ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠳᠡᠳ᠋ ᠳᠠᠷᠤᠭ᠎ᠠ ᠴᠢᠦ ᠰᠢᠶᠣᠣ ᠫᠢᠩ ︽ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠰᠢᠯᠭᠠᠨ ᠬᠢᠨᠠᠬᠤ ᠠᠷᠭ᠎ᠠ︾ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ
ᠨᠡᠶᠢᠲᠡᠯᠡᠭᠰᠡᠨ ᠴᠠᠭ᠄
2017/6/28
     2017 ᠣᠨ ᠰᠢᠪᠲᠤᠷᠠᠭᠠᠨ ᠳᠤ ᠪᠠᠨ ᠣᠷᠣᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ︽ᠴᠠᠯᠢᠩ ᠨᠡᠬᠡᠬᠦ ᠳᠤ ᠬᠦᠴᠢᠷᠲᠡᠢ︾ ᠠᠰᠠᠭᠤᠳᠠᠯ ᠨᠢ ᠳᠠᠬᠢᠨ ᠨᠡᠶᠢᠭᠡᠮ ᠨᠡᠶᠢᠲᠡ ᠶᠢᠨ ᠬᠢᠨ ᠤ ᠠᠩᠬᠠᠷᠤᠯ ᠢ ᠲᠠᠲᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠮᠠᠯᠴᠢᠨ ᠲᠠᠷᠢᠶᠠᠴᠢᠨ ᠬᠦᠴᠦᠨ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠰᠢᠯᠭᠠᠨ ᠬᠢᠨᠠᠬᠤ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠤᠨ ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠠᠬᠢᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠪᠠᠷ ᠪᠠᠶᠢᠨ᠎ᠠ᠃      ︽ᠠᠷᠭ᠎ᠠ︾ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖ ᠡᠯ᠎ᠡ ᠭᠠᠵᠠᠷ ᠤᠨ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠬᠡᠷᠬᠢᠨ ᠪᠠᠲᠤᠯᠠᠬᠤ ᠪᠣᠢ︖ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠳᠡᠳ᠋ ᠳᠠᠷᠤᠭ᠎ᠠ ᠴᠢᠦ ᠰᠢᠶᠣᠣ ᠫᠢᠩ ᠲᠦᠷᠦᠭᠦᠬᠡᠨ ︽ᠠᠷᠭ᠎ᠠ︾ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃      2020 ᠣᠨ ᠪᠣᠯᠬᠤ ᠳᠤ ᠦᠨᠳᠦᠰᠦᠨ ᠳᠤ ᠪᠠᠨ ᠥᠷᠢ ᠦᠭᠡᠢ ᠬᠠᠷᠠᠯᠲᠠ ᠦᠭᠡᠢ ᠶᠢ ᠴᠢᠷᠮᠠᠶᠢᠨ ᠪᠡᠶᠡᠯᠡᠭᠦᠯᠦᠨ᠎ᠡ      ᠠᠰᠠᠭᠤᠯᠲᠠ᠄   ︽ᠠᠷᠭ᠎ᠠ︾ ᠶᠢ ᠲᠤᠭᠤᠷᠪᠢᠭᠰᠠᠨ ᠠᠬᠤᠢ  ᠪᠠᠶᠢᠳᠠᠯ  ᠢ  ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠨᠢ ᠥᠷᠭᠡᠨ ᠣᠯᠠᠨ ᠮᠠᠯᠴᠢᠨ ᠲᠠᠷᠢᠶᠠᠴᠢᠨ ᠬᠦᠴᠦ ᠶᠠᠪᠤᠭᠴᠢ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ 2016 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠠᠷᠠᠯᠲᠠ ᠡᠭᠦᠷᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠦᠭᠰᠡᠨ ᠠᠴᠠ᠂ ᠥᠷᠢᠲᠦᠯ ᠢ ᠵᠠᠰᠠᠵᠤ ᠣᠯᠭᠤᠯᠲᠠ ᠶᠢ ᠪᠠᠲᠤᠯᠠᠬᠤ ᠠᠵᠢᠯ ᠨᠡᠯᠢᠶᠡᠳ ᠢᠯᠡᠷᠬᠡᠢ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃      ᠭᠡᠲᠡᠯ᠎ᠡ᠂ ᠴᠠᠯᠢᠩ ᠥᠷᠢᠲᠦᠬᠦ ᠠᠰᠠᠭᠤᠳᠠᠯ ᠢ ᠮᠥᠨ ᠦᠨᠳᠦᠰᠦᠨ ᠠᠴᠠ ᠨᠢ ᠰᠢᠢᠳᠪᠦᠷᠢᠯᠡᠭᠡ ᠦᠭᠡᠢ ᠪᠠᠶᠢᠭᠰᠠᠭᠠᠷ ᠭᠡᠳᠡᠭ ᠢ ᠣᠯᠵᠤ ᠬᠠᠷᠠᠬᠤ ᠬᠡᠷᠡᠭᠲᠡᠢ᠃ ᠬᠡᠰᠡᠭ ᠭᠠᠵᠠᠷ ᠣᠷᠣᠨ ᠤ ᠦᠢᠯᠡᠳᠦᠯᠭᠡ ᠶᠢᠨ ᠪᠠᠶᠢᠳᠠᠯ ᠠᠴᠠ ᠦᠵᠡᠪᠡᠯ᠂ ᠬᠠᠷᠠᠯᠲᠠᠲᠤ ᠬᠢᠨᠠᠨ ᠰᠢᠯᠭᠠᠯᠲᠠ ᠪᠠ ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠴᠢᠩᠭᠠᠳᠬᠠᠬᠤ ᠪᠣᠯ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ︽ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠢ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ ᠲᠤᠬᠠᠢ ᠰᠠᠨᠠᠯ︾ ᠳᠤ᠂ ︽ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠠᠷᠭ᠎ᠠ ᠶᠢ ᠲᠣᠭᠲᠠᠭᠠᠨ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠶᠢ ᠵᠠᠰᠠᠭ ᠤᠨ ᠣᠷᠳᠣᠨ ᠤ ᠰᠢᠯᠭᠠᠨ ᠬᠢᠨᠠᠵᠤ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮᠴᠢ ᠳᠤ ᠣᠷᠣᠭᠤᠯᠬᠤ ᠬᠡᠷᠡᠭᠲᠡᠢ︾ ᠭᠡᠵᠦ ᠲᠣᠳᠣᠷᠬᠠᠢ ᠳᠤᠷᠠᠳᠴᠠᠢ᠃ ᠡᠨᠡ ᠵᠢᠯ ᠤᠨ 2 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ᠪᠠᠰᠠ ᠮᠤᠵᠢ ᠬᠤᠲᠠ ᠰᠢᠶᠠᠨ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢᠶᠠᠨ ᠲᠤᠭᠤᠰᠢᠲᠠᠢ ᠪᠡᠶᠡᠯᠡᠭᠦᠯᠦᠭᠰᠡᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠡᠨᠡ ᠤᠳᠠᠭ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠬᠢᠨᠠᠨ ᠰᠢᠯᠭᠠᠬᠤ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠤ ᠵᠣᠷᠢᠯᠭ᠎ᠠ ᠨᠢ ᠰᠢᠯᠭᠠᠨ ᠬᠢᠨᠠᠯᠲᠠ ᠶᠠᠪᠤᠭᠤᠯᠬᠤ ᠪᠠᠷ ᠳᠠᠮᠵᠢᠭᠤᠯᠵᠤ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ 2020 ᠣᠨ ᠪᠣᠯᠬᠤ ᠳᠤ ᠦᠨᠳᠦᠰᠦᠨ ᠳᠤ ᠪᠠᠨ ᠥᠷᠢ ᠦᠭᠡᠢ ᠬᠠᠷᠠᠯᠲᠠ ᠶᠢ ᠪᠡᠶᠡᠯᠡᠭᠦᠯᠬᠦ ᠶᠠᠪᠤᠳᠠᠯ ᠪᠣᠯᠣᠨ᠎ᠠ᠃      ᠰᠢᠯᠭᠠᠨ ᠬᠢᠨᠠᠭᠰᠠᠨ ᠦᠷ᠎ᠡ ᠳ᠋ᠦᠩ ᠢᠶᠠᠷ ᠭᠤᠷᠪᠠᠨ ᠳᠡᠰ ᠤᠨ ︽ᠱᠠᠩᠨᠠᠯ ᠲᠣᠷᠭᠤᠭᠤᠯᠢ ᠶᠢ ᠲᠣᠳᠣᠷᠬᠠᠢ︾ ᠪᠣᠯᠭᠠᠨ᠎ᠠ      ᠠᠰᠠᠭᠤᠯᠲᠠ᠄ ︽ᠠᠷᠭ᠎ᠠ︾ ᠶᠢᠨ ᠶᠡᠷᠦᠩᠬᠡᠢ ᠪᠣᠳᠣᠯᠬᠢᠯᠠᠯ ᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠥᠷᠢᠲᠦᠯ ᠢ ᠵᠠᠰᠠᠵᠤ ᠣᠯᠭᠤᠯᠲᠠ ᠶᠢ ᠪᠠᠲᠤᠯᠠᠬᠤ ᠠᠵᠢᠯ ᠤᠨ ᠬᠠᠷᠢᠶᠠᠯᠠᠭᠳᠠᠬᠤ ᠭᠠᠵᠠᠷ ᠢᠶᠠᠷ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ 2017 ᠣᠨ ᠠᠴᠠ 2020 ᠣᠨ ᠪᠣᠯᠲᠠᠯ᠎ᠠ᠂ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠳᠤ ᠰᠢᠯᠭᠠᠨ ᠬᠢᠨᠠᠯᠲᠠ ᠶᠠᠪᠤᠭᠤᠯᠬᠤ ᠪᠠᠷ ᠲᠣᠭᠲᠠᠭᠠᠵᠠᠢ᠃ ᠰᠢᠯᠭᠠᠨ ᠬᠢᠨᠠᠬᠤ ᠠᠵᠢᠯ ᠢ ᠠᠵᠤ ᠠᠬᠤᠶᠢᠯᠠᠯ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠠᠴᠠ ᠬᠠᠷᠢᠭᠤᠴᠠᠨ ᠶᠠᠪᠤᠭᠤᠯᠵᠤ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠪᠣᠳᠠᠲᠠᠢ ᠵᠣᠬᠢᠶᠠᠨ ᠪᠠᠶᠢᠭᠤᠯᠤᠨ᠎ᠠ ᠨᠠᠶᠢᠳᠠᠪᠤᠷᠢᠵᠢᠭᠤᠯᠤᠨ᠎ᠠ᠃ ᠰᠢᠯᠭᠠᠨ ᠬᠢᠨᠠᠬᠤ ᠡᠲᠡᠭᠡᠳ ᠨᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶᠠᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠰᠢᠨᠵᠢᠶᠠᠩ ᠤᠨ ᠦᠢᠯᠡᠳᠪᠦᠷᠢᠯᠡᠯ ᠪᠠᠶᠢᠭᠤᠯᠤᠯᠲᠠ ᠶᠢᠨ ᠪᠢᠩᠲ᠋ᠤᠸᠠᠨ ᠪᠣᠯᠣᠨ᠎ᠠ᠃      ︽ᠠᠷᠭ᠎ᠠ︾ ᠳᠤ᠂ ᠰᠢᠯᠭᠠᠨ ᠬᠢᠨᠠᠬᠤ ᠠᠵᠢᠯ ᠢ ᠰᠢᠯᠭᠠᠨ ᠬᠢᠨᠠᠬᠤ ᠵᠢᠯ ᠤᠨ ᠳᠠᠷᠠᠭ᠎ᠠ ᠵᠢᠯ ᠤᠨ ᠡᠬᠢ ᠪᠠᠷ ᠡᠬᠢᠯᠡᠭᠦᠯᠦᠨ᠂ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ ᠪᠡᠶᠡᠯᠡᠭᠦᠯᠵᠦ᠂ ᠮᠤᠵᠢ ᠶᠢᠨ ᠱᠠᠲᠤᠨ ᠠᠴᠠ ᠥᠪᠡᠰᠦᠪᠡᠨ ᠪᠠᠶᠢᠴᠠᠭᠠᠬᠤ᠂ ᠪᠣᠳᠠᠲᠠᠢ ᠭᠠᠵᠠᠷ ᠲᠤ ᠬᠢᠨᠠᠨ ᠪᠠᠶᠢᠴᠠᠭᠠᠬᠤ᠂ ᠶᠡᠷᠦᠩᠬᠡᠶᠢᠯᠡᠨ  ᠵᠥᠪᠯᠡᠵᠦ ᠲᠣᠭᠲᠠᠭᠠᠬᠤ ᠭᠤᠷᠪᠠᠨ ᠱᠠᠲᠤ ᠬᠤᠪᠢᠶᠠᠨ ᠶᠠᠪᠤᠭᠤᠯᠤᠨ᠎ᠠ᠃ ᠮᠤᠵᠢ ᠶᠢᠨ ᠱᠠᠲᠤᠨ ᠠᠴᠠ ᠥᠪᠡᠰᠦᠪᠡᠨ ᠪᠠᠶᠢᠴᠠᠭᠠᠬᠤ ᠱᠠᠲᠤᠨ ᠳᠤ᠂ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠰᠢᠯᠭᠠᠨ ᠬᠢᠨᠠᠬᠤ ᠵᠢᠯ ᠳᠠᠬᠢ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠭᠰᠠᠨ ᠠᠵᠢᠯ ᠤᠨ ᠠᠬᠢᠴᠠ ᠶᠢᠨ ᠪᠠᠶᠢᠳᠠᠯ ᠪᠠ ᠦᠷ᠎ᠡ ᠪᠦᠲᠦᠮᠵᠢ ᠳᠤ ᠪᠠᠨ ᠥᠪᠡᠰᠦᠪᠡᠨ ᠪᠠᠶᠢᠴᠠᠭᠠᠯᠲᠠ ᠬᠢᠵᠦ᠂ ᠥᠪᠡᠰᠦᠪᠡᠨ ᠪᠠᠶᠢᠴᠠᠭᠠᠯᠲᠠ ᠬᠢᠭᠰᠡᠨ ᠰᠢᠯᠭᠠᠨ ᠬᠢᠨᠠᠬᠤ ᠬᠦᠰᠦᠨᠦᠭᠲᠦ ᠶᠢ ᠲᠠᠭᠯᠠᠨ ᠮᠡᠳᠡᠭᠦᠯᠵᠦ᠂ ᠥᠪᠡᠰᠦᠪᠡᠨ ᠪᠠᠶᠢᠴᠠᠭᠠᠯᠲᠠ ᠬᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ᠂ 2 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠲᠤ ᠮᠡᠳᠡᠭᠦᠯᠦᠨ ᠳᠡᠪᠰᠢᠭᠦᠯᠦᠨ᠎ᠡ︔ ᠪᠣᠳᠠᠲᠠᠢ ᠭᠠᠵᠠᠷ ᠲᠤ ᠬᠢᠨᠠᠨ ᠪᠠᠶᠢᠴᠠᠭᠠᠬᠤ ᠱᠠᠲᠤᠨ ᠳᠤ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠭᠡᠰᠢᠭᠦᠨ ᠨᠢᠭᠡᠴᠢ ᠪᠠᠨ ᠵᠣᠬᠢᠶᠠᠨ ᠪᠠᠶᠢᠭᠤᠯᠵᠤ᠂ ᠲᠠᠰᠢᠷᠠᠮ ᠳᠤ ᠨᠢ ᠰᠤᠭᠤᠴᠢᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠ ᠪᠠᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠥᠪᠡᠰᠦᠪᠡᠨ ᠪᠠᠶᠢᠴᠠᠭᠠᠯᠲᠠ ᠬᠢᠭᠰᠡᠨ ᠮᠡᠳᠡᠭᠦᠯᠦᠯᠲᠡ ᠳᠤ ᠪᠣᠳᠠᠲᠤ ᠭᠠᠵᠠᠷ ᠤᠨ ᠬᠢᠨᠠᠨ ᠰᠢᠯᠭᠠᠯᠲᠠ ᠶᠠᠪᠤᠭᠤᠯᠤᠨ᠎ᠠ︔ ᠶᠡᠷᠦᠩᠬᠡᠶᠢᠯᠡᠨ ᠵᠥᠪᠯᠡᠵᠦ ᠲᠣᠭᠲᠠᠭᠠᠬᠤ ᠱᠠᠲᠤᠨ ᠳᠤ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠭᠡᠰᠢᠭᠦᠨ ᠨᠢᠭᠡᠴᠢ ᠨᠦᠭᠦᠳ ᠢᠶᠠᠨ ᠵᠣᠬᠢᠶᠠᠨ ᠪᠠᠶᠢᠭᠤᠯᠵᠤ᠂ ᠪᠠᠶᠢᠴᠠᠭᠠᠯᠲᠠ ᠬᠢᠭᠰᠡᠨ ᠮᠡᠳᠡᠭᠦᠯᠦᠯᠲᠡ ᠪᠠ ᠪᠣᠳᠠᠲᠤ ᠭᠠᠵᠠᠷ ᠲᠤ ᠬᠢᠨᠠᠨ ᠰᠢᠯᠭᠠᠯᠲᠠ ᠬᠢᠭᠰᠡᠨ ᠪᠠᠶᠢᠳᠠᠯ ᠵᠡᠷᠭᠡ ᠶᠢ ᠦᠨᠳᠦᠰᠦᠯᠡᠵᠦ᠂ ᠶᠡᠷᠦᠩᠬᠡᠶᠢᠯᠡᠨ ᠵᠥᠪᠯᠡᠨ ᠲᠣᠭᠲᠠᠭᠠᠵᠤ᠂ ᠰᠢᠯᠭᠠᠨ ᠬᠢᠨᠠᠭᠰᠠᠨ ᠮᠡᠳᠡᠭᠦᠯᠦᠯᠲᠡ ᠶᠢ ᠪᠦᠷᠢᠯᠳᠦᠭᠦᠯᠦᠨ᠎ᠡ ᠭᠡᠵᠦ ᠳᠤᠷᠠᠳᠤᠭᠰᠠᠨ ᠪᠠᠶᠢᠨ᠎ᠠ᠃      ᠠᠰᠠᠭᠤᠯᠲᠠ᠄ ︽ᠠᠷᠭ᠎ᠠ︾ ᠳᠤ ᠲᠣᠳᠣᠷᠬᠠᠶᠢᠯᠠᠭᠰᠠᠨ ᠭᠤᠣᠯ ᠪᠣᠯᠬᠤ ᠰᠢᠯᠭᠠᠨ ᠬᠢᠨᠠᠬᠤ ᠠᠭᠤᠯᠭ᠎ᠠ ᠨᠢ ᠶᠠᠭᠤ ᠪᠣᠢ︖      ᠬᠠᠷᠢᠭᠤᠯᠲᠠ᠄ ︽ᠠᠷᠭ᠎ᠠ︾ ᠳᠤ ᠲᠣᠭᠲᠠᠭᠠᠭᠰᠠᠨ ᠰᠢᠯᠭᠠᠨ ᠬᠢᠨᠠᠬᠤ ᠠᠭᠤᠯᠭ᠎ᠠ ᠳᠤ ᠭᠤᠣᠯᠳᠠᠭᠤ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠴᠠᠯᠢᠩ ᠣᠯᠭᠤᠯᠲᠠ ᠶᠢ ᠪᠠᠲᠤᠯᠠᠬᠤ ᠳᠦᠷᠢᠮ ᠢ ᠲᠣᠭᠲᠠᠭᠠᠨ ᠪᠦᠷᠢᠨᠰᠢᠭᠦᠯᠵᠦ᠂ ᠴᠠᠯᠢᠩ ᠢ ᠥᠷᠢᠲᠦᠵᠦ ᠪᠠᠶᠢᠭ᠎ᠠ ᠣᠨᠴᠠᠭᠠᠶᠢᠯᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠵᠠᠰᠠᠬᠤ ᠠᠵᠢᠯ ᠤᠨ ᠦᠷ᠎ᠡ ᠪᠦᠲᠦᠮᠵᠢ ᠵᠡᠷᠭᠡ ᠪᠠᠶᠢᠳᠠᠯ ᠪᠠᠭᠲᠠᠵᠤ ᠪᠠᠶᠢᠨ᠎ᠠ᠃      ᠠᠰᠠᠭᠤᠯᠲᠠ᠄ ︽ᠠᠷᠭ᠎ᠠ︾ ᠳᠤ ᠰᠢᠯᠭᠠᠨ ᠬᠢᠨᠠᠬᠤ ᠳᠡᠰ ᠳᠠᠪᠬᠤᠷᠭ᠎ᠠ ᠶᠢ ᠬᠡᠷᠬᠢᠨ ᠲᠣᠭᠲᠠᠭᠠᠭᠰᠠᠨ ᠪᠣᠢ︖      ᠬᠠᠷᠢᠭᠤᠯᠲᠠ᠄ ᠰᠢᠯᠭᠠᠨ ᠬᠢᠨᠠᠯᠲᠠ ᠳᠤ ᠳᠡᠰ ᠬᠤᠪᠢᠶᠠᠵᠤ ᠬᠤᠪᠢ ᠲᠣᠭᠲᠠᠭᠠᠬᠤ ᠠᠷᠭ᠎ᠠ ᠶᠢ ᠬᠡᠷᠡᠭᠯᠡᠵᠦ᠂ ᠬᠠᠮᠤᠭ ᠡᠴᠦᠰ ᠲᠤ ᠲᠣᠭᠲᠠᠭᠠᠭᠰᠠᠨ ᠬᠤᠪᠢ ᠶᠣᠰᠣᠭᠠᠷ᠂ ᠡᠯ᠎ᠡ ᠭᠠᠵᠠᠷ ᠣᠷᠣᠨ ᠢ A᠂ B᠂ C ᠭᠤᠷᠪᠠᠨ ᠳᠡᠰ ᠬᠤᠪᠢᠶᠠᠨ᠎ᠠ᠃ ᠲᠡᠭᠦᠨ ᠤ ᠳᠣᠲᠣᠷ᠎ᠠ᠂ ᠴᠠᠯᠢᠩ ᠣᠯᠭᠤᠯᠲᠠ ᠶᠢ ᠪᠠᠲᠤᠯᠠᠬᠤ ᠡᠯ᠎ᠡ ᠵᠦᠢᠯ ᠤᠨ ᠳᠦᠷᠢᠮ ᠨᠢ ᠪᠦᠷᠢᠨ᠂ ᠠᠵᠢᠯ ᠤᠨ ᠲᠣᠭᠲᠠᠴᠠ ᠨᠢ ᠲᠡᠭᠦᠯᠳᠡᠷ᠂ ᠦᠷ᠎ᠡ ᠪᠦᠲᠦᠮᠵᠢ ᠨᠢ ᠢᠯᠡᠷᠬᠡᠢ ᠮᠥᠷᠲᠡᠭᠡᠨ ᠣᠯᠣᠭᠰᠠᠨ ᠬᠤᠪᠢ ᠨᠢ ᠡᠮᠦᠨ᠎ᠡ 10 ᠨᠡᠷᠡᠰ ᠲᠤ ᠵᠢᠭᠰᠠᠭᠠᠭᠳᠠᠵᠤ ᠪᠠᠶᠢᠭ᠎ᠠ ᠮᠤᠵᠢ ᠨᠢ A ᠳᠡᠰ ᠪᠣᠯᠣᠨ᠎ᠠ︔ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠴᠠᠯᠢᠩ ᠣᠯᠭᠤᠯᠲᠠ ᠶᠢ ᠪᠠᠲᠤᠯᠠᠬᠤ ᠠᠵᠢᠯ ᠤᠨ ᠡᠷᠴᠢᠮ ᠨᠢ ᠰᠤᠯᠠ᠂ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠨᠢ ᠲᠣᠪᠣᠶᠢᠮ᠎ᠠ᠂ ᠰᠢᠯᠭᠠᠨ ᠬᠢᠨᠠᠯᠲᠠ ᠳᠤ ᠣᠯᠣᠭᠰᠠᠨ ᠬᠤᠪᠢ ᠨᠢ ᠪᠦᠬᠦ ᠤᠯᠤᠰ ᠤᠨ ᠰᠡᠭᠦᠯ ᠤᠨ ᠭᠤᠷᠪᠠᠨ ᠨᠡᠷᠡᠰ ᠲᠤ ᠵᠢᠭᠰᠠᠭᠠᠭᠳᠠᠵᠤ ᠪᠠᠶᠢᠭ᠎ᠠ ᠪᠤᠶᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠠᠴᠠ ᠪᠣᠯᠵᠤ ᠵᠣᠬᠢᠬᠤ ᠲᠤᠭ᠎ᠠ ᠪᠤᠶᠤ ᠬᠡᠪᠴᠢᠶᠡᠨ ᠤ ᠬᠦᠨᠳᠦ ᠶᠡᠭᠡ ᠪᠦᠯᠦᠭᠵᠢᠯ ᠤᠨ ᠴᠢᠨᠠᠷᠲᠠᠢ ᠬᠡᠷᠡᠭ ᠪᠤᠶᠤ ᠬᠡᠲᠦᠷᠡᠮᠡᠬᠡᠢ ᠬᠡᠷᠡᠭ ᠢ ᠡᠭᠦᠰᠬᠡᠭᠰᠡᠨ ᠮᠤᠵᠢ ᠨᠢ C ᠳᠡᠰ ᠪᠣᠯᠣᠨ᠎ᠠ︔ A᠂ C ᠳᠡᠰ ᠠᠴᠠ ᠭᠠᠳᠠᠨᠠᠬᠢ ᠮᠤᠵᠢ ᠨᠢ B ᠳᠡᠰ ᠪᠣᠯᠣᠨ᠎ᠠ᠃ ᠰᠢᠯᠭᠠᠨ ᠬᠢᠨᠠᠭᠰᠠᠨ ᠳᠡᠰ ᠨᠢ A ᠳᠡᠰ ᠪᠣᠯ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠠᠴᠠ ᠵᠠᠷᠯᠠᠨ ᠰᠠᠶᠢᠰᠢᠶᠠᠨ᠎ᠠ︔ ᠰᠢᠯᠭᠠᠨ ᠬᠢᠨᠠᠯᠲᠠ ᠶᠢᠨ ᠵᠡᠷᠭᠡ ᠳᠡᠰ ᠨᠢ C ᠳᠡᠰ ᠪᠣᠯ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠠᠴᠠ ᠲᠤᠰ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠬᠤᠭᠤᠴᠠᠭ᠎ᠠ ᠲᠣᠭᠲᠠᠭᠠᠵᠤ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠤᠨ᠎ᠠ᠃ ᠪᠣᠯᠵᠣᠨ ᠶᠠᠷᠢᠯᠴᠠᠭ᠎ᠠ ᠶᠢ ᠬᠦᠯᠢᠶᠡᠭᠰᠡᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ᠂ ᠪᠢᠴᠢᠭ ᠤᠨ ᠮᠡᠳᠡᠭᠦᠯᠦᠯᠲᠡ ᠲᠤᠰᠢᠶᠠᠵᠤ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠠᠯᠪᠠᠨ ᠭᠡᠷ ᠠᠴᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠭᠤᠣᠯᠳᠠᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠪᠣᠳᠠᠲᠤ ᠪᠠᠶᠢᠳᠠᠯ ᠢ ᠣᠨᠣᠪᠴᠢᠲᠠᠢ ᠲᠤᠰᠬᠠᠨ᠎ᠠ      ᠠᠰᠠᠭᠤᠯᠲᠠ᠄ ︽ᠠᠷᠭ᠎ᠠ︾ ᠶᠢᠨ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ ᠬᠢᠬᠦ ᠲᠤᠬᠠᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠡᠨᠡ ᠵᠢᠯ ᠪᠣᠯ ︽ᠠᠷᠭ᠎ᠠ︾ ᠶᠢ ᠬᠡᠷᠡᠭᠵᠢᠭᠦᠯᠬᠦ ᠠᠩᠬᠠᠨ ᠤ ᠵᠢᠯ ᠪᠠᠶᠢᠵᠤ᠂ ᠳᠠᠷᠠᠭᠠᠴᠢ ᠶᠢᠨ ᠠᠯᠬᠤᠮ ᠳᠤ᠂ ᠮᠠᠨ ᠤ ᠶᠠᠮᠤᠨ ᠠᠴᠠ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠡᠯ᠎ᠡ ᠭᠡᠰᠢᠭᠦᠨ ᠨᠢᠭᠡᠴᠢ  ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃ ᠨᠢᠭᠡ ᠳᠤ ᠤᠬᠠᠭᠤᠯᠭ᠎ᠠ ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠭᠠᠵᠠᠷ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠰᠢᠯᠭᠠᠨ ᠬᠢᠨᠠᠬᠤ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠣᠶᠢᠯᠠᠭᠠᠭᠤᠯᠤᠨ ᠡᠵᠡᠮᠰᠢᠭᠦᠯᠦᠨ᠎ᠡ᠃ ᠬᠤᠶᠠᠷ ᠲᠤ᠂ ᠴᠠᠭ ᠢ ᠠᠮᠵᠢᠨ 2017 ᠣᠨ ᠤ ᠰᠢᠯᠭᠠᠨ ᠬᠢᠨᠠᠬᠤ ᠲᠥᠰᠥᠯ ᠵᠢᠴᠢ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠵᠤ᠂ ᠰᠢᠯᠭᠠᠨ ᠬᠢᠨᠠᠬᠤ ᠭᠤᠣᠯᠳᠠᠯᠭ᠎ᠠ ᠪᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠭᠤᠷᠪᠠ ᠳᠤ᠂ ᠡᠯ᠎ᠡ ᠭᠠᠵᠠᠷ ᠤᠨ ᠬᠢᠨ ᠢ ᠵᠢᠯᠣᠭᠤᠳᠴᠤ ᠳᠠᠷᠠᠭ᠎ᠠ ᠵᠢᠯ ᠤᠨ 2 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠥᠪᠡᠷ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠡᠭᠦᠨ ᠤ ᠰᠠᠭᠤᠷᠢᠨ ᠳᠡᠭᠡᠷ᠎ᠡ᠂ ᠶᠠᠮᠤᠨ ᠤ ᠬᠤᠭᠤᠷᠣᠨᠳᠤᠬᠢ ᠬᠤᠯᠪᠣᠭᠠᠲᠤ ᠬᠤᠷᠠᠯ ᠤᠨ ᠡᠯ᠎ᠡ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠵᠤ ᠪᠣᠳᠠᠲᠤ ᠭᠠᠵᠠᠷ ᠲᠤ ᠰᠢᠯᠭᠠᠨ ᠪᠠᠶᠢᠴᠠᠭᠠᠬᠤ ᠪᠠ ᠶᠡᠷᠦᠩᠬᠡᠶᠢᠯᠡᠨ ᠵᠥᠪᠯᠡᠵᠦ ᠲᠣᠭᠲᠠᠭᠠᠬᠤ ᠶᠢ ᠰᠠᠶᠢᠲᠤᠷ ᠬᠢᠵᠦ᠂ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠡᠯ᠎ᠡ ᠭᠠᠵᠠᠷ ᠤᠨ  ᠠᠵᠢᠯ ᠤᠨ ᠪᠣᠳᠠᠲᠤ  ᠪᠠᠶᠢᠳᠠᠯ  ᠢ ᠣᠨᠣᠪᠴᠢᠲᠠᠢ ᠲᠤᠰᠬᠠᠬᠤ ᠪᠠᠷ ᠴᠢᠷᠮᠠᠶᠢᠨ᠎ᠠ᠃      ᠣᠨᠴᠠᠭᠠᠶᠢᠯᠠᠨ ᠳᠤᠷᠠᠳᠬᠤ ᠴᠢᠬᠤᠯᠠᠲᠠᠢ ᠵᠦᠢᠯ ᠭᠡᠪᠡᠯ᠂ ︽ᠠᠷᠭ᠎ᠠ︾ ᠳᠤ ᠪᠠᠰᠠ᠂ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠠᠷᠢᠶᠠᠲᠤ ᠣᠷᠣᠨ ᠤ ᠳᠣᠲᠣᠷᠠᠬᠢ ᠡᠯ᠎ᠡ ᠱᠠᠲᠤᠨ ᠤ ᠵᠠᠰᠠᠭ ᠤᠨ ᠣᠷᠳᠣᠨ ᠳᠠᠬᠢ ᠰᠢᠯᠭᠠᠨ ᠬᠢᠨᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠭᠰᠠᠨ ᠪᠠᠶᠢᠨ᠎ᠠ᠃
ᠢᠷᠡᠯᠲᠡ᠄ ᠲᠣᠲᠣᠷᠬᠠᠢ ᠦᠭᠡᠢ