2017 ᠣᠨ ᠤ ᠪᠦᠬᠦ ᠣᠷᠣᠨ ᠤ ︽ᠭᠤᠷᠪᠠᠨ ᠭᠠᠵᠠᠷ ᠣᠷᠣᠨ︾᠎ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠤᠨ ᠠᠩᠭᠢ ᠬᠥᠯᠥᠨ ᠪᠤᠶᠢᠷ ᠲᠤ  ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2017/6/29
     6 ᠳ᠋ᠤᠭᠠᠷ ᠰᠠᠷ᠎ᠠ ᠶᠢᠨ 26᠎ ᠤ ᠡᠳᠦᠷ᠂ 2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠷᠪᠠᠨ ᠭᠠᠵᠠᠷ ᠣᠷᠣᠨ︾᠎ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠭᠤᠯᠤᠯ ᠤᠨ ᠠᠩᠭᠢ ᠬᠦᠯᠦᠨ ᠪᠣᠶᠢᠷ ᠤᠨ ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠵᠦ᠂ ︽ᠭᠤᠷᠪᠠᠨ ᠭᠠᠵᠠᠷ ᠣᠷᠣᠨ︾᠎ ᠤ ᠳᠡᠮᠵᠢᠭᠦᠯᠦᠭᠴᠢ ᠬᠤᠰᠢᠭᠤ ᠰᠢᠶᠠᠨ ᠤ 80 ᠭᠠᠷᠤᠶ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠣᠷᠣᠯᠴᠠᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠭᠤᠯᠤᠯ ᠨᠢ 8 ᠡᠳᠦᠷ ᠶᠠᠪᠤᠭᠳᠠᠵᠤ᠂ ᠣᠷᠣᠨ ᠤ ᠳᠣᠲᠣᠭᠠᠳᠤ ᠭᠠᠳᠠᠭᠠᠳᠤ ᠶᠢᠨ ᠨᠡᠷᠡᠳᠦ ᠲᠤᠰᠬᠠᠶ ᠮᠡᠷᠭᠡᠵᠢᠯᠲᠡᠨ ᠪᠣᠯᠣᠨ ᠵᠠᠯᠠᠨ ᠠᠶᠢᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠤᠣᠯᠯᠠᠭᠴᠢ ᠪᠠᠭᠰᠢ ᠨᠠᠷ ᠢ ᠣᠷᠢᠨ ᠬᠢᠴᠢᠶᠡᠯ ᠣᠷᠣᠭᠤᠯᠵᠤ᠂ ᠬᠢᠴᠢᠶᠡᠯ ᠲᠣᠬᠢᠷᠠᠭᠤᠯᠭ᠎ᠠ ᠶᠢᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠪᠠᠷᠠᠭᠤᠨ ᠠᠯᠭᠠᠰᠠᠯ ᠢᠶᠠᠷ ᠶᠡᠭᠡ ᠪᠠᠶᠢᠳᠠᠭ ᠣᠨᠴᠠᠯᠢᠭ ᠤᠳ ᠢ ᠭᠦᠢᠴᠡᠳ ᠪᠣᠳᠣᠯᠬᠢᠯᠠᠨ᠂ ᠲᠡᠰ ᠳᠠᠪᠬᠤᠷᠭ᠎ᠠ ᠬᠤᠪᠢᠶᠠᠨ᠂ ᠲᠣᠭᠤᠷᠢᠭ ᠬᠡᠰᠡᠭ ᠬᠤᠪᠢᠶᠠᠨ ᠪᠣᠯᠪᠠᠰᠤᠷᠠᠭᠤᠯᠤᠯ ᠬᠢᠬᠦ ᠪᠥᠭᠡᠳ ᠲᠠᠷᠢᠶᠠᠯᠠᠩ ᠪᠠ ᠮᠠᠯ ᠠᠵᠤ ᠠᠬᠤᠶ ᠶᠢᠨ 2 ᠪᠣᠯᠪᠠᠰᠤᠷᠠᠯ ᠤᠨ ᠠᠩᠭᠢ ᠲᠤᠰ ᠲᠤᠰ ᠪᠠᠶᠢᠭᠤᠯᠤᠭᠰᠠᠨ ᠪᠠᠶᠢᠨ᠎ᠠ᠃  ᠡᠭᠦᠨ ᠳᠤ᠄ ᠲᠠᠷᠢᠶᠠᠯᠠᠩ ᠤᠨ ᠪᠣᠯᠪᠠᠰᠤᠷᠠᠭᠤᠯᠤᠯ ᠤᠨ ᠠᠩᠭᠢ ᠶᠢᠨ ᠬᠢᠴᠢᠶᠡᠯ ᠨᠢ ᠲᠠᠷᠢᠮᠠᠯ ᠳᠠᠷᠢᠵᠤ ᠵᠠᠶᠢᠯᠠᠬᠤ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ᠂ ᠪᠡᠯᠡᠳᠭᠡᠮᠵᠢᠳᠤ ᠢᠳᠡᠰᠢᠨ ᠨᠣᠭᠤᠭ᠎ᠠ᠂ ᠵᠢᠮᠢᠰ ᠤᠨ ᠮᠣᠳᠣ᠂ ᠢᠳᠡᠭᠡᠨ ᠤ ᠮᠥᠭᠦ ᠲᠡᠷᠢᠬᠤ ᠮᠡᠷᠭᠡᠵᠢᠯ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠤ ᠠᠰᠠᠭᠤᠳᠠᠯ ᠵᠡᠷᠭᠡ ᠬᠦᠷᠢᠶ᠎ᠡ ᠪᠠᠷ ᠭᠤᠣᠯ ᠠᠭᠤᠯᠭ᠎ᠠ ᠪᠠᠨ ᠪᠣᠯᠭᠠᠨ᠎ᠠ ︔ ᠮᠠᠯ ᠠᠵᠤ ᠠᠬᠤᠶ ᠶᠢᠨ ᠪᠣᠯᠪᠠᠰᠤᠷᠠᠭᠤᠯᠤᠯ ᠤᠨ ᠠᠩᠭᠢ ᠶᠢᠨ ᠬᠢᠴᠢᠶᠡᠯ ᠨᠢ ᠭᠡᠷ ᠤᠨ ᠲᠡᠵᠢᠭᠡᠪᠦᠷᠢ ᠲᠡᠵᠢᠭᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠰᠢᠮ᠎ᠡ ᠲᠡᠵᠢᠭᠡᠯᠲᠦ ᠪᠣᠷᠳᠤᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠦᠷᠢᠶ᠎ᠡ ᠎ ᠪᠠᠷ ᠭᠤᠣᠯ ᠠᠭᠤᠯᠭ᠎ᠠ ᠪᠠᠨ ᠪᠣᠯᠭᠠᠨ᠎ᠠ᠂ ᠪᠣᠯᠪᠠᠰᠤᠷᠠᠭᠤᠯᠤᠯ ᠨᠢ ᠪᠤᠳᠠᠳᠤ ᠦᠢᠯᠡᠳᠦᠯᠭᠡᠵᠢᠭᠦᠯᠬᠦ ᠴᠢᠨᠠᠷ ᠢᠶᠠᠷ ᠴᠢᠩᠭ᠎ᠠ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠪᠠᠶᠢᠵᠤ᠂ ︽ᠭᠤᠷᠪᠠᠨ ᠭᠠᠵᠠᠷ ᠣᠷᠣᠨ︾᠎ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠣᠯᠣᠨ ᠶᠡᠷᠦᠩᠬᠡᠶᠢᠯᠡᠭᠰᠡᠨ ᠮᠡᠷᠭᠡᠵᠢᠯ ᠴᠢᠳᠠᠪᠤᠷᠢ ᠶᠢᠨ ᠬᠢᠷᠢ ᠲᠥᠪᠰᠢᠨ ᠢ ᠦᠨᠡᠨᠬᠦ ᠳᠡᠭᠡᠭᠰᠢᠯᠡᠭᠦᠯᠦᠨ᠂ ︽ᠭᠤᠷᠪᠠᠨ ᠭᠠᠵᠠᠷ ᠣᠷᠣᠨ︾᠎ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠬᠦ ᠲᠤᠯᠭᠠᠭᠤᠷᠢ ᠴᠢᠳᠠᠪᠤᠷᠢ ᠶᠢ ᠨᠡᠮᠡᠭᠳᠡᠭᠦᠯᠬᠦ ᠪᠣᠯᠣᠨ᠎ᠠ᠃      ᠣᠶᠢᠯᠠᠭᠠᠭᠰᠠᠨ ᠢᠶᠠᠷ᠂ 2014 ᠣᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠵᠡᠷᠭᠡ 5 ᠰᠠᠯᠠᠭ᠎ᠠ ᠮᠥᠴᠢᠷ ᠲᠦᠷᠦᠭᠦᠯᠡᠨ ︽ᠭᠤᠷᠪᠠᠨ ᠭᠠᠵᠠᠷ ᠣᠷᠣᠨ︾᠎ ᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠲᠤᠰᠬᠠᠶ ᠲᠥᠯᠥᠪᠯᠡᠭᠡ ᠶᠢᠨ ᠠᠵᠢᠯ ᠢ  ᠵᠣᠬᠢᠶᠠᠨ ᠪᠠᠶᠢᠭᠤᠯᠤᠭᠰᠠᠨ ᠠᠴᠠ ᠨᠠᠰᠢ᠂ ᠮᠠᠨ ᠤ ᠣᠷᠣᠨ ᠤ ᠲᠤᠰᠬᠠᠶ ᠠᠵᠢᠯ ᠯᠠᠪᠳᠠᠭᠤᠨ ᠪᠠᠲᠤᠲᠠᠶ ᠠᠬᠢᠪᠠ᠃ ᠣᠳᠣᠬᠠᠨ ᠳᠤ᠂ ᠪᠥᠬᠦ ᠣᠷᠣᠨ ᠤ 11 ᠠᠶᠢᠮᠠᠭ ᠬᠤᠲᠠ᠂ 57 ᠬᠤᠰᠢᠭᠤ ᠰᠢᠶᠠᠨ ᠲᠣᠭᠤᠷᠢᠭ ᠨᠢ ︽ᠭᠤᠷᠪᠠᠨ ᠭᠠᠵᠠᠷ ᠣᠷᠣᠨ︾᠎ ᠤ ᠳᠡᠮᠵᠢᠭᠦᠯᠦᠭᠴᠢ ᠬᠤᠰᠢᠭᠤ ᠰᠢᠶᠠᠨ ᠪᠣᠯᠵᠠᠢ᠃ 2014 ᠣᠨ ᠠᠴᠠ 2016 ᠣᠨ ᠪᠣᠯᠲᠠᠯ᠎ᠠ᠂ ᠮᠠᠨ ᠤ ᠣᠷᠣᠨ ︽ᠭᠤᠷᠪᠠᠨ ᠭᠠᠵᠠᠷ ᠣᠷᠣᠨ︾᠎ ᠤ 2418 ᠴᠢᠳᠠᠪᠤᠷᠢᠲᠠᠨ ᠢ ᠰᠣᠩᠭᠤᠨ ᠲᠣᠮᠢᠯᠠᠵᠤ᠂ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢᠨ ᠵᠠᠷᠤᠳᠠᠯ ᠢ 4836 ᠲᠦᠮᠡᠨ ᠲᠥᠭᠦᠷᠢᠭ ᠬᠦᠷᠲᠡᠪᠡ︔ 300 ᠭᠠᠷᠤᠶ ᠠᠵᠢᠯᠲᠠᠨ ᠢ ᠪᠣᠯᠪᠠᠰᠤᠷᠠᠭᠤᠯᠵᠤ᠂ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢᠨ ᠵᠠᠷᠤᠳᠠᠯ ᠢ 74 ᠲᠦᠮᠡᠨ ᠲᠥᠭᠦᠷᠢᠭ ᠬᠦᠷᠲᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号