ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠳᠠᠷᠣᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/6/28
                       ᠥᠪᠥᠷ ᠵᠠᠰᠠᠭ ᠲᠠᠷᠬᠠᠭᠠᠭᠰᠠᠨ ﹇2017﹈ 34 ᠳ᠋ᠤᠭᠡᠷ ᠲᠤᠭᠠᠳᠤ                                 2017 ᠣᠨ ᠤ 3 ᠳ᠋ᠣᠭᠠᠷ ᠰᠠᠷ᠎ᠠ ᠶᠢᠨ 13 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃          ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ          ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ          ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ          ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ      ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠬᠤ ᠶᠢ 2016 ᠣᠨ ᠤ 5 ᠳ᠋ᠣᠭᠠᠡᠷ ᠰᠠᠷ᠎ᠠ ᠶᠢᠨ 1 ᠤ ᠡᠳᠣᠷ ᠨᠢᠭᠡᠨᠳᠠ ᠬᠡᠷᠩᠵᠢᠭᠦᠯᠪᠠ᠃ ︽ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠲᠦᠪ ᠤᠨ ᠡᠳ᠋ ᠤᠨ ᠵᠠᠰᠠᠭ ᠪᠣᠯᠣᠨ ᠣᠷᠣᠨ ᠨᠣᠳᠤᠭ ᠤᠨ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠳᠠᠷᠣᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠣᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2016﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠤᠨ᠂ ᠡᠵᠡᠩᠨᠡᠯᠳᠠ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠲᠣᠷᠰᠢᠯᠳᠠ ᠶᠢ ᠪᠦᠬᠦ ᠲᠠᠯ᠎ᠠ ᠪᠠᠷ ᠶᠠᠪᠣᠭᠳᠠᠭᠤᠯᠣᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠦᠷᠳᠡᠭ ᠨᠡᠮᠡᠭᠳᠡᠯ ᠤᠨ ᠭᠠᠶᠢᠯᠢ ︵ᠤᠤᠯ ᠤᠨ ᠥᠷᠲᠡᠭ ᠨᠡᠮᠡᠭᠳᠡᠯ ᠤᠨ ᠭᠠᠶᠢᠯᠢ᠂ ᠦᠭᠡᠷᠡᠴᠢᠯᠠᠵᠣ ᠳᠠᠳᠠᠪᠣᠷᠢᠯᠠᠭᠰᠠᠨ ᠦᠷᠲᠡᠭ ᠨᠡᠮᠡᠭᠳᠡᠯ ᠤᠨ ᠭᠠᠶᠢᠯᠢ ᠪᠠ ᠡᠵᠡᠩᠨᠡᠯᠲᠡ ᠶᠢᠨ ᠭᠠᠶᠢᠯᠢ᠂ ᠳᠣᠷᠣᠭᠰᠢ ᠠᠳᠠᠯᠢ︶ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠯᠵᠢᠯᠲᠡ ᠶᠢᠨ ᠲᠥᠰᠦᠯ ᠢ ᠲᠣᠭᠲᠠᠭᠠᠪᠠ᠃       ᠨᠢᠭᠡ᠂ ᠦᠨᠳᠦᠰᠦᠨ ᠵᠠᠷᠴᠢᠮ      ︵ᠨᠢᠭᠡ︶ ᠤᠳᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠷᠢᠰᠢᠯ ᠢ ᠬᠤᠪᠢᠷᠠᠭᠤᠯᠬᠤ ᠦᠭᠡᠢ ᠪᠠᠶᠢᠬᠤ ᠶᠢ ᠪᠠᠳᠣᠯᠠᠨ᠎ᠠ᠃ 2014 ᠣᠨ ᠢᠶᠠᠷ ᠰᠠᠭᠤᠷᠢ ᠲᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ ᠠᠴᠠ ᠳᠡᠭᠡᠭᠰᠢ ᠬᠤᠪᠢᠶᠠᠷᠢᠯᠠᠭᠰᠠᠨ ᠣᠷᠣᠯᠭ᠎ᠠ ᠶᠢ ᠭᠠᠶᠢᠯᠢ ᠲᠠᠲᠠᠪᠤᠷᠢ ᠪᠤᠴᠠᠭᠠᠬᠤ ᠠᠷᠭ᠎ᠠ ᠮᠠᠶ᠋ᠢᠭ ᠢᠶᠠᠷ ᠳᠡᠮᠵᠢᠭᠤᠯᠣᠨ ᠠᠶᠢᠮᠠᠭ ᠬᠤᠳ᠋ᠨ ᠳᠤ ᠦᠭᠴᠣ᠂ ᠣᠳᠣᠬᠠᠨ ᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠶ ᠳᠡᠭᠡᠨ ᠬᠤᠪᠢᠷᠠᠭᠤᠯᠬᠤ ᠦᠭᠡᠢ ᠪᠠᠶᠢᠬᠤ ᠶᠢ ᠪᠠᠳᠣᠯᠠᠨ᠎ᠠ᠃      ︵ᠬᠤᠶᠠᠷ︶ ᠦᠷᠲᠡᠭ ᠨᠡᠮᠡᠭᠳᠡᠯ ᠤᠨ ᠭᠠᠶᠢᠯᠢ ᠶᠢ ᠬᠠᠮᠳᠣ ᠪᠠᠷ ᠭᠦᠷᠳᠡᠭᠦ ᠶᠢ ᠲᠦᠢᠯᠪᠣᠷᠢᠳᠠᠢ ᠬᠡᠷᠩᠵᠢᠭᠦᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠭᠲᠠᠮᠠᠯ ᠣᠷᠣᠯᠭ᠎ᠠ ᠶᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠭᠠᠶᠢᠯᠢ ᠲᠠᠲᠠᠪᠤᠷᠢ ᠲᠤᠰᠢᠶᠠᠬᠤ ᠭᠠᠵᠠᠷ ᠤᠨ ᠬᠠᠷᠢᠴᠠᠯ ᠶᠣᠰᠣᠭᠠᠷ ᠨᠢᠭᠡᠳᠦᠯᠲᠡᠶ ᠬᠠᠮᠳᠣ ᠪᠠᠷ ᠭᠦᠷᠳᠡᠭᠦ ᠶᠢ ᠰᠢᠭᠤᠳ ᠶᠠᠪᠣᠭᠳᠠᠭᠤᠯᠣᠨ᠎ᠠ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠵᠣᠬᠢᠰᠲᠠᠶ ᠳᠡᠭᠡᠭᠰᠢᠯᠡᠭᠦᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠥᠪᠬᠡᠨ 2014 ᠣᠨ ᠤ ᠣᠷᠣᠯᠭ᠎ᠠ ᠶᠢᠨ ᠰᠠᠭᠤᠷᠢ ᠲᠤᠭ᠎ᠠ ᠠᠴᠠ ᠬᠡᠲᠦᠷᠡᠭᠰᠡᠨ ᠨᠡᠮᠡᠭᠳᠡᠯ ᠤᠨ ᠬᠡᠰᠡᠭ ᠲᠤ ᠵᠣᠬᠢᠰᠲᠠᠶ ᠲᠥᠪᠯᠡᠷᠡᠭᠦᠯᠦᠯ ᠬᠢᠵᠣ᠂ ᠠᠶᠢᠮᠠᠭ ᠬᠤᠳᠠ ᠶᠢᠨ ᠳᠠᠭᠠᠭᠠᠬᠤ ᠴᠢᠳᠠᠪᠤᠷᠢ ᠶᠢ ᠬᠠᠮᠲᠤ ᠳᠤᠨᠢ ᠬᠠᠷᠠᠭᠠᠯᠵᠠᠬᠤ ᠶᠢᠨ ᠳᠠᠠᠭᠤ ᠪᠠᠰᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠵᠣᠬᠢᠰᠳᠠᠢ ᠳᠡᠭᠡᠭᠰᠢᠯᠡᠭᠦᠯᠭᠦ ᠶᠢ ᠪᠣᠳᠣᠯᠬᠢᠯᠠᠬᠤ ᠬᠡᠷᠡᠭᠲᠡᠶ᠃      ︵ᠲᠦᠷᠪᠡ︶ ᠥᠪᠡᠷᠲᠡᠭᠡᠨ ᠵᠠᠰᠠᠬᠤ ᠣᠷᠣᠨ ᠤ ᠣᠷᠣᠨ ᠪᠦᠰᠨ ᠶᠢᠨ ᠳᠣᠲᠣᠷᠠᠬᠢ ᠡᠳ᠋ ᠤᠨ ᠬᠦᠴᠦᠨ ᠤ ᠲᠡᠩᠴᠡᠭᠦᠷᠢ ᠶᠢ ᠠᠬᠢᠭᠤᠯᠬᠤ ᠬᠡᠷᠩᠳᠠᠢ᠃ ᠲᠣᠬᠢᠷᠠᠭᠤᠯᠤᠯᠳᠠ ᠬᠢᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠠᠴᠠ ᠲᠥᠪᠯᠡᠷᠡᠭᠦᠯᠣᠭ᠍ᠰᠡᠨ ᠣᠷᠣᠯᠭ᠎ᠠ ᠶᠢᠨ ᠨᠡᠮᠡᠭᠳᠡᠭᠰᠡᠨ ᠬᠡᠮᠵᠢᠶ᠎ᠡ ᠶᠢ ᠭᠤᠣᠯᠳᠠᠭᠤ ᠡᠯ᠎ᠡ ᠠᠶᠢᠮᠠᠭ ᠬᠤᠲᠠ ᠶᠢᠨ ᠡᠩ ᠤᠨ ᠴᠢᠨᠠᠷᠲᠠᠶ ᠰᠢᠯᠵᠢᠭᠦᠯᠦᠨ ᠥᠭᠬᠦ ᠳᠤ ᠵᠠᠷᠣᠴᠠᠭᠤᠯᠣᠨ᠂ ᠡᠷᠳᠡ ᠴᠢᠯᠣᠭᠡᠯᠡᠭᠳᠡᠭᠰᠠᠨ ᠣᠷᠣᠨ ᠴᠦᠭᠡᠨ ᠲᠣᠭᠠᠳᠣ ᠦᠨᠳᠣᠰᠣᠳᠠᠨ ᠤ ᠬᠢᠯᠢ ᠬᠢᠵᠠᠭᠠᠷ ᠶᠠᠳᠠᠭᠤ ᠬᠦᠴᠢᠷᠳᠡᠯᠳᠠᠢ ᠭᠠᠵᠠᠷ ᠣᠷᠣᠨ ᠢ ᠳᠡᠮᠵᠢᠭᠦ ᠡᠷᠴᠢᠮ ᠢ ᠴᠢᠩᠭᠠᠷᠠᠭᠤᠯᠵᠣ᠂ ᠣᠷᠣᠨ ᠪᠦᠰᠠ ᠶᠢᠨ ᠳᠣᠲᠣᠷᠠᠬᠢ ᠡᠳ᠋ ᠤᠨ ᠬᠦᠴᠦᠨ ᠤ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠳᠡᠩᠴᠡᠭᠦᠷᠢᠵᠢᠯ ᠢ ᠠᠬᠢᠭᠤᠯᠣᠨ᠎ᠠ᠃       ᠬᠤᠶᠠᠷ᠂ ᠭᠤᠣᠯ ᠠᠭᠤᠯᠭ᠎ᠠ      ︵ᠨᠢᠭᠡ︶ 2014 ᠣᠨ ᠢᠶᠠᠷ ᠰᠠᠭᠤᠷᠢ ᠲᠤᠭ᠎ᠠ ᠪᠣᠯᠭᠠᠵᠣ ᠥᠪᠡᠷᠲᠡᠭᠡᠨ ᠵᠠᠰᠠᠬᠤ ᠣᠷᠣᠨ ᠤ ᠪᠤᠴᠠᠭᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ᠃      ︵ᠬᠤᠶᠠᠷ︶ ᠠᠯᠢᠪᠠ ᠠᠵᠢᠯ ᠲᠦᠷᠦᠯ ᠠᠵᠤ ᠠᠬᠤᠶᠢᠯᠠᠯ ᠤᠨ ᠲᠤᠰᠢᠶᠠᠭᠰᠠᠨ ᠦᠷᠲᠡᠭ ᠨᠡᠮᠡᠭᠳᠡᠯ ᠤᠨ ᠭᠠᠶᠢᠯᠢ ᠶᠢ ᠴᠥᠮ ᠬᠠᠮᠲᠤ ᠪᠠᠷ ᠭᠦᠷᠳᠡᠭᠦ ᠬᠡᠪᠴᠢᠶᠡᠨ ᠳᠤ ᠣᠷᠣᠭᠤᠯᠣᠨ᠎ᠠ᠃ ᠣᠷᠣᠨ ᠨᠤᠲᠤᠭ ᠤᠨ ᠦᠯᠡᠳᠡᠭᠡᠭᠰᠡᠨ ᠦᠷᠳᠡᠭ ᠨᠡᠮᠡᠭᠳᠡᠯ ᠤᠨ ᠭᠠᠶᠢᠯᠢ ᠶᠢᠨ 50% ᠶᠢᠨ ᠬᠡᠰᠡᠭ᠂ ᠥᠪᠡᠷᠲᠡᠭᠡᠨ ᠵᠠᠰᠠᠬᠤ ᠣᠷᠣᠨ ᠤ ᠲᠤᠰ ᠱᠠᠳᠣ ᠨᠢ 30% ᠶᠢ ᠬᠤᠪᠢᠶᠠᠨ ᠭᠦᠷᠳᠡᠵᠣ᠂ ᠠᠶᠢᠮᠠᠭ ᠬᠤᠳᠠ ᠨᠢ ᠭᠠᠶᠢᠯᠢ ᠲᠠᠲᠠᠪᠤᠷᠢ ᠲᠤᠰᠢᠶᠠᠬᠤ ᠭᠠᠵᠡᠷ ᠢᠶᠠᠷ 70% ᠶᠢ ᠬᠤᠪᠢᠳᠠᠨ ᠭᠦᠷᠳᠡᠨ᠎ᠠ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠳᠡᠭᠡᠭᠰᠢ ᠬᠤᠪᠢᠶᠠᠷᠢᠯᠠᠭᠰᠠᠨ ᠣᠷᠣᠯᠭ᠎ᠠ ᠶᠢ ᠭᠠᠶᠢᠯᠢ ᠲᠠᠲᠠᠪᠤᠷᠢ ᠪᠠᠷ ᠳᠡᠮᠵᠢᠭᠤᠯᠣᠨ ᠪᠣᠴᠠᠭᠠᠬᠤ ᠠᠷᠭ᠎ᠠ ᠮᠠᠶ᠋ᠢᠭ ᠢᠶᠠᠷ ᠠᠶᠢᠮᠠᠭ ᠬᠤᠳᠠ ᠳᠤ ᠦᠭᠴᠣ᠂ ᠣᠷᠣᠨ ᠨᠤᠲᠤᠭ ᠤᠨ ᠣᠳᠣ ᠶᠢᠨ ᠪᠠᠶᠢᠭ᠎ᠠ ᠡᠳ᠋ ᠤᠨ ᠭᠦᠴᠣᠨ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃      ︵ᠲᠦᠷᠪᠡ︶ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠣᠭ᠍ᠰᠡᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠠ ᠶᠢ ᠲᠡᠩᠴᠡᠭᠦᠷᠢᠲᠦ ᠴᠢᠨᠠᠷᠲᠠᠶ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠣᠷᠣᠨ ᠨᠤᠲᠤᠭ ᠲᠤ ᠬᠤᠪᠢᠶᠠᠷᠢᠯᠠᠨ ᠥᠭᠴᠦ᠂ ᠡᠷᠳᠡ ᠴᠢᠯᠣᠭᠡᠯᠡᠭᠳᠡᠭᠰᠠᠨ ᠣᠷᠣᠨ ᠴᠦᠭᠡᠨ ᠲᠣᠭᠠᠳᠣ ᠦᠨᠳᠣᠰᠣᠳᠠᠨ ᠤ ᠬᠢᠯᠢ ᠬᠢᠵᠠᠭᠠᠷ ᠶᠠᠳᠠᠭᠤ ᠬᠦᠴᠢᠷᠳᠡᠯᠳᠠᠢ ᠭᠠᠵᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃      ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ ᠪᠠ ᠰᠢᠯᠵᠢᠯᠲᠡ ᠶᠢᠨ ᠬᠤᠭᠤᠴᠠᠭ᠎ᠠ ᠬᠢᠵᠠᠭᠠᠷ      ᠲᠤᠰ ᠲᠥᠰᠦᠯ ᠢ 2017 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠢᠯᠵᠢᠯᠲᠡ ᠶᠢᠨ ᠬᠤᠭᠤᠴᠠᠭ᠎ᠠ ᠶᠢ ᠲᠦᠷ 2 — 3 ᠵᠢᠯ ᠢᠶᠠᠷ ᠲᠣᠭᠳᠠᠭᠠᠵᠣ᠂ ᠲᠤᠬᠠᠶ ᠶᠢᠨ ᠴᠠᠭ ᠲᠤᠨᠢ ᠲᠥᠪ ᠤᠨ ᠳᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ ᠶᠢᠨ ᠪᠠᠶᠢᠳᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠣᠳᠠᠲᠠᠶ ᠶᠢ ᠦᠨᠳᠣᠰᠣᠯᠡᠵᠣ ᠵᠣᠬᠢᠰᠲᠠᠶ ᠲᠣᠬᠢᠷᠠᠭᠤᠯᠣᠯᠳᠠ ᠬᠢᠨ᠎ᠠ᠃ ᠡᠯ᠎ᠡ ᠠᠶᠢᠮᠠᠭ ᠬᠤᠳᠠ ᠠᠴᠠ ᠳᠣᠷᠣᠭᠰᠢᠬᠢ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ ᠬᠤᠪᠢᠶᠠᠷᠢᠯᠠᠬᠤ ᠬᠠᠷᠢᠴᠠᠯ ᠨᠢ ᠬᠡᠷᠪᠡ ᠲᠣᠬᠢᠷᠠᠭᠤᠯᠣᠯᠳᠠ ᠲᠠᠢ ᠪᠠᠶᠢᠪᠡᠯ᠂ 2017 ᠣᠨ ᠤ 4 ᠳ᠋ᠣᠭᠡᠷ ᠰᠠᠷ᠎ᠠ ᠶᠢᠨ 15 ᠤ ᠡᠳᠣᠷ ᠠᠴᠠ ᠡᠮᠦᠨ᠎ᠡ ᠲᠣᠬᠢᠷᠠᠭᠤᠯᠵᠣ ᠲᠠᠭᠤᠰᠬᠠᠬᠤ ᠬᠡᠷᠩᠳᠠᠢ᠃ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠂ ᠠᠷᠠᠳ ᠤᠨ ᠪᠠᠩᠬᠢ ᠨᠢ 2017 ᠣᠨ ᠤ 4 ᠳ᠋ᠣᠭᠡᠷ ᠰᠠᠷ᠎ᠠ ᠶᠢᠨ 30 ᠤ ᠡᠳᠣᠷ ᠠᠴᠠ ᠡᠮᠦᠨ᠎ᠡ ᠦᠷᠳᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢ ᠬᠤᠪᠢᠶᠠᠷᠢᠯᠠᠬᠤ ᠬᠠᠮᠢᠶ᠎ᠠ ᠪᠦᠭᠦᠢ ᠲᠦᠭᠦᠷ ᠠᠵᠢᠯ ᠢᠶᠠᠨ ᠪᠡᠶᠡᠯᠡᠭᠦᠯᠵᠣ᠂ 2017 ᠣᠨ ᠤ 5 ᠳ᠋ᠣᠭᠠᠷ ᠰᠠᠷ᠎ᠠ ᠶᠢᠨ 1 ᠤ ᠡᠳᠣᠷ ᠠᠴᠠ ᠬᠤᠶᠢᠰᠢ ᠥᠪᠡᠷᠲᠡᠭᠡᠨ ᠵᠠᠰᠠᠬᠤ ᠣᠷᠣᠨ ᠤ ᠦᠷᠳᠡᠭ ᠨᠡᠮᠡᠭᠳᠡᠯ ᠤᠨ ᠭᠠᠶᠢᠯᠢ ᠶᠢ ᠲᠣᠭᠲᠠᠭᠠᠭᠰᠠᠨ ᠬᠠᠷᠢᠴᠠᠯ᠂ ᠱᠠᠳᠣ ᠳᠡᠰ ᠢᠶᠠᠷ ᠴᠠᠭ ᠲᠣᠬᠠᠢ ᠳᠤᠨᠢ ᠲᠤᠭ᠎ᠠ ᠶᠣᠰᠣᠭᠠᠷ ᠬᠥᠮᠥᠷᠭᠡᠯᠡᠬᠦ ᠶᠢ ᠦᠨᠡᠡᠭᠦ ᠪᠠᠲᠤᠯᠠᠬᠤ ᠬᠡᠷᠡᠭᠲᠡᠶ᠃             ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ