᠲᠥᠪ ᠤᠨ ᠳᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ ᠶᠢᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠶᠢ ᠦᠨᠳᠣᠰᠣᠯᠡᠵᠣ ᠵᠣᠬᠢᠰᠲᠠᠶ ᠲᠣᠬᠢᠷᠠᠭᠤᠯᠣᠯᠳᠠ ᠬᠢᠨ᠎ᠠ᠃ ᠡᠯ᠎ᠡ ᠠᠶᠢᠮᠠᠭ ᠬᠤᠳᠠ ᠠᠴᠠ ᠳᠣᠷᠣᠭᠰᠢᠬᠢ | ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ ᠬᠤᠪᠢᠶᠠᠷᠢᠯᠠᠬᠤ ᠬᠠᠷᠢᠴᠠᠯ ᠨᠢ ᠬᠡᠷᠪᠡ ᠲᠣᠬᠢᠷᠠᠭᠤᠯᠣᠯᠳᠠ ᠲᠠᠢ | ᠪᠠᠶᠢᠪᠡᠯ᠂ 2017 ᠣᠨ ᠤ 4 ᠳ᠋ᠣᠭᠡᠷ ᠰᠠᠷ᠎ᠠ ᠶᠢᠨ 15 ᠤ ᠡᠳᠣᠷ ᠠᠴᠠ ᠡᠮᠦᠨ᠎ᠡ ᠲᠣᠬᠢᠷᠠᠭᠤᠯᠵᠣ ᠲᠠᠭᠤᠰᠬᠠᠬᠤ | ᠬᠡᠷᠩᠳᠠᠢ᠃ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠂ ᠠᠷᠠᠳ ᠤᠨ ᠪᠠᠩᠬᠢ ᠨᠢ 2017 | ᠣᠨ ᠤ 4 ᠳ᠋ᠣᠭᠡᠷ ᠰᠠᠷ᠎ᠠ ᠶᠢᠨ 30 ᠤ ᠡᠳᠣᠷ ᠠᠴᠠ ᠡᠮᠦᠨ᠎ᠡ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ | ᠬᠤᠪᠢᠶᠠᠷᠢᠯᠠᠬᠤ ᠬᠠᠮᠢᠶ᠎ᠠ ᠪᠦᠭᠦᠢ ᠲᠦᠭᠦᠷ ᠠᠵᠢᠯ ᠢᠶᠠᠨ ᠪᠡᠶᠡᠯᠡᠭᠦᠯᠵᠣ᠂ 2017 ᠣᠨ ᠤ 5 ᠳ᠋ᠣᠭᠠᠷ ᠰᠠᠷ᠎ᠠ ᠶᠢᠨ | 1 ᠤ ᠡᠳᠣᠷ ᠠᠴᠠ ᠬᠤᠶᠢᠰᠢ ᠥᠪᠡᠷᠲᠡᠭᠡᠨ ᠵᠠᠰᠠᠬᠤ ᠣᠷᠣᠨ ᠤ ᠦᠷᠳᠡᠭ ᠨᠡᠮᠡᠭᠳᠡᠯ ᠤᠨ ᠭᠠᠶᠢᠯᠢ ᠶᠢ ᠲᠣᠭᠲᠠᠭᠠᠭᠰᠠᠨ | ᠬᠠᠷᠢᠴᠠᠯ᠂ ᠱᠠᠳᠣ ᠳᠡᠰ ᠢᠶᠠᠷ ᠴᠠᠭ ᠲᠣᠬᠠᠢ ᠳᠤᠨᠢ ᠲᠤᠭ᠎ᠠ ᠶᠣᠰᠣᠭᠠᠷ ᠬᠥᠮᠥᠷᠭᠡᠯᠡᠬᠦ ᠶᠢ ᠦᠨᠡᠡᠭᠦ ᠪᠠᠲᠤᠯᠠᠬᠤ | ᠬᠡᠷᠡᠭᠲᠡᠶ᠃ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠠ︶ |